︵ᠰᠤᠷᠪᠤᠯᠵᠢᠯᠠᠭᠴᠢ ᠸᠠᠩ ᠵᠥᠩ ᠵᠧᠤ︶ ᠶᠡᠭᠡ ᠲᠡᠭᠡᠳᠦ ᠰᠤᠷᠭᠠᠭᠤᠯᠢ ᠲᠡᠭᠦᠰᠦᠭᠰᠡᠳ ᠲᠤ ᠣᠯᠠᠨ | ᠶᠠᠩᠵᠤ ᠶᠢᠨ ᠠᠵᠢᠯ ᠣᠯᠬᠤ ᠲᠣᠬᠢᠶᠠᠯ ᠣᠯᠭᠤᠵᠤ᠂ ᠠᠵᠢᠯ ᠣᠯᠭᠤᠯᠲᠠ ᠶᠢᠨ ᠦᠢᠯᠡᠴᠢᠯᠡᠭᠡᠨ ᠤ ᠬᠠᠨᠳᠤᠯᠭᠠᠲᠤ | ᠴᠢᠨᠠᠷ ᠢ ᠬᠦᠴᠦᠯᠡᠨ ᠴᠢᠩᠭᠠᠳᠬᠠᠵᠤ᠂ ᠶᠡᠭᠡ ᠲᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠤᠯᠬᠤ | ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠶᠢᠨ ᠲᠦᠯᠦᠭᠡ᠂ ᠲᠣᠰ ᠡᠳᠦᠷ ᠠᠴᠠ ᠡᠬᠢᠯᠡᠨ᠂ ᠥᠪᠡᠷᠲᠡᠭᠡᠨ | ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠠᠴᠠ | ᠭᠤᠤᠯᠯᠠᠨ ᠡᠷᠭᠢᠯᠡᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠣᠯᠭᠤᠬᠤ | ᠦᠢᠯᠡᠴᠢᠯᠡᠭᠡᠨ ᠤ ᠲᠥᠪ ᠪᠠ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠠᠴᠠ ᠳᠠᠭᠠᠭᠠᠨ ᠡᠷᠭᠢᠯᠡᠭᠰᠡᠨ | ︽2021 ᠣᠨ ᠤ ᠶᠡᠭᠡ ᠳᠤᠮᠳᠠ ᠬᠤᠲᠠ ᠬᠠᠮᠲᠤᠷᠠᠨ ᠬᠥᠬᠡᠬᠤᠲᠠ ᠶᠢᠨ ᠶᠡᠭᠡ ᠲᠡᠭᠡᠳᠦ ᠰᠤᠷᠭᠠᠭᠤᠯᠢ | ᠲᠡᠭᠦᠰᠦᠭᠰᠡᠳ ᠢ ᠡᠯᠰᠡᠨ ᠬᠡᠷᠡᠭᠯᠡᠬᠦ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠰᠤᠷᠭᠠᠨ | ᠬᠥᠮᠦᠵᠢᠯ ᠤᠨ ᠲᠤᠰᠬᠠᠶ ᠲᠠᠯᠠᠪᠤᠷ ᠤᠨ ᠠᠵᠢᠯᠲᠠᠨ ᠡᠯᠰᠡᠬᠦ ᠴᠤᠭᠯᠠᠭᠠᠨ︾ ᠡᠬᠢᠯᠡᠪᠡ᠃ | ᠣᠶᠢᠯᠠᠭᠠᠭᠰᠠᠨ ᠢᠶᠠᠷ᠂ ᠲᠣᠰ ᠤᠳᠠᠭᠠᠨ ᠤ ᠠᠵᠢᠯᠲᠠᠨ ᠡᠯᠰᠡᠬᠦ ᠠᠵᠢᠯᠯᠠᠭ᠎ᠠ ᠶᠢᠨ ᠦᠢᠯᠡᠴᠢᠯᠡᠬᠦ ᠡᠲᠡᠭᠡᠳ ᠪᠣᠯ | 2022 ᠣᠨ ᠳᠤ ᠶᠡᠭᠡ ᠳᠡᠭᠡᠳᠦ ᠰᠤᠷᠭᠠᠭᠤᠯᠢ ᠠᠴᠠ ᠲᠡᠭᠦᠰᠬᠦ ᠤᠶᠤᠳᠠᠳ ᠵᠢᠴᠢ ᠥᠩᠭᠡᠷᠡᠭᠰᠡᠨ ᠬᠤᠭᠤᠴᠠᠭᠠᠨ ᠤ | ᠠᠵᠢᠯ ᠣᠯᠤᠭᠠᠳᠤᠶ ᠲᠡᠭᠦᠰᠦᠭᠰᠡᠨ ᠤᠶᠤᠳᠠᠳ ᠪᠣᠯᠤᠨ᠎ᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ | ᠰᠠᠭᠤᠷᠢᠯᠠᠨ᠂ ᠪᠦᠬᠦᠨ ᠢᠶᠠᠷ ᠢᠶᠠᠨ ᠰᠦᠯᠵᠢᠶᠡᠨ ᠳᠡᠭᠡᠷ᠎ᠡ ᠰᠢᠭᠤᠳ ᠨᠡᠪᠲᠡᠷᠡᠭᠦᠯᠬᠦ ᠠᠷᠭ᠎ᠠ ᠬᠡᠯᠪᠡᠷᠢ ᠶᠢ ᠠᠪᠴᠤ᠂ | ᠥᠪᠥᠷ ᠮᠣᠩᠭᠤᠯ ᠤᠨ ᠴᠤᠸᠠᠩ ᠾᠧ ᠢ ᠰᠦᠯᠵᠢᠶᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ | ᠺᠣᠮᠫᠠᠨᠢ ᠠᠴᠠ ᠮᠡᠷᠭᠡᠵᠢᠯ ᠤᠨ ᠳᠡᠮᠵᠢᠯᠭᠡ ᠬᠠᠩᠭᠠᠪᠠ᠂ ᠠᠵᠢᠯᠯᠠᠭ᠎ᠠ ᠶᠢ ᠰᠢᠭᠤᠳ ᠨᠡᠪᠲᠡᠷᠡᠭᠦᠯᠭᠡ ᠪᠠᠷ ᠠᠵᠢᠯ ᠤᠨ | ᠪᠠᠶᠢᠷᠢ ᠶᠢ ᠳᠠᠭᠠᠭᠤᠯᠬᠤ᠂ ᠡᠭᠦᠯᠡᠨ ᠳᠡᠭᠡᠷ᠎ᠡ ᠠᠵᠢᠯᠳᠠᠨ ᠡᠯᠰᠡᠬᠦ ᠠᠵᠤ ᠠᠬᠤᠶᠢᠯᠠᠯ ᠶᠢ ᠣᠶᠢᠯᠠᠭᠠᠬᠤ᠂ ᠠᠵᠢᠯ | ᠣᠯᠭᠤᠯᠲᠠ ᠶᠢᠨ ᠬᠢᠴᠢᠶᠡᠯ ᠤᠨ ᠲᠠᠩᠬᠢᠮ ᠤᠨ ᠰᠢᠭᠤᠳ ᠨᠡᠪᠲᠡᠷᠡᠭᠦᠯᠭᠡ ᠶᠢᠨ ᠬᠢᠴᠢᠶᠡᠯ ᠭᠡᠬᠦ ᠭᠤᠷᠪᠠᠨ ᠶᠡᠭᠡ | ᠬᠡᠰᠡᠭ ᠲᠤ ᠬᠤᠪᠢᠶᠠᠪᠠ᠃ ᠡᠭᠦᠨ ᠳᠤ᠂ 11 ᠳ᠋ᠤᠭᠡᠷ ᠰᠠᠷ᠎ᠠ ᠶᠢᠨ 24 ᠤ ᠡᠳᠦᠷ ᠰᠢᠭᠤᠳ ᠨᠡᠪᠲᠡᠷᠡᠭᠦᠯᠭᠡ ᠪᠠᠷ | ᠠᠵᠢᠯ ᠤᠨ ᠪᠠᠶᠢᠷᠢ ᠶᠢ ᠳᠠᠭᠠᠭᠤᠯᠬᠤ ᠪᠠ ᠠᠵᠢᠯ ᠣᠯᠭᠤᠯᠲᠠ ᠶᠢ ᠵᠢᠯᠣᠭᠤᠳᠬᠤ ᠰᠢᠭᠤᠳ ᠨᠡᠪᠲᠡᠷᠡᠭᠦᠯᠭᠡ ᠶᠢᠨ | ᠬᠢᠴᠢᠶᠡᠯ ᠡᠷᠭᠢᠯᠡᠬᠦ ᠪᠣᠯᠤᠨ᠎ᠠ᠃ ᠥᠪᠥᠷ ᠮᠣᠩᠭᠤᠯ ᠤᠨ ᠴᠤᠸᠠᠩ ᠾᠧ ᠢ ᠰᠦᠯᠵᠢᠶᠡᠨ ᠤ ᠰᠢᠨᠵᠢᠯᠡᠬᠦ ᠤᠬᠠᠭᠠᠨ | ᠮᠡᠷᠭᠡᠵᠢᠯ ᠤᠨ ᠬᠢᠵᠠᠭᠠᠷᠲᠤ ᠺᠣᠮᠫᠠᠨᠢ ᠮᠡᠷᠭᠡᠵᠢᠯ ᠤᠨ ᠳᠡᠮᠵᠢᠯᠭᠡ ᠬᠠᠩᠭᠠᠵᠤ᠂ ᠣᠷᠤᠯᠴᠠᠬᠤ ᠶᠡᠭᠡ ᠳᠡᠭᠡᠳᠦ ᠰᠤᠷᠭᠠᠭᠤᠯᠢ | ᠲᠡᠭᠦᠰᠦᠭᠰᠡᠳ᠄ https://jiuye. bigxia.cn/busslist.html ᠬᠠᠶ᠋ᠢᠭ ᠢᠶᠠᠷ ᠰᠦᠯᠵᠢᠶᠡᠨ ᠳᠤ | ᠣᠷᠣᠵᠤ ᠪᠣᠯᠤᠨ᠎ᠠ᠃ | ᠲᠤᠰ ᠤᠳᠠᠭᠠᠨ ᠤ ᠠᠵᠢᠯᠲᠠᠨ ᠡᠯᠰᠡᠬᠦ ᠴᠤᠭᠯᠠᠭᠠᠨ 11 ᠳ᠋ᠤᠭᠡᠷ ᠰᠠᠷ᠎ᠠ ᠶᠢᠨ 24 ᠤ ᠡᠳᠦᠷ ᠳᠠᠭᠤᠰᠤᠨ᠎ᠠ᠃ |