ᠥᠪᠥᠷ ᠡᠮ ᠬᠤᠳᠠᠯᠳᠤᠨ ᠠᠪᠬᠤ ᠲᠥᠪ ᠦᠰᠦᠭ ﹇2021﹈ 227 ᠳ᠋ᠤᠭᠠᠷ ᠲᠣᠭᠠᠲᠤ | ᠡᠯ᠎ᠡ ᠬᠠᠮᠢᠶ᠎ᠠ ᠪᠥᠬᠦᠶ ᠠᠵᠤ ᠠᠬᠤᠶᠢᠯᠠᠯ᠄ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠸᠢᠷᠦ᠋ᠰ ᠤᠨ ᠪᠥᠭᠡᠮ | ᠬᠦᠴᠢᠯ ᠢ ᠪᠠᠶᠢᠴᠠᠭᠠᠨ ᠬᠡᠮᠵᠢᠬᠦ ᠤᠷᠪᠠᠯᠵᠢ ᠵᠢᠴᠢ ᠢᠵᠢ ᠪᠥᠷᠢᠳᠦᠭᠦᠯᠦᠭᠰᠡᠨ ᠬᠤᠷᠣᠭᠳᠠᠯ ᠮᠠᠲ᠋ᠧᠷᠢᠶᠠᠯ ᠤᠨ | ᠲᠥᠪᠯᠡᠷᠡᠩᠭᠦᠶ ᠬᠡᠮᠵᠢᠶ᠎ᠡ ᠪᠠᠷ ᠬᠤᠳᠠᠯᠳᠤᠨ ᠠᠪᠬᠤ ᠪᠢᠴᠢᠭ ᠮᠠᠲ᠋ᠧᠷᠢᠶᠠᠯ︾ ᠤᠨ ᠱᠠᠭᠠᠷᠳᠠᠯᠭ᠎ᠠ ︵ᠳᠣᠷᠣᠭᠰᠢ᠄ | ᠬᠤᠳᠠᠯᠳᠤᠨ ᠠᠪᠬᠤ ᠪᠢᠴᠢᠭ ᠮᠠᠲ᠋ᠧᠷᠢᠶᠠᠯ ᠭᠡᠵᠦ ᠲᠣᠪᠴᠢᠯᠠᠨ᠎ᠠ︶ ᠶᠢᠨ ᠶᠣᠰᠣᠭᠠᠷ᠂ ᠡᠳᠦᠭᠡ ᠦᠢᠯᠡᠳᠪᠦᠷᠢᠯᠡᠯ ᠤᠨ | ᠠᠵᠤ ᠠᠬᠤᠶᠢᠯᠠᠯ ᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠸᠢᠷᠦ᠋ᠰ ᠤᠨ | ᠪᠥᠭᠡᠮ ᠬᠦᠴᠢᠯ ᠢ ᠪᠠᠶᠢᠴᠠᠭᠠᠨ ᠬᠡᠮᠵᠢᠬᠦ ᠤᠷᠪᠠᠯᠵᠢ ᠵᠢᠴᠢ ᠢᠵᠢ ᠪᠥᠷᠢᠳᠦᠭᠦᠯᠦᠭᠰᠡᠨ ᠬᠤᠷᠣᠭᠳᠠᠯ ᠮᠠᠲ᠋ᠧᠷᠢᠶᠠᠯ ᠤᠨ | ᠲᠥᠪᠯᠡᠷᠡᠩᠭᠦᠶ ᠬᠡᠮᠵᠢᠶ᠎ᠡ ᠪᠠᠷ ᠬᠤᠳᠠᠯᠳᠤᠨ ᠠᠪᠬᠤ ᠮᠠᠳᠠᠭᠦᠯᠦᠯᠳᠠ ᠶᠢᠨ ᠪᠢᠴᠢᠭ︾ ᠢ ᠲᠤᠰᠢᠶᠠᠬᠤ ᠠᠵᠢᠯ ᠢ | ᠥᠷᠨᠢᠭᠦᠯᠦᠨ᠎ᠡ᠂ ᠪᠣᠳᠠᠲᠠᠶ ᠮᠡᠳᠡᠭᠳᠡᠯ ᠳᠣᠤᠷᠠᠬᠢ ᠮᠡᠲᠦ᠄ | ᠨᠢᠭᠡ᠂ ᠭᠠᠷᠳᠠᠭᠤᠯᠬᠤ ᠬᠡᠪᠴᠢᠶ᠎ᠡ | ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠬᠤᠳᠠᠯᠳᠤᠨ ᠠᠪᠬᠤ ᠰᠢᠰᠲ᠋ᠧᠮ ᠢᠶᠠᠷ ᠳᠠᠮᠵᠢᠭᠤᠯᠤᠨ | ᠦᠢᠯᠡᠳᠭᠦᠨ ᠤ ᠬᠢᠷᠢ ᠴᠢᠳᠠᠮᠵᠢ ᠪᠠᠨ ᠮᠡᠳᠡᠭᠦᠯᠦᠭᠰᠡᠨ ᠦᠢᠯᠡᠳᠪᠦᠷᠢᠯᠡᠯ ᠤᠨ ᠠᠵᠤ ᠠᠬᠤᠶᠢᠯᠠᠯ᠃ | ᠬᠤᠶᠠᠷ᠂ ᠭᠠᠷᠳᠠᠭᠤᠯᠤᠬᠤ ᠠᠭᠤᠯᠭ᠎ᠠ | ︵ᠨᠢᠭᠡ︶ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠸᠢᠷᠦ᠋ᠰ ᠤᠨ | ᠪᠥᠭᠡᠮ ᠬᠦᠴᠢᠯ ᠢ ᠪᠠᠶᠢᠴᠠᠭᠠᠨ ᠰᠢᠯᠭᠠᠬᠤ ᠤᠷᠪᠠᠯᠵᠢ ᠵᠢᠴᠢ ᠢᠵᠢ ᠪᠥᠷᠢᠳᠦᠭᠦᠯᠦᠭᠰᠡᠨ ᠬᠤᠷᠣᠭᠳᠠᠯ ᠮᠠᠲ᠋ᠧᠷᠢᠶᠠᠯ ᠤᠨ | ᠲᠥᠪᠯᠡᠷᠡᠩᠭᠦᠶ ᠬᠡᠮᠵᠢᠶ᠎ᠡ ᠪᠠᠷ ᠬᠤᠳᠠᠯᠳᠤᠨ ᠠᠪᠬᠤ ᠮᠡᠳᠡᠭᠦᠯᠦᠯᠳᠡ ᠶᠢᠨ ᠵᠠᠬᠢᠳᠠᠯ︾ ᠵᠢᠴᠢ ᠬᠤᠳᠠᠯᠳᠤᠨ | ᠠᠪᠬᠤ ᠮᠡᠳᠡᠭᠦᠯᠦᠯᠳᠡ ᠶᠢᠨ ᠵᠠᠬᠢᠳᠠᠯ ᠳᠤ ᠱᠠᠭᠠᠷᠳᠠᠭᠰᠠᠨ ᠦᠢᠯᠡᠳᠭᠦᠨ ᠮᠡᠳᠡᠭᠦᠯᠬᠦ ᠨᠠᠷᠢᠨ ᠬᠠᠭᠤᠳᠠᠰᠤ ︵ | ᠳᠠᠭᠠᠯᠳᠤᠭᠤᠯᠤᠯ 1︶᠂ ᠦᠢᠯᠡᠳᠭᠦᠨ ᠤ ᠳᠠᠩᠰᠠᠯᠠᠭᠤᠯᠤᠭᠰᠠᠨ ᠦᠨᠡᠮᠯᠡᠯ ᠤᠨ ᠪᠠᠭᠤᠯᠭᠠᠪᠤᠷᠢ᠂ ᠦᠢᠯᠡᠳᠭᠦᠨ ᠤ | ᠲᠣᠳᠣᠷᠬᠠᠶᠢᠯᠠᠯᠲᠠ ᠶᠢᠨ ᠪᠢᠴᠢᠭ ᠤᠨ ᠪᠠᠭᠤᠯᠭᠠᠪᠤᠷᠢ᠃ | ︵ᠬᠤᠶᠠᠷ︶ ᠬᠠᠤᠯᠢ ᠪᠠᠷ ᠡᠷᠬᠡᠳᠡᠨ ᠤ ᠲᠥᠯᠥᠭᠡᠯᠡᠭᠴᠢ ᠶᠢᠨ ᠡᠷᠬᠡ ᠣᠯᠭᠤᠬᠤ ᠪᠢᠴᠢᠭ᠃ | ᠭᠤᠷᠪᠠ᠂ ᠪᠣᠳᠠᠲᠠᠶ ᠱᠠᠭᠠᠷᠳᠠᠯᠭ᠎ᠠ | ︵ᠨᠢᠭᠡ︶ ᠮᠡᠳᠡᠭᠦᠯᠦᠯᠳᠡ ᠶᠢᠨ ᠵᠠᠬᠢᠳᠠᠯ ᠨᠢ ᠠᠵᠤ ᠠᠬᠤᠶᠢᠯᠠᠯ ᠤᠨ ᠬᠦᠰᠡᠯ ᠰᠠᠨᠠᠭ᠎ᠠ ᠶᠢ ᠪᠦᠷᠢᠮᠦᠰᠦᠨ | ᠲᠥᠯᠥᠭᠡᠯᠡᠵᠦ᠂ ᠪᠣᠶ ᠪᠥᠬᠦᠶ ᠬᠤᠳᠠᠯᠳᠤᠨ ᠠᠪᠬᠤ ᠳᠤ ᠣᠷᠣᠯᠴᠠᠭᠰᠠᠨ ᠠᠵᠤ ᠠᠬᠤᠶᠢᠯᠠᠯ ᠤᠳ ᠨᠠᠷᠢᠨ ᠬᠢᠨᠠᠮᠠᠭᠠᠶ | ᠤᠩᠰᠢᠵᠤ᠂ ᠬᠤᠳᠠᠯᠳᠤᠨ ᠠᠪᠬᠤ ᠪᠢᠴᠢᠭ ᠮᠠᠲ᠋ᠧᠷᠢᠶᠠᠯ ᠢ ᠪᠦᠷᠢᠮᠦᠰᠦᠨ ᠤᠶᠢᠯᠠᠭᠠᠨ᠂ ᠬᠤᠳᠠᠯᠳᠤᠨ ᠠᠪᠬᠤ ᠪᠢᠴᠢᠭ | ᠮᠠᠲ᠋ᠧᠷᠢᠶᠠᠯ ᠤᠨ ᠬᠠᠮᠢᠶ᠎ᠠ ᠪᠥᠬᠦᠶ ᠨᠥᠬᠦᠴᠡᠯ ᠢ ᠳᠤᠷᠠᠲᠠᠶ᠎ᠠ ᠳᠠᠭᠠᠬᠤ ᠬᠡᠷᠡᠭᠲᠡᠶ᠃ ᠮᠡᠳᠡᠭᠦᠯᠦᠯᠳᠡ ᠶᠢᠨ ᠪᠢᠴᠢᠭ ᠪᠣᠯ | ᠬᠤᠳᠠᠯᠳᠤᠨ ᠠᠪᠬᠤ ᠪᠢᠴᠢᠭ ᠮᠠᠲ᠋ᠧᠷᠢᠶᠠᠯ ᠤᠨ ᠴᠢᠬᠤᠯᠠ ᠨᠥᠬᠦᠴᠡᠯ ᠮᠥᠨ ᠪᠣᠯᠬᠤᠷ ᠳᠤᠲᠠᠭᠳᠠᠵᠤ ᠪᠣᠯᠤᠰᠢ ᠦᠭᠡᠢ | ᠶᠤᠮ᠃ | ︵ᠬᠤᠶᠠᠷ︶ ᠬᠤᠳᠠᠯᠳᠤᠨ ᠠᠪᠬᠤ ᠪᠢᠴᠢᠭ ᠮᠠᠲ᠋ᠧᠷᠢᠶᠠᠯ ᠳᠠᠬᠢ ︽ᠡᠮᠴᠢᠯᠡᠭᠡᠨ ᠤ ᠳᠠᠭᠠᠳᠬᠠᠯ ᠤᠨ | ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠲᠥᠷᠥᠯ ᠠᠩᠭᠢᠯᠠᠯ ᠬᠢᠭᠡᠳ ᠣᠷᠣᠯᠠᠬᠤ ᠨᠣᠮᠧᠷ︾ ᠨᠢ | ᠨᠢᠭᠡᠨᠲᠡ ᠵᠢᠩᠬᠢᠨᠢ ᠪᠠᠷ ᠨᠡᠶᠢᠲᠡᠯᠡᠭᠰᠡᠨ ᠪᠣᠯᠪᠠᠴᠤ ᠵᠥᠪᠬᠡᠨ ᠬᠢᠵᠠᠭᠠᠷᠯᠠᠭᠳᠠᠬᠤ ᠥᠬᠡᠶ ᠦᠢᠯᠡᠳᠭᠦᠨ ᠤ ᠭᠠᠷᠴᠠᠭ | ᠪᠣᠯᠤᠨ᠎ᠠ᠃ ᠡᠯ᠎ᠡ ᠠᠵᠤ ᠠᠬᠤᠶᠢᠯᠠᠯ ᠤᠳ ᠭᠠᠷᠴᠠᠭ ᠲᠠᠢ ᠬᠠᠷᠢᠴᠠᠭᠤᠯᠤᠨ ᠮᠡᠳᠡᠭᠦᠯᠬᠦ ᠬᠡᠷᠡᠭᠲᠡᠶ᠃ ᠮᠡᠳᠡᠭᠦᠯᠦᠭᠰᠡᠨ | ᠦᠢᠯᠡᠳᠬᠦᠨ ᠨᠢ ᠡᠷᠬᠡᠪᠰᠢ ᠬᠤᠳᠠᠯᠳᠤᠨ ᠠᠪᠬᠤ ᠪᠢᠴᠢᠭ ᠮᠠᠲ᠋ᠧᠷᠢᠶᠠᠯ ᠳᠠᠬᠢ ᠬᠤᠳᠠᠯᠳᠤᠨ ᠠᠪᠬᠤ ᠦᠢᠯᠡᠳᠬᠦᠨ ᠤ | ᠲᠤᠬᠠᠶ ᠲᠣᠭᠠᠴᠢᠯᠲᠠ ᠳᠤ ᠨᠡᠶᠢᠴᠡᠭᠰᠡᠨ ᠪᠠᠶᠢᠬᠤ ᠬᠡᠷᠡᠭᠲᠡᠶ᠂ ᠬᠡᠷᠪᠡ ᠲᠤᠰ ᠤᠳᠠᠭᠠᠨ ᠤ ᠬᠤᠳᠠᠯᠳᠤᠨ ᠠᠪᠬᠤ | ᠦᠢᠯᠡᠳᠬᠦᠨ ᠤ ᠬᠡᠪᠴᠢᠶ᠎ᠡ ᠪᠠ ᠪᠠᠷᠢᠮᠵᠢᠶ᠎ᠠ ᠳᠤ ᠬᠠᠷᠢᠶᠠᠯᠠᠭᠳᠠᠬᠤ ᠦᠭᠡᠶ ᠪᠣᠯ ᠮᠡᠳᠡᠭᠦᠯᠦᠭᠰᠡᠨ ᠨᠢ ᠬᠦᠴᠦᠨ ᠦᠭᠡᠶ᠃ | | ︵ᠭᠤᠷᠪᠠ︶ ᠲᠤᠰ ᠤᠳᠠᠭᠠᠨ ᠤ ᠬᠤᠳᠠᠯᠳᠤᠨ ᠠᠪᠬᠤ ᠠᠵᠢᠯᠯᠠᠭ᠎ᠠ ᠶᠢ ᠦᠢᠯᠡᠳᠪᠦᠷᠢᠯᠡᠯ ᠤᠨ ᠠᠵᠤ | ᠠᠬᠤᠶᠢᠯᠠᠯ ᠢᠶᠠᠷ ᠨᠢᠭᠡᠴᠢ ᠪᠣᠯᠭᠠᠨ ᠮᠡᠳᠡᠭᠦᠯᠦᠨ᠎ᠡ᠂ ᠲᠤᠬᠠᠶᠢᠯᠠᠪᠠᠯ ᠠᠳᠠᠯᠢ ᠨᠢᠭᠡᠨ ᠦᠢᠯᠡᠳᠪᠦᠷᠢᠯᠡᠯ ᠤᠨ ᠠᠵᠤ | ᠠᠬᠤᠶᠢᠯᠠᠯ ᠨᠢᠭᠡ ᠯᠡ ᠤᠳᠠᠭ᠎ᠠ ᠮᠡᠳᠡᠭᠦᠯᠵᠦ ᠪᠣᠯᠤᠨ᠎ᠠ᠃ ᠭᠠᠷᠴᠠᠭ ᠤᠨ ᠳᠣᠲᠣᠷᠠᠬᠢ ᠳᠠᠩᠰᠠᠯᠠᠭᠤᠯᠤᠭᠰᠠᠨ | ᠦᠨᠡᠮᠯᠡᠯ ᠲᠠᠢ ᠪᠣᠶ ᠪᠥᠬᠦᠶ ᠦᠢᠯᠡᠳᠭᠦᠨ ᠢ ᠴᠥᠮ ᠮᠡᠳᠡᠭᠦᠯᠬᠦ ᠬᠡᠷᠡᠭᠲᠡᠶ᠂ ᠰᠣᠩᠭᠤᠯᠲᠠ ᠶᠢᠨ ᠴᠢᠨᠠᠷᠲᠠᠶ ᠪᠠᠷ | ᠮᠡᠳᠡᠭᠦᠯᠵᠦ ᠪᠣᠯᠬᠤ ᠥᠬᠡᠶ᠃ ᠬᠡᠷᠪᠡ ᠭᠠᠷᠴᠠᠭ ᠤᠨ ᠳᠣᠲᠣᠷᠠᠬᠢ ᠦᠢᠯᠡᠳᠬᠦᠨ ᠨᠢ ᠬᠤᠳᠠᠯᠳᠤᠨ ᠠᠪᠬᠤ | ᠦᠢᠯᠡᠳᠬᠦᠨ ᠤ ᠬᠦᠷᠢᠶ᠎ᠡ ᠬᠡᠪᠴᠢᠶ᠎ᠡ ᠪᠠ ᠪᠠᠷᠢᠮᠵᠢᠶ᠎ᠠ ᠳᠤ ᠦᠨᠡᠬᠡᠷ ᠬᠠᠷᠢᠶᠠᠯᠠᠭᠳᠠᠬᠤ ᠦᠭᠡᠢ ᠪᠠᠶᠢᠪᠠᠯ᠂ ᠠᠵᠤ | ᠠᠬᠤᠶᠢᠯᠠᠯ ᠤᠨ ᠮᠡᠳᠡᠭᠦᠯᠦᠯᠳᠡ ᠶᠢᠨ ᠲᠣᠳᠣᠷᠬᠠᠶ ᠬᠠᠭᠤᠳᠠᠰᠤᠨ ᠳᠤ ᠲᠣᠳᠣᠷᠬᠠᠶᠢᠯᠠᠯᠲᠠ ᠬᠢᠬᠦ ᠶᠢᠨ ᠬᠠᠮᠲᠤ | ᠦᠨᠳᠦᠰᠦ ᠪᠠᠷᠢᠮᠲᠠ ᠬᠠᠩᠭᠠᠵᠤ ᠪᠣᠯᠤᠨ᠎ᠠ᠂ ᠨᠤᠲᠠᠯᠠᠭᠰᠠᠨ ᠦᠭᠡᠢ ᠪᠣᠯ ᠮᠡᠳᠡᠷᠡᠨ ᠵᠥᠪᠰᠢᠶᠡᠷᠡᠬᠦ ᠦᠭᠡᠢ᠂ ᠮᠡᠳᠡᠭᠡ | ᠵᠠᠩᠭᠢ ᠶᠢ ᠲᠠᠭᠯᠠᠭᠰᠠᠨ ᠨᠢ ᠪᠦᠷᠢᠨ ᠪᠤᠰᠤ ᠪᠠᠶᠢᠪᠠᠯ᠂ ᠮᠡᠳᠡᠭᠦᠯᠦᠭᠰᠡᠨ ᠮᠠᠲ᠋ᠧᠷᠢᠶᠠᠯ ᠨᠢ ᠬᠦᠴᠦᠨ ᠦᠭᠡᠢ᠃ | ︵ᠳᠥᠷᠪᠡ︶ ᠲᠤᠰᠢᠶᠠᠭᠰᠠᠨ ᠪᠣᠶ ᠪᠥᠬᠦᠶ ᠮᠠᠲ᠋ᠧᠷᠢᠶᠠᠯ ᠢ ᠮᠡᠳᠡᠭᠦᠯᠦᠯᠳᠡ ᠶᠢᠨ ᠨᠠᠷᠢᠨ ᠬᠠᠭᠤᠳᠠᠰᠤ ᠶᠢᠨ ᠲᠠᠰ | ᠳᠠᠷᠠᠭᠠᠯᠠᠯ ᠢᠶᠠᠷ ᠡᠮᠬᠢᠯᠡᠵᠦ᠂ ᠨᠢᠭᠤᠷ ᠳᠠᠷᠠᠭᠠᠯᠠᠨ ᠠᠵᠤ ᠠᠬᠤᠶᠢᠯᠠᠯ ᠤᠨ ᠠᠯᠪᠠᠨ ᠲᠠᠮᠠᠭ᠎ᠠ ᠶᠢ ᠳᠠᠷᠤᠵᠤ᠂ | ᠮᠠᠲ᠋ᠧᠷᠢᠶᠠᠯ ᠤᠨ ᠲᠣᠳᠣᠷᠬᠠᠶ ᠪᠠᠶᠢᠬᠤ ᠶᠢ ᠦᠨᠡᠨᠬᠦ ᠪᠠᠲᠤᠯᠠᠵᠤ᠂ ᠥᠭᠡᠷᠡᠲᠦᠭᠦᠯᠦᠨ ᠵᠣᠬᠢᠶᠠᠵᠤ ᠪᠠᠯᠠᠯᠤᠨ ᠵᠠᠰᠠᠵᠤ | ᠪᠣᠯᠬᠤ ᠥᠬᠡᠶ᠂ ᠲᠤᠰᠢᠶᠠᠭᠰᠠᠨ ᠠᠭᠤᠯᠭ᠎ᠠ ᠨᠢ ᠪᠦᠷᠢᠨ ᠪᠦᠲᠦᠨ ᠪᠠᠶᠢᠬᠤ ᠬᠡᠷᠡᠭᠲᠡᠶ᠃ | ︵ᠲᠠᠪᠤ︶ ᠡᠯ᠎ᠡ ᠠᠵᠤ ᠠᠬᠤᠶᠢᠯᠠᠯ ᠨᠢ ᠲᠣᠭᠲᠠᠭᠰᠠᠨ ᠴᠠᠭ ᠬᠤᠭᠤᠴᠠᠭᠠᠨ ᠤ ᠳᠣᠲᠣᠷ᠎ᠠ ᠲᠤᠰᠢᠶᠠᠵᠤ᠂ | ᠮᠡᠳᠡᠭᠦᠯᠬᠦ ᠶᠢ ᠨᠥᠯᠥᠭᠡᠯᠡᠬᠦ ᠠᠴᠠ ᠵᠠᠶᠢᠯᠠᠰᠬᠢᠵᠦ᠂ ᠮᠠᠲ᠋ᠧᠷᠢᠶᠠᠯ ᠤᠨ ᠰᠢᠯᠲᠠᠭᠠᠨ ᠠᠴᠠ ᠪᠣᠯᠵᠣ ᠮᠡᠳᠡᠭᠦᠯᠬᠦ ᠬᠢᠷᠢ ᠬᠡᠮ ᠢ | ᠣᠯᠤᠭᠰᠠᠨ ᠥᠬᠡᠶ ᠪᠤᠶᠤ ᠬᠦᠴᠦᠨ ᠥᠬᠡᠶ ᠪᠣᠯᠭᠠᠭᠰᠠᠨ ᠢ ᠮᠡᠳᠡᠭᠦᠯᠦᠭᠰᠡᠨ ᠠᠵᠤ ᠠᠬᠤᠶᠢᠯᠠᠯ ᠨᠢ ᠥᠪᠡᠷ ᠢᠶᠠᠨ | ᠬᠠᠷᠢᠭᠤᠴᠠᠨ᠎ᠠ᠃ | ︵ᠵᠢᠷᠭᠤᠭ᠎ᠠ︶ ᠡᠯ᠎ᠡ ᠦᠢᠯᠡᠳᠪᠦᠷᠢᠯᠡᠯ ᠤᠨ ᠠᠵᠤ ᠠᠬᠤᠶᠢᠯᠠᠯ ᠤᠳ ᠬᠡᠷᠪᠡ ᠲᠣᠳᠣᠷᠬᠠᠶᠢᠯᠠᠬᠤ ᠴᠢᠬᠤᠯᠠᠲᠠᠶ | ᠵᠦᠢᠯᠡᠰ ᠪᠠᠶᠢᠪᠠᠯ᠂ ︽ᠥᠪᠥᠷ ᠮᠣᠩᠭᠤᠯ ᠤᠨ ᠡᠮ ᠡᠮᠨᠡᠯᠭᠡ ᠶᠢᠨ ᠬᠤᠳᠠᠯᠳᠤᠨ ᠠᠪᠬᠤ ᠲᠤᠬᠠᠶᠢᠯᠠᠭᠰᠠᠨ ᠠᠵᠢᠯ ᠢ | ᠭᠥᠯᠢᠶᠡᠨ ᠠᠪᠴᠤ ᠰᠢᠢᠳᠪᠦᠷᠢᠯᠡᠬᠦ ᠬᠦᠰᠦᠨᠦᠭᠲᠦ︾ ︵ᠳᠠᠭᠠᠯᠳᠤᠭᠤᠯᠤᠯ 2︶ ᠶᠢ ᠲᠠᠭᠯᠠᠵᠤ ᠬᠢᠷᠢ ᠬᠡᠮ ᠤᠨ | ᠮᠠᠲ᠋ᠧᠷᠢᠶᠠᠯ ᠢ ᠳᠠᠭᠠᠯᠳᠤᠭᠤᠯᠤᠨ ᠬᠠᠮᠲᠤ ᠳᠤᠨᠢ ᠲᠤᠰᠢᠶᠠᠬᠤ ᠬᠡᠷᠡᠭᠲᠡᠶ᠃ | ᠳᠥᠷᠪᠡ᠂ ᠲᠤᠰᠢᠶᠠᠬᠤ ᠠᠷᠭ᠎ᠠ ᠮᠠᠶ᠋ᠢᠭ ᠵᠢᠴᠢ ᠴᠠᠭ ᠬᠤᠭᠤᠴᠠᠭ᠎ᠠ | ︵ᠨᠢᠭᠡ︶ ᠡᠯᠧᠺᠲᠷᠣᠨ ᠰᠢᠤᠳᠠᠨ ᠤ ᠠᠷᠭ᠎ᠠ ᠮᠠᠶ᠋ᠢᠭ᠄ ᠡᠯ᠎ᠡ ᠦᠢᠯᠡᠳᠪᠦᠷᠢᠯᠡᠯ ᠤᠨ ᠠᠵᠤ ᠠᠬᠤᠶᠢᠯᠠᠯ ᠤᠳ | ᠡᠯᠧᠺᠲᠷᠣᠨ ᠰᠢᠤᠳᠠᠨ ᠤ ᠠᠷᠭ᠎ᠠ ᠮᠠᠶ᠋ᠢᠭ ᠢᠶᠠᠷ ᠳᠥᠷᠪᠡᠨ ᠵᠦᠢᠯ ᠤᠨ ᠲᠤᠰᠢᠶᠠᠬᠤ ᠮᠠᠲ᠋ᠧᠷᠢᠶᠠᠯ ᠢ PDF | ᠬᠡᠯᠪᠡᠷᠢ ᠪᠠᠷ ᠵᠢᠭᠠᠨ ᠲᠣᠭᠲᠠᠭᠠᠭᠰᠠᠨ ᠰᠢᠤᠳᠠᠨ ᠤ ᠬᠠᠶᠢᠷᠴᠠᠭ ᠲᠤ ᠶᠠᠪᠤᠭᠤᠯᠤᠨ᠎ᠠ᠂ ᠰᠢᠤᠳᠠᠨ ᠤ ᠭᠠᠷᠴᠠᠭ ᠲᠤ ︽ | ᠰᠢᠨ᠎ᠡ ᠲᠢᠳᠢᠮᠯᠢᠭ ᠸᠢᠷᠦ᠋ᠰ ᠤᠨ ᠤᠷᠪᠠᠯᠵᠢ ᠶᠢ ᠬᠤᠳᠠᠯᠳᠤᠨ ᠠᠪᠬᠤ︾ ᠶᠢ ᠲᠣᠳᠣᠷᠬᠠᠶᠢᠯᠠᠨ᠎ᠠ᠃ ᠦᠢᠯᠡᠳᠬᠦᠨ ᠤ | ᠮᠡᠳᠡᠭᠦᠯᠦᠯᠲᠡ ᠶᠢᠨ ᠲᠣᠳᠣᠷᠬᠠᠶ ᠬᠠᠭᠤᠳᠠᠰᠤ ᠶᠢ ᠪᠠᠰᠠ PDF ᠲᠠᠢ ᠠᠳᠠᠯᠢᠬᠠᠨ ᠠᠭᠤᠯᠭ᠎ᠠ ᠲᠠᠢ ᠡᠯᠧᠺᠲᠷᠣᠨ | ᠬᠦᠰᠦᠨᠦᠭ ᠨᠢᠭᠡ ᠬᠤᠪᠢ ᠬᠠᠩᠭᠠᠬᠤ ᠬᠡᠷᠡᠭᠲᠡᠶ᠃ ᠰᠢᠦᠳᠠᠨ ᠬᠠᠶᠢᠷᠴᠠᠭ ᠤᠨ ᠬᠠᠶ᠋ᠢᠭ᠄ nmgycqxk@163. | com᠃ | ︵ᠬᠤᠶᠠᠷ︶ ᠲᠤᠬᠠᠶ ᠶᠢᠨ ᠲᠠᠯᠠᠪᠤᠷ ᠤᠨ ᠠᠷᠭ᠎ᠠ ᠮᠠᠶ᠋ᠢᠭ᠄ ᠡᠯ᠎ᠡ ᠦᠢᠯᠡᠳᠪᠦᠷᠢᠯᠡᠯ ᠤᠨ ᠠᠵᠤ ᠠᠬᠤᠶᠢᠯᠠᠯ ᠤᠳ | ᠡᠮᠬᠢᠯᠡᠵᠦ ᠳᠠᠭᠤᠰᠬᠠᠭᠰᠠᠨ ᠮᠠᠲ᠋ᠧᠷᠢᠶᠠᠯ ᠢᠶᠠᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠬᠤᠳᠠᠯᠳᠤᠨ | ᠠᠪᠬᠤ ᠲᠥᠪ ᠲᠤ ᠰᠢᠭᠤᠳ ᠲᠤᠰᠢᠶᠠᠵᠤ ᠪᠣᠯᠤᠨ᠎ᠠ᠃ ᠬᠠᠶ᠋ᠢᠭ᠄ ᠥᠪᠥᠷ ᠮᠣᠩᠭᠤᠯ ᠤᠨ ᠬᠥᠬᠡᠬᠤᠲᠠ ᠶᠢᠨ ᠰᠢᠨ᠎ᠡ | ᠬᠤᠲᠠ ᠲᠣᠭᠤᠷᠢᠭ ᠤᠨ ᠤᠯᠠᠭᠠᠨᠴᠠᠪ ᠤᠨ ᠪᠠᠷᠠᠭᠤᠨ ᠵᠡᠭᠡᠯᠢ ᠶᠢᠨ 19 ᠳ᠋ᠤᠭᠡᠷ ᠨᠣᠮᠧᠷ᠃ | ︵ᠭᠤᠷᠪᠠ︶ ᠭᠥᠯᠢᠶᠡᠨ ᠠᠪᠬᠤ ᠴᠠᠭ᠄ 2021 ᠣᠨ ᠤ 11 ᠳ᠋ᠤᠭᠡᠷ ᠰᠠᠷ᠎ᠠ ᠶᠢᠨ 15 ᠤ ᠡᠳᠦᠷ ᠠᠴᠠ | 11 ᠳ᠋ᠤᠭᠡᠷ ᠰᠠᠷ᠎ᠠ ᠶᠢᠨ 19 ᠤ ᠡᠳᠦᠷ ᠪᠣᠯᠲᠠᠯ᠎ᠠ᠃ | ᠬᠠᠷᠢᠯᠴᠠᠬᠤ ᠤᠲᠠᠰᠤ᠄ 0471— 49305954 904515 4907267 4908179 | ᠦᠢᠯᠡᠴᠢᠯᠡᠬᠦ ᠴᠠᠭ᠄ 9᠄ 00 — 12᠄ 00᠂ 14᠄ 30 — 16᠄ 30᠃ | | ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠤᠨ ᠬᠤᠳᠠᠯᠳᠤᠨ ᠠᠪᠬᠤ ᠲᠥᠪ | 2021 ᠣᠨ ᠤ 11 ᠳ᠋ᠤᠭᠡᠷ ᠰᠠᠷ᠎ᠠ ᠶᠢᠨ 15 ᠤ ᠡᠳᠦᠷ |