ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠰᠢᠨ᠎ᠡ ᠲᠣᠭᠲᠠᠭᠠᠯ ᠭᠠᠷᠭᠠᠪᠠᠠᠯᠪᠠᠨ ᠲᠤᠰᠢᠶᠠᠯᠲᠠᠨ ᠢᠲᠡᠭᠡᠮᠵᠢ ᠠᠯᠳᠠᠪᠠᠯ ᠳᠡᠪᠰᠢᠬᠦ ᠶᠢ ᠨᠢ ᠨᠥᠯᠥᠭᠡᠯᠡᠬᠦ ᠪᠤ
ᠨᠡᠶᠢᠲᠡᠯᠡᠭᠰᠡᠨ ᠴᠠᠭ᠄
2021/11/24
      ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠲᠠᠷᠬᠠᠭᠠᠵᠤ᠂ ᠵᠠᠰᠠᠭ ᠤᠨ ᠣᠷᠳᠣᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠳᠤᠮᠳᠠᠬᠢ ᠥᠯᠢᠭᠡᠷ ᠳᠠᠭᠤᠷᠢᠶᠠᠯ ᠪᠣᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠪᠥᠬᠦ ᠣᠷᠣᠨ ᠤ ᠵᠠᠰᠠᠭ ‍ᠤᠨ‌‍ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠭᠦᠨᠵᠡᠭᠡᠶ ᠳᠥᠯᠭᠢᠨ ᠠᠬᠢᠭᠤᠯᠪᠠ᠃              ︽ᠲᠥᠰᠦᠯ︾ ᠳᠤ ᠲᠣᠭᠲᠠᠭᠠᠭᠰᠠᠨ ᠨᠢ᠂ ᠮᠡᠳᠡᠭᠡ ᠵᠠᠩᠭᠢ ᠶᠢᠨ ᠬᠡᠷᠡᠭᠯᠡᠭᠡᠨ ᠤ ᠪᠠᠶᠢᠳᠠᠯ ᠢ ᠥᠷᠭᠡᠳᠬᠡᠬᠦ ᠬᠡᠷᠡᠭᠲᠡᠢ᠃ ᠠᠯᠪᠠᠨ ᠲᠤᠰᠢᠶᠠᠯᠲᠠᠨ ᠢ ᠰᠢᠯᠭᠠᠵᠤ ᠡᠯᠰᠡᠨ ᠬᠡᠷᠡᠭᠯᠡᠬᠦ᠂ ᠰᠢᠯᠵᠢᠭᠦᠯᠦᠨ ᠲᠣᠮᠢᠯᠠᠵᠤ ᠰᠣᠩᠭᠤᠨ ᠲᠣᠮᠢᠯᠠᠬᠤ ᠂ ᠰᠢᠯᠢᠳᠡᠭ ᠪᠠ ᠲᠡᠷᠢᠭᠦᠨ ᠤ ᠬᠢ ᠶᠢ ᠰᠢᠯᠭᠠᠷᠠᠭᠤᠯᠬᠤ᠂ ᠠᠵᠢᠯ ᠤᠨ ᠪᠠᠶᠢᠷᠢ ᠳᠤ ᠳᠡᠪᠰᠢᠭᠦᠯᠬᠦ ᠵᠢᠴᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠤ ᠬᠢᠷᠢ ᠬᠡᠮ ᠢ  ᠬᠢᠨᠠᠨ ᠲᠣᠭᠲᠠᠭᠠᠬᠤ ᠵᠡᠷᠭᠡ‌ᠠᠵᠢᠯ ᠤᠨ ᠳᠤᠮᠳᠠ ᠢᠲᠡᠭᠡᠮᠵᠢ ᠶᠢ ᠬᠢᠨᠠᠨ ᠪᠠᠶᠢᠴᠠᠭᠠᠬᠤ ᠲᠦᠷᠢᠮ ᠢ ᠪᠠᠶᠢᠭᠤᠯᠵᠤ ᠂ ᠬᠦᠨᠳᠦ ᠨᠣᠴᠢᠲᠠᠶ ᠢᠲᠡᠭᠡᠮᠵᠢ ᠠᠯᠳᠠᠭᠰᠠᠨ ᠦᠢᠯᠡ ᠠᠵᠢᠯᠯᠠᠭ᠎ᠠ ᠣᠷᠣᠰᠢᠵᠤ ᠪᠠᠶᠢᠭ᠎ᠠ ᠰᠠᠯᠠᠭ᠎ᠠ ᠮᠥᠴᠢᠷ ᠵᠢᠴᠢ ᠠᠯᠪᠠᠨ ᠲᠤᠰᠢᠶᠠᠯᠲᠠᠨ ᠳᠤ ᠢᠲᠡᠭᠡᠮᠵᠢ ᠠᠯᠳᠠᠭᠰᠠᠨ ᠦᠢᠯᠡ‌ᠠᠵᠢᠯᠯᠠᠭ᠎ᠠ ᠶᠢ ᠨᠢ  ᠦᠨᠳᠦᠰᠦᠯᠡᠨ ᠬᠠᠤᠯᠢ ᠲᠣᠭᠲᠠᠭᠠᠯ ᠶᠣᠰᠣᠭᠠᠷ ᠬᠠᠷᠠᠭᠠᠯᠵᠠᠭᠰᠠᠨ ᠬᠢᠵᠠᠭᠠᠷᠯᠠᠬᠤ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠬᠡᠷᠡᠭᠲᠡᠶ᠃  ᠵᠠᠰᠠᠭ ᠤᠨ ᠣᠷᠳᠣᠨ ᠤ ᠬᠤᠳᠠᠯᠳᠤᠨ ᠠᠪᠬᠤ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ᠂ ᠵᠠᠰᠠᠭ ᠵᠠᠬᠢᠷᠭᠠᠨ ︵ᠬᠢᠨᠠᠨ ᠵᠥᠪᠰᠢᠶᠡᠷᠡᠬᠦ︶ ᠤ ᠵᠥᠪᠰᠢᠶᠡᠷᠡᠯ᠂ ᠵᠠᠬ᠎ᠠ ᠳᠡᠯᠭᠡᠭᠦᠷ ᠲᠤ ᠵᠥᠪᠰᠢᠶᠡᠷᠡᠨ ᠣᠷᠣᠭᠤᠯᠬᠤ᠂ ᠬᠢᠷᠢ ᠴᠢᠳᠠᠮᠵᠢ ᠶᠢ ᠬᠢᠨᠠᠨ ᠪᠠᠶᠢᠴᠠᠭᠠᠬᠤ᠂ ᠲᠡᠮᠳᠡᠭᠲᠦ ᠲᠠᠷᠬᠠᠭᠠᠬᠤ᠂ ᠪᠡᠯᠡ ᠮᠥᠩᠭᠦ ᠪᠠᠷ ᠲᠡᠳᠬᠦᠬᠦ ᠵᠢᠴᠢ ᠪᠤᠰᠤᠳ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠠᠴᠠ  ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠵᠡᠷᠭᠡ ᠠᠷᠭ᠎ᠠ ᠵᠠᠮ ᠢᠶᠠᠷ ᠡᠯ᠎ᠡ ᠱᠠᠲᠤᠨ ᠤ ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠡ ᠶᠢᠨ ᠢᠲᠡᠭᠡᠮᠵᠢ ᠶᠢᠨ ᠲᠡᠮᠳᠡᠭᠯᠡᠯ ᠢ ᠪᠠᠶᠢᠴᠠᠭᠠᠨ ᠯᠠᠪᠯᠠᠬᠤ ᠶᠢᠨ ᠬᠠᠮᠲᠤ᠂ ᠬᠠᠮᠢᠶ᠎ᠠ  ᠪᠦᠬᠦᠢ ᠲᠣᠭᠲᠠᠭᠠᠯ ᠢ ᠦᠨᠳᠦᠰᠦᠯᠡᠨ ᠬᠦᠨᠳᠦ ᠨᠣᠴᠢᠲᠠᠶ ᠢᠲᠡᠭᠡᠯ ᠢᠶᠠᠨ ᠠᠯᠳᠠᠭᠰᠠᠨ ᠦᠢᠯᠡ ᠠᠵᠢᠯᠯᠠᠭ᠎ᠠ ᠲᠠᠢ ᠨᠢᠭᠡᠴᠢ ᠳᠤ ᠬᠢᠵᠠᠭᠠᠷᠯᠠᠬᠤ ᠠᠷᠭ᠎ᠠ ᠬᠡᠮᠵᠢᠶ᠎ᠡ ᠠᠪᠬᠤ ᠬᠡᠷᠡᠭᠲᠡᠶ ᠭᠡᠵᠡᠢ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号