ᠬᠠᠮᠤᠭ ᠥᠨᠳᠥᠷ ᠲᠡᠭᠡᠨ 1000 ᠲᠦᠮᠡᠨ ᠲᠥᠭᠦᠷᠢᠭ ᠤᠨ ᠱᠠᠩᠨᠠᠯ ᠨᠥᠬᠦᠪᠥᠷᠢ ᠥᠭᠭᠦᠨ᠎ᠡ︕
ᠨᠡᠶᠢᠲᠡᠯᠡᠭᠰᠡᠨ ᠴᠠᠭ᠄
2021/11/25
      ᠥᠪᠥᠷ ᠮᠣᠩᠭᠤᠯ ᠤᠨ ᠥᠪᠡᠷᠲᠡᠭᠡᠨ ᠵᠠᠰᠠᠬᠤ  ᠣᠷᠣᠨ ᠤ  ᠠᠷᠠᠳ ᠤᠨ  ᠵᠠᠰᠠᠭ ᠤᠨ  ᠣᠷᠳᠣᠨ  ᠨᠠᠷᠢᠨ  ᠬᠢᠨᠠᠮᠠᠭᠠᠶ‌‍ᠰᠤᠳᠤᠯᠬᠤ ᠪᠠᠷ ᠳᠠᠮᠵᠢᠨ᠂ ︽ᠥᠪᠥᠷ  ᠮᠣᠩᠭᠤᠯ ᠤᠨ  ᠥᠪᠡᠷᠲᠡᠭᠡᠨ  ᠵᠠᠰᠠᠬᠤ  ᠣᠷᠣᠨ ᠤ  ᠠᠵᠤ  ᠠᠬᠤᠶᠢᠯᠠᠯ ᠤᠨ  ᠵᠠᠬ᠎ᠠ ᠳᠡᠯᠭᠡᠭᠦᠷ ᠲᠤ ᠭᠠᠷᠴᠤ ᠫᠠᠶᠢᠰᠠ ᠡᠯᠭᠦᠬᠦ ᠶᠢ ᠵᠤᠷᠢᠬᠵᠢᠭᠤᠯᠬᠤ ᠱᠠᠩᠨᠠᠯ ᠨᠥᠬᠦᠪᠥᠷᠢ ᠥᠭᠬᠦ ᠠᠷᠭ᠎ᠠ︾ ︵ᠥᠪᠥᠷ ᠵᠠᠰᠠᠭ ᠠᠯᠪᠠᠨ‌‍ᠲ᠋ᠠᠷᠬᠠᠭᠠᠭᠰᠠᠨ ﹇2021﹈ 38 ᠳ᠋ᠤᠭᠠᠷ ᠲᠣᠭᠠᠲᠤ︶ ᠶᠢᠨ ᠬᠠᠮᠢᠶ᠎ᠠ ᠪᠦᠬᠦᠢ ᠠᠭᠤᠯᠭ᠎ᠠ ᠳᠤ  ᠵᠠᠰᠠᠪᠤᠷᠢ  ᠣᠷᠣᠭᠤᠯᠬᠤ ᠪᠠᠷ‌‍ᠲ᠋ᠣᠭᠲᠠᠪᠠ᠂ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠮᠡᠳᠡᠭᠳᠡᠶ᠎ᠡ᠄            ᠥᠪᠥᠷ ᠵᠠᠰᠠᠭ ᠠᠯᠪᠠᠨ ᠲᠠᠷᠬᠠᠭᠠᠭᠰᠠᠨ  ﹇2021﹈  38  ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠤᠨ ᠬᠤᠶᠠᠳᠤᠭᠠᠷ ᠵᠦᠢᠯ ᠳᠤ ︽ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠬᠢᠯᠢ ᠶᠢᠨ ᠳᠣᠲᠣᠷ᠎ᠠ ᠵᠠᠬ᠎ᠠ ᠳᠡᠯᠭᠡᠭᠦᠷ ᠲᠤ᠋‌ᠭᠠᠷᠬᠤ ᠶᠢ ᠵᠣᠷᠢᠭᠵᠢᠭᠤᠯᠤᠨ᠎ᠠ᠃  ᠱᠠᠩᠬᠠᠶ ᠱᠧᠨᠵᠧᠨ ᠤ ᠠᠷᠠᠯᠵᠢᠶᠠᠨ ᠤ ᠭᠠᠵᠠᠷ ᠤᠨ ᠵᠠᠬ᠎ᠠ ᠳᠡᠯᠭᠡᠭᠦᠷ ᠲᠤ ᠭᠠᠷᠬᠤ ᠪᠠᠷ ᠭᠤᠶᠤᠴᠢᠯᠠᠭᠰᠠᠨ ᠥᠪᠡᠷᠲᠡᠭᠡᠨ ᠵᠠᠰᠠᠬᠤ ᠣᠷᠣᠨ ᠤ ᠳᠣᠲᠣᠷᠠᠬᠢ ᠠᠵᠤ ᠠᠬᠤᠶᠢᠯᠠᠯ ᠳᠤ ᠥᠪᠡᠷᠲᠡᠭᠡᠨ ᠵᠠᠰᠠᠬᠤ ᠣᠷᠣᠨ ᠱᠠᠲᠤ ᠦᠶ᠎ᠡ ᠬᠤᠪᠢᠶᠠᠨ ᠳᠤᠤᠷᠠᠬᠢ ᠮᠡᠲᠦ ᠱᠠᠩᠨᠠᠯ ᠨᠥᠬᠦᠪᠥᠷᠢ ᠦᠭᠭᠦᠨ᠎ᠡ᠄      ︵ᠨᠢᠭᠡ︶ ᠥᠪᠥᠷ ᠮᠣᠩᠭᠤᠯ ᠤᠨ ᠲᠡᠮᠳᠡᠭᠲᠦ ᠬᠢᠨᠠᠬᠤ ᠲᠣᠪᠴᠢᠶ᠎ᠠ ᠳᠤ ᠵᠠᠬ᠎ᠠ ᠳᠡᠯᠭᠡᠭᠦᠷ ᠲᠤ ᠭᠠᠷᠬᠤ ᠬᠠᠪᠰᠤᠷᠤᠨ  ᠵᠢᠯᠤᠭᠤᠳᠤᠯᠭ᠎ᠠ ᠪᠠ ᠳᠠᠩᠰᠠᠯᠠᠭᠤᠯᠤᠯᠳᠠ ᠬᠢᠯᠭᠡᠭᠰᠡᠨ ᠠᠵᠤ ᠠᠬᠤᠶᠢᠯᠠᠯ ᠳᠤ 100 ᠲᠦᠮᠡᠨ ᠲᠥᠭᠦᠷᠢᠭ ᠤᠨ ᠱᠠᠩᠨᠠᠯ ᠨᠥᠬᠦᠪᠥᠷᠢ ᠦᠭᠭᠦᠨ᠎ᠡ︔      ︵ ᠬᠤᠶᠠᠷ  ︶  ᠳᠤᠮᠳᠠᠳᠤ ᠤᠯᠤᠰ ᠤᠨ ᠲᠡᠮᠳᠡᠭᠲᠦ ᠬᠢᠨᠠᠬᠤ ᠵᠥᠪᠯᠡᠯ᠂ ᠱᠠᠩᠬᠠᠶ ᠱᠧᠨᠵᠧᠨ ᠤ ᠲᠡᠮᠳᠡᠭᠲᠦ ᠠᠷᠠᠯᠵᠢᠶᠠᠯᠠᠬᠤ  ᠭᠠᠵᠠᠷ ᠲᠤ ᠵᠠᠬ᠎ᠠ ᠳᠡᠯᠭᠡᠭᠦᠷ ᠲᠤ ᠭᠠᠷᠬᠤ ᠭᠤᠶᠤᠴᠢᠯᠠᠯ ᠤᠨ ᠮᠠᠲ᠋ᠧᠷᠢᠶᠠᠯ ᠢᠶᠠᠨ ᠲᠤᠰᠢᠶᠠᠭᠰᠠᠨ ᠪᠥᠭᠡᠳ ᠬᠦᠯᠢᠶᠡᠨ ᠠᠪᠴᠤ ᠰᠢᠢᠳᠪᠦᠷᠢᠯᠡᠭᠰᠡᠨ ᠠᠵᠤ ᠠᠬᠤᠶᠢᠯᠠᠯ ᠳᠤ 200 ᠲᠦᠮᠡᠨ ᠲᠥᠭᠦᠷᠢᠭ ᠤᠨ ᠱᠠᠩᠨᠠᠯ ᠨᠥᠬᠦᠪᠥᠷᠢ ᠥᠭᠭᠦᠨ᠎ᠡ︔      ︵ᠭᠤᠷᠪᠠ︶ ᠱᠠᠩᠬᠠᠶ ᠱᠧᠨᠵᠧᠨ ᠤ ᠠᠷᠠᠯᠵᠢᠶᠠᠨ ᠤ ᠭᠠᠵᠠᠷ ᠲᠤ ᠠᠩᠬ᠎ᠠ ᠵᠠᠬ᠎ᠠ ᠳᠡᠯᠭᠡᠭᠦᠷ ᠲᠤ ᠭᠠᠷᠬᠤ ᠶᠢ ᠪᠡᠶᠡᠯᠡᠭᠦᠯᠦᠭᠰᠡᠨ ᠠᠵᠤ ᠠᠬᠤᠶᠢᠯᠠᠯ ᠳᠤ 1000  ᠲᠦᠮᠡᠨ  ᠲᠥᠭᠦᠷᠢᠭ ᠤᠨ ᠱᠠᠩᠨᠠᠯ ᠨᠥᠬᠦᠪᠥᠷᠢ ᠥᠭᠭᠦᠨ᠎ᠡ︾ ᠬᠡᠰᠡᠨ ᠠᠭᠤᠯᠭ᠎ᠠ ᠳᠤ ︽ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠬᠢᠯᠢ ᠵᠢᠨ‌‍ᠲ᠋ᠣᠲᠣᠷ᠎ᠠ ᠵᠠᠬ᠎ᠠ ᠳᠡᠯᠭᠡᠭᠦᠷ ᠲᠤ ᠭᠠᠷᠬᠤ ᠶᠢ ᠵᠣᠷᠢᠭᠵᠢᠭᠤᠯᠵᠤ᠂ ᠥᠪᠡᠷᠲᠡᠭᠡᠨ ᠵᠠᠰᠠᠬᠤ ᠣᠷᠣᠨ ᠱᠠᠲᠤ ᠦᠶ᠎ᠡ ᠬᠤᠪᠢᠶᠠᠨ ᠳᠤᠤᠷᠠᠬᠢ ᠮᠡᠲᠦ ᠱᠠᠩᠨᠠᠯ ᠨᠥᠬᠦᠪᠥᠷᠢ ᠦᠭᠭᠦᠨ᠎ᠡ᠄      ︵ᠨᠢᠭᠡ︶ ᠥᠪᠥᠷ ᠮᠣᠩᠭᠤᠯ ᠤᠨ ᠲᠡᠮᠳᠡᠭᠲᠦ ᠬᠢᠨᠠᠬᠤ ᠲᠣᠪᠴᠢᠶ᠎ᠠ ᠳᠤ ᠵᠠᠬ᠎ᠠ ᠳᠡᠯᠭᠡᠭᠦᠷ ᠲᠤ ᠭᠠᠷᠬᠤ ᠬᠠᠪᠰᠤᠷᠤᠨ ᠵᠢᠯᠣᠭᠤᠳᠤᠯᠭ᠎ᠠ ᠪᠠ ᠳᠠᠩᠰᠠᠯᠠᠭᠤᠯᠤᠯᠳᠠ ᠬᠢᠯᠭᠡᠭᠰᠡᠨ ᠠᠵᠤ ᠠᠬᠤᠶᠢᠯᠠᠯ ᠳᠤ 100 ᠲᠦᠮᠡᠨ‌‍ᠲ᠋ᠥ᠋ᠭᠦᠷᠢᠭ ᠤᠨ ᠱᠠᠩᠨᠠᠯ ᠨᠥᠬᠦᠪᠥᠷᠢ ᠦᠭᠭᠦᠨ᠎ᠡ︔      ︵ᠬᠤᠶᠠᠷ︶ ᠳᠤᠮᠳᠠᠳᠤ  ᠤᠯᠤᠰ ᠤᠨ ᠲᠡᠮᠳᠡᠭᠲᠦ ᠬᠢᠨᠠᠬᠤ ᠵᠥᠪᠯᠡᠯ᠂ᠱᠠᠩᠬᠠᠶ᠂ ᠱᠧᠨᠵᠧᠨ᠂ ᠪᠡᠭᠡᠵᠢᠩ ᠤᠨ ᠲᠡᠮᠳᠡᠭᠲᠦ ᠠᠷᠠᠯᠵᠢᠶᠠᠯᠠᠬᠤ ᠭᠠᠵᠠᠷ ᠲᠤ ᠵᠠᠬ᠎ᠠ ᠳᠡᠯᠭᠡᠭᠦᠷ ᠲᠤ ᠭᠠᠷᠬᠤ ᠭᠤᠶᠤᠴᠢᠯᠠᠯ ᠤᠨ ᠮᠠᠲ᠋ᠧᠷᠢᠶᠠᠯ ᠢᠶᠠᠨ ᠲᠤᠰᠢᠶᠠᠭᠰᠠᠨ ᠪᠥᠭᠡᠳ ᠬᠦᠯᠢᠶᠡᠨ  ᠠᠪᠴᠤ ᠰᠢᠢᠳᠪᠦᠷᠢᠯᠡᠭᠰᠡᠨ ᠠᠵᠤ  ᠠᠬᠤᠶᠢᠯᠠᠯ ᠳᠤ  200  ᠲᠦᠮᠡᠨ‌‍ᠲ᠋ᠥ᠋ᠭᠦᠷᠢᠭ ᠤᠨ ᠱᠠᠩᠨᠠᠯ ᠨᠥᠬᠦᠪᠥᠷᠢ ᠦᠭᠭᠦᠨ᠎ᠡ︔      ︵ᠭᠤᠷᠪᠠ  ︶  ᠱᠠᠩᠬᠠᠶ᠂ ᠱᠧᠨᠵᠧᠨ᠂ ᠪᠡᠭᠡᠵᠢᠩ ᠤᠨ ᠲᠡᠮᠳᠡᠭᠲᠦ ᠠᠷᠠᠯᠵᠢᠶᠠᠯᠠᠬᠤ ᠭᠠᠵᠠᠷ ᠤᠨ ᠵᠠᠬ᠎ᠠ ᠳᠡᠯᠭᠡᠭᠦᠷ ᠲᠤ  ᠭᠠᠷᠬᠤ ᠶᠢ ᠪᠡᠶᠡᠯᠡᠭᠦᠯᠦᠭᠰᠡᠨ ᠠᠵᠤ ᠠᠬᠤᠶᠢᠯᠠᠯ ᠳᠤ 1000  ᠲᠦᠮᠡᠨ ᠲᠥᠭᠦᠷᠢᠭ ᠤᠨ ᠱᠠᠩᠨᠠᠯ ᠨᠥᠬᠦᠪᠥᠷᠢ ᠦᠭᠭᠦᠨ᠎ᠡ︾ ᠬᠡᠵᠦ ᠵᠠᠰᠠᠪᠤᠷᠢ ᠤᠷᠤᠭᠤᠯᠪᠠ᠃              ᠰᠢᠨ᠎ᠡ ᠭᠤᠷᠪᠠᠳᠤᠭᠠᠷ ᠲᠡᠰ ᠳᠠᠪᠬᠤᠷᠭ᠎ᠠ ᠶᠢᠨ ᠨᠠᠷᠢᠯᠢᠭ ᠰᠣᠩᠭᠤᠯᠲᠠ ᠶᠢ ᠬᠠᠰᠤᠬᠰᠠᠨ ᠪᠠᠶᠢᠳᠠᠯ ᠢ ᠦᠨᠳᠦᠰᠦᠯᠡᠨ᠂ ᠥᠪᠥᠷ ᠵᠠᠰᠠᠭ ᠠᠯᠪᠠᠨ ᠲᠠᠷᠬᠠᠭᠠᠭᠰᠠᠨ ﹇2021﹈ 38 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠤᠨ ᠳᠥᠷᠪᠡᠳᠦᠭᠡᠷ ᠵᠦᠢᠯ ︽ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠰᠢᠨ᠎ᠡ ᠭᠤᠷᠪᠠᠳᠤᠭᠠᠷ ᠲᠡᠰ ᠳᠠᠪᠬᠤᠷᠭ᠎ᠠ ᠳᠤ ᠣᠷᠣᠬᠤ ᠶᠢ ᠵᠣᠷᠢᠭᠵᠢᠭᠤᠯᠤᠨ᠎ᠠ᠃ ᠲᠠᠰ ᠳᠡᠪᠰᠢᠭᠰᠡᠨ ᠰᠢᠨ᠎ᠡ ᠭᠤᠷᠪᠠᠳᠤᠭᠠᠷ ᠲᠡᠰ ᠲᠠᠪᠬᠤᠷᠭ᠎ᠠ ᠳᠤ ᠰᠣᠩᠭᠤᠭᠳᠠᠬᠰᠠᠨ ᠠᠵᠤ ᠠᠬᠤᠶᠢᠯᠠᠯ ᠳᠤ ᠥᠪᠡᠷᠲᠡᠭᠡᠨ ᠵᠠᠰᠠᠬᠤ ᠣᠷᠣᠨ ᠠᠴᠠ ᠨᠢᠭᠡ ᠤᠳᠠᠭ᠎ᠠ ᠶᠢᠨ ᠴᠢᠨᠠᠷᠲᠠᠶ 500  ᠲᠦᠮᠡᠨ ᠲᠥᠭᠦᠷᠢᠭ ᠤᠨ ᠱᠠᠩᠨᠠᠯ ᠨᠥᠬᠦᠪᠥᠷᠢ ᠦᠭᠭᠦᠨ᠎ᠡ︔ ᠨᠠᠷᠢᠯᠢᠭ ᠰᠣᠩᠭᠤᠯᠳᠡ ᠶᠢᠨ ᠲᠡᠰ ᠳᠠᠪᠬᠤᠷᠭ᠎ᠠ ᠳᠤ ᠤᠷᠤᠬᠰᠠᠨ ᠠᠵᠤ ᠠᠬᠤᠶᠢᠯᠠᠯ ᠤᠨ ᠰᠲ᠋ᠣᠺ ᠰᠢᠯᠵᠢᠭᠦᠯᠦᠨ ᠱᠠᠩᠬᠠᠶ ᠱᠧᠨᠵᠧᠨ ᠤ ᠠᠷᠠᠯᠵᠢᠶᠠᠨ ᠤ ᠭᠠᠵᠠᠷ ᠤᠨ ᠵᠠᠬ᠎ᠠ ᠳᠡᠯᠭᠡᠭᠦᠷ ᠲᠤ ᠭᠠᠷᠤᠭᠰᠠᠨ ᠳᠤ ᠬᠦᠷᠪᠡᠯ᠂ ᠳᠠᠬᠢᠨ ᠨᠢᠭᠡ ᠤᠳᠠᠭ᠎ᠠ ᠶᠢᠨ ᠴᠢᠨᠠᠷᠲᠠᠶ 1000 ᠲᠦᠮᠡᠨ ᠲᠥᠭᠦᠷᠢᠭ ᠤᠨ ᠱᠠᠩᠨᠠᠯ ᠨᠥᠬᠦᠪᠥᠷᠢ ᠦᠭᠭᠦᠨ᠎ᠡ︾ ᠬᠡᠰᠡᠨ ᠠᠭᠤᠯᠭ᠎ᠠ ᠶᠢ ᠬᠠᠰᠤᠪᠠ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠣᠯᠠᠭ᠎ᠠ ᠶᠢᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号