ᠣᠳᠣ ᠲᠤᠬᠠᠢ ᠶᠢᠨ ᠭᠠᠵᠠᠷ ᠤᠨ ᠣᠨᠣᠰᠢᠯᠠᠭᠳᠠᠭᠰᠠᠨ ᠡᠪᠡᠳᠴᠢᠲᠡᠨ ᠨᠡᠶᠢᠲᠡ 161 ᠪᠣᠢ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠤᠷᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ ᠤᠨ ᠮᠡᠳᠡᠭᠡ ᠶᠢ ᠦᠨᠳᠦᠰᠦᠯᠡᠪᠡᠯ᠂ 11 ᠰᠠᠷ᠎ᠠ ᠶᠢᠨ 3 ᠤ ᠡᠳᠦᠷ ᠤᠨ 12 ᠴᠠᠭ ᠪᠣᠯᠲᠠᠯ᠎ᠠ᠂ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠢᠯᠡᠷᠢᠰᠢᠵᠦ ᠡᠮᠨᠡᠯᠭᠡ ᠠᠴᠠ ᠭᠠᠷᠤᠭᠰᠠᠨ ᠲᠤᠬᠠᠢ ᠶᠢᠨ ᠭᠠᠵᠠᠷ ᠤᠨ | ᠣᠨᠣᠰᠢᠯᠠᠭᠳᠠᠭᠰᠠᠨ ᠡᠪᠡᠳᠴᠢᠲᠡᠨ 4 ᠨᠡᠮᠡᠭᠳᠡᠵᠦ᠂ ᠨᠡᠶᠢᠲᠡ 18 ᠳᠤ ᠬᠦᠷᠴᠡᠢ᠃ ᠣᠳᠣ ᠲᠤᠬᠠᠢ ᠶᠢᠨ ᠭᠠᠵᠠᠷ ᠤᠨ | ᠣᠨᠣᠰᠢᠯᠠᠭᠳᠠᠭᠰᠠᠨ ᠡᠪᠡᠳᠴᠢᠲᠡᠨ 161 ᠪᠣᠢ᠂ ᠡᠭᠦᠨ ᠳᠤ ᠬᠦᠬᠡᠬᠤᠲᠠ ᠶᠢᠨ ᠲᠦᠮᠡᠳ ᠵᠡᠭᠦᠨ ᠬᠤᠰᠢᠭᠤᠨ ᠳᠤ 2 | ᠂ ᠰᠢᠨ᠎ᠡ ᠬᠤᠲᠠ ᠲᠤᠭᠤᠷᠢᠭ ᠲᠤ 1 ᠪᠣᠢ︔ ᠰᠢᠯᠢ ᠶᠢᠨ ᠭᠤᠣᠯ ᠠᠶᠢᠮᠠᠭ ᠤᠨ ᠡᠷᠢᠶᠡᠨ ᠬᠤᠲᠠ ᠳᠤ 14︔ | ᠣᠷᠳᠣᠰ ᠬᠤᠲᠠ ᠶᠢᠨ ᠡᠵᠡᠨ ᠬᠤᠷᠤᠭ᠎ᠠ ᠬᠤᠰᠢᠭᠤᠨ ᠳᠤ 1︔ ᠠᠯᠠᠱᠠ ᠠᠶᠢᠮᠠᠭ ᠤᠨ ᠡᠵᠡᠨ᠎ᠡ ᠬᠤᠰᠢᠭᠤᠨ ᠳᠤ | 142᠂ ᠠᠯᠠᠱᠠ ᠵᠡᠭᠦᠨ ᠬᠤᠰᠢᠭᠤᠨ ᠳᠤ 1 ᠪᠠᠶᠢᠨ᠎ᠠ᠃ ᠬᠢᠯᠢ ᠶᠢᠨ ᠭᠠᠳᠠᠨ᠎ᠠ ᠠᠴᠠ ᠣᠷᠣᠵᠣ ᠢᠷᠡᠭᠰᠡᠨ | ᠣᠨᠣᠰᠢᠯᠠᠭᠳᠠᠭᠰᠠᠨ ᠡᠪᠡᠳᠴᠢᠨ ᠤ ᠵᠢᠱᠢᠶ᠎ᠡ 8 ᠪᠣᠢ᠃ ᠣᠨᠣᠰᠢᠯᠠᠭᠳᠠᠭᠰᠠᠨ ᠡᠪᠡᠳᠴᠢᠨ ᠤ ᠵᠢᠱᠢᠶ᠎ᠡ ᠶᠢ ᠪᠦᠬᠦᠨ ᠢ | ᠲᠣᠭᠲᠠᠭᠰᠠᠨ ᠡᠮᠨᠡᠯᠭᠡ ᠶᠢᠨ ᠬᠤᠷᠢᠶ᠎ᠠ ᠳᠤ ᠲᠣᠰᠠᠭᠠᠷᠯᠠᠨ ᠡᠮᠴᠢᠯᠡᠵᠦ᠂ ᠡᠮᠨᠡᠯᠭᠡ ᠠᠴᠠ ᠭᠠᠷᠤᠭᠰᠠᠨ ᠡᠪᠡᠳᠴᠢᠨ ᠤ | ᠵᠢᠱᠢᠶ᠎ᠡ ᠶᠢ ᠪᠦᠬᠦᠨ ᠢ ᠲᠣᠭᠲᠠᠭᠰᠠᠨ ᠲᠠᠯᠠᠪᠤᠷ ᠲᠤ ᠲᠤᠰᠠᠭᠠᠷᠯᠠᠨ ᠬᠠᠮᠢᠶᠠᠷᠬᠤ ᠪᠠ ᠡᠷᠡᠭᠦᠯ ᠮᠡᠨᠳᠦ ᠶᠢᠨ ᠪᠠᠶᠢᠳᠠᠯ ᠢ | ᠨᠢ ᠬᠢᠨᠠᠨ ᠬᠡᠮᠵᠢᠵᠦ᠂ ᠨᠢᠭᠲᠠ ᠣᠶᠢᠷᠠᠲᠠᠭᠰᠠᠳ ᠢ ᠨᠢ ᠴᠦᠮ ᠲᠣᠭᠲᠠᠭᠰᠠᠨ ᠲᠠᠯᠠᠪᠣᠷ ᠭᠠᠵᠠᠷ ᠲᠤ ᠲᠦᠪᠯᠡᠷᠡᠭᠦᠯᠦᠨ | ᠠᠨᠠᠭᠠᠬᠤ ᠤᠬᠠᠭᠠᠨ ᠤ ᠠᠵᠢᠭᠯᠠᠯᠲᠠ ᠬᠢᠪᠡ᠃ |