ᠲᠠᠨ ᠤ ᠶᠡᠭᠡ ᠲᠡᠭᠡᠳᠦ ᠰᠤᠷᠭᠠᠭᠤᠯᠢ ᠲᠡᠭᠦᠰᠦᠭᠰᠡᠨ ᠤ ᠳᠠᠷᠠᠭᠠᠬᠢ ᠳᠠᠩᠰᠠ ᠡᠪᠬᠡᠮᠡᠯ ᠴᠢᠨᠢ ᠬᠠᠮᠢᠭ᠎ᠠ ᠣᠴᠢᠭᠰᠠᠨ ᠢ ᠲᠠ ᠮᠡᠳᠡᠨ᠎ᠡ ᠦᠦ︖
ᠨᠡᠶᠢᠲᠡᠯᠡᠭᠰᠡᠨ ᠴᠠᠭ᠄
2021/11/25
     ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠳᠠᠩᠰᠠ ᠡᠪᠬᠡᠮᠡᠯ ᠨᠢ ᠰᠤᠷᠭᠠᠭᠤᠯᠢ ᠲᠡᠭᠦᠰᠦᠭᠰᠡᠳ ᠤᠨ ᠲᠤᠰ ᠪᠡᠶ᠎ᠡ ᠶᠢᠨ ᠠᠰᠢᠭ ᠲᠤᠰᠠ ᠲᠠᠢ ᠰᠢᠭᠤᠳ ᠬᠤᠯᠪᠣᠭᠳᠠᠵᠤ᠂ ᠬᠤᠶᠢᠰᠢᠳᠠ ᠶᠢᠨ  ᠬᠡᠷᠡᠭᠴᠡᠭᠡ ᠪᠠᠷ ᠲᠦᠢᠯ ᠤᠨ ᠶᠡᠭᠡ ᠪᠣᠯᠬᠤᠷ ᠶᠠᠭᠠᠬᠢᠭᠰᠠᠨ ᠴᠤ ᠬᠥᠩᠭᠡᠨ ᠬᠠᠭᠤᠮᠠᠭᠠᠢ ᠬᠠᠨᠳᠤᠵᠤ ᠪᠤᠯᠬᠤ ᠦᠭᠡᠶ᠃ ᠲᠡᠭᠡᠪᠡᠯ᠂ ᠲᠠᠨ ᠤ ᠶᠡᠭᠡ ᠲᠡᠭᠡᠳᠦ ᠰᠤᠷᠭᠠᠭᠤᠯᠢ ᠲᠡᠭᠦᠰᠦᠭᠰᠡᠨ ᠤ ᠳᠠᠷᠠᠭᠠᠬᠢ ᠳᠠᠩᠰᠠ ᠡᠪᠬᠡᠮᠡᠯ ᠴᠢᠨᠢ ᠬᠠᠮᠢᠭ᠎ᠠ ᠣᠴᠢᠬᠰᠠᠨ ᠢ ᠲᠠ ᠮᠡᠳᠡᠨ᠎ᠡ ᠦᠦ︖              ■ᠬᠡᠷᠪᠡ ᠠᠯᠪᠠᠨ ᠪᠠᠶᠢᠭᠤᠯᠤᠯᠭ᠎ᠠ᠂ ᠤᠯᠤᠰ ᠤᠨ ᠥᠮᠴᠢᠯᠡᠯᠳᠦ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠵᠡᠷᠭᠡ ᠬᠥᠮᠦᠨ ᠬᠡᠷᠡᠭᠯᠡᠬᠦ ᠨᠢᠭᠡᠴᠡ ᠳᠤ ᠠᠵᠢᠯ ᠣᠯᠤᠭᠰᠠᠨ ᠪᠤᠯ᠂ ᠲᠠᠩᠰᠠ ᠡᠪᠬᠡᠮᠡᠯ ᠢ ᠴᠢᠨᠢ ᠬᠥᠮᠦᠨ ᠬᠡᠷᠡᠭᠯᠡᠬᠦ ᠨᠢᠭᠡᠴᠡ ᠳᠤ ᠰᠢᠯᠵᠢᠭᠦᠯᠦᠨ ᠬᠠᠮᠢᠶᠠᠷᠤᠭᠤᠯᠤᠨ᠎ᠠ᠃              ■ᠬᠡᠷᠪᠡ ᠠᠵᠢᠯᠲᠠᠨ ᠤ ᠶᠠᠪᠤᠳᠠᠯ ᠤᠨ ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠡᠷᠬᠡ ᠮᠡᠳᠡᠯ ᠦᠭᠡᠶ ᠨᠡᠶᠢᠲᠡ ᠶᠢᠨ ᠪᠤᠰᠤ ᠨᠢᠭᠡᠴᠡ ᠳᠤ ᠠᠵᠢᠯ ᠣᠯᠤᠭᠰᠠᠨ ᠪᠣᠯ᠂ ᠳᠠᠩᠰᠠ ᠡᠪᠬᠡᠮᠡᠯ ᠢ ᠴᠢᠨᠢ ᠠᠵᠢᠯ ᠣᠯᠤᠭᠰᠠᠨ ᠭᠠᠵᠠᠷ ᠪᠤᠶᠤ ᠡᠷᠦᠬᠡ ᠠᠮᠠ ᠶᠢᠨ ᠪᠠᠶᠢᠭ᠎ᠠ ᠭᠠᠵᠠᠷ ᠤᠨ ᠣᠯᠠᠨ ᠨᠡᠶᠢᠲᠡ ᠶᠢᠨ ᠠᠵᠢᠯ ᠣᠯᠭᠤᠯᠲᠠ ᠪᠠ ᠴᠢᠳᠠᠪᠤᠷᠢᠲᠠᠨ ᠤ ᠦᠢᠯᠡᠴᠢᠯᠡᠭᠡᠨ ᠤ ᠪᠠᠶᠢᠭᠤᠯᠤᠮᠵᠢ ᠳᠤ ᠰᠢᠯᠵᠢᠭᠦᠯᠦᠨ ᠬᠠᠮᠢᠶᠠᠷᠤᠭᠤᠯᠵᠤ ᠪᠣᠯᠤᠨ᠎ᠠ᠂ ᠪᠡᠭᠡᠵᠢᠩ᠂ ᠱᠠᠩᠬᠠᠶ ᠵᠡᠷᠭᠡ ᠲᠣᠮᠣ ᠬᠤᠲᠠ ᠨᠢ ᠵᠠᠷᠴᠢᠮ ᠳᠡᠭᠡᠷ᠎ᠡ ᠪᠠᠨ ᠡᠷᠦᠬᠡ ᠠᠮᠠ ᠶᠢᠨ ᠲᠠᠩᠰᠠ ᠪᠠᠶᠢᠭ᠎ᠠ ᠭᠠᠵᠠᠷ ᠤᠨ ᠰᠢᠶᠠᠨ ᠤ ᠱᠠᠲᠤᠨ ᠠᠴᠠ ᠳᠡᠭᠡᠭᠰᠢᠬᠢ ᠣᠯᠠᠨ ᠨᠡᠶᠢᠲᠡ ᠶᠢᠨ ᠠᠵᠢᠯ ᠣᠯᠭᠤᠯᠲᠠ ᠪᠠ ᠴᠢᠳᠠᠪᠤᠷᠢᠲᠠᠨ ᠤ ᠦᠢᠯᠡᠴᠢᠯᠡᠭᠡᠨ ᠤ ᠪᠠᠶᠢᠭᠤᠯᠤᠮᠵᠢ ᠳᠤ ᠰᠢᠯᠵᠢᠭᠦᠯᠦᠨ ᠬᠠᠮᠢᠶᠠᠷᠤᠭᠤᠯᠤᠨ᠎ᠠ᠃              ■ᠬᠡᠷᠪᠡ ᠠᠵᠢᠯ ᠣᠯᠤᠭᠠᠳᠤᠶ᠂ ᠭᠠᠳᠠᠭᠠᠳᠤ ᠳᠤ ᠰᠤᠷᠤᠯᠴᠠᠬᠤ ᠪᠤᠶᠤ ᠦᠢᠯᠡᠰ ᠪᠤᠰᠬᠠᠬᠤ ᠳᠤ ᠭᠦᠷᠪᠡᠯ᠂ ᠲᠠᠩᠰᠠ ᠡᠪᠬᠡᠮᠡᠯ ᠢ ᠴᠢᠨᠢ ᠡᠩ ᠤᠨ ᠪᠠᠶᠢᠳᠠᠯ ᠲᠤᠤᠷ᠎ᠠ ᠡᠷᠦᠬᠡ ᠠᠮᠠ ᠶᠢᠨ ᠲᠠᠩᠰᠠ ᠪᠠᠶᠢᠭ᠎ᠠ ᠭᠠᠵᠠᠷ ᠤᠨ ᠣᠯᠠᠨ ᠨᠡᠶᠢᠲᠡ ᠶᠢᠨ ᠠᠵᠢᠯ ᠣᠯᠭᠤᠯᠲᠠ ᠪᠠ ᠴᠢᠳᠠᠪᠤᠷᠢᠲᠠᠨ ᠤ ᠦᠢᠯᠡᠴᠢᠯᠡᠭᠡᠨ ᠤ ᠪᠠᠶᠢᠭᠤᠯᠤᠮᠵᠢ ᠳᠤ ᠰᠢᠯᠵᠢᠭᠦᠯᠦᠨ ᠦᠭᠭᠦᠨ᠎ᠡ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号