ᠬᠦᠢᠲᠡᠨ ᠡᠪᠦᠯ ᠤᠨ ᠬᠠᠯᠠᠭᠤᠨ ᠴᠢᠮᠡᠭᠡ      — ᠰᠢᠨᠵᠢᠯᠡᠬᠦ ᠤᠬᠠᠭᠠᠨᠲᠠᠨ ᠪᠤᠶᠠᠨᠬᠡᠰᠢᠭ ᠤᠨ ᠵᠢᠯᠣᠭᠤᠳᠤᠭᠰᠠᠨ ᠪᠠᠭ ᠳᠡᠯᠡᠬᠡᠢ ᠳᠤ ᠮᠠᠩᠯᠠᠶᠢ᠊
ᠨᠡᠶᠢᠲᠡᠯᠡᠭᠰᠡᠨ ᠴᠠᠭ᠄
2021/11/25
     ᠸᠢᠴᠠᠲ ᠤᠨ ᠮᠠᠨᠢ ᠲᠠᠪᠴᠠᠩ ᠤᠨ ᠡᠭᠦᠳᠡᠨ ᠳᠤ ᠴᠠᠰᠤ ᠰᠢᠵᠢᠭᠢᠨᠡᠭᠦᠯᠦᠨ ᠠᠭᠤᠷ ᠰᠠᠪᠰᠠᠭᠤᠯᠵᠤ ᠪᠠᠭᠤᠭᠰᠠᠨ ᠡᠷᠬᠢᠮ ᠲᠠᠨ ᠤ ᠠᠮᠤᠷ ᠠᠮᠤᠭᠤᠯᠠᠩ ᠢ ᠠᠶᠢᠯᠠᠳᠬᠠᠵᠤ᠂ ᠲᠡᠭᠷᠢ ᠶᠢᠨ ᠴᠢᠷᠠᠢ ᠡᠳᠦᠷ ᠤᠨ ᠥᠩᠭᠡ ᠶᠢ ᠯᠠᠪᠯᠠᠬᠤ ᠶᠢᠨ ᠵᠡᠷᠭᠡ ᠰᠡᠳᠬᠢᠯ ᠳᠤᠯᠠᠭᠠᠯᠠᠭᠰᠠᠨ ᠬᠠᠯᠠᠭᠤᠨ ᠮᠡᠳᠡᠭᠡ ᠰᠣᠨᠣᠰᠬᠠᠬᠤ ᠭᠡᠵᠤ ᠶᠠᠭᠠᠷᠠᠵᠤ ᠪᠠᠶᠢᠨ᠎ᠠ᠃  ︽ᠴᠢᠩᠬᠤᠸᠠ ᠶᠡᠭᠡ ᠰᠤᠷᠭᠠᠭᠤᠯᠢ ᠶᠢᠨ ᠰᠠᠨᠰᠠᠷ ᠤᠨ ᠰᠤᠳᠤᠯᠭᠠᠨ ᠤ ᠰᠢᠨᠵᠢᠯᠡᠬᠦ ᠤᠬᠠᠭᠠᠨᠲᠠᠨ᠂  ᠳ᠋ᠣᠺᠲ᠋ᠣᠷ᠂ ᠫᠷᠣᠹᠧᠰᠰᠣᠷ ᠪᠤᠶᠠᠨᠬᠡᠰᠢᠭ ᠤᠨ ᠵᠢᠯᠣᠭᠤᠳᠤᠭᠰᠠᠨ ᠰᠤᠳᠤᠯᠭᠠᠨ ᠤ ᠪᠠᠭ ᠤᠨ ᠬᠢᠨ ︿ᠣᠯᠠᠨ ᠤᠯᠤᠰ ᠤᠨ ᠠᠷᠪᠠᠨ ᠨᠢᠭᠡᠳᠦᠭᠡᠷ ᠬᠤᠭᠤᠴᠠᠭᠠᠨ ᠤ ᠰᠠᠨᠰᠠᠷ ᠢ ᠬᠠᠶᠢᠨ ᠬᠡᠮᠵᠢᠬᠦ ᠲᠣᠭᠤᠷᠢᠯᠲᠠ ᠶᠢᠨ ᠵᠠᠮ ᠢ ᠰᠢᠯᠢᠳᠡᠭᠵᠢᠭᠦᠯᠬᠦ ᠤᠷᠤᠯᠳᠤᠭᠠᠨ﹀ ᠳᠤ ᠳᠡᠯᠡᠬᠡᠢ ᠳᠤ ᠲᠡᠷᠢᠭᠦᠯᠡᠨ᠂ ᠪᠠᠭ᠋ᠠᠷᠬᠠᠯ ᠢ ᠲᠥᠷᠥᠭᠦᠯᠵᠦ᠂ ᠠᠭᠠᠭ ᠣᠮᠤᠭ ᠢ ᠣᠷᠭᠢᠯᠤᠭᠤᠯᠤᠯ᠎ᠠ︾︕                                      ᠶᠡᠷᠦᠩᠬᠡᠢ ᠱᠦᠵᠢ ᠰᠢ ᠶᠢᠨ ᠫᠢᠩ ᠡᠨᠡ ᠣᠨ ᠤ ᠲᠠᠪᠤᠳᠤᠭᠠᠷ ᠰᠠᠷ᠎ᠠ ᠳᠤ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠤᠨ ᠪᠦᠬᠦ ᠤᠯᠤᠰ ᠤᠨ ᠲᠥᠯᠥᠭᠡᠯᠡᠭᠴᠢᠳ ᠤᠨ ᠬᠤᠷᠠᠯ ᠳᠡᠭᠡᠷ᠎ᠡ ︽ᠰᠠᠨᠰᠠᠷ ᠣᠭᠲᠠᠷᠭᠤᠢ ᠶᠢᠨ ᠴᠡᠭᠡᠯ ᠢ ᠬᠠᠶᠢᠨ ᠬᠡᠮᠵᠢᠬᠦ ᠪᠣᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠥᠷᠢᠰᠦᠯᠳᠦᠭᠡᠨ ᠤ ᠲᠣᠳᠣ ᠨᠣᠶᠠᠨ ᠣᠷᠭᠢᠯ ᠪᠣᠯᠵᠤ ᠪᠠᠶᠢᠨ᠎ᠠ︾ ᠭᠡᠰᠡᠨ ᠶᠤᠮ᠃ ᠮᠠᠷᠭᠤᠰᠢ ᠦᠭᠡᠢ ᠡᠨᠡ ᠥᠨᠳᠥᠷ ᠨᠣᠶᠠᠨ ᠣᠷᠭᠢᠯ ᠳᠤ ᠮᠠᠨ ᠤ ᠬᠢᠨ ᠮᠠᠴᠤᠵᠤ ᠭᠠᠷᠤᠭᠰᠠᠨ ᠪᠠᠶᠢᠨ᠎ᠠ᠃                      ︽ᠣᠯᠠᠨ ᠤᠯᠤᠰ ᠤᠨ ᠠᠷᠪᠠᠨ ᠨᠢᠭᠡᠳᠦᠭᠡᠷ ᠬᠤᠭᠤᠴᠠᠭᠠᠨ ᠤ ᠰᠠᠨᠰᠠᠷ ᠢ ᠬᠠᠶᠢᠨ ᠬᠡᠮᠵᠢᠬᠦ ᠲᠣᠭᠤᠷᠢᠯᠲᠠ ᠶᠢᠨ ᠵᠠᠮ ᠢ ᠰᠢᠯᠢᠳᠡᠭᠵᠢᠭᠦᠯᠬᠦ ᠤᠷᠤᠯᠳᠤᠭᠠᠨ︾ ᠭᠡᠳᠡᠭ ᠪᠣᠯ ᠡᠸᠦ᠋ᠷᠦᠫᠡ ᠲᠢᠪ ᠤᠨ ᠰᠠᠨᠰᠠᠷ ᠤᠨ ᠰᠤᠳᠤᠯᠭᠠᠨ ᠤ ᠲᠣᠪᠴᠢᠶᠠᠨ ᠤ 2005ᠣᠨ ᠳᠤ ᠡᠬᠢᠯᠡᠭᠦᠯᠦᠭᠰᠡᠨ ᠣᠯᠠᠨ ᠤᠯᠤᠰ ᠤᠨ ᠤᠷᠤᠯᠳᠤᠭᠠᠨ ᠪᠣᠯᠬᠤ ᠪᠥᠭᠡᠳ ᠲᠣᠭᠤᠷᠢᠯᠲᠠ ᠶᠢᠨ ᠵᠠᠮ ᠤᠨ ᠲᠤᠬᠠᠢ ᠰᠤᠳᠤᠯᠭᠠᠨ ᠤ ᠳᠡᠯᠡᠬᠡᠢ ᠶᠢᠨ ᠬᠠᠮᠤᠭ ᠤᠨ ᠥᠨᠳᠥᠷ ᠲᠦᠪᠰᠢᠨ ᠢ ᠬᠠᠷᠠᠭᠤᠯᠳᠠᠭ ᠪᠣᠯᠬᠤᠷ ︽ᠰᠠᠨᠰᠠᠷ ᠤᠨ ᠰᠤᠳᠤᠯᠭᠠᠨ ᠤ ᠣᠯᠢᠮᠫᠢᠺ ᠤᠨ ᠤᠷᠤᠯᠳᠤᠭᠠᠨ︾ ᠭᠡᠵᠤ ᠵᠦᠢᠷᠯᠡᠳᠡᠭ ᠶᠤᠮ᠃                       ᠡᠨᠡ ᠤᠷᠤᠯᠳᠤᠭᠠᠨ ᠳᠤ ᠴᠢᠩᠬᠤᠸᠠ ᠶᠡᠭᠡ ᠰᠤᠷᠭᠠᠭᠤᠯᠢ ᠶᠢᠨ ᠰᠠᠨᠰᠠᠷ ᠤᠨ ᠰᠤᠳᠤᠯᠭᠠᠨ ᠤ ᠰᠢᠨᠵᠢᠯᠡᠬᠦ  ᠤᠬᠠᠭᠠᠨᠲᠠᠨ᠂ᠳ᠋ᠣᠺᠲ᠋ᠣᠷ᠂ ᠫᠷᠣᠹᠧᠰᠰᠣᠷ ᠪᠤᠶᠠᠨᠬᠡᠰᠢᠭ ᠤᠨ ᠵᠢᠯᠣᠭᠤᠳᠤᠭᠰᠠᠨ ᠰᠤᠳᠤᠯᠭᠠᠨ ᠤ ᠪᠠᠭ ᠤᠨ ᠬᠢᠨ ᠠᠮᠧᠷᠢᠺᠠ᠂  ᠡᠸᠦ᠋ᠷᠦᠫᠡ ᠵᠡᠷᠭᠡ ᠳᠡᠯᠡᠬᠡᠢ ᠶᠢᠨ ᠰᠠᠨᠰᠠᠷ ᠤᠨ ᠰᠤᠳᠤᠯᠭᠠᠨ ᠤ ᠰᠣᠷ᠂ ᠢᠷ ᠪᠣᠯᠣᠭᠰᠠᠨ 94 ᠪᠠᠭ ᠤᠨ ᠳᠣᠲᠣᠷ᠎ᠠ ᠣᠳᠣ ᠰᠣᠳᠣ ᠪᠣᠯᠣᠨ ᠭᠢᠯᠠᠯᠵᠠᠵᠤ᠂ ᠣᠯᠠᠨ ᠤ ᠤᠤᠬᠠᠢ ᠶᠢ ᠬᠠᠩᠭᠢᠨᠠᠭᠤᠯᠤᠭᠰᠠᠨ ᠳᠡᠭᠡᠳᠦ ᠠᠮᠵᠢᠯᠲᠠ ᠶᠢ ᠪᠠᠶᠢᠭᠤᠯᠤᠭᠰᠠᠨ ᠪᠠᠶᠢᠨ᠎ᠠ᠃                      ︽ᠡᠨᠡ ᠠᠮᠵᠢᠯᠲᠠ ᠨᠢ ᠮᠠᠨ ᠤ ᠤᠯᠤᠰ ᠤᠨ ᠣᠯᠠᠨ ᠤᠯᠤᠰ ᠤᠨ ᠰᠠᠨᠰᠠᠷ ᠤᠨ ᠲᠣᠭᠤᠷᠢᠯᠲᠠ ᠶᠢᠨ ᠵᠠᠮ ‍ᠤᠨ‌ᠮᠡᠷᠭᠡᠵᠢᠯ ᠤᠨ ᠳᠡᠭᠡᠳᠦ ᠲᠦᠪᠰᠢᠨ ᠢ ᠢᠯᠡᠷᠬᠡᠶᠢᠯᠡᠵᠦ᠂ ᠡᠨᠡ ᠰᠠᠯᠪᠤᠷᠢ ᠳᠠᠬᠢ ᠲᠡᠷᠢᠭᠦᠨ ᠤ ᠪᠠᠶᠢᠷᠢ ᠶᠢ ᠪᠠᠬᠢᠵᠢᠭᠦᠯᠵᠦ᠂ ᠰᠠᠨᠰᠠᠷ ᠣᠭᠲᠠᠷᠭᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠣᠳᠠᠲᠤ ᠬᠦᠴᠦᠨ ᠤ ᠳᠡᠪᠰᠢᠯ ᠢ ᠭᠦᠢᠴᠡᠳ ᠬᠠᠷᠠᠭᠤᠯᠤᠯ᠎ᠠ︾ ᠭᠡᠵᠦ ᠡᠷᠳᠡᠮᠲᠡᠨ ᠪᠤᠶᠠᠨᠬᠡᠰᠢᠭ ᠦᠨᠡᠯᠡᠵᠦ ᠪᠠᠶᠢᠨ᠎ᠠ᠃                      ᠰᠠᠨᠰᠠᠷ ᠣᠭᠲᠠᠷᠭᠤᠢ ᠶᠢᠨ ᠰᠤᠳᠤᠯᠭᠠᠨ ᠭᠡᠳᠡᠭ ᠪᠣᠯ ᠶᠡᠷᠦ ᠨᠢ ᠡᠸᠦ᠋ᠷᠦᠫᠡ ᠠᠮᠧᠷᠢᠺᠠ ᠵᠡᠷᠭᠡ ᠪᠠᠷᠠᠭᠤᠨ ᠤ  ᠬᠢᠨ ᠤ ᠭᠠᠷ ᠲᠠᠭᠠᠨ ᠪᠠᠵᠠᠵᠤ ᠪᠠᠶᠢᠭᠰᠠᠨ ︽ᠮᠠᠨ ᠤ ᠬᠢ︾ ᠭᠡᠰᠡᠨ ᠰᠤᠳᠤᠯᠭ᠎ᠠ ᠪᠠᠶᠢᠭᠰᠠᠨ ᠢ ᠪᠢᠳᠠ ᠮᠡᠳᠡᠨ᠎ᠡ᠃ ᠭᠡᠪᠡᠴᠦ ᠥᠨᠥᠳᠥᠷ ᠳᠣᠷᠣᠨᠠᠳᠠᠬᠢᠨ ᠤ ᠳᠤᠮᠳᠠᠳᠤ ᠤᠯᠤᠰ ᠲᠡᠷᠡ ᠪᠠᠷᠳᠠᠮᠨᠠᠯ ᠢ ᠨᠤᠷᠠᠭᠠᠵᠤ ᠪᠠᠶᠢᠨ᠎ᠠ᠂ ᠪᠢᠳᠠ ᠡᠨᠡ ᠰᠤᠳᠤᠯᠭᠠᠨ ᠳᠤ ︽ᠲᠡᠭᠷᠢ ᠶᠢᠨ ᠲᠠᠰᠢᠭᠤᠷ︾ ᠭᠡᠮᠡᠷ ᠭᠠᠷᠴᠤ ᠢᠷᠠᠵᠤ ᠪᠠᠶᠢᠭ᠎ᠠ ᠨᠢ ᠰᠢᠨ᠎ᠡ ᠴᠠᠭ ᠦᠶ᠎ᠡ ᠶᠢᠨ ᠰᠢᠯᠭᠠᠷᠠᠭᠰᠠᠨ ᠡᠷᠳᠡᠮᠲᠡᠨ᠂ ᠡᠭᠡᠯ ᠪᠤᠰᠤ ᠠᠭᠤᠤ ᠬᠥᠮᠥᠰ ᠲᠡᠭᠡᠨ ᠡᠷᠡᠬᠡᠢ ᠭᠠᠷᠭᠠᠬᠤ ᠤᠴᠢᠷᠲᠠᠢ ᠶᠤᠮ᠃ ᠡᠨᠡ ᠪᠣᠯ ᠪᠠᠭ᠋ᠠᠷᠬᠠᠯ᠂ ᠳᠠᠭᠤᠷᠢᠶᠠᠯ᠂ ᠬᠥᠮᠥᠨ ᠤ ᠰᠡᠳᠬᠢᠯ ᠳᠤ  ᠬᠦᠴᠦᠨ‌‍ᠰᠡᠯᠪᠢᠬᠦ ᠶᠡᠭᠡ ᠤᠬᠠᠭᠠᠨ ᠶᠤᠮ ᠳ᠋ᠠ︕
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号