11 ᠳ᠋ᠣᠭᠡᠷ ᠰᠠᠷ᠎ᠠ ᠶᠢᠨ 22 ᠤᠨ ᠥᠷᠯᠥᠭᠡ ᠶᠢᠨ 7 ᠴᠠᠭ 40 ᠮᠢᠨᠦ᠋ᠲ ᠲᠤ ᠬᠦᠬᠡᠬᠤᠳᠠ ᠶᠢᠨ ᠢᠦᠶ | ᠴᠢᠤᠸᠠᠨ ᠲᠣᠭᠤᠷᠢᠭ ᠤᠨ ᠮᠢᠨ ᠾᠧ ᠬᠤᠸᠠ ᠶᠤᠸᠠᠨ ᠬᠤᠷᠢᠶᠠᠯᠠᠯ ᠤᠨ 3 ᠳ᠋ᠤᠭᠠᠷ ᠠᠰᠠᠷ ᠲᠤ ᠰᠢᠳᠠᠬᠴᠢ ᠬᠡᠢ | ᠳᠡᠯᠪᠡᠷᠡᠭᠰᠡᠨ ᠬᠡᠷᠡᠭ ᠭᠠᠷᠴᠠᠶ᠃ 1 ᠬᠥᠮᠦᠨ ᠠᠳᠡᠵᠦ᠂ 2 ᠬᠥᠮᠦᠨ ᠬᠦᠨᠳᠦ ᠰᠢᠷᠬᠠᠲᠤᠵᠤ᠂ 12 ᠬᠥᠮᠦᠨ | ᠬᠥᠩᠭᠡᠨ ᠰᠢᠷᠬᠠᠲᠤᠵᠤ᠂ ᠰᠢᠷᠬᠠᠲᠤᠭᠰᠠᠳ ᠢ ᠴᠥᠮ ᠡᠮᠨᠡᠯᠭᠡ ᠳᠤ ᠬᠦᠷᠭᠡᠵᠦ ᠡᠮᠴᠢᠯᠡᠨ ᠠᠪᠤᠷᠠᠵᠡᠢ᠂ ᠠᠳᠡᠭᠰᠡᠨ | ᠬᠦᠮᠦᠨ ᠤ ᠬᠠᠮᠢᠶᠠᠳᠠᠢ ᠬᠤᠶᠢᠲᠤᠬᠢ ᠶᠠᠪᠤᠳᠠᠯ ᠢ ᠤᠳᠤ ᠶᠠᠭ ᠰᠢᠢᠳᠪᠦᠷᠢᠯᠡᠵᠦ ᠪᠠᠶᠢᠨ᠎ᠠ᠃ | | ᠣᠶᠢᠯᠠᠭᠠᠭᠰᠠᠨ ᠢᠶᠠᠷ᠂ ᠲᠤᠬᠠᠢ ᠶᠢᠨ ᠡᠳᠦᠷ ᠤᠨ 7 ᠴᠠᠭ 40 ᠮᠢᠨᠦ᠋ᠲ ᠲᠤ ᠭᠠᠯ ᠤᠨᠲᠠᠷᠠᠭᠠᠬᠤ | ᠰᠠᠯᠠᠭ᠎ᠠᠮᠥ᠋ᠴᠢᠷ ᠤᠨ ᠬᠢᠨ ᠴᠠᠭᠳᠠᠭ᠎ᠠ ᠶᠢᠨ ᠮᠡᠳᠡᠭᠦᠯᠦᠯᠳᠡ ᠶᠢ ᠲᠤᠰᠴᠦ᠂ 7 ᠴᠠᠭ 47 ᠮᠢᠨᠦ᠋ᠲ ᠲᠤ᠂ ᠨᠢᠭᠡᠳᠦᠭᠡᠷ | ᠪᠦᠯᠦᠭ ᠤᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠬᠥᠮᠦᠰ ᠲᠤᠬᠠᠶ ᠶᠢᠨ ᠲᠠᠯᠠᠪᠤᠷ ᠲᠤ ᠬᠦᠷᠴᠦ᠂ 8 ᠴᠠᠭ | 28 ᠮᠢᠨᠦ᠋ᠲ ᠲᠤ ᠠᠳᠡᠯ ᠤᠨ ᠲᠤᠬᠠᠶ ᠶᠢᠨ ᠲᠠᠯᠠᠪᠤᠷ ᠤᠨ ᠢᠯᠡ ᠭᠠᠯ ᠢ ᠪᠦᠬᠦᠨ ᠢ ᠤᠨᠲᠠᠷᠠᠭᠠᠪᠠ᠃ ᠭᠠᠯ | ᠤᠨᠲᠠᠷᠠᠭᠠᠬᠤ ᠠᠩᠭᠢ ᠶᠢᠨ ᠬᠢᠨ ᠳᠡᠯᠪᠡᠷᠡᠯᠲᠡ ᠭᠠᠷᠣᠭᠰᠠᠨ ᠭᠠᠵᠠᠷ ᠤᠨ ᠳᠣᠳᠣᠷ ᠪᠠ ᠭᠠᠳᠠᠭᠤᠷ ᠲᠠᠯ᠎ᠠ ᠳᠤ ᠣᠯᠠᠨ | ᠡᠭᠡᠯᠵᠢ ᠶᠢᠨ ᠠᠪᠤᠷᠠᠯᠲᠠ ᠬᠢᠵᠦ᠂ ᠡᠮᠨᠡᠯᠭᠡ ᠶᠢᠨ ᠬᠤᠷᠢᠶ᠎ᠠ ᠶᠢᠨ ᠬᠢᠨ ᠨᠢᠭᠡ ᠨᠢᠭᠡ ᠪᠠᠷ ᠠᠪᠤᠷᠠᠨ ᠵᠠᠰᠠᠬᠤ ᠲᠥᠰᠦᠯ | ᠲᠣᠭᠲᠠᠭᠠᠵᠤ᠂ ᠰᠢᠷᠬᠠᠲᠤᠭᠰᠠᠳ ᠢ ᠴᠠᠭ ᠲᠤᠬᠠᠶ ᠳᠤᠨᠢ ᠠᠪᠤᠷᠠᠨ ᠡᠮᠴᠢᠯᠡᠵᠡᠢ᠃ ᠶᠠᠭᠠᠷᠠᠯᠳᠡᠢ ᠡᠮᠨᠡᠵᠦ | ᠠᠪᠤᠷᠠᠬᠤ ᠪᠠᠷ ᠳᠡᠮᠵᠢᠨ᠂ ᠮᠢᠨ ᠾᠧ ᠬᠤᠸᠠ ᠶᠤᠸᠠᠨ ᠲᠣᠭᠤᠷᠢᠭ ᠤᠨ 3 ᠳ᠋ᠤᠭᠠᠷ ᠠᠰᠠᠷ ᠠᠴᠠ ᠭᠠᠳᠠᠨ᠎ᠠ᠂ ᠡᠷᠬᠢᠨ | ᠲᠣᠭᠤᠷᠢᠨ ᠤ ᠰᠠᠭᠤᠭᠠᠯᠢ ᠠᠷᠠᠳ ᠤᠨ ᠴᠠᠬᠢᠯᠭᠠᠨ᠂ ᠤᠰᠤ᠂ ᠢᠯᠴᠢ ᠶᠢᠨ ᠬᠠᠩᠭᠠᠯᠭ᠎ᠠ᠂ ᠰᠢᠳᠠᠭᠴᠢ ᠬᠡᠶ ᠬᠡᠷᠡᠭᠯᠡᠬᠦ | ᠵᠡᠷᠭᠡ ᠪᠠᠶᠢᠳᠠᠯ ᠬᠡᠪ ᠤᠨ ᠪᠤᠯᠵᠡᠢ᠃ ᠣᠳᠣᠬᠠᠨ ᠳᠤ ᠣᠯᠠᠨ ᠲᠦᠮᠡᠨ ᠢ ᠴᠥᠮ ᠲᠣᠬᠢᠲᠠᠶ ᠲᠥᠪᠬᠢᠨᠡᠭᠦᠯᠵᠦ᠂ | ᠡᠪᠳᠡᠭᠳᠡᠭᠰᠡᠨ ᠡᠭᠦᠳᠡ ᠴᠣᠩᠬᠤ ᠶᠢ ᠪᠠᠷᠢᠯᠭ᠎ᠠ ᠶᠢᠨ ᠠᠩᠭᠢ ᠶᠢᠨ ᠬᠢᠨ ᠰᠥᠨᠢ ᠪᠠᠷ ᠰᠣᠯᠢᠬᠤ ᠪᠤᠶᠤ ᠲᠦᠷ ᠴᠠᠭ ᠤᠨ | ᠳᠤᠯᠠᠭᠠᠨ ᠢ ᠬᠠᠮᠠᠭᠠᠯᠠᠬᠤ ᠠᠷᠭ᠎ᠠ ᠬᠡᠮᠵᠢᠶ᠎ᠡ ᠠᠪᠴᠤ᠂ ᠣᠶᠢᠷ᠎ᠠ ᠬᠠᠪᠢ ᠶᠢᠨ ᠡᠪᠳᠡᠭᠳᠡᠭᠰᠡᠨ ᠲᠡᠷᠭᠡ ᠶᠢ ᠴᠦ ᠨᠢᠭᠡᠳ | ᠨᠢᠭᠡ ᠪᠠᠷ ᠳᠠᠩᠰᠠᠯᠠᠭᠰᠠᠨ ᠪᠥᠭᠡᠳ ᠳᠠᠭᠠᠳᠬᠠᠯ ᠤᠨ ᠺᠣᠮᠫᠠᠨᠢ ᠳᠤ ᠮᠡᠳᠡᠭᠦᠯᠵᠦ ᠳᠥᠯᠥᠭᠦᠯᠵᠡᠶ᠃ | | ᠢᠦᠶ ᠴᠢᠤᠸᠠᠨ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ 8 | ᠠᠵᠢᠯᠯᠠᠬᠤ ᠳᠤᠭᠤᠶᠢᠯᠠᠩ ᠪᠠᠶᠢᠭᠤᠯᠵᠤ᠂ ᠡᠮ ᠡᠮᠨᠡᠯᠭᠡ ᠶᠢᠨ ᠠᠪᠤᠷᠠᠨ ᠲᠤᠰᠠᠯᠠᠯᠲᠠ᠂ ᠠᠳᠡᠯ ᠤᠨ | ᠰᠢᠯᠲᠠᠭᠠᠨ ᠢ ᠪᠠᠶᠢᠴᠠᠭᠠᠬᠤ᠂ ᠬᠡᠷ ᠪᠠᠶᠢᠰᠢᠩ ᠤᠨ ᠰᠦᠢᠳᠦᠯ ᠢ ᠬᠢᠨᠠᠨ ᠲᠣᠭᠲᠠᠭᠠᠬᠤ ᠪᠠ ᠰᠡᠯᠪᠢᠨ ᠵᠠᠰᠠᠬᠤ᠂ | ᠠᠳᠡᠭᠰᠡᠨ ᠬᠦᠮᠦᠨ ᠤ ᠭᠡᠷ ᠪᠦᠯᠢ ᠶᠢᠨ ᠬᠢᠨ ᠢ ᠲᠣᠬᠤᠨᠢᠭᠤᠯᠬᠤ᠂ ᠲᠥᠯᠥᠪᠦᠷᠢ ᠥᠭᠬᠦ ᠶᠡᠷᠦᠩᠬᠡᠶᠢᠯᠡᠨ ᠵᠣᠬᠢᠴᠠᠭᠤᠯᠬᠤ | ᠪᠠ ᠨᠡᠶᠢᠭᠡᠮ ᠤᠨ ᠠᠮᠤᠷ ᠲᠣᠭᠲᠠᠭᠤᠨ ᠢ ᠪᠠᠲᠤᠯᠠᠬᠤ ᠵᠡᠷᠭᠡ ᠲᠠᠯ᠎ᠠ ᠪᠠᠷ ᠲᠣᠰ ᠲᠣᠰ ᠠᠵᠢᠯ ᠢᠶᠠᠨ ᠥᠷᠨᠢᠭᠦᠯᠵᠦ | ᠪᠠᠶᠢᠨ᠎ᠠ᠃ |