ᠤᠯᠤᠰ ᠤᠨ ᠡᠮᠴᠢᠯᠡᠭᠡ ᠶᠢᠨ ᠪᠠᠳᠤᠯᠠᠭ᠎ᠠ ᠶᠢᠨ ᠮᠡᠳᠡᠭᠡ ᠵᠠᠩᠭᠢ ᠶᠢᠨ ᠲᠠᠪᠴᠠᠩ ᠢ ᠤᠯᠠᠭᠠᠨᠴᠠᠪ ᠬᠤᠲᠠ ᠳᠤ ᠰᠦᠯᠵᠢᠶᠡᠨ ᠳᠤ ᠣᠷᠣᠭᠤᠯᠤᠨ ᠠᠵᠢᠯᠯᠠᠭᠤᠯᠪᠠ
ᠨᠡᠶᠢᠲᠡᠯᠡᠭᠰᠡᠨ ᠴᠠᠭ᠄
2021/11/4
      ᠤᠯᠤᠰ ᠤᠨ ᠡᠮᠴᠢᠯᠡᠭᠡ ᠶᠢᠨ ᠪᠠᠳᠤᠯᠠᠭ᠎ᠠ ᠶᠢᠨ ᠮᠡᠳᠡᠭᠡ ᠵᠠᠩᠭᠢ ᠶᠢᠨ ᠲᠠᠪᠴᠠᠩ ᠢ ᠤᠯᠠᠭᠠᠨᠴᠠᠪ ᠬᠤᠲᠠ ᠳᠤ ᠰᠦᠯᠵᠢᠶᠡᠨ ᠳᠤ ᠣᠷᠣᠭᠤᠯᠤᠨ  ᠠᠵᠢᠯᠯᠠᠭᠤᠯᠤᠭᠰᠠᠨ ᠢ ᠬᠠᠯᠠᠭᠤᠨ ᠢᠶᠠᠷ ᠪᠡᠯᠭᠡᠯᠡᠶ᠎ᠡ︕      10 ᠳ᠋ᠤᠭᠠᠷ ᠰᠠᠷ᠎ᠠ ᠶᠢᠨ 31 ᠤ ᠡᠳᠦᠷ᠂ ᠤᠯᠤᠰ ᠤᠨ ᠡᠮᠴᠢᠯᠡᠭᠡ ᠶᠢᠨ ᠪᠠᠳᠤᠯᠠᠭ᠎ᠠ ᠶᠢᠨ ᠮᠡᠳᠡᠭᠡ ᠵᠠᠩᠭᠢ ᠶᠢᠨ ᠲᠠᠪᠴᠠᠩ ᠤᠯᠠᠭᠠᠨᠴᠠᠪ ᠬᠤᠲᠠ ᠳᠤ ᠵᠢᠩᠬᠢᠨᠢ ᠪᠠᠷ ᠠᠰᠢᠭᠯᠠᠯᠲᠠ ᠳᠤ ᠣᠷᠣᠪᠠ᠂ ᠤᠯᠠᠭᠠᠨᠴᠠᠪ ᠬᠤᠲᠠ ᠶᠢᠨ ᠡᠮᠴᠢᠯᠡᠭᠡ ᠶᠢᠨ ᠪᠠᠳᠤᠯᠠᠭ᠎ᠠ ᠶᠢᠨ ᠺᠠᠷᠲ ᠵᠤᠷᠠᠬᠤ ᠲᠤᠬᠠᠶᠢᠯᠠᠭᠰᠠᠨ ᠠᠵᠢᠯ ᠤᠨ ᠠᠩᠬᠠᠳᠠᠭᠴᠢ ᠲᠤᠭ᠎ᠠ ᠪᠠᠷᠢᠮᠲᠠ ᠶᠢᠨ ᠪᠣᠶ ᠪᠣᠯᠬᠤ ᠶᠢ ᠳᠠᠭᠠᠯᠳᠤᠨ᠂ ᠬᠠᠭᠠᠰ ᠰᠠᠷ᠎ᠠ ᠭᠠᠷᠤᠶ ᠲᠦᠷ ᠵᠣᠭᠰᠣᠭᠰᠠᠨ ᠤᠯᠠᠭᠠᠨᠴᠠᠪ ᠬᠤᠲᠠ ᠶᠢᠨ ᠡᠮᠴᠢᠯᠡᠭᠡ ᠶᠢᠨ ᠪᠠᠳᠤᠯᠠᠭ᠎ᠠ ᠶᠢᠨ ᠭᠠᠷᠲᠠᠨ ᠭᠦᠢᠴᠡᠳᠭᠡᠬᠦ ᠲᠤᠬᠠᠶᠢᠯᠠᠭᠰᠠᠨ ᠠᠵᠢᠯ ᠪᠥᠬᠦ ᠲᠠᠯ᠎ᠠ ᠪᠠᠷ ᠠᠵᠢᠯᠯᠠᠭᠠᠨ ᠢᠶᠠᠨ ᠰᠡᠷᠭᠦᠭᠡᠭᠰᠡᠨ ᠢ ᠬᠠᠷᠠᠭᠤᠯᠵᠤ ᠪᠠᠶᠢᠨ᠎ᠠ᠃ ᠤᠯᠠᠭᠠᠨᠴᠠᠪ ᠬᠤᠲᠠ ᠶᠢᠨ ᠡᠮᠴᠢᠯᠡᠭᠡ ᠶᠢᠨ ᠪᠠᠳᠤᠯᠠᠭ᠎ᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶ᠎ᠠ ᠶᠢᠨ ᠳᠠᠷᠤᠭ᠎ᠠ ᠵᠢᠶᠠ ᠸᠧᠶ ᠶᠣᠰᠣᠯᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠳᠠᠷᠤᠭ᠎ᠠ ᠯᠢ ᠵᠧᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡ ᠶᠢᠨ ᠪᠠᠳᠤᠯᠠᠭ᠎ᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶ᠎ᠠ ᠶᠢᠨ ᠳᠠᠷᠤᠭ᠎ᠠ ᠶᠢᠨ ᠮᠠᠨ ᠢ ᠶᠢᠨ ᠪᠠᠶᠠᠷ ᠤᠨ ᠦᠭᠡ ᠶᠢ ᠳᠠᠮᠵᠢᠭᠤᠯᠵᠤ᠂ ᠪᠠᠶᠢᠭᠤᠯᠤᠯᠭ᠎ᠠ ᠶᠢᠨ ᠡᠯ᠎ᠡ ᠰᠠᠯᠠᠭ᠎ᠠ ᠲᠠᠰᠤᠭ᠂ ᠲᠣᠪᠴᠢᠶ᠎ᠠ ᠶᠢᠨ ᠬᠠᠷᠢᠶ᠎ᠠ ᠡᠯ᠎ᠡ ᠲᠥᠪ ᠤᠨ ᠬᠠᠷᠢᠭᠤᠴᠠᠯᠭᠠᠲᠠᠨ ᠵᠢᠴᠢ ᠭᠠᠷᠲᠠᠨ ᠭᠦᠢᠴᠡᠳᠭᠡᠬᠦ ᠲᠢᠩᠬᠢᠮ ᠤᠨ ᠠᠵᠢᠯᠲᠠᠳ ᠡᠬᠢᠯᠡᠯᠲᠡ ᠶᠢᠨ ᠶᠣᠰᠣᠯᠠᠯ ᠳᠤ ᠣᠷᠣᠯᠴᠠᠵᠠᠶ᠃
     ᠲᠣᠪᠴᠢᠶᠠᠨ ᠳᠠᠷᠤᠭ᠎ᠠ ᠶᠢᠨ ᠮᠠᠨ ᠢ ᠪᠠᠶᠠᠷ ᠤᠨ ᠦᠭᠡ ᠳᠡᠭᠡᠨ ᠵᠢᠭᠠᠵᠤ ᠭᠠᠷᠭᠠᠭᠰᠠᠨ ᠨᠢ᠂ ᠤᠯᠠᠭᠠᠨᠴᠠᠪ ᠬᠤᠲᠠ ᠡᠮᠴᠢᠯᠡᠭᠡ ᠶᠢᠨ ᠪᠠᠲᠤᠯᠠᠭ᠎ᠠ ᠶᠢᠨ ᠳᠦᠷᠢᠮ ᠤᠨ ᠥᠭᠡᠷᠡᠴᠢᠯᠡᠯᠲᠡ ᠪᠠᠨ ᠲᠠᠰᠤᠷᠠᠯᠲᠠ ᠦᠭᠡᠶ ᠭᠦᠨᠵᠡᠭᠡᠶᠢᠷᠡᠭᠦᠯᠵᠦ᠂ ᠡᠮᠴᠢᠯᠡᠭᠡᠨ ᠤ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢᠨ ᠰᠢᠰᠲ᠋ᠧᠮᠵᠢ ᠶᠢ ᠦᠷᠭᠦᠯᠵᠢᠯᠡᠨ ᠲᠡᠭᠦᠯᠳᠡᠷᠵᠢᠭᠦᠯᠵᠦ᠂ ᠡᠮᠴᠢᠯᠡᠭᠡᠨ ᠤ ᠪᠠᠶᠢᠭᠤᠯᠤᠮᠵᠢ ᠶᠢᠨ ᠡᠮᠴᠢᠯᠡᠭᠡᠨ ᠤ ᠳᠠᠭᠠᠳᠬᠠᠯ ᠤᠨ ᠬᠡᠷᠡᠭ ᠤᠨ ᠡᠮᠦᠨᠡᠬᠢ ᠪᠠ ᠬᠡᠷᠡᠭ ᠤᠨ ᠳᠤᠮᠳᠠᠬᠢ ᠬᠢᠨᠠᠨ ᠡᠵᠡᠮᠳᠡᠬᠦ ᠰᠢᠰᠲ᠋ᠧᠮ᠂ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠤᠨ ᠡᠮ ᠲᠠᠩ ᠤᠨ ︽ᠣᠷᠣᠭᠤᠯᠵᠤ ᠪᠣᠷᠣᠯᠠᠭᠤᠯᠬᠤ ᠬᠠᠳᠠᠭᠠᠯᠠᠬᠤ︾ ᠬᠠᠮᠢᠶᠠᠷᠤᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠬᠤ ᠵᠡᠷᠭᠡ ᠲᠠᠯ᠎ᠠ ᠪᠠᠷ ᠶᠡᠭᠡ ᠬᠡᠮᠵᠢᠶᠡᠨ ᠤ ᠠᠵᠢᠯ ᠬᠢᠵᠡᠶ᠂ ᠢᠯᠠᠩᠭᠤᠶ᠎ᠠ ᠡᠮᠴᠢᠯᠡᠭᠡᠨ ᠤ ᠪᠠᠲᠤᠯᠠᠭ᠎ᠠ ᠶᠢᠨ ᠮᠡᠳᠡᠭᠡ ᠵᠠᠩᠭᠢ ᠶᠢᠨ ᠲᠠᠪᠴᠠᠩ ᠢ ᠰᠦᠯᠵᠢᠶᠡᠨ ᠳᠤ ᠣᠷᠣᠭᠤᠯᠤᠨ ᠠᠵᠢᠯᠯᠠᠭᠤᠯᠤᠭᠰᠠᠨ ᠨᠢ ᠤᠯᠠᠭᠠᠨᠴᠠᠪ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠴᠤ᠋ ᠰᠢᠨ᠎ᠡ ᠬᠥᠭᠵᠢᠯᠲᠡ ᠶᠢᠨ ᠱᠠᠲᠤᠨ ᠳᠤ ᠤᠷᠤᠭᠰᠠᠨ ᠢ ᠬᠠᠷᠠᠭᠤᠯᠵᠤ ᠪᠠᠶᠢᠨ᠎ᠠ᠃ ᠤᠯᠠᠭᠠᠨᠴᠠᠪ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠦᠷᠭᠦᠯᠵᠢᠯᠡᠨ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠵᠤ᠂ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠠᠭᠤᠰᠤᠯᠴᠠᠵᠤ᠂ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠮᠡᠳᠡᠭᠡ ᠵᠠᠩᠭᠢ ᠶᠢᠨ ᠲᠠᠪᠴᠠᠩ ᠢ ᠰᠦᠯᠵᠢᠶᠡᠨ ᠳᠤ ᠣᠷᠣᠭᠤᠯᠬᠤ ᠪᠠᠷ ᠠᠵᠠ ᠲᠣᠬᠢᠶᠠᠯ ᠪᠣᠯᠭᠠᠵᠤ᠂ ᠡᠮᠴᠢᠯᠡᠭᠡᠨ ᠤ ᠪᠠᠲᠤᠯᠠᠭ᠎ᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ ᠵᠣᠯ ᠵᠢᠷᠭᠠᠯᠲᠤ ᠲᠦᠷᠦᠭᠳᠡᠯ ᠠᠮᠤᠷ ᠲᠦᠪᠰᠢᠨ ᠤ ᠲᠦᠷᠦᠭᠳᠡᠯ ᠢ ᠨᠡᠩ ᠲᠡᠭᠦᠯᠳᠡᠷ᠂ ᠨᠡᠩ ᠪᠠᠲᠤᠯᠠᠭ᠎ᠠ ᠲᠠᠢ᠂ ᠨᠡᠩ ᠦᠷᠭᠦᠯᠵᠢᠯᠡᠬᠦ᠋ᠢᠴᠡ ᠪᠣᠯᠭᠠᠬᠤ ᠶᠢ ᠪᠠᠲᠤᠯᠠᠬᠤ ᠬᠡᠷᠡᠭᠲᠡᠢ ᠭᠡᠪᠡ᠃
     ᠵᠢᠶᠠ ᠸᠧᠶ ᠶᠠᠷᠢᠶᠠᠨ ᠳᠠᠭᠠᠨ ᠵᠢᠭᠠᠵᠤ ᠭᠠᠷᠭᠠᠭᠰᠠᠨ ᠨᠢ᠂ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠮᠡᠳᠡᠭᠡ ᠵᠠᠩᠭᠢ ᠶᠢᠨ ᠲᠠᠪᠴᠠᠩ ᠢ ᠵᠢᠩᠬᠢᠨᠢ ᠪᠠᠷ ᠰᠦᠯᠵᠢᠶᠡᠨ ᠳᠤ ᠣᠷᠣᠭᠤᠯᠤᠨ ᠠᠵᠢᠯᠯᠠᠭᠤᠯᠬᠤ ᠪᠣᠯ ᠤᠯᠠᠭᠠᠨᠴᠠᠪ ᠬᠤᠲᠠ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠵᠢᠨ‌‍ᠰᠢᠢᠳᠪᠦᠷᠢᠳᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠪᠣᠳᠠᠲᠠᠶ ᠠᠵᠢᠯᠯᠠᠭ᠎ᠠ ᠮᠥᠨ᠂ ᠪᠠᠰᠠ ᠴᠤ ᠡᠮᠴᠢᠯᠡᠭᠡᠨ ᠤ ᠪᠠᠲᠤᠯᠠᠭ᠎ᠠ ᠶᠢᠨ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠪᠥᠬᠦ ᠲᠠᠯ᠎ᠠ ᠪᠠᠷ ᠳᠥᠯᠭᠢᠨ ᠠᠬᠢᠭᠤᠯᠬᠤ᠂ ᠡᠮ ᠡᠮᠨᠡᠯᠭᠡ ᠶᠢᠨ ᠳᠠᠭᠠᠳᠬᠠᠯ ᠤᠨ ᠠᠷᠠᠳ ᠲᠦᠮᠡᠨ ᠳᠤ ᠲᠥᠬᠦᠮ ᠦᠵᠡᠭᠦᠯᠬᠦ᠂ ᠦᠢᠯᠡᠴᠢᠯᠡᠭᠡᠨ ᠤ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠬᠦ ᠴᠢᠬᠤᠯᠠ ᠠᠷᠭ᠎ᠠ ᠬᠡᠮᠵᠢᠶ᠎ᠡ ᠮᠥᠨ᠃ ᠰᠢᠨ᠎ᠡ ᠮᠡᠳᠡᠭᠡ ᠵᠠᠩᠭᠢ ᠶᠢᠨ ᠲᠠᠪᠴᠠᠩ ᠢ ᠰᠦᠯᠵᠢᠶᠡᠨ ᠳᠤ ᠣᠷᠣᠭᠤᠯᠬᠤ ᠳᠤ ᠤᠯᠠᠭᠠᠨᠴᠠᠪ ᠬᠤᠲᠠ ᠶᠢᠨ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠴᠢᠳᠠᠪᠤᠷᠢ ᠪᠠ ᠦᠢᠯᠡᠴᠢᠯᠡᠭᠡᠨ ᠤ ᠬᠢᠷᠢ ᠲᠦᠪᠰᠢᠨ ᠢ ᠶᠡᠭᠡ ᠪᠠᠷ ᠳᠡᠭᠡᠭᠰᠢᠯᠡᠭᠦᠯᠵᠦ᠂ ᠡᠮᠴᠢᠯᠡᠭᠡᠨ ᠤ ᠳᠠᠭᠠᠳᠬᠠᠯ ᠤᠨ ᠲᠤᠬᠠᠶᠢᠯᠠᠭᠰᠠᠨ ᠠᠵᠢᠯ ᠤᠨ ᠳ᠋ᠤᠭᠠᠷᠯᠠᠯ ᠤᠨ ᠪᠠᠷᠢᠮᠵᠢᠶ᠎ᠠ ᠶᠢ ᠨᠢᠭᠡᠳᠦᠯᠲᠡᠶ ᠪᠠᠶᠢᠯᠭᠠᠬᠤ᠂ ᠡᠮᠴᠢᠯᠡᠭᠡᠨ ᠤ ᠳᠠᠭᠠᠳᠬᠠᠯ ᠤᠨ ᠲᠤᠭ᠎ᠠ ᠪᠠᠷᠢᠮᠲᠠ ᠶᠢ ᠵᠢᠷᠤᠮᠵᠢᠭᠤᠯᠤᠨ ᠨᠢᠭᠡᠳᠦᠯᠲᠡᠶ ᠪᠠᠶᠢᠯᠭᠠᠬᠤ ᠪᠠ ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠢᠴᠡᠳᠭᠡᠬᠦ ᠦᠢᠯᠡᠴᠢᠯᠡᠭᠡ ᠶᠢ ᠨᠢᠭᠡᠳᠦᠯᠲᠡᠶ ᠪᠠᠶᠢᠯᠭᠠᠬᠤ ᠶᠢ ᠪᠡᠶᠡᠯᠡᠭᠦᠯᠵᠦ᠂ ᠤᠯᠠᠭᠠᠨᠴᠠᠪ ᠬᠤᠲᠠ ᠶᠢᠨ ᠡᠮᠴᠢᠯᠡᠭᠡᠨ ᠤ ᠳᠠᠭᠠᠳᠬᠠᠯ ᠤᠨ ᠲᠤᠬᠠᠶᠢᠯᠠᠭᠰᠠᠨ ᠠᠵᠢᠯ ᠢ ᠭᠦᠢᠴᠡᠳᠭᠡᠬᠦ ᠶᠢ ᠪᠠᠷᠢᠮᠵᠢᠶᠠᠵᠢᠭᠤᠯᠬᠤ᠂ ᠬᠢᠨᠠᠯᠲᠠ ᠬᠠᠮᠢᠶᠠᠷᠤᠯᠲᠠ ᠶᠢ ᠤᠶᠤᠨᠴᠢᠯᠠᠬᠤ᠂ ᠣᠯᠠᠨ ᠨᠡᠶᠢᠲᠡ ᠶᠢᠨ  ᠦᠢᠯᠡᠴᠢᠯᠡᠭᠡ ᠶᠢ ᠳᠥᠭᠦᠮ ᠳᠥᠲᠡ ᠪᠣᠯᠭᠠᠬᠤ᠂ ᠰᠢᠢᠳᠪᠦᠷᠢᠳᠦ ᠪᠣᠳᠣᠯᠭ᠎ᠠ ᠶᠢᠨ ᠵᠠᠳᠠᠯᠤᠯᠲᠠ ᠶᠢ ᠨᠠᠷᠢᠯᠢᠭ ᠣᠨᠣᠴᠠᠲᠠᠶ ᠪᠣᠯᠭᠠᠬᠤ ᠳᠤ ᠪᠥᠬᠦ ᠲᠠᠯ᠎ᠠ ᠶᠢᠨ ᠲᠤᠯᠭᠠᠭᠤᠷᠢᠯᠠᠯ ᠬᠠᠩᠭᠠᠵᠤ᠂ ᠠᠷᠠᠳ ᠣᠯᠠᠨ ᠤ ᠬᠠᠨᠤᠮᠵᠢᠲᠠᠶ ᠲᠥᠷᠥᠭᠳᠡᠯ᠂ ᠬᠦᠷᠲᠡᠮᠵᠢ ᠶᠢᠨ ᠲᠥᠷᠥᠭᠳᠡᠯ ᠪᠠ ᠵᠣᠯ ᠵᠢᠷᠭᠠᠯᠲᠤ ᠲᠥᠷᠥᠭᠳᠡᠯ ᠢ ᠲᠠᠰᠤᠷᠠᠯᠲᠠ ᠥᠬᠡᠶ ᠨᠡᠮᠡᠭᠳᠡᠭᠦᠯᠪᠡ ᠭᠡᠵᠡᠢ᠃
     ᠡᠭᠦᠨ ᠤ ᠵᠡᠷᠭᠡ ᠳᠤ ᠴᠢᠬᠤᠯᠠᠴᠢᠯᠠᠭᠰᠠᠨ ᠨᠢ᠂ ᠰᠢᠨ᠎ᠡ ᠮᠡᠳᠡᠭᠡ ᠵᠠᠩᠭᠢ ᠶᠢᠨ ᠲᠠᠪᠴᠠᠩ ᠢ ᠰᠦᠯᠵᠢᠶᠡᠨ ᠳᠤ ᠣᠷᠣᠭᠤᠯᠤᠨ ᠠᠵᠢᠯᠯᠠᠭᠤᠯᠤᠭᠰᠠᠨ ᠤ ᠳᠠᠷᠠᠭ᠎ᠠ᠂ ᠡᠯ᠎ᠡ ᠭᠠᠵᠠᠷ ᠤᠨ ᠬᠢᠨ ᠬᠦᠴᠦᠨ ᠢᠶᠠᠨ ᠲᠥᠪᠯᠡᠷᠡᠭᠦᠯᠦᠨ᠂ ᠲᠣᠬᠢᠷᠠᠭᠤᠯᠤᠯᠲᠠ ᠪᠠᠨ ᠴᠢᠩᠭᠠᠳᠬᠠᠵᠤ᠂ ᠰᠢᠨ᠎ᠡ ᠬᠠᠭᠤᠴᠢᠨ ᠲᠤᠭ᠎ᠠ ᠪᠠᠷᠢᠮᠲᠠ ᠶᠢ ᠬᠤᠪᠢᠷᠠᠭᠤᠯᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠡᠮᠴᠢᠯᠡᠭᠡ ᠶᠢᠨ ᠪᠠᠳᠤᠯᠠᠭ᠎ᠠ ᠶᠢᠨ ᠮᠡᠳᠡᠭᠡ ᠵᠠᠩᠭᠢ ᠶᠢᠨ ᠲᠠᠪᠴᠠᠩ ᠤᠨ ᠠᠮᠤᠷ ᠲᠦᠪᠰᠢᠨ ᠲᠣᠭᠲᠠᠭᠤᠨ ᠢᠶᠠᠷ ᠠᠵᠢᠯᠯᠠᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠡᠭᠦᠨ ᠤ ᠬᠠᠮᠲᠤ᠂ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠡᠳᠡᠭᠡ ᠵᠠᠩᠭᠢ ᠪᠠ ᠲᠤᠭ᠎ᠠ ᠪᠠᠷᠢᠮᠲᠠ ᠶᠢᠨ ᠬᠥᠮᠥᠷᠭᠡ ᠶᠢ ᠭᠦᠢᠴᠡᠳ ᠠᠰᠢᠭᠯᠠᠨ ᠰᠤᠳᠤᠯᠤᠨ ᠵᠠᠳᠠᠯᠤᠯᠲᠠ ᠬᠢᠵᠦ᠂ ᠮᠡᠳᠡᠭᠡ ᠵᠠᠩᠭᠢ ᠶᠢᠨ ᠲᠠᠪᠴᠠᠩ ᠤᠨ ᠬᠡᠷᠡᠭᠯᠡᠬᠦ ᠴᠢᠳᠠᠮᠵᠢ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ ᠥᠷᠭᠡᠳᠬᠡᠵᠦ᠂ ᠰᠠᠯᠠᠭ᠎ᠠ ᠮᠥᠴᠢᠷ ᠠᠯᠤᠰᠯᠠᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠠᠬᠢᠭᠤᠯᠤᠨ᠂ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠶᠢ ᠪᠡᠶᠡᠯᠡᠭᠦᠯᠵᠦ᠂ ᠤᠯᠠᠭᠠᠨᠴᠠᠪ ᠬᠤᠲᠠ ᠶᠢᠨ ᠡᠮᠴᠢᠯᠡᠭᠡ ᠶᠢᠨ ᠪᠠᠳᠤᠯᠠᠭ᠎ᠠ ᠶᠢᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠶ ᠭᠡᠪᠡ᠃
     ᠠᠵᠢᠯᠲᠠᠨ ᠤ ᠲᠠᠨᠢᠯᠴᠠᠭᠤᠯᠤᠭᠰᠠᠨ ᠢᠶᠠᠷ᠂ ᠤᠯᠤᠰ ᠤᠨ ᠡᠮᠴᠢᠯᠡᠭᠡ ᠶᠢᠨ ᠪᠠᠳᠤᠯᠠᠭ᠎ᠠ ᠶᠢᠨ ᠮᠡᠳᠡᠭᠡ ᠵᠠᠩᠭᠢ ᠶᠢᠨ ᠲᠠᠪᠴᠠᠩ ᠤᠨ ᠪᠠᠶᠢᠭᠤᠯᠤᠯᠲᠠ ᠶᠢᠨ ᠠᠵᠢᠯ ᠪᠣᠯ ᠡᠮᠴᠢᠯᠡᠭᠡ ᠶᠢᠨ ᠪᠠᠳᠤᠯᠠᠭ᠎ᠠ ᠶᠢᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠴᠢᠬᠤᠯᠠ ᠶᠡᠭᠡ ᠡᠭᠦᠷᠭᠡ ᠮᠥᠨ᠂ ᠪᠠᠰᠠ ᠴᠤ ᠡᠮᠴᠢᠯᠡᠭᠡ ᠶᠢᠨ ᠪᠠᠳᠤᠯᠠᠭ᠎ᠠ ᠶᠢᠨ ᠵᠠᠰᠠᠯᠲᠠ ᠶᠢᠨ ᠣᠳᠣᠬᠢᠴᠢᠯᠠᠯᠲᠠ ᠶᠢ ᠪᠡᠶᠡᠯᠡᠭᠦᠯᠬᠦ ᠰᠠᠭᠤᠷᠢ ᠴᠢᠨᠠᠷᠲᠠᠶ ᠢᠨᠵᠧᠨᠧᠷᠢᠩ ᠮᠥᠨ᠃ ᠤᠯᠠᠭᠠᠨᠴᠠᠪ ᠬᠤᠲᠠ ᠶᠢᠨ ᠡᠮᠴᠢᠯᠡᠭᠡ ᠶᠢᠨ ᠪᠠᠳᠤᠯᠠᠭ᠎ᠠ ᠶᠢᠨ ᠲᠣᠪᠴᠢᠶ᠎ᠠ ᠨᠢ ᠥᠪᠡᠷᠲᠡᠭᠡᠨ ᠵᠠᠰᠠᠬᠤ ᠣᠷᠣᠨ ᠤ ᠡᠮᠴᠢᠯᠡᠭᠡ ᠶᠢᠨ ᠪᠠᠳᠤᠯᠠᠭ᠎ᠠ ᠶᠢᠨ ᠲᠣᠪᠴᠢᠶ᠎ᠠ ᠪᠣᠯᠤᠨ ᠤᠯᠠᠭᠠᠨᠴᠠᠪ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠪᠠᠨ ᠴᠢᠩᠭᠠᠳᠬᠠᠵᠤ᠂ ᠬᠥᠮᠦᠨ ᠴᠥᠭᠡᠨ᠂ ᠴᠠᠭ ᠪᠠᠴᠢᠮ᠂ ᠡᠭᠦᠷᠭᠡ ᠬᠦᠨᠳᠦ ᠵᠡᠷᠭᠡ ᠬᠦᠴᠢᠷᠳᠡᠯ ᠢ ᠢᠯᠠᠨ ᠳᠠᠪᠠᠵᠤ᠂ ᠲᠠᠪᠴᠠᠩ ᠢ ᠰᠦᠯᠵᠢᠶᠡᠨ ᠳᠤ ᠬᠤᠯᠪᠣᠬᠤ ᠡᠯ᠎ᠡ ᠵᠦᠢᠯ ᠤᠨ ᠪᠡᠯᠡᠳᠬᠡᠯ ᠠᠵᠢᠯ ᠢ ᠴᠠᠭ ᠲᠤᠬᠠᠶ ᠳᠤᠨᠢ ᠪᠡᠶᠡᠯᠡᠭᠦᠯᠵᠦ ᠴᠢᠳᠠᠭᠰᠠᠨ ᠪᠠᠶᠢᠨ᠎ᠠ᠃      ᠳᠠᠷᠠᠭᠠᠴᠢ ᠶᠢᠨ ᠠᠯᠬᠤᠮ ᠳᠤ᠂ ᠤᠯᠠᠭᠠᠨᠴᠠᠪ ᠬᠤᠲᠠ ᠶᠢᠨ ᠡᠮᠴᠢᠯᠡᠭᠡ ᠶᠢᠨ ᠪᠠᠳᠤᠯᠠᠭ᠎ᠠ ᠶᠢᠨ ᠰᠢᠰᠲ᠋ᠧᠮ ᠤᠨ ᠬᠢᠨ ᠲᠤᠰ ᠤᠳᠠᠭᠠᠨ ᠤ ᠰᠢᠨ᠎ᠡ ᠲᠠᠪᠴᠠᠩ ᠤᠨ ᠰᠢᠰᠲ᠋ᠧᠮ ᠢ ᠰᠦᠯᠵᠢᠶᠡᠨ ᠳᠤ ᠣᠷᠣᠭᠤᠯᠬᠤ ᠪᠠᠷ ᠠᠵᠠ ᠲᠣᠬᠢᠶᠠᠯ ᠪᠣᠯᠭᠠᠵᠤ᠂ ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠤ ᠡᠮᠴᠢᠯᠡᠭᠡ ᠶᠢᠨ ᠪᠠᠳᠤᠯᠠᠭ᠎ᠠ ᠶᠢᠨ ᠬᠦᠷᠢᠶᠡᠨ ᠳᠠᠬᠢ ᠬᠡᠷᠡᠭᠴᠡᠭᠡ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠤᠨ᠂ ᠰᠢᠰᠲ᠋ᠧᠮ ᠢ ᠰᠦᠯᠵᠢᠶᠡᠨ ᠳᠤ ᠣᠷᠣᠭᠤᠯᠤᠭᠰᠠᠨ ᠤ ᠳᠠᠷᠠᠭᠠᠬᠢ ᠠᠵᠢᠯᠯᠠᠭᠤᠯᠵᠤ ᠪᠠᠲᠤᠯᠠᠭ᠎ᠠ ᠶᠢ ᠴᠢᠩᠭᠠᠳᠬᠠᠵᠤ᠂ ᠠᠷᠠᠳ ᠣᠯᠠᠨ ᠳᠤ ᠨᠠᠩ ᠣᠶᠤᠨᠴᠢ ᠪᠥᠭᠡᠳ ᠳᠥᠭᠦᠮ ᠳᠥᠲᠡ᠂ ᠠᠮᠤᠷ ᠲᠦᠪᠰᠢᠨ ᠪᠥᠭᠡᠳ ᠥᠨᠳᠥᠷ ᠪᠦᠲᠦᠮᠵᠢᠲᠡᠶ᠂ ᠪᠥᠬᠦ ᠲᠠᠯ᠎ᠠ ᠶᠢᠨ᠂ ᠪᠥᠬᠦ ᠦᠶᠡᠯᠡᠯ ᠤᠨ ᠬᠤᠭᠤᠴᠠᠭᠠᠨ ᠤ ᠡᠮᠴᠢᠯᠡᠭᠡ ᠶᠢᠨ ᠪᠠᠳᠤᠯᠠᠭ᠎ᠠ ᠶᠢᠨ ᠦᠢᠯᠡᠴᠢᠯᠡᠭᠡ ᠬᠠᠩᠭᠠᠬᠤ ᠪᠠᠷ ᠴᠢᠷᠮᠠᠶᠢᠵᠤ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠣᠯᠠᠭ᠎ᠠ ᠶᠢᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号