︽ᠡᠮᠴᠢᠯᠡᠭᠡ ᠶᠢᠨ ᠪᠠᠲᠤᠯᠠᠭ᠎ᠠ ᠶᠢᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ | ᠥᠨᠳᠥᠷ ᠥᠷᠲᠡᠭᠲᠦ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠵᠠᠰᠠᠬᠤ ᠥᠭᠡᠷᠡᠴᠢᠯᠡᠯᠲᠡ ᠶᠢᠨ | ᠲᠥᠰᠦᠯ ᠢ ᠳᠠᠷᠤᠮᠠᠯᠯᠠᠨ ᠲᠠᠷᠬᠠᠭᠠᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ | ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ ﹇2019﹈ 37 ᠳ᠋ᠤᠭᠠᠷ ᠲᠣᠭᠠᠲᠤ︶ ︽ᠤᠯᠤᠰ ᠠᠴᠠ | ᠥᠨᠳᠥᠷ ᠥᠷᠲᠡᠭᠲᠦ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠡᠮᠵᠢᠶ᠎ᠡ ᠲᠠᠢ | ᠬᠤᠳᠠᠯᠳᠤᠨ ᠠᠪᠬᠤ ᠪᠠ ᠬᠡᠷᠡᠭᠯᠡᠬᠦ ᠶᠢ ᠵᠣᠬᠢᠶᠠᠨ ᠪᠠᠶᠢᠭᠤᠯᠬᠤ ᠲᠤᠬᠠᠶ ᠵᠢᠯᠣᠭᠤᠳᠬᠤ ᠰᠠᠨᠠᠯ︾ ︵ᠡᠮᠴᠢᠯᠡᠭᠡ | ᠪᠠᠳᠤᠯᠠᠭ᠎ᠠ ᠲᠠᠷᠬᠠᠭᠠᠭᠰᠠᠨ ﹇2021﹈ 31 ᠳ᠋ᠤᠭᠡᠷ ᠲᠣᠭᠠᠲᠤ︶ ︽ᠪᠡᠭᠡᠵᠢᠩ ᠲᠢᠶᠠᠨᠵᠢᠨ ᠾᠧᠪᠸᠢ ᠶᠢᠨ ᠡᠮ | ᠲᠠᠩ ᠢ ᠬᠠᠮᠲᠤᠷᠠᠨ ᠬᠡᠮᠵᠢᠶ᠎ᠡ ᠲᠠᠢ ᠬᠤᠳᠠᠯᠳᠤᠨ ᠠᠪᠬᠤ ᠠᠵᠢᠯ ᠢ ᠥᠷᠨᠢᠭᠦᠯᠬᠦ ᠲᠤᠬᠠᠶ ᠰᠠᠨᠠᠯ︾ ︵ᠪᠡᠭᠡᠵᠢᠩ | ᠡᠮᠴᠢᠯᠡᠭᠡ ᠪᠠᠳᠤᠯᠠᠭ᠎ᠠ ᠲᠠᠷᠬᠠᠭᠠᠭᠰᠠᠨ ﹇2020﹈ 34 ᠳ᠋ᠤᠭᠡᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠳᠤ | ᠱᠠᠭᠠᠷᠳᠠᠭᠰᠠᠨ ᠨᠢ᠂ ᠪᠡᠭᠡᠵᠢᠩ ᠲᠢᠶᠠᠨᠵᠢᠨ ᠾᠧᠪᠧᠶ ᠶᠢᠨ ᠡᠮᠴᠢᠯᠡᠭᠡ ᠶᠢᠨ ᠪᠠᠲᠤᠯᠠᠭ᠎ᠠ ᠶᠢᠨ ᠬᠠᠮᠵᠢᠯᠴᠠᠨ ᠬᠥᠭᠵᠢᠬᠦ | ᠶᠠᠷᠢᠯᠴᠠᠬᠤ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠪᠡᠭᠡᠵᠢᠩ ᠲᠢᠶᠠᠨᠵᠢᠨ ᠾᠧᠪᠧᠶ ᠶᠢᠨ | ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠬᠠᠮᠲᠤᠷᠠᠨ ᠬᠤᠳᠠᠯᠳᠤᠨ ᠠᠪᠬᠤ ᠠᠵᠢᠯ ᠢ ᠳᠥᠯᠭᠢᠨ | ᠠᠬᠢᠭᠤᠯᠵᠤ᠂ ᠪᠡᠭᠡᠵᠢᠩ ᠲᠢᠶᠠᠨᠵᠢᠨ ᠾᠧᠪᠧᠶ ᠬᠠᠷᠠᠮᠦ᠋ᠷᠡᠨ ᠬᠢᠷᠢᠨ ᠯᠢᠶᠤᠤᠨᠢᠩ ᠦᠪᠦᠷ ᠮᠤᠩᠭᠤᠯ ᠰᠠᠨ ᠰᠢ | ᠱᠠᠨᠳᠦ᠋ᠩ ᠰᠧᠴᠤᠸᠠᠨ ᠴᠦᠩᠴᠢᠩ ᠲᠦᠪᠡᠳ ᠾᠧᠨᠠᠨ ᠭᠦᠢᠵᠸᠦ ᠵᠡᠷᠭᠡ ᠮᠤᠵᠢ ︽ᠦᠪᠡᠷᠳᠡᠭᠡᠨ ᠵᠠᠰᠠᠬᠤ ᠤᠷᠤᠨ᠂ | ᠰᠢᠭᠤᠳ ᠬᠠᠷᠢᠶᠠᠳᠦ ᠬᠤᠳᠠ︶ ᠶᠢᠨ ᠡᠮᠴᠢᠯᠡᠭᠡ ᠶᠢᠨ ᠪᠠᠳᠤᠯᠠᠭ᠎ᠠ ᠶᠢᠨ ᠰᠠᠯᠠᠭ᠎ᠠ ᠮᠦᠴᠢᠷ ᠪᠤᠳᠠᠳᠠᠢ ᠲᠠᠢ | ᠤᠶᠠᠯᠳᠤᠭᠤᠯᠤᠨ᠂ ᠪᠡᠭᠡᠵᠢᠩ ᠲᠢᠶᠠᠨᠵᠢᠨ ᠾᠧᠪᠸᠢ ᠶᠢᠨ ︽3+N︾ ᠬᠤᠯᠪᠣᠭ᠎ᠠ ᠶᠢᠨ ᠡᠮᠴᠢᠯᠡᠭᠡᠨ ᠳᠤ ᠬᠡᠷᠡᠭᠯᠡᠬᠦ | ᠬᠤᠷᠣᠭᠳᠠᠯ ᠮᠠᠲ᠋ᠧᠷᠢᠶᠠᠯ ᠤᠨ ᠪᠦᠰᠡ ᠶᠢᠨ ᠬᠤᠯᠪᠣᠯᠳᠤᠭᠤᠯᠤᠨ ᠬᠡᠮᠵᠢᠶ᠎ᠡ ᠪᠠᠷ ᠬᠤᠳᠠᠯᠳᠤᠨ ᠠᠪᠬᠤ ᠪᠠ ᠬᠡᠷᠡᠭᠯᠡᠬᠦ | ᠠᠵᠢᠯ ᠤᠨ ᠲᠥᠰᠦᠯ ᠢ ᠰᠤᠳᠤᠯᠤᠨ ᠲᠤᠭᠳᠠᠭᠠᠪᠠ᠃ | ᠨᠢᠭᠡ᠂ ᠶᠡᠷᠦᠩᠬᠡᠶ ᠬᠠᠷᠠᠯᠲᠠ | ᠡᠮ ᠡᠮᠨᠡᠯᠭᠡ ᠶᠢᠨ ᠦᠢᠯᠡᠴᠢᠯᠡᠭᠡᠨ ᠤ ᠬᠠᠩᠭᠠᠯᠭ᠎ᠠ ᠶᠢᠨ ᠲᠠᠯ᠎ᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ | ᠳᠤᠮᠳᠠᠬᠢ ᠲᠥᠪᠯᠡᠷᠡᠩᠭᠦᠶ ᠪᠥᠭᠡᠳ ᠬᠡᠮᠵᠢᠶ᠎ᠡ ᠲᠠᠢ ᠪᠠᠷ ᠬᠤᠳᠠᠯᠳᠤᠨ ᠠᠪᠬᠤ ᠶᠢᠨ ᠬᠥᠲᠥᠯᠦᠨ ᠳᠠᠭᠠᠭᠤᠯᠬᠤ | ᠦᠢᠯᠡᠳᠦᠯ ᠢ ᠭᠦᠢᠴᠡᠳ ᠪᠠᠳᠠᠷᠠᠭᠤᠯᠵᠤ᠂ ᠪᠡᠭᠡᠵᠢᠩ ᠲᠢᠶᠠᠨᠵᠢᠨ ᠾᠧᠪᠸᠢ ᠶᠢᠨ ᠡᠮᠴᠢᠯᠡᠭᠡᠨ ᠤ ᠪᠠᠲᠤᠯᠠᠭ᠎ᠠ ᠶᠢᠨ | ᠬᠠᠮᠵᠢᠯᠴᠠᠨ ᠬᠥᠭᠵᠢᠬᠦ ᠶᠢ ᠭᠦᠨᠵᠡᠭᠡᠶ ᠳᠥᠯᠭᠢᠨ ᠠᠬᠢᠭᠤᠯᠵᠤ᠂ ᠪᠡᠭᠡᠵᠢᠩ ᠲᠢᠶᠠᠨᠵᠢᠨ ᠾᠧᠪᠸᠢ ᠶᠢᠨ ︽3+N︾ | ᠬᠤᠯᠪᠣᠭ᠎ᠠ᠂ ᠬᠡᠮᠵᠢᠶ᠎ᠡ ᠲᠠᠢ ᠪᠠᠷ ᠬᠤᠯᠪᠣᠭᠠᠯᠠᠨ ᠬᠤᠳᠠᠯᠳᠤᠨ ᠠᠪᠬᠤ ᠪᠠᠷ ᠳᠠᠮᠵᠢᠭᠤᠯᠤᠨ᠂ ᠬᠠᠩᠭᠠᠯᠭ᠎ᠠ ᠶᠢ | ᠪᠠᠲᠤᠯᠠᠬᠤ᠂ ᠦᠨ᠎ᠡ ᠬᠠᠩᠰᠢ ᠶᠢ ᠵᠦᠶ ᠵᠣᠬᠢᠰᠲᠠᠶ ᠪᠠᠶᠢᠯᠭᠠᠬᠤ ᠶᠢ ᠪᠠᠷᠢᠮᠲᠠᠯᠠᠨ᠂ ᠬᠢᠮᠡᠯ ᠲᠠᠯᠠᠰᠲᠤ ᠲᠥᠷᠥᠯ ᠤᠨ | ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠦᠨ᠎ᠡ ᠬᠠᠩᠰᠢ ᠶᠢ ᠪᠠᠭᠤᠷᠠᠭᠤᠯᠬᠤ ᠶᠢ ᠪᠡᠶᠡᠯᠡᠭᠦᠯᠵᠦ᠂ | ᠡᠪᠡᠳᠴᠢᠲᠡᠨ ᠤ ᠡᠮ ᠡᠮᠨᠡᠯᠭᠡ ᠶᠢᠨ ᠵᠠᠷᠤᠳᠠᠯ ᠤᠨ ᠳᠠᠷᠤᠭᠠᠰᠤ ᠶᠢ ᠬᠥᠩᠭᠡᠷᠡᠭᠦᠯᠦᠨ᠎ᠡ︔ ᠠᠷᠠᠯᠵᠢᠶᠠᠨ ᠤ ᠥᠪᠡᠷ ᠤᠨ | ᠥᠷᠲᠡᠭ ᠢ ᠪᠠᠭᠤᠷᠠᠭᠤᠯᠵᠤ᠂ ᠭᠦᠢᠯᠭᠡᠭᠡᠨ ᠤ ᠣᠷᠴᠢᠨ ᠲᠣᠭᠤᠷᠢᠨ ᠢ ᠴᠡᠪᠡᠷᠰᠢᠭᠦᠯᠵᠦ᠂ ᠠᠵᠢᠯ ᠲᠥᠷᠥᠯ ᠤᠨ ᠠᠮᠢ | ᠠᠬᠤᠶ ᠶᠢ ᠬᠤᠷᠣᠭᠳᠠᠯ ᠮᠠᠲ᠋ᠧᠷᠢᠶᠠᠯ ᠬᠤᠳᠠᠯᠳᠤᠨ ᠠᠪᠬᠤ ᠪᠠ ᠬᠡᠷᠡᠭᠯᠡᠬᠦ ᠠᠵᠢᠯᠯᠠᠭ᠎ᠠ ᠶᠢ ᠵᠢᠷᠤᠮᠵᠢᠭᠤᠯᠵᠤ᠂ | ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠥᠭᠡᠷᠡᠴᠢᠯᠡᠯᠲᠡ ᠶᠢ ᠲᠡᠮᠵᠢᠨ᠎ᠡ︔ ᠡᠮᠴᠢᠯᠡᠭᠡᠨ ᠳᠤ | ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ ᠠᠪᠬᠤ ᠲᠣᠭᠲᠠᠴᠠ ᠪᠠ ᠵᠠᠬ᠎ᠠ ᠳᠡᠯᠭᠡᠭᠦᠷ ᠢᠶᠠᠷ | ᠤᠳᠤᠷᠢᠳᠤᠮᠵᠢ ᠪᠣᠯᠭᠠᠭᠰᠠᠨ ᠬᠤᠷᠣᠭᠳᠠᠯ ᠮᠠᠲ᠋ᠧᠷᠢᠶᠠᠯ ᠤᠨ ᠦᠨ᠎ᠡ ᠬᠠᠩᠰᠢ ᠶᠢᠨ ᠪᠦᠷᠢᠯᠳᠦᠬᠦ ᠲᠣᠭᠲᠠᠴᠠ ᠶᠢ | ᠰᠦᠪᠡᠭᠴᠢᠯᠡᠨ ᠲᠡᠭᠦᠯᠳᠡᠷᠵᠢᠭᠦᠯᠦᠨ᠎ᠡ᠃ | ᠬᠤᠶᠠᠷ᠂ ᠠᠵᠢᠯ ᠤᠨ ᠪᠠᠶᠢᠭᠤᠯᠤᠮᠵᠢ | ᠪᠡᠭᠡᠵᠢᠩ ᠬᠤᠲᠠ ᠶᠢᠨ ᠡᠮ ᠡᠮᠨᠡᠯᠭᠡ ᠶᠢᠨ ᠲᠥᠪᠯᠡᠷᠡᠭᠦᠯᠦᠨ ᠬᠤᠳᠠᠯᠳᠤᠨ ᠠᠪᠬᠤ ᠦᠢᠯᠡᠴᠢᠯᠡᠭᠡᠨ ᠤ ᠲᠥᠪ᠂ | ᠲᠢᠶᠠᠨᠵᠢᠨ ᠬᠤᠲᠠ ᠶᠢᠨ ᠡᠮ ᠡᠮᠨᠡᠯᠭᠡ ᠶᠢᠨ ᠬᠤᠳᠠᠯᠳᠤᠨ ᠠᠪᠬᠤ ᠲᠥᠪ᠂ ᠾᠧᠪᠸᠢ ᠮᠤᠵᠢ ᠶᠢᠨ ᠡᠮᠴᠢᠯᠡᠭᠡᠨ ᠳᠤ | ᠬᠡᠷᠡᠭᠯᠡᠬᠦ ᠡᠮ ᠲᠠᠩ ᠤᠨ ᠪᠠᠭᠠᠵᠢ ᠬᠡᠷᠡᠭᠰᠡᠯ ᠢ ᠲᠥᠪᠯᠡᠷᠡᠭᠦᠯᠦᠨ ᠬᠤᠳᠠᠯᠳᠤᠨ ᠠᠪᠬᠤ ᠲᠥᠪ ︵ᠳᠣᠷᠣᠭᠰᠢ ︽ | ᠪᠡᠭᠡᠵᠢᠩ ᠲᠢᠶᠠᠨᠵᠢᠨ ᠾᠧᠪᠸᠢ ᠶᠢᠨ ᠬᠤᠳᠠᠯᠳᠤᠨ ᠠᠪᠬᠤ ᠲᠥᠪ︾ ᠭᠡᠵᠦ ᠨᠡᠶᠢᠯᠡᠭᠦᠯᠦᠨ ᠨᠡᠷᠡᠶᠢᠳᠦᠨ᠎ᠡ︶ ᠨᠢ ᠬᠢᠮᠡᠯ | ᠲᠠᠯᠠᠰᠲᠤ ᠲᠥᠷᠥᠯ ᠤᠨ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠪᠦᠰᠡ ᠶᠢᠨ ᠬᠤᠯᠪᠣᠭᠠᠯᠠᠨ | ᠬᠥᠳᠡᠯᠦᠯᠴᠡᠵᠦ ᠬᠡᠮᠵᠢᠶ᠎ᠡ ᠲᠠᠢ ᠪᠠᠷ ᠬᠤᠳᠠᠯᠳᠤᠨ ᠠᠪᠬᠤ ᠠᠵᠢᠯ ᠤᠨ ᠪᠠᠶᠢᠭᠤᠯᠤᠮᠵᠢ ᠪᠣᠯᠤᠭᠰᠠᠨ ᠤ ᠬᠤᠪᠢ ᠳᠤ᠂ | ᠪᠡᠭᠡᠵᠢᠩ ᠲᠢᠶᠠᠨᠵᠢᠨ ᠾᠧᠪᠸᠢ ᠶᠢᠨ ᠡᠮ ᠡᠮᠨᠡᠯᠭᠡ ᠶᠢᠨ ᠬᠠᠮᠲᠤᠷᠠᠨ ᠬᠤᠳᠠᠯᠳᠤᠨ ᠠᠪᠬᠤ ᠲᠠᠪᠴᠠᠩ ᠳᠤ ᠲᠦᠰᠢᠭᠯᠡᠨ᠂ | ᠲᠥᠷᠥᠯ ᠵᠦᠢᠯ ᠤᠨ ᠬᠤᠳᠠᠯᠳᠤᠨ ᠠᠪᠬᠤ ᠠᠵᠢᠯ ᠤᠨ ᠪᠣᠳᠠᠲᠠᠶ ᠬᠡᠷᠡᠭᠵᠢᠭᠦᠯᠦᠯᠲᠡ ᠶᠢ ᠬᠠᠷᠢᠭᠤᠴᠠᠨ᠎ᠠ᠃ ᠪᠡᠭᠡᠵᠢᠩ | ᠲᠢᠶᠠᠨᠵᠢᠨ ᠾᠧᠪᠧᠶ ᠶᠢᠨ ︽3+N︾ ᠤᠨ ᠬᠤᠯᠪᠣᠭᠠᠨ ᠤ ᠭᠠᠵᠠᠷ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ | ᠰᠠᠯᠠᠭ᠎ᠠ ᠮᠥᠴᠢᠷ ᠨᠢ ᠬᠠᠷᠢᠶ᠎ᠠ ᠭᠠᠵᠠᠷ ᠤᠨ ᠰᠣᠩᠭᠤᠯᠲᠠ ᠶᠢᠨ ᠦᠷ᠎ᠡ ᠳ᠋ᠦᠩ ᠢ ᠬᠡᠷᠡᠭᠵᠢᠭᠦᠯᠬᠦ ᠵᠢᠴᠢ ᠢᠵᠢ | ᠪᠥᠷᠢᠳᠦᠭᠦᠯᠬᠦ ᠲᠥᠷᠥ ᠶᠢᠨ ᠪᠣᠳᠣᠯᠭ᠎ᠠ ᠵᠡᠷᠭᠡ ᠶᠢ ᠲᠣᠭᠲᠠᠭᠠᠬᠤ ᠶᠢᠨ ᠬᠠᠮᠲᠤ ᠨᠠᠶᠢᠳᠠᠪᠤᠷᠢᠵᠢᠭᠤᠯᠬᠤ ᠶᠢ | ᠬᠠᠷᠢᠭᠤᠴᠠᠨ᠎ᠠ᠃ | ᠭᠤᠷᠪᠠ᠂ ᠬᠤᠳᠠᠯᠳᠤᠨ ᠠᠪᠬᠤ ᠲᠦᠷᠦᠯ ᠵᠦᠢᠯ | ᠲᠣᠰ ᠤᠳᠠᠭᠠᠨ ᠤ ᠬᠢᠮᠡᠯ ᠲᠠᠯᠠᠰᠲᠤ ᠶᠢᠨ ᠲᠥᠷᠥᠯ ᠤᠨ ᠡᠮᠴᠢᠯᠡᠭᠡᠨ ᠳᠤ ᠬᠡᠷᠡᠭᠯᠡᠬᠦ ᠬᠤᠷᠣᠭᠳᠠᠯ | ᠮᠠᠲ᠋ᠧᠷᠢᠶᠠᠯ ᠤᠨ ᠬᠠᠮᠲᠤᠷᠠᠭᠰᠠᠨ ᠪᠦᠰᠡ ᠶᠢᠨ ᠬᠤᠯᠪᠣᠭᠠᠯᠠᠨ ᠬᠥᠳᠡᠯᠦᠯᠴᠡᠵᠦ ᠬᠡᠮᠵᠢᠶ᠎ᠡ ᠲᠠᠢ ᠪᠠᠷ ᠬᠤᠳᠠᠯᠳᠤᠨ ᠠᠪᠬᠤ | ᠲᠥᠷᠥᠯ ᠵᠦᠢᠯ ᠨᠢ ᠬᠢᠮᠡᠯ ᠲᠠᠯᠠᠰᠲᠤ ︵ᠬᠠᠲᠠᠭᠤ ᠲᠠᠯᠠᠰᠲᠤ ᠠᠴᠠ ᠭᠠᠳᠠᠨ᠎ᠠ︶ ᠪᠠᠶᠢᠵᠤ᠂ ᠴᠢᠳᠠᠮᠵᠢ ᠶᠢᠨ ᠰᠢᠨᠵᠢ | ᠴᠢᠨᠠᠷ ᠤᠨ ᠠᠳᠠᠯᠢ ᠪᠤᠰᠤ ᠶᠢ ᠦᠨᠳᠦᠰᠦᠯᠡᠨ 11 ᠬᠤᠳᠠᠯᠳᠤᠨ ᠠᠪᠬᠤ ᠨᠢᠭᠡᠴᠡ ᠬᠤᠪᠢᠶᠠᠨ᠎ᠠ᠃ | ᠳᠥᠷᠪᠡ᠂ ᠬᠤᠳᠠᠯᠳᠤᠨ ᠠᠪᠬᠤ ᠭᠤᠤᠯ ᠴᠣᠭᠴᠠ | ᠪᠡᠭᠡᠵᠢᠩ᠂ ᠲᠢᠶᠠᠨᠵᠢᠨ᠂ ᠾᠧᠪᠸᠢ᠂ ᠬᠠᠷᠠᠮᠥ᠋ᠷᠡᠨ᠂ ᠬᠢᠷᠢᠨ᠂ ᠯᠢᠶᠣᠤᠨᠢᠩ᠂ ᠥᠪᠥᠷ ᠮᠣᠩᠭᠤᠯ᠂ ᠱᠠᠨ ᠰᠢ᠂ | ᠱᠠᠨᠳᠦ᠋ᠩ᠂ ᠰᠧᠴᠤᠸᠠᠨ᠂ ᠴᠦᠩᠴᠢᠩ᠂ ᠲᠥᠪᠡᠳ᠂ ᠾᠧᠨᠠᠨ᠂ ᠭᠦᠢᠵᠧᠦ ᠵᠡᠷᠭᠡ ᠮᠤᠵᠢ ︵ᠥᠪᠡᠷᠲᠡᠭᠡᠨ ᠵᠠᠰᠠᠬᠤ | ᠣᠷᠣᠨ᠂ ᠰᠢᠭᠤᠳ ᠬᠠᠷᠢᠶ᠎ᠠ ᠬᠤᠲᠠ︶ ᠨᠤᠭᠤᠳ ᠬᠤᠳᠠᠯᠳᠤᠨ ᠠᠪᠬᠤ ᠬᠤᠯᠪᠣᠭ᠎ᠠ ᠪᠠᠶᠢᠭᠤᠯᠵᠤ᠂ | ᠬᠡᠮᠵᠢᠶ᠎ᠡ ᠲᠠᠢ ᠪᠠᠷ ᠬᠤᠯᠪᠣᠭᠠᠯᠠᠨ ᠬᠤᠳᠠᠯᠳᠤᠨ ᠠᠪᠬᠤ ᠶᠢ ᠬᠡᠷᠡᠭᠵᠢᠭᠦᠯᠪᠡ᠃ ᠬᠤᠯᠪᠣᠭᠠᠨ ᠤ ᠭᠠᠵᠠᠷ ᠣᠷᠣᠨ ᠤ | 2020 ᠣᠨ ᠳᠤ ᠬᠢᠮᠡᠯ ᠲᠠᠯᠠᠰᠲᠤ ᠶᠢᠨ ᠲᠥᠷᠥᠯ ᠤᠨ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ | ᠬᠤᠳᠠᠯᠳᠤᠨ ᠠᠪᠤᠭᠰᠠᠨ ᠲᠡᠮᠳᠡᠭᠯᠡᠯ ᠲᠠᠢ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ︵ᠴᠡᠷᠢᠭ | ᠠᠩᠭᠢ ᠶᠢᠨ ᠡᠮᠴᠢᠯᠡᠭᠡᠨ ᠤ ᠪᠠᠶᠢᠭᠤᠯᠤᠮᠵᠢ ᠪᠠᠭᠲᠠᠨ᠎ᠠ᠂ ᠳᠣᠷᠣᠭᠰᠢ ᠠᠳᠠᠯᠢ︶ ᠳᠤ ᠴᠥᠮ ᠣᠷᠣᠯᠴᠠᠬᠤ ᠬᠡᠷᠡᠭᠲᠡᠶ᠃ | ᠠᠯᠪᠠᠨ ᠠᠴᠠ ᠪᠠᠶᠢᠭᠤᠯᠤᠭᠰᠠᠨ ᠪᠤᠰᠤᠳ ᠡᠮᠴᠢᠯᠡᠭᠡᠨ ᠤ ᠪᠠᠶᠢᠭᠤᠯᠤᠮᠵᠢ ᠵᠢᠴᠢ ᠡᠮᠴᠢᠯᠡᠭᠡᠨ ᠤ ᠳᠠᠭᠠᠳᠬᠠᠯ ᠤᠨ ᠴᠢᠭ | ᠲᠣᠭᠲᠠᠭᠠᠭᠰᠠᠨ ᠨᠡᠶᠢᠭᠡᠮ ᠤᠨ ᠡᠷᠭᠢᠯᠡᠭᠰᠡᠨ ᠡᠮᠴᠢᠯᠡᠭᠡᠨ ᠤ ᠪᠠᠶᠢᠭᠤᠯᠤᠮᠵᠢ ᠨᠤᠭᠤᠳ ᠪᠠᠶᠢᠭ᠎ᠠ ᠭᠠᠵᠠᠷ ᠣᠷᠣᠨ ᠤ | ᠬᠠᠮᠢᠶ᠎ᠠ ᠪᠥᠬᠦᠶ ᠲᠣᠭᠲᠠᠭᠠᠯ ᠶᠣᠰᠣᠭᠠᠷ ᠰᠠᠶᠢᠨ ᠳᠤᠷ᠎ᠠ ᠠᠴᠠ ᠪᠠᠨ ᠣᠷᠣᠯᠴᠠᠬᠤ ᠬᠡᠷᠡᠭᠲᠡᠶ᠃ | ᠲᠠᠪᠤ᠂ ᠬᠤᠳᠠᠯᠳᠤᠨ ᠠᠪᠬᠤ ᠦᠶᠡᠯᠡᠯ | ᠲᠣᠰ ᠤᠳᠠᠭ᠎ᠠ ᠶᠢᠨ ᠬᠢᠮᠡᠯ ᠲᠠᠯᠠᠰᠲᠤ ᠶᠢᠨ ᠲᠥᠷᠥᠯ ᠤᠨ ᠡᠮᠴᠢᠯᠡᠭᠡᠨ ᠳᠤ ᠬᠡᠷᠡᠭᠯᠡᠬᠦ ᠬᠤᠷᠣᠭᠳᠠᠯ | ᠮᠠᠲ᠋ᠧᠷᠢᠶᠠᠯ ᠤᠨ ᠬᠤᠯᠪᠣᠯᠳᠤᠭᠤᠯᠤᠨ ᠬᠡᠮᠵᠢᠶ᠎ᠡ ᠲᠠᠢ ᠪᠠᠷ ᠬᠤᠳᠠᠯᠳᠤᠨ ᠠᠪᠬᠤ ᠦᠶᠡᠯᠡᠯ ᠤᠨ ᠬᠤᠭᠤᠴᠠᠭ᠎ᠠ ᠶᠢ ᠨᠢᠭᠡ | ᠵᠢᠯ ᠪᠣᠯᠭᠠᠵᠤ᠂ ᠰᠣᠩᠭᠤᠭᠳᠠᠭᠰᠠᠨ ᠦᠷ᠎ᠡ ᠳ᠋ᠦᠩ ᠤᠨ ᠪᠣᠳᠠᠲᠠᠶ ᠬᠡᠷᠡᠭᠵᠢᠭᠦᠯᠬᠦ ᠡᠳᠦᠷ ᠢ ᠬᠤᠯᠪᠣᠭᠠᠲᠤ ᠭᠠᠵᠠᠷ | ᠣᠷᠣᠨ ᠠᠴᠠ ᠲᠣᠭᠲᠠᠭᠠᠨ᠎ᠠ᠃ | ᠵᠢᠷᠭᠤᠭ᠎ᠠ᠂ ᠬᠤᠳᠠᠯᠳᠤᠨ ᠠᠪᠬᠤ ᠠᠷᠭ᠎ᠠ ᠮᠠᠶ᠋ᠢᠭ ᠬᠢᠭᠡᠳ ᠬᠤᠳᠠᠯᠳᠤᠨ ᠠᠪᠬᠤ ᠱᠠᠭᠠᠷᠳᠠᠯᠭ᠎ᠠ | ︵ᠨᠢᠭᠡ︶ ᠭᠤᠣᠯᠴᠢ ᠥᠷᠢᠰᠥᠯᠳᠦᠭᠡᠨ ᠤ ᠬᠢᠨᠠᠨ ᠪᠠᠶᠢᠴᠠᠭᠠᠯᠲᠠ ᠪᠠᠷ ᠳᠠᠮᠵᠢᠭᠠᠳ᠂ ᠲᠣᠰ ᠤᠳᠠᠭᠠᠨ ᠤ | ᠬᠢᠮᠡᠯ ᠲᠠᠯᠠᠰᠲᠤ ᠶᠢᠨ ᠲᠥᠷᠥᠯ ᠤᠨ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ | ᠬᠡᠮᠵᠢᠶ᠎ᠡ ᠲᠠᠢ ᠪᠠᠷ ᠬᠤᠳᠠᠯᠳᠤᠨ ᠠᠪᠬᠤ ᠠᠷᠭ᠎ᠠ ᠬᠡᠯᠪᠡᠷᠢ ᠪᠣᠯ ᠬᠡᠮᠵᠢᠶ᠎ᠡ ᠲᠠᠢ ᠪᠠᠷ ᠬᠤᠯᠪᠣᠭᠠᠯᠠᠨ ᠬᠥᠳᠡᠯᠦᠯᠴᠡᠵᠦ᠂ | ᠬᠤᠶᠠᠷ ᠲᠠᠯ᠎ᠠ ᠪᠠᠷ ᠢᠶᠠᠨ ᠰᠣᠩᠭᠤᠨ᠎ᠠ᠃ ᠲᠤᠬᠠᠶᠢᠯᠠᠪᠠᠯ ᠬᠤᠳᠠᠯᠳᠤᠨ ᠠᠪᠬᠤ ᠭᠤᠣᠯ ᠴᠣᠭᠴᠠ ᠶᠢᠨ ᠬᠡᠷᠡᠭᠯᠡᠬᠦ | ᠬᠡᠷᠡᠭᠴᠡᠭᠡ ᠶᠢ ᠦᠨᠳᠦᠰᠦᠯᠡᠵᠦ᠂ ᠵᠠᠬ᠎ᠠ ᠳᠡᠯᠭᠡᠭᠦᠷ ᠤᠨ ᠶᠡᠷᠦᠩᠬᠡᠶ ᠦᠨ᠎ᠡ ᠬᠠᠩᠰᠢ ᠶᠢᠨ ᠲᠦᠪᠰᠢᠨ ᠢᠶᠠᠷ ᠯᠠᠪᠯᠠᠯᠲᠠ | ᠪᠣᠯᠭᠠᠵᠤ᠂ ᠶᠡᠷᠦᠩᠬᠡᠶ ᠶᠠᠰᠤ ᠴᠢᠨᠠᠷ ᠵᠡᠷᠭᠡ ᠬᠦᠴᠦᠨ ᠵᠦᠢᠯ ᠢᠶᠠᠷ ᠪᠥᠬᠦ ᠤᠯᠤᠰ ᠤᠨ ᠡᠯ᠎ᠡ ᠮᠤᠵᠢ ︵ᠣᠷᠣᠨ᠂ | ᠬᠤᠲᠠ︶ ᠶᠢᠨ ᠬᠡᠮᠵᠢᠶ᠎ᠡ ᠲᠠᠢ ᠪᠠᠷ ᠬᠤᠳᠠᠯᠳᠤᠨ ᠠᠪᠬᠤ ᠦᠨ᠎ᠡ ᠬᠠᠩᠰᠢ ᠲᠠᠢ ᠬᠤᠯᠪᠣᠭᠠᠯᠠᠨ ᠬᠥᠳᠡᠯᠦᠯᠴᠡᠵᠦ᠂ | ᠭᠤᠶᠤᠴᠢᠯᠠᠨ ᠮᠡᠳᠡᠭᠦᠯᠬᠦ ᠦᠨ᠎ᠡ ᠬᠠᠩᠰᠢ ᠨᠢ ᠬᠤᠳᠠᠯᠳᠤᠨ ᠠᠪᠬᠤ ᠨᠢᠭᠡᠴᠡ ᠶᠢᠨ ᠪᠤᠰᠤᠳ ᠮᠡᠳᠡᠭᠦᠯᠦᠭᠰᠡᠨ | ᠦᠢᠯᠡᠳᠭᠦᠨ ᠠᠴᠠ ᠢᠯᠡᠳᠲᠡ ᠥᠨᠳᠥᠷ ᠪᠠᠶᠢᠪᠠᠯ ᠦᠨ᠎ᠡ ᠬᠠᠩᠰᠢ ᠶᠢᠨ ᠬᠡᠯᠡᠯᠴᠡᠭᠡ ᠬᠢᠵᠦ᠂ ᠬᠤᠳᠠᠯᠳᠤᠨ ᠠᠪᠬᠤ | ᠨᠢᠭᠡᠴᠡ ᠶᠢᠨ ᠦᠢᠯᠡᠳᠭᠦᠨ ᠲᠠᠢ ᠬᠤᠭᠤᠷᠣᠨᠳᠣ ᠪᠠᠨ ᠵᠦᠶ ᠵᠣᠬᠢᠰᠲᠠᠶ ᠦᠨ᠎ᠡ ᠶᠢᠨ ᠵᠥᠷᠢᠶ᠎ᠡ ᠲᠠᠢ ᠪᠠᠶᠢᠬᠤ ᠶᠢ | ᠪᠠᠲᠤᠯᠠᠵᠤ᠂ ᠬᠤᠳᠠᠯᠳᠤᠨ ᠠᠪᠬᠤ ᠪᠠ ᠪᠣᠷᠣᠯᠠᠭᠤᠯᠬᠤ ᠬᠤᠶᠠᠷ ᠲᠠᠯ᠎ᠠ ᠪᠠᠷ ᠢᠶᠠᠨ ᠬᠠᠷᠢᠯᠴᠠᠨ ᠰᠣᠩᠭᠤᠬᠤ ᠪᠠᠷ | ᠳᠡᠮᠵᠢᠨ᠂ ᠰᠤᠩᠭᠤᠭᠳᠠᠭᠰᠠᠨ ᠦᠢᠯᠡᠳᠭᠦᠨ ᠢᠶᠠᠨ ᠲᠣᠭᠲᠠᠭᠠᠵᠤ᠂ ᠬᠡᠮᠵᠢᠶ᠎ᠡ ᠲᠠᠢ ᠪᠠᠷ ᠬᠤᠪᠢᠶᠠᠨ | ᠳᠠᠭᠠᠭᠠᠴᠢᠯᠠᠭᠤᠯᠵᠤ᠂ ᠬᠡᠮᠵᠢᠶ᠎ᠡ ᠲᠠᠢ ᠪᠠᠷ ᠬᠤᠯᠪᠣᠭᠠᠯᠠᠨ ᠬᠥᠳᠡᠯᠦᠯᠴᠡᠵᠦ ᠬᠤᠳᠠᠯᠳᠤᠨ ᠠᠪᠬᠤ ᠶᠢ ᠬᠡᠷᠡᠭᠵᠢᠭᠦᠯᠦᠨ᠎ᠡ᠃ | | ︵ᠬᠤᠶᠠᠷ︶ ᠬᠤᠳᠠᠯᠳᠤᠨ ᠠᠪᠬᠤ ᠦᠶᠡᠯᠡᠯ ᠤᠨ ᠬᠤᠭᠤᠴᠠᠭᠠᠨ ᠳᠤ᠂ ᠬᠤᠳᠠᠯᠳᠤᠨ ᠠᠪᠬᠤ ᠭᠤᠤᠯ | ᠴᠣᠭᠴᠠ ᠨᠢ ᠲᠣᠰ ᠤᠳᠠᠭᠠᠨ ᠤ ᠬᠢᠮᠡᠯ ᠲᠠᠯᠠᠰᠲᠤ ᠪᠡᠶ᠎ᠡ ᠶᠢᠨ ᠲᠥᠷᠥᠯ ᠤᠨ ᠡᠮᠴᠢᠯᠡᠭᠡᠨ ᠳᠤ ᠬᠡᠷᠡᠭᠯᠡᠬᠦ ᠬᠤᠷᠣᠭᠳᠠᠯ | ᠮᠠᠲ᠋ᠧᠷᠢᠶᠠᠯ ᠤᠨ ᠬᠡᠮᠵᠢᠶ᠎ᠡ ᠲᠠᠢ ᠬᠤᠯᠪᠣᠭᠠᠯᠠᠨ ᠬᠥᠳᠡᠯᠦᠯᠴᠡᠵᠦ ᠬᠤᠳᠠᠯᠳᠤᠨ ᠠᠪᠬᠤ ᠳᠤᠮᠳᠠ ᠰᠤᠩᠭᠤᠭᠳᠠᠭᠰᠠᠨ | ᠦᠢᠯᠡᠳᠭᠦᠨ ᠢ ᠤᠷᠢᠳᠠᠪᠠᠷ ᠬᠡᠷᠡᠭᠯᠡᠬᠦ ᠶᠢᠨ ᠬᠠᠮᠲᠤ᠂ ᠵᠥᠪᠳᠡᠯᠴᠡᠬᠡᠷ ᠢᠶᠠᠷ ᠬᠤᠳᠠᠯᠳᠤᠨ ᠠᠪᠬᠤ ᠬᠡᠮᠵᠢᠶ᠎ᠡ ᠶᠢ | ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃ ᠡᠭᠦᠨ ᠤ ᠰᠠᠭᠤᠷᠢᠨ ᠳᠡᠭᠡᠷ᠎ᠡ᠂ ᠬᠤᠳᠠᠯᠳᠤᠨ ᠠᠪᠬᠤ ᠭᠤᠤᠯ ᠴᠣᠭᠴᠠ ᠨᠢ | ᠪᠠᠶᠢᠭ᠎ᠠ ᠮᠤᠵᠢ ᠣᠷᠣᠨ ᠤ ᠪᠠᠨ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ | ᠠᠪᠬᠤ ᠬᠠᠮᠢᠶᠠᠷᠤᠯᠲᠠ ᠶᠢᠨ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ᠂ ᠪᠤᠰᠤᠳ ᠦᠨ᠎ᠡ ᠬᠠᠩᠰᠢ ᠨᠢ | ᠲᠣᠬᠢᠷᠠᠮᠵᠢᠲᠠᠶ ᠬᠢᠮᠡᠯ ᠲᠠᠯᠠᠰᠲᠤ ᠲᠥᠷᠥᠯ ᠤᠨ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ | ᠦᠢᠯᠡᠳᠭᠦᠨ ᠢ ᠵᠣᠬᠢᠬᠤ ᠬᠡᠮᠵᠢᠶ᠎ᠡ ᠪᠠᠷ ᠬᠤᠳᠠᠯᠳᠤᠨ ᠠᠪᠴᠤ ᠪᠣᠯᠤᠨ᠎ᠠ᠃ | ︵ᠭᠤᠷᠪᠠ︶ ᠬᠤᠳᠠᠯᠳᠤᠨ ᠠᠪᠬᠤ ᠦᠶᠡᠯᠡᠯ ᠤᠨ ᠬᠤᠭᠤᠴᠠᠭᠠᠨ ᠳᠤ᠂ ᠬᠤᠳᠠᠯᠳᠤᠨ ᠠᠪᠬᠤ ᠭᠤᠤᠯ | ᠴᠣᠭᠴᠠ ᠨᠢ ᠵᠥᠪᠳᠡᠯᠴᠡᠬᠡᠷ ᠢᠶᠠᠷ ᠬᠤᠳᠠᠯᠳᠤᠨ ᠠᠪᠬᠤ ᠬᠡᠮᠵᠢᠶ᠎ᠡ ᠶᠢ ᠪᠡᠶᠡᠯᠡᠭᠦᠯᠵᠦ᠂ ᠵᠥᠪᠳᠡᠯᠴᠡᠬᠡᠷ ᠢᠶᠠᠷ | ᠬᠤᠳᠠᠯᠳᠤᠨ ᠠᠪᠬᠤ ᠬᠡᠮᠵᠢᠶ᠎ᠡ ᠠᠴᠠ ᠬᠡᠲᠦᠷᠡᠭᠰᠡᠨ ᠬᠡᠰᠡᠭ ᠲᠤ᠂ ᠰᠣᠩᠭᠤᠭᠳᠠᠬᠤ ᠠᠵᠤ ᠠᠬᠤᠶᠢᠯᠠᠯ ᠨᠢ ᠮᠥᠨ ᠬᠦ | ᠰᠣᠩᠭᠤᠭᠳᠠᠬᠤ ᠦᠨ᠎ᠡ ᠪᠠᠷ ᠬᠠᠩᠭᠠᠬᠤ ᠬᠡᠷᠡᠭᠲᠡᠶ᠂ ᠬᠤᠳᠠᠯᠳᠤᠨ ᠠᠪᠬᠤ ᠦᠶᠡᠯᠡᠯ ᠤᠨ ᠬᠤᠭᠤᠴᠠᠭ᠎ᠠ ᠳᠦᠭᠦᠷᠲᠡᠯ᠎ᠡ | ᠬᠠᠩᠭᠠᠬᠤ ᠬᠡᠷᠡᠭᠲᠡᠶ᠃ | ︵ᠳᠥᠷᠪᠡ︶ ᠬᠤᠳᠠᠯᠳᠤᠨ ᠠᠪᠬᠤ ᠦᠶᠡᠯᠡᠯ ᠤᠨ ᠬᠤᠭᠤᠴᠠᠭᠠᠨ ᠳᠤ᠂ ᠬᠡᠷᠪᠡ ᠪᠤᠰᠤᠳ ᠭᠠᠵᠠᠷ ᠣᠷᠣᠨ ᠤ | ᠬᠡᠮᠵᠢᠶ᠎ᠡ ᠲᠠᠢ ᠪᠠᠷ ᠬᠤᠳᠠᠯᠳᠤᠨ ᠠᠪᠬᠤ ᠳᠤ ᠰᠤᠩᠭᠤᠭᠳᠠᠭᠰᠠᠨ ᠦᠨ᠎ᠡ ᠬᠠᠩᠰᠢ ᠨᠢ ᠲᠣᠰ ᠤᠳᠠᠭᠠᠨ ᠤ | ᠬᠡᠮᠵᠢᠶ᠎ᠡ ᠲᠠᠢ ᠪᠠᠷ ᠬᠠᠮᠲᠤᠷᠠᠨ ᠬᠥᠳᠡᠯᠦᠯᠴᠡᠵᠦ ᠬᠤᠳᠠᠯᠳᠤᠨ ᠠᠪᠬᠤ ᠰᠤᠩᠭᠤᠭᠳᠠᠭᠰᠠᠨ ᠦᠨ᠎ᠡ ᠠᠴᠠ ᠳᠣᠤᠷ᠎ᠠ | ᠪᠠᠶᠢᠪᠠᠯ᠂ ᠦᠨ᠎ᠡ ᠬᠠᠩᠰᠢ ᠶᠢᠨ ᠬᠠᠮᠲᠤᠷᠠᠨ ᠬᠥᠳᠡᠯᠦᠯᠴᠡᠬᠦ ᠶᠢ ᠬᠡᠷᠡᠭᠵᠢᠭᠦᠯᠦᠨ᠎ᠡ᠃ | ᠳᠣᠯᠤᠭ᠎ᠠ᠂ ᠠᠵᠤ ᠠᠬᠤᠶᠢᠯᠠᠯ ᠤᠨ ᠮᠡᠳᠡᠭᠦᠯᠬᠦ ᠱᠠᠭᠠᠷᠳᠠᠯᠭ᠎ᠠ | ᠲᠣᠰ ᠤᠳᠠᠭᠠᠨ ᠤ ᠬᠡᠮᠵᠢᠶ᠎ᠡ ᠲᠠᠢ ᠪᠠᠷ ᠬᠤᠯᠪᠣᠭᠠᠯᠠᠨ ᠬᠥᠳᠡᠯᠦᠯᠴᠡᠵᠦ ᠬᠤᠳᠠᠯᠳᠤᠨ ᠠᠪᠬᠤ ᠬᠡᠪᠴᠢᠶᠡᠨ ᠳᠠᠬᠢ | ᠦᠢᠯᠡᠳᠭᠦᠨ ᠤ ᠬᠠᠤᠯᠢ ᠶᠣᠰᠣᠨ ᠤ ᠬᠢᠷᠢ ᠬᠡᠮ ᠢ ᠣᠯᠤᠭᠰᠠᠨ ᠡᠮᠴᠢᠯᠡᠭᠡᠨ ᠤ ᠪᠠᠭᠠᠵᠢ ᠬᠡᠷᠡᠭᠰᠡᠯ ᠤᠨ | ᠳᠠᠩᠰᠠᠯᠠᠭᠤᠯᠤᠭᠴᠢ ︵ᠣᠷᠣᠯᠠᠭᠴᠢ︶ ᠨᠢ ᠳᠣᠤᠷᠠᠬᠢ ᠱᠠᠭᠠᠷᠳᠠᠯᠭ᠎ᠠ ᠶᠢ ᠬᠠᠩᠭᠠᠭᠰᠠᠨ ᠪᠠᠶᠢᠪᠠᠯ᠂ ᠴᠥᠮ | ᠭᠤᠶᠤᠴᠢᠯᠠᠨ ᠮᠡᠳᠡᠭᠦᠯᠦᠭᠰᠡᠨ ᠠᠵᠤ ᠠᠬᠤᠶᠢᠯᠠᠯ ᠤᠨ ᠬᠤᠪᠢ ᠪᠠᠷ ᠣᠷᠣᠯᠴᠠᠵᠤ ᠪᠣᠯᠤᠨ᠎ᠠ᠃ ᠡᠭᠦᠨ ᠳᠤ᠂ ᠬᠢᠯᠢ ᠶᠢᠨ | ᠭᠠᠳᠠᠨᠠᠬᠢ ᠡᠮᠴᠢᠯᠡᠭᠡᠨ ᠤ ᠪᠠᠭᠠᠵᠢ ᠬᠡᠷᠡᠭᠰᠡᠯ ᠤᠨ ᠳᠠᠩᠰᠠᠯᠠᠭᠤᠯᠤᠭᠴᠢ ︵ᠣᠷᠣᠯᠠᠭᠴᠢ︶ ᠨᠢ ᠮᠠᠨ ᠤ ᠤᠯᠤᠰ ᠤᠨ | ᠬᠢᠯᠢ ᠶᠢᠨ ᠳᠣᠲᠣᠷᠠᠬᠢ ᠠᠵᠤ ᠠᠬᠤᠶᠢᠯᠠᠯ ᠤᠨ ᠬᠠᠤᠯᠢ ᠶᠢᠨ ᠬᠥᠮᠦᠨ ᠢ ᠵᠢᠭᠠᠨ ᠲᠣᠭᠲᠠᠭᠠᠵᠤ ᠲᠡᠭᠦᠨ ᠲᠠᠢ | ᠬᠠᠮᠵᠢᠯᠴᠠᠨ ᠵᠣᠬᠢᠴᠠᠩᠭᠤᠶ ᠬᠠᠤᠯᠢ ᠴᠠᠭᠠᠵᠠ ᠶᠢᠨ ᠡᠭᠦᠷᠭᠡ ᠶᠢ ᠨᠢ ᠭᠦᠢᠢᠴᠡᠳᠭᠡᠬᠦ ᠬᠡᠷᠡᠭᠲᠡᠶ᠃ | ︵ᠨᠢᠭᠡ︶ ᠠᠵᠤ ᠠᠬᠤᠶᠢᠯᠠᠯ ᠳᠤ ᠮᠡᠳᠡᠭᠦᠯᠬᠦ ᠦᠢᠯᠡᠳᠬᠦᠨ ᠨᠢ ᠤᠯᠤᠰ ᠤᠨ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠨ ᠶᠠᠰᠤ ᠴᠢᠨᠠᠷ ᠤᠨ ᠪᠠᠷᠢᠮᠵᠢᠶ᠎ᠠ ᠶᠢᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠶ ᠪᠥᠭᠡᠳ | ᠤᠯᠤᠰ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠱᠠᠭᠠᠷᠳᠠᠯᠭ᠎ᠠ ᠶᠣᠰᠣᠭᠠᠷ ᠵᠣᠬᠢᠶᠠᠨ ᠪᠠᠶᠢᠭᠤᠯᠵᠤ | ᠦᠢᠯᠡᠳᠪᠦᠷᠢᠯᠡᠬᠦ ᠬᠡᠷᠡᠭᠲᠡᠶ᠃ | ︵ᠬᠤᠶᠠᠷ︶ ᠭᠤᠶᠤᠴᠢᠯᠠᠨ ᠮᠡᠳᠡᠭᠦᠯᠦᠭᠰᠡᠨ ᠠᠵᠤ ᠠᠬᠤᠶᠢᠯᠠᠯ ᠨᠢ ᠡᠷᠬᠡᠪᠰᠢ ᠰᠤᠩᠭᠤᠭᠳᠠᠭᠰᠠᠨ | ᠦᠢᠯᠡᠳᠭᠦᠨ ᠤ ᠳᠠᠩᠰᠠᠯᠠᠭᠤᠯᠤᠭᠰᠠᠨ ᠦᠨᠡᠮᠯᠡᠯ ᠤᠨ ᠳᠣᠲᠣᠷᠠᠬᠢ ᠪᠣᠶ ᠪᠥᠬᠦᠶ ᠬᠡᠪ ᠪᠠᠷᠢᠮᠵᠢᠶ᠎ᠠ ᠬᠡᠯᠪᠡᠷᠢ ᠮᠠᠶ᠋ᠢᠭ ᠢ | ᠬᠤᠳᠠᠯᠳᠤᠨ ᠠᠪᠬᠤ ᠦᠶᠡᠯᠡᠯ ᠤᠨ ᠬᠤᠭᠤᠴᠠᠭᠠᠨ ᠳᠤ ᠬᠤᠯᠪᠣᠭᠠᠯᠠᠭᠰᠠᠨ ᠭᠠᠵᠠᠷ ᠣᠷᠣᠨ ᠤ ᠬᠤᠳᠠᠯᠳᠤᠨ ᠠᠪᠬᠤ | ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ᠬᠡᠮᠵᠢᠶ᠎ᠡ ᠲᠠᠢ ᠪᠠᠷ ᠬᠤᠯᠪᠣᠭᠠᠯᠠᠨ ᠬᠤᠳᠠᠯᠳᠤᠨ ᠠᠪᠬᠤ ᠶᠢᠨ ᠡᠮᠦᠨ᠎ᠡ | ᠬᠤᠶᠢᠨᠠᠬᠢ ᠳᠠᠭᠠᠯᠲᠠ ᠦᠢᠯᠡᠴᠢᠯᠡᠭᠡᠨ ᠤ ᠬᠠᠩᠭᠠᠯᠭ᠎ᠠ ᠶᠢᠨ ᠦᠷᠭᠦᠯᠵᠢᠯᠡᠬᠦ ᠴᠢᠨᠠᠷ ᠢ ᠪᠠᠲᠤᠯᠠᠵᠤ᠂ ᠦᠢᠯᠡᠴᠢᠯᠡᠭᠡᠨ ᠤ | ᠠᠭᠤᠯᠭ᠎ᠠ ᠵᠢᠴᠢ ᠵᠠᠷᠤᠳᠠᠯ ᠤᠨ ᠪᠠᠷᠢᠮᠵᠢᠶ᠎ᠠ ᠶᠢ ᠬᠤᠪᠢᠷᠠᠭᠤᠯᠬᠤ ᠥᠬᠡᠶ ᠪᠠᠶᠢᠬᠤ ᠶᠢ ᠪᠠᠲᠤᠯᠠᠨ᠂ ᠬᠠᠮᠢᠶ᠎ᠠ ᠪᠥᠬᠦᠶ | ᠢᠲᠡᠭᠡᠮᠵᠢ ᠶᠢᠨ ᠠᠮᠠᠯᠠᠯᠲᠠ ᠶᠢ ᠵᠥᠪᠰᠢᠶᠡᠷᠡᠬᠦ ᠳᠤ ᠠᠵᠢᠯ ᠤᠨ ᠬᠡᠷᠡᠭᠴᠡᠭᠡ ᠪᠠᠨ ᠦᠨᠳᠦᠰᠦᠯᠡᠨ ᠢᠯᠡ ᠪᠣᠯᠭᠠᠵᠤ | ᠪᠣᠯᠤᠨ᠎ᠠ᠃ | ︵ᠭᠤᠷᠪᠠ︶ ᠠᠵᠤ ᠠᠬᠤᠶᠢᠯᠠᠯ ᠠᠴᠠ ᠮᠡᠳᠡᠭᠦᠯᠬᠦ ᠳᠡᠭᠡᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠲᠤᠰᠬᠠᠶ ᠠᠰᠢᠭ ᠤᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠦᠶ | ᠪᠤᠰᠤ ᠥᠷᠢᠰᠥᠯᠳᠦᠭᠡᠨ ᠢ ᠡᠰᠡᠷᠭᠦᠴᠡᠬᠦ ᠬᠠᠤᠯᠢ︾ ᠵᠡᠷᠭᠡ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ | ᠵᠢᠷᠤᠮᠯᠠᠬᠤ ᠬᠡᠷᠡᠭᠲᠡᠶ᠃ | ︵ᠳᠥᠷᠪᠡ︶ ᠮᠡᠳᠡᠭᠦᠯᠦᠭᠰᠡᠨ ᠠᠵᠤ ᠠᠬᠤᠶᠢᠯᠠᠯ ᠢ ᠣᠳᠣᠬᠠᠨ ᠤ ︽ᠪᠥᠬᠦ ᠤᠯᠤᠰ ᠤᠨ ᠡᠮ ᠡᠮᠨᠡᠯᠭᠡ ᠶᠢᠨ | ᠦᠨ᠎ᠡ ᠬᠠᠩᠰᠢ ᠪᠠ ᠢᠲᠡᠭᠡᠯ ᠠᠯᠳᠠᠭᠰᠠᠨ ᠠᠵᠤ ᠠᠬᠤᠶᠢᠯᠠᠯ ᠢ ᠡᠯᠰᠡᠨ ᠴᠤᠭᠯᠠᠭᠤᠯᠬᠤ ᠲᠦᠭᠰᠢᠭᠦᠷᠢ ᠶᠢᠨ | ᠰᠡᠷᠡᠮᠵᠢ ᠶᠢᠨ ᠨᠡᠷᠡᠰ︾ ᠳᠤ ᠵᠢᠭᠰᠠᠭᠠᠨ ᠣᠷᠣᠭᠤᠯᠤᠭᠰᠠᠨ ᠥᠬᠡᠶ᠃ | ︵ᠲᠠᠪᠤ︶ ᠠᠳᠠᠯᠢ ᠨᠢᠭᠡᠨ ᠡᠮᠴᠢᠯᠡᠭᠡᠨ ᠤ ᠪᠠᠭᠠᠵᠢ ᠬᠡᠷᠡᠭᠰᠡᠯ ᠤᠨ ᠳᠠᠩᠰᠠᠯᠠᠭᠤᠯᠤᠭᠰᠠᠨ ᠦᠨᠡᠮᠯᠡᠯ ᠤᠨ | ᠦᠢᠯᠡᠳᠭᠦᠨ ᠢ ᠠᠳᠠᠯᠢ ᠪᠤᠰᠤ ᠠᠵᠤ ᠠᠬᠤᠶᠢᠯᠠᠯ ᠳᠤ ᠨᠠᠶᠢᠳᠠᠨ ᠮᠡᠳᠡᠭᠦᠯᠵᠦ ᠪᠣᠯᠬᠤ ᠥᠬᠡᠶ᠃ | ︵ᠵᠢᠷᠭᠤᠭ᠎ᠠ︶ ᠮᠡᠳᠡᠭᠦᠯᠦᠭᠰᠡᠨ ᠠᠵᠤ ᠠᠬᠤᠶᠢᠯᠠᠯ ᠡᠷᠬᠡᠪᠰᠢ ᠲᠣᠭᠲᠠᠭᠰᠠᠨ ᠴᠠᠭ ᠤᠨ ᠳᠣᠲᠣᠷ᠎ᠠ | ᠣᠷᠣᠯᠴᠠᠬᠤ ᠶᠢᠨ ᠬᠠᠮᠲᠤ᠂ ᠬᠠᠮᠢᠶ᠎ᠠ ᠪᠥᠬᠦᠶ ᠰᠢᠰᠲ᠋ᠧᠮ ᠤᠨ ᠠᠵᠢᠯᠯᠠᠭ᠎ᠠ ᠶᠢ ᠪᠡᠶᠡᠯᠡᠭᠦᠯᠬᠦ ᠬᠡᠷᠡᠭᠲᠡᠶ᠃ | ︵ᠳᠣᠯᠤᠭ᠎ᠠ︶ ᠲᠣᠰ ᠤᠳᠠᠭᠠᠨ ᠤ ᠬᠡᠮᠵᠢᠶ᠎ᠡ ᠲᠠᠢ ᠬᠤᠯᠪᠣᠭᠠᠯᠠᠨ ᠬᠤᠳᠠᠯᠳᠤᠨ ᠠᠪᠬᠤ ᠠᠵᠢᠯ ᠨᠢ ᠪᠡᠭᠡᠵᠢᠩ | ᠲᠢᠶᠠᠨᠵᠢᠨ ᠾᠧᠪᠸᠢ ᠶᠢᠨ ᠡᠮ ᠡᠮᠨᠡᠯᠭᠡ ᠶᠢᠨ ᠬᠠᠮᠲᠤᠷᠠᠨ ᠬᠤᠳᠠᠯᠳᠤᠨ ᠠᠪᠬᠤ ᠲᠠᠪᠴᠠᠩ ︵https://hc. | tjmpc.cn:17055︶ ᠲᠤ ᠲᠦᠰᠢᠭᠯᠡᠵᠦ᠂ ᠭᠤᠶᠤᠴᠢᠯᠠᠨ ᠮᠡᠳᠡᠭᠦᠯᠬᠦ ᠠᠵᠤ ᠠᠬᠤᠶᠢᠯᠠᠯ ᠨᠢ ᠡᠷᠬᠡᠪᠰᠢ http: | //help.bjca.org.cn/tjmpc_tj/index.html ᠮᠡᠳᠡᠭᠳᠡᠯ ᠳᠤ ᠵᠢᠭᠰᠠᠭᠠᠭᠰᠠᠨ ᠱᠠᠭᠠᠷᠳᠠᠯᠭ᠎ᠠ | ᠶᠣᠰᠣᠭᠠᠷ ᠪᠡᠭᠡᠵᠢᠩ ᠲᠢᠶᠠᠨᠵᠢᠨ ᠾᠧᠪᠸᠢ ᠶᠢᠨ ᠡᠮ ᠡᠮᠨᠡᠯᠭᠡ ᠶᠢᠨ ᠬᠠᠮᠲᠤᠷᠠᠨ ᠬᠤᠳᠠᠯᠳᠤᠨ ᠠᠪᠬᠤ ᠲᠣᠭᠠᠨ ᠤ | ᠦᠨᠡᠮᠯᠡᠯ ᠢ ᠠᠪᠬᠤ ᠬᠡᠷᠡᠭᠲᠡᠶ᠃ ᠨᠢᠭᠡᠨᠲᠡ ᠲᠣᠭᠠᠨ ᠤ ᠦᠨᠡᠮᠯᠡᠯ ᠠᠪᠤᠭᠰᠠᠨ ᠠᠵᠤ ᠠᠬᠤᠶᠢᠯᠠᠯ ᠳᠠᠪᠬᠤᠷᠳᠠᠭᠤᠯᠤᠨ | ᠠᠪᠬᠤ ᠴᠢᠬᠤᠯᠠ ᠦᠭᠡᠶ᠃ | ᠨᠠᠢᠮᠠ᠂ ᠠᠵᠢᠯ ᠤᠨ ᠶᠠᠪᠤᠴᠠ | ︵ᠨᠢᠭᠡ︶ ᠮᠡᠳᠡᠭᠦᠯᠦᠭᠰᠡᠨ ᠠᠵᠤ ᠠᠬᠤᠶᠢᠯᠠᠯ ᠤᠨ ᠦᠨ᠎ᠡ ᠬᠠᠩᠰᠢ ᠶᠢᠨ ᠲᠤᠭ᠎ᠠ ᠪᠠᠷᠢᠮᠲᠠ ᠶᠢ | ᠴᠤᠭᠯᠠᠭᠤᠯᠤᠨ᠎ᠠ᠃ ᠮᠡᠳᠡᠭᠦᠯᠦᠭᠰᠡᠨ ᠠᠵᠤ ᠠᠬᠤᠶᠢᠯᠠᠯ ᠨᠢ ᠪᠡᠭᠡᠵᠢᠩ ᠲᠢᠶᠠᠨᠵᠢᠨ ᠾᠧᠪᠸᠢ ᠶᠢᠨ ᠡᠮ ᠡᠮᠨᠡᠯᠭᠡ ᠶᠢᠨ | ᠬᠠᠮᠲᠤᠷᠠᠨ ᠬᠤᠳᠠᠯᠳᠤᠨ ᠠᠪᠬᠤ ᠲᠠᠪᠴᠠᠩ ︵https://hc.tjmpc.cn:17055︶ ᠳᠤ ᠣᠷᠣᠵᠤ᠂ ᠲᠣᠰ | ᠠᠵᠤ ᠠᠬᠤᠶᠢᠯᠠᠯ ᠤᠨ ᠬᠢᠮᠡᠯ ᠲᠠᠯᠠᠰᠲᠤ ᠶᠢᠨ ᠲᠥᠷᠥᠯ ᠤᠨ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ | ᠦᠢᠯᠡᠳᠭᠦᠨ ᠤ ᠮᠡᠳᠡᠭᠡ ᠵᠠᠩᠭᠢ ᠶᠢ ᠪᠠᠶᠢᠴᠠᠭᠠᠨ ᠦᠵᠡᠵᠦ᠂ ᠬᠤᠳᠠᠯᠳᠤᠨ ᠠᠪᠬᠤ ᠨᠢᠭᠡᠴᠡ ᠪᠠᠷ ᠨᠢ | ᠳᠠᠩᠰᠠᠯᠠᠭᠤᠯᠤᠭᠰᠠᠨ ᠦᠨᠡᠮᠯᠡᠯ ᠪᠠ ᠦᠢᠯᠡᠳᠭᠦᠨ ᠤ ᠬᠡᠯᠪᠡᠷᠢ ᠮᠠᠶ᠋ᠢᠭ ᠲᠠᠭᠯᠠᠨ ᠮᠡᠳᠡᠭᠦᠯᠦᠭᠰᠡᠨ ᠦᠢᠯᠡᠳᠭᠦᠨ ᠤ | ᠦᠨ᠎ᠡ ᠶᠢ ᠢᠯᠭᠠᠵᠤ᠂ ᠠᠷᠠᠳ ᠤᠨ ᠵᠣᠭᠤᠰ ᠢᠶᠠᠷ ᠲᠠᠭᠯᠠᠨ ᠮᠡᠳᠡᠭᠦᠯᠦᠨ᠎ᠡ᠂ ᠨᠢᠭᠡᠴᠡ ᠨᠢ ︽ᠲᠥᠭᠦᠷᠢᠭ︾ ᠪᠠᠶᠢᠵᠤ᠂ | ᠠᠷᠪᠠᠲᠤ ᠶᠢᠨ ᠪᠤᠲᠠᠷᠬᠠᠶ ᠶᠢᠨ ᠴᠢᠭ ᠤᠨ ᠠᠷᠤ ᠳᠤ 2 ᠣᠷᠣᠨ ᠬᠦᠷᠲᠡᠯ᠎ᠡ ᠦᠯᠡᠳᠡᠭᠡᠵᠦ᠂ ᠵᠢᠵᠢᠭᠯᠡᠨ ᠬᠤᠳᠠᠯᠳᠤᠬᠤ | ᠬᠠᠮᠤᠭ ᠤᠨ ᠵᠢᠵᠢᠭ ᠪᠣᠭᠤᠳᠠᠯ ︵ᠬᠡᠰᠡᠭ︶ ᠢᠶᠠᠷ ᠦᠨ᠎ᠡ ᠪᠤᠳᠤᠬᠤ ᠨᠢᠭᠡᠴᠢ ᠪᠣᠯᠭᠠᠨ᠎ᠠ᠃ ᠪᠥᠬᠦ ᠤᠯᠤᠰ ᠤᠨ | ᠬᠡᠪᠴᠢᠶᠡᠨ ᠳᠠᠬᠢ ᠡᠯ᠎ᠡ ᠬᠡᠮᠵᠢᠶ᠎ᠡ ᠲᠠᠢ ᠪᠠᠷ ᠬᠤᠳᠠᠯᠳᠤᠨ ᠠᠪᠬᠤ ᠲᠥᠷᠥᠯ ᠵᠦᠢᠯ ᠳᠤ ᠰᠤᠩᠭᠤᠭᠳᠠᠵᠤ ᠥᠩᠭᠡᠷᠡᠭᠰᠡᠨ | ᠮᠡᠳᠡᠭᠦᠯᠦᠭᠰᠡᠨ ᠦᠢᠯᠡᠳᠭᠦᠨ ︵ᠳᠣᠷᠣᠭᠰᠢ ᠰᠤᠩᠭᠤᠭᠳᠠᠵᠤ ᠥᠩᠭᠡᠷᠡᠭᠰᠡᠨ ᠦᠢᠯᠡᠳᠭᠦᠨ ᠭᠡᠵᠦ ᠲᠣᠪᠴᠢᠯᠠᠨ᠎ᠠ︶ ᠳᠤ | ᠂ ᠬᠠᠷᠠᠭᠠᠯᠵᠠᠭᠰᠠᠨ ᠰᠤᠩᠭᠤᠭᠳᠠᠭᠰᠠᠨ ᠦᠨ᠎ᠡ ᠬᠠᠩᠰᠢ ᠪᠠ ᠬᠠᠩᠭᠠᠬᠤ ᠪᠠᠷ ᠪᠠᠶᠢᠭ᠎ᠠ ᠦᠨ᠎ᠡ ᠬᠠᠩᠰᠢ ᠶᠢ ᠦᠨᠡᠨ | ᠮᠥᠨ ᠢᠶᠠᠷ ᠲᠠᠭᠯᠠᠨ ᠮᠡᠳᠡᠭᠦᠯᠵᠦ᠂ ᠬᠠᠩᠭᠠᠬᠤ ᠪᠠᠷ ᠪᠠᠶᠢᠭ᠎ᠠ ᠦᠨ᠎ᠡ ᠬᠠᠩᠰᠢ ᠶᠢ ᠵᠠᠷᠴᠢᠮ ᠳᠡᠭᠡᠷ᠎ᠡ ᠪᠠᠨ ᠲᠣᠰ | ᠦᠢᠯᠡᠳᠭᠦᠨ ᠤ ᠪᠥᠬᠦ ᠤᠯᠤᠰ ᠤᠨ ᠡᠯ᠎ᠡ ᠭᠠᠵᠠᠷ ᠣᠷᠣᠨ ᠳᠤ ᠬᠡᠮᠵᠢᠶ᠎ᠡ ᠲᠠᠢ ᠪᠠᠷ ᠬᠤᠳᠠᠯᠳᠤᠨ ᠠᠪᠬᠤ | ᠰᠤᠩᠭᠤᠭᠳᠠᠭᠰᠠᠨ ᠦᠨ᠎ᠡ ᠬᠠᠩᠰᠢ ᠶᠢᠨ ᠬᠠᠮᠤᠭ ᠤᠨ ᠳᠣᠤᠷ᠎ᠠ ᠦᠨ᠎ᠡ ᠠᠴᠠ ᠥᠨᠳᠥᠷ ᠪᠠᠶᠢᠯᠭᠠᠵᠤ ᠪᠣᠯᠬᠤ ᠥᠬᠡᠶ᠃ | ᠬᠠᠩᠭᠠᠬᠤ ᠪᠠᠷ ᠪᠠᠶᠢᠭ᠎ᠠ ᠦᠨ᠎ᠡ ᠬᠠᠩᠰᠢ ᠨᠢ ᠠᠳᠠᠯᠢ ᠬᠤᠳᠠᠯᠳᠤᠨ ᠠᠪᠬᠤ ᠨᠢᠭᠡᠴᠡ ᠶᠢᠨ ᠪᠤᠰᠤᠳ ᠮᠡᠳᠡᠭᠦᠯᠦᠭᠰᠡᠨ | ᠦᠢᠯᠡᠳᠭᠦᠨ ᠠᠴᠠ ᠢᠯᠡᠳᠲᠡ ᠥᠨᠳᠥᠷ ᠪᠠᠶᠢᠪᠠᠯ᠂ ︽ᠪᠡᠭᠡᠵᠢᠩ ᠲᠢᠶᠠᠨᠵᠢᠨ ᠾᠧᠪᠸᠢ ᠶᠢᠨ ᠬᠤᠳᠠᠯᠳᠤᠨ ᠠᠪᠬᠤ | ᠲᠥᠪ︾ ᠠᠴᠠ ᠲᠣᠭᠲᠠᠭᠠᠬᠤ ᠪᠥᠭᠡᠳ ᠬᠡᠯᠡᠯᠴᠡᠭᠡ ᠬᠢᠬᠦ ᠳᠤᠭᠤᠶᠢᠯᠠᠩ ᠢ ᠵᠣᠬᠢᠶᠠᠨ ᠪᠠᠶᠢᠭᠤᠯᠵᠤ ᠪᠠᠶᠢᠭᠠᠳ | ᠬᠤᠳᠠᠯᠳᠤᠨ ᠠᠪᠬᠤ ᠨᠢᠭᠡᠴᠡ ᠶᠢᠨ ᠦᠨ᠎ᠡ ᠬᠠᠩᠰᠢ ᠪᠠᠷ ᠯᠠᠪᠯᠠᠯᠲᠠ ᠪᠣᠯᠭᠠᠨ ᠮᠡᠳᠡᠭᠦᠯᠦᠭᠰᠡᠨ ᠠᠵᠤ ᠠᠬᠤᠶᠢᠯᠠᠯ ᠲᠠᠢ | ᠬᠡᠯᠡᠯᠴᠡᠭᠡ ᠬᠢᠨ᠎ᠠ᠂ ᠬᠡᠯᠡᠯᠴᠡᠭᠡᠷ ᠬᠢᠭᠡᠳ ᠠᠮᠵᠢᠯᠲᠠ ᠣᠯᠤᠭᠰᠠᠨ ᠪᠣᠯ ᠬᠠᠩᠭᠠᠬᠤ ᠪᠠᠷ ᠪᠠᠶᠢᠭ᠎ᠠ ᠦᠨ᠎ᠡ ᠬᠠᠩᠰᠢ ᠶᠢ | ᠲᠣᠭᠲᠠᠭᠠᠨ᠎ᠠ᠂ ᠬᠡᠯᠡᠯᠴᠡᠭᠡᠷ ᠬᠢᠭᠡᠳ ᠠᠮᠵᠢᠯᠲᠠ ᠣᠯᠤᠭᠰᠠᠨ ᠥᠬᠡᠶ ᠪᠣᠯ ᠰᠣᠩᠭᠤᠭᠳᠠᠭᠠ ᠥᠬᠡᠶ ᠦᠢᠯᠡᠳᠭᠦᠨ ᠢᠶᠠᠷ | ᠰᠢᠢᠳᠪᠦᠷᠢᠯᠡᠨ᠎ᠡ᠃ ᠪᠥᠬᠦ ᠤᠯᠤᠰ ᠤᠨ ᠬᠡᠪᠴᠢᠶᠡᠨ ᠳᠤ ᠡᠯ᠎ᠡ ᠬᠡᠮᠵᠢᠶ᠎ᠡ ᠲᠠᠢ ᠪᠠᠷ ᠬᠤᠳᠠᠯᠳᠤᠨ ᠠᠪᠬᠤ ᠲᠥᠷᠥᠯ | ᠵᠦᠢᠯ ᠳᠤ ᠴᠥᠮ ᠰᠤᠩᠭᠤᠭᠳᠠᠭᠰᠠᠨ ᠥᠬᠡᠶ ᠭᠤᠶᠤᠴᠢᠯᠠᠨ ᠮᠡᠳᠡᠭᠦᠯᠦᠭᠰᠡᠨ ᠦᠢᠯᠡᠳᠭᠦᠨ ︵ᠳᠣᠷᠣᠭᠰᠢ | ᠰᠤᠩᠭᠤᠭᠳᠠᠭᠰᠠᠨ ᠥᠬᠡᠶ ᠦᠢᠯᠡᠳᠭᠦᠨ ᠭᠡᠵᠦ ᠲᠣᠪᠴᠢᠯᠠᠨ᠎ᠠ︶ ᠳᠤ᠂ ᠬᠠᠩᠭᠠᠬᠤ ᠦᠨ᠎ᠡ ᠶᠢ ᠰᠢᠭᠤᠳ ᠲᠠᠭᠯᠠᠨ | ᠮᠡᠳᠡᠭᠦᠯᠵᠦ᠂ ᠵᠠᠷᠴᠢᠮ ᠳᠡᠭᠡᠷ᠎ᠡ ᠪᠠᠨ ᠠᠳᠠᠯᠢ ᠬᠤᠳᠠᠯᠳᠤᠨ ᠠᠪᠬᠤ ᠨᠢᠭᠡᠴᠡ ᠶᠢᠨ ᠰᠣᠩᠭᠤᠵᠤ ᠥᠩᠭᠡᠷᠡᠭᠰᠡᠨ | ᠦᠢᠯᠡᠳᠭᠦᠨ ᠤ ᠨᠤᠲᠠᠯᠠᠨ ᠲᠣᠭᠲᠠᠭᠠᠭᠰᠠᠨ ᠬᠠᠩᠭᠠᠬᠤ ᠦᠨ᠎ᠡ ᠶᠢᠨ ᠳᠤᠮᠳᠠᠴᠢ ᠦᠨ᠎ᠡ ᠠᠴᠠ ᠥᠨᠳᠥᠷ ᠪᠠᠶᠢᠯᠭᠠᠵᠤ | ᠪᠣᠯᠬᠤ ᠥᠬᠡᠶ ︵ᠨᠢᠭᠡᠴᠢ ᠨᠢ ︽ᠲᠥᠭᠦᠷᠢᠭ︾᠂ ᠳᠥᠷᠪᠡ ᠶᠢ ᠬᠠᠶᠠᠵᠤ ᠲᠠᠪᠤ ᠶᠢ ᠳᠡᠪᠰᠢᠭᠦᠯᠬᠦ ᠠᠷᠪᠠᠲᠤ ᠶᠢᠨ | ᠪᠤᠲᠠᠷᠬᠠᠶ ᠶᠢᠨ ᠴᠢᠭ ᠤᠨ ᠠᠷᠤ ᠳᠤ 2 ᠣᠷᠣᠨ ᠬᠦᠷᠲᠡᠯ᠎ᠡ ᠦᠯᠡᠳᠡᠭᠡᠨ᠎ᠡ︶᠃ ᠠᠵᠤ ᠠᠬᠤᠶᠢᠯᠠᠯ ᠲᠠᠢ ᠠᠳᠠᠯᠢᠬᠠᠨ | ᠴᠢᠳᠠᠮᠵᠢ ᠶᠢᠨ ᠰᠢᠨᠵᠢ ᠴᠢᠨᠠᠷ ᠲᠠᠢ ᠦᠢᠯᠡᠳᠬᠦᠨ ᠤ ᠦᠨ᠎ᠡ ᠶᠢ ᠮᠡᠳᠡᠭᠦᠯᠬᠦ ᠳᠡᠭᠡᠨ ᠵᠣᠬᠢᠰᠲᠠᠶ ᠦᠨ᠎ᠡ ᠶᠢᠨ | ᠵᠥᠷᠢᠶ᠎ᠡ ᠶᠢ ᠪᠠᠲᠤᠯᠠᠬᠤ ᠬᠡᠷᠡᠭᠲᠡᠶ᠃ | ᠦᠢᠯᠡᠳᠭᠦᠨ ᠬᠤᠳᠠᠯᠳᠤᠨ ᠠᠪᠬᠤ ᠪᠠᠷ ᠮᠡᠳᠡᠭᠦᠯᠬᠦ ᠨᠢᠭᠡᠴᠡ ᠶᠢᠨ ᠢᠯᠡ ᠨᠡᠶᠢᠲᠡᠯᠡᠬᠦ ᠴᠠᠭ᠄ 2021 | ᠣᠨ ᠤ 11 ᠳ᠋ᠤᠭᠡᠷ ᠰᠠᠷ᠎ᠠ ᠶᠢᠨ 25 ᠤ ᠡᠳᠦᠷ ᠤᠨ 10 ᠴᠠᠭ ᠠᠴᠠ 11 ᠳ᠋ᠤᠭᠡᠷ ᠰᠠᠷ᠎ᠠ ᠶᠢᠨ 27 ᠤ | ᠡᠳᠦᠷ ᠤᠨ 17 ᠴᠠᠭ ᠪᠣᠯᠲᠠᠯ᠎ᠠ᠃ | ᠤᠤᠯ ᠨᠢ ᠰᠣᠩᠭᠤᠵᠤ ᠭᠠᠷᠭᠠᠭᠰᠠᠨ ᠦᠢᠯᠡᠳᠬᠦᠨ ᠤ ᠦᠨ᠎ᠡ ᠮᠡᠳᠡᠭᠦᠯᠬᠦ ᠴᠠᠭ᠄ 2021 ᠣᠨ ᠤ 11 | ᠳ᠋ᠤᠭᠡᠷ ᠰᠠᠷ᠎ᠠ ᠶᠢᠨ 29 ᠤ ᠡᠳᠦᠷ ᠤᠨ 10 ᠴᠠᠭ ᠠᠴᠠ 12 ᠳ᠋ᠤᠭᠠᠷ ᠰᠠᠷ᠎ᠠ ᠶᠢᠨ 1 ᠤ ᠡᠳᠦᠷ ᠤᠨ 12 ᠴᠠᠭ | ᠪᠣᠯᠲᠠᠯ᠎ᠠ᠃ | ᠥᠩᠭᠡᠷᠡᠭᠰᠡᠨ ᠳᠤ ᠰᠣᠩᠭᠤᠭᠳᠠᠭᠰᠠᠨ ᠦᠢᠯᠡᠳᠭᠦᠨ ᠤ ᠬᠠᠮᠤᠭ ᠤᠨ ᠳᠣᠤᠷ᠎ᠠ ᠰᠣᠩᠭᠤᠭᠳᠠᠭᠰᠠᠨ ᠦᠨ᠎ᠡ | ᠬᠠᠩᠰᠢ ᠶᠢ ᠵᠠᠷᠯᠠᠨ ᠨᠡᠶᠢᠲᠡᠯᠡᠬᠦ ᠴᠠᠭ᠄ 2021 ᠣᠨ ᠤ 12 ᠳ᠋ᠤᠭᠠᠷ ᠰᠠᠷ᠎ᠠ ᠶᠢᠨ 1 ᠤ ᠡᠳᠦᠷ ᠤᠨ 14 | ᠴᠠᠭ ᠠᠴᠠ 12 ᠳ᠋ᠤᠭᠠᠷ ᠰᠠᠷ᠎ᠠ ᠶᠢᠨ 3 ᠤ ᠡᠳᠦᠷ ᠤᠨ 17 ᠴᠠᠭ ᠪᠣᠯᠲᠠᠯ᠎ᠠ᠃ | ᠲᠤᠰᠬᠠᠶ ᠮᠡᠷᠭᠡᠵᠢᠯᠲᠡᠨ ᠤ ᠬᠡᠯᠡᠯᠴᠡᠭᠡ ᠬᠢᠬᠦ ᠴᠠᠭ᠄ 2021 ᠣᠨ ᠤ 12 ᠳ᠋ᠤᠭᠠᠷ ᠰᠠᠷ᠎ᠠ ᠶᠢᠨ 8 ᠤ ᠡᠳᠦᠷ᠃ | | ᠥᠩᠭᠡᠷᠡᠭᠰᠡᠨ ᠳᠤ ᠰᠣᠩᠭᠤᠭᠳᠠᠭᠰᠠᠨ ᠦᠢᠯᠡᠳᠭᠦᠨ ᠤ ᠬᠠᠩᠭᠠᠬᠤ ᠦᠨ᠎ᠡ ᠶᠢ ᠵᠠᠷᠯᠠᠨ ᠨᠡᠶᠢᠲᠡᠯᠡᠬᠦ ᠴᠠᠭ᠄ | 2021 ᠣᠨ ᠤ 12 ᠳ᠋ᠤᠭᠠᠷ ᠰᠠᠷ᠎ᠠ ᠶᠢᠨ 8 ᠤ ᠡᠳᠦᠷ ᠤᠨ 17 ᠴᠠᠭ ᠠᠴᠠ 2021 ᠣᠨ ᠤ 12 ᠳ᠋ᠤᠭᠠᠷ | ᠰᠠᠷ᠎ᠠ ᠶᠢᠨ 10 ᠤ ᠡᠳᠦᠷ ᠤᠨ 12 ᠴᠠᠭ ᠪᠣᠯᠲᠠᠯ᠎ᠠ᠃ | ᠰᠣᠩᠭᠤᠭᠳᠠᠭᠰᠠᠨ ᠥᠬᠡᠶ ᠦᠢᠯᠡᠳᠭᠦᠨ ᠤ ᠦᠨ᠎ᠡ ᠮᠡᠳᠡᠭᠦᠯᠬᠦ ᠴᠠᠭ᠄ 2021 ᠣᠨ ᠤ 12 ᠳ᠋ᠤᠭᠠᠷ | ᠰᠠᠷ᠎ᠠ ᠶᠢᠨ 10 ᠤ ᠡᠳᠦᠷ ᠤᠨ 12 ᠴᠠᠭ ᠠᠴᠠ 12 ᠳ᠋ᠤᠭᠠᠷ ᠰᠠᠷ᠎ᠠ ᠶᠢᠨ 13 ᠤ ᠡᠳᠦᠷ ᠤᠨ 12 ᠴᠠᠭ ᠪᠣᠯᠲᠠᠯ᠎ᠠ᠃ | | ︵ᠬᠤᠶᠠᠷ︶ ᠬᠤᠳᠠᠯᠳᠤᠨ ᠠᠪᠬᠤ ᠭᠤᠤᠯ ᠴᠣᠭᠴᠠ ᠶᠢᠨ ᠲᠡᠤᠬᠡ ᠶᠢᠨ ᠬᠤᠳᠠᠯᠳᠤᠨ ᠠᠪᠬᠤ ᠲᠤᠭ᠎ᠠ | ᠪᠠᠷᠢᠮᠲᠠ ᠪᠠ ᠰᠠᠨᠠᠮᠵᠢ ᠶᠢᠨ ᠬᠤᠳᠠᠯᠳᠤᠨ ᠠᠪᠬᠤ ᠬᠡᠮᠵᠢᠶ᠎ᠡ ᠶᠢ ᠴᠤᠭᠯᠠᠭᠤᠯᠤᠨ᠎ᠠ᠃ ᠬᠤᠯᠪᠣᠭᠠᠲᠤ ᠭᠠᠵᠠᠷ | ᠣᠷᠣᠨ ᠤ ᠬᠢᠨ ᠬᠠᠷᠢᠶ᠎ᠠ ᠣᠷᠣᠨ ᠤ ᠪᠠᠨ ᠡᠮᠴᠢᠯᠡᠭᠡᠨ ᠤ ᠪᠠᠶᠢᠭᠤᠯᠤᠮᠵᠢ ᠶᠢᠨ 2021 ᠣᠨ ᠤ 1 ᠳ᠋ᠤᠭᠡᠷ | ᠰᠠᠷ᠎ᠠ ᠠᠴᠠ 10 ᠳ᠋ᠤᠭᠠᠷ ᠰᠠᠷ᠎ᠠ ᠪᠣᠯᠲᠠᠯ᠎ᠠ ᠪᠣᠶ ᠪᠥᠬᠦᠶ ᠬᠢᠮᠡᠯ ᠲᠠᠯᠠᠰᠲᠤ ᠶᠢᠨ ᠲᠥᠷᠥᠯ ᠤᠨ ᠡᠮᠴᠢᠯᠡᠭᠡᠨ ᠳᠤ | ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠰᠦᠯᠵᠢᠶᠡᠨ ᠳᠡᠭᠡᠷ᠎ᠡ ᠠᠴᠠ ᠬᠤᠳᠠᠯᠳᠤᠨ ᠠᠪᠤᠭᠰᠠᠨ ᠲᠡᠤᠬᠡ ᠶᠢᠨ ᠬᠤᠳᠠᠯᠳᠤᠨ | ᠠᠪᠤᠭᠰᠠᠨ ᠦᠨ᠎ᠡ ᠬᠠᠩᠰᠢ ᠪᠠ ᠬᠠᠷᠠᠭᠠᠯᠵᠠᠭᠰᠠᠨ ᠬᠤᠳᠠᠯᠳᠤᠨ ᠠᠪᠤᠭᠰᠠᠨ ᠬᠡᠮᠵᠢᠶ᠎ᠡ ᠶᠢ ᠴᠤᠭᠯᠠᠭᠤᠯᠤᠨ᠎ᠠ᠂ ᠡᠭᠦᠨ ᠢ | ᠪᠣᠳᠠᠲᠠᠶ ᠪᠠᠷ ᠦᠢᠯᠡᠳᠭᠦᠨ ᠤ ᠬᠡᠪ ᠪᠠᠷᠢᠮᠵᠢᠶ᠎ᠠ ᠬᠡᠯᠪᠡᠷᠢ ᠮᠠᠶ᠋ᠢᠭ ᠲᠤ ᠣᠷᠣᠭᠤᠯᠤᠨ᠎ᠠ᠃ ᠬᠤᠳᠠᠯᠳᠤᠨ ᠠᠪᠬᠤ ᠭᠤᠣᠯ | ᠴᠣᠭᠴᠠ ︽ᠪᠡᠭᠡᠵᠢᠩ ᠲᠢᠶᠠᠨᠵᠢᠨ ᠡᡁᠧᠪᠸᠢ ᠶᠢᠨ ᠡᠮ ᠡᠮᠨᠡᠯᠭᠡ ᠶᠢᠨ ᠬᠠᠮᠲᠤᠷᠠᠭᠰᠠᠨ ᠬᠤᠳᠠᠯᠳᠤᠨ ᠠᠪᠬᠤ ᠲᠠᠪᠴᠠᠩ | ︾ ᠳᠤ ᠣᠷᠣᠵᠤ᠂ ᠲᠡᠦᠬᠡ ᠶᠢᠨ ᠬᠤᠳᠠᠯᠳᠤᠨ ᠠᠪᠬᠤ ᠬᠡᠮᠵᠢᠶ᠎ᠡ ᠪᠣᠯᠤᠨ ᠬᠤᠳᠠᠯᠳᠤᠨ ᠠᠪᠬᠤ ᠨᠢᠭᠡᠴᠡ ᠪᠠᠷ ᠯᠠᠪᠯᠠᠯᠲᠠ | ᠪᠣᠯᠭᠠᠵᠤ᠂ ᠬᠢᠮᠡᠯ ᠲᠠᠯᠠᠰᠲᠤ ᠲᠦᠷᠦᠯ ᠤᠨ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲᠧᠷᠢᠶᠠᠯ ᠤᠨ ᠦᠢᠯᠡᠳᠬᠦᠨ ᠤ | ᠬᠤᠶᠢᠰᠢᠳᠠ ᠶᠢᠨ ᠨᠢᠭᠡ ᠵᠢᠯ ᠤᠨ ᠬᠤᠳᠠᠯᠳᠤᠨ ᠠᠪᠬᠤ ᠬᠡᠷᠡᠭᠴᠡᠭᠡ ᠶᠢᠨ ᠬᠡᠮᠵᠢᠶ᠎ᠡ ᠶᠢ ᠲᠠᠭᠯᠠᠨ ᠮᠡᠳᠡᠭᠦᠯᠵᠦ᠂ | ᠦᠢᠯᠡᠳᠬᠦᠨ ᠤ ᠬᠡᠯᠪᠡᠷᠢ ᠮᠠᠶ᠋ᠢᠭ ᠲᠤ ᠬᠦᠷᠲᠡᠯ᠎ᠡ ᠪᠣᠳᠠᠲᠠᠢ ᠪᠠᠷ ᠮᠡᠳᠡᠭᠦᠯᠦᠨ᠎ᠡ᠃ ᠲᠤᠭ᠎ᠠ ᠪᠠᠷᠢᠮᠲᠠ ᠶᠢ ᠲᠠᠭᠯᠠᠨ | ᠮᠡᠳᠡᠭᠦᠯᠬᠦ ᠠᠵᠢᠯ ᠤᠨ ᠲᠥᠪ ᠴᠢᠩᠭ᠎ᠠ ᠴᠢᠨᠠᠷ᠂ ᠣᠨᠣᠪᠴᠢᠲᠤ ᠴᠢᠨᠠᠷ ᠢ ᠪᠠᠲᠤᠯᠠᠬᠤ ᠶᠢᠨ ᠲᠤᠰᠠᠳᠠ᠂ ᠡᠯ᠎ᠡ | ᠬᠤᠳᠠᠯᠳᠤᠨ ᠠᠪᠬᠤ ᠭᠤᠤᠯ ᠴᠣᠭᠴᠠ ᠨᠢ ᠲᠠᠪᠴᠠᠩ ᠤᠨ ᠳᠣᠲᠣᠷ᠎ᠠ ᠬᠠᠮᠢᠶ᠎ᠠ ᠪᠥᠬᠦᠶ ᠲᠤᠭ᠎ᠠ ᠪᠠᠷᠢᠮᠲᠠ ᠶᠢ ᠲᠠᠭᠯᠠᠨ | ᠮᠡᠳᠡᠭᠦᠯᠬᠦ ᠳᠡᠭᠡᠨ᠂ ᠡᠷᠬᠡᠪᠰᠢ ᠬᠤᠳᠠᠯᠳᠤᠨ ᠠᠪᠬᠤ ᠭᠤᠤᠯ ᠴᠣᠭᠴᠠ ᠶᠢᠨ ᠭᠠᠷ ᠤᠨ ᠥᠰᠥᠭ ᠵᠢᠷᠤᠵᠤ ᠲᠠᠮᠠᠭ᠎ᠠ | ᠳᠠᠷᠤᠵᠤ ᠨᠤᠲᠠᠯᠠᠭᠰᠠᠨ ᠡᠷᠬᠡ ᠣᠯᠭᠤᠬᠤ ᠠᠮᠠᠯᠠᠯᠲᠠ ᠶᠢᠨ ᠪᠢᠴᠢᠭ ᠢ ᠳᠡᠭᠡᠭᠰᠢ ᠳᠠᠮᠵᠢᠭᠤᠯᠬᠤ ᠬᠡᠷᠡᠭᠲᠡᠶ᠃ ᠵᠠᠷᠴᠢᠮ | ᠳᠡᠭᠡᠷ᠎ᠡ ᠪᠠᠨ ᠬᠤᠳᠠᠯᠳᠤᠨ ᠠᠪᠬᠤ ᠭᠤᠣᠯ ᠴᠣᠭᠴᠠ ᠶᠢᠨ ᠲᠠᠭᠯᠠᠨ ᠮᠡᠳᠡᠭᠦᠯᠦᠭᠰᠡᠨ ᠬᠤᠳᠠᠯᠳᠤᠨ ᠠᠪᠬᠤ ᠬᠡᠷᠡᠭᠴᠡᠭᠡ | ᠱᠠᠭᠠᠷᠳᠠᠯᠭ᠎ᠠ ᠶᠢᠨ ᠬᠡᠮᠵᠢᠶ᠎ᠡ ᠶᠢ ᠲᠤᠰ ᠤᠳᠠᠭ᠎ᠠ ᠶᠢᠨ ᠬᠡᠮᠵᠢᠶ᠎ᠡ ᠲᠠᠢ ᠬᠤᠯᠪᠣᠭᠠᠯᠠᠨ ᠬᠥᠳᠡᠯᠦᠯᠴᠡᠵᠦ ᠬᠤᠳᠠᠯᠳᠤᠨ | ᠠᠪᠬᠤ ᠶᠢᠨ ᠰᠠᠨᠠᠮᠵᠢ ᠶᠢᠨ ᠬᠤᠳᠠᠯᠳᠤᠨ ᠠᠪᠬᠤ ᠬᠡᠮᠵᠢᠶ᠎ᠡ ᠪᠣᠯᠭᠠᠨ᠎ᠠ᠃ | ᠴᠠᠭ ᠤᠨ ᠲᠣᠬᠢᠷᠠᠭᠤᠯᠤᠯᠲᠠ᠄ 2021 ᠣᠨ ᠤ 12 ᠳ᠋ᠤᠭᠠᠷ ᠰᠠᠷ᠎ᠠ ᠶᠢᠨ 14 ᠤ ᠡᠳᠦᠷ ᠤᠨ 10 | ᠴᠠᠭ ᠠᠴᠠ 12ᠳ᠋ᠤᠭᠠᠷ ᠰᠠᠷ᠎ᠠ ᠶᠢᠨ 24 ᠤ ᠡᠳᠦᠷ ᠤᠨ 17 ᠴᠠᠭ ᠪᠣᠯᠲᠠᠯ᠎ᠠ᠃ | ︵ᠭᠤᠷᠪᠠ︶ ᠭᠤᠶᠤᠴᠢᠯᠠᠨ ᠮᠡᠳᠡᠭᠦᠯᠬᠦ ᠠᠵᠤ ᠠᠬᠤᠶᠢᠯᠠᠯ ᠬᠢᠭᠡᠳ ᠬᠤᠳᠠᠯᠳᠤᠨ ᠠᠪᠬᠤ ᠭᠤᠤᠯ ᠴᠣᠭᠴᠠ ᠨᠢ | ᠬᠤᠶᠠᠷ ᠲᠠᠯ᠎ᠠ ᠪᠠᠷ ᠢᠶᠠᠨ ᠰᠣᠩᠭᠤᠵᠤ᠂ ᠰᠤᠩᠭᠤᠭᠳᠠᠭᠰᠠᠨ ᠦᠢᠯᠡᠳᠭᠦᠨ ᠵᠢᠴᠢ ᠡᠭᠦᠷᠭᠡ ᠶᠢᠨ ᠬᠡᠮᠵᠢᠶ᠎ᠡ ᠶᠢ | ᠪᠦᠷᠢᠯᠳᠦᠭᠦᠯᠦᠨ᠎ᠡ᠃ ᠭᠤᠶᠤᠴᠢᠯᠠᠨ ᠮᠡᠳᠡᠭᠦᠯᠦᠭᠰᠡᠨ ᠠᠵᠤ ᠠᠬᠤᠶᠢᠯᠠᠯ ᠨᠢ ᠬᠤᠳᠠᠯᠳᠤᠨ ᠠᠪᠬᠤ ᠭᠤᠤᠯ | ᠴᠣᠭᠴᠠ ᠶᠢᠨ ᠰᠠᠨᠠᠮᠵᠢ ᠶᠢᠨ ᠬᠤᠳᠠᠯᠳᠤᠨ ᠠᠪᠬᠤ ᠬᠡᠮᠵᠢᠶ᠎ᠡ ᠳᠤ ᠴᠢᠭᠯᠡᠭᠦᠯᠦᠨ᠂ ᠲᠣᠰ ᠪᠡᠶ᠎ᠡ ᠶᠢᠨ ᠬᠠᠩᠭᠠᠬᠤ | ᠴᠢᠳᠠᠪᠤᠷᠢ ᠲᠠᠢ ᠪᠠᠨ ᠤᠶᠠᠯᠳᠤᠭᠤᠯᠤᠨ᠂ ᠬᠠᠩᠭᠠᠬᠤ ᠰᠠᠨᠠᠮᠵᠢ ᠶᠢᠨ ᠨᠤᠲᠠᠯᠠᠯᠲᠠ ᠬᠢᠬᠦ ᠬᠡᠷᠡᠭᠲᠡᠶ᠃ ᠠᠵᠤ | ᠠᠬᠤᠶᠢᠯᠠᠯ ᠤᠨ ᠬᠠᠩᠭᠠᠯᠭ᠎ᠠ ᠪᠠᠨ ᠨᠤᠲᠠᠯᠠᠭᠤᠯᠬᠤ ᠪᠠᠷ ᠮᠡᠳᠡᠭᠦᠯᠦᠭᠰᠡᠳ ᠢ ᠠᠮᠵᠢᠯᠲᠠ ᠲᠠᠢ ᠰᠤᠩᠭᠤᠨ᠎ᠠ᠃ ᠬᠤᠶᠠᠷ | ᠲᠠᠯ᠎ᠠ ᠪᠠᠷ ᠢᠶᠠᠨ ᠠᠮᠵᠢᠯᠲᠠ ᠲᠠᠢ ᠶᠢ ᠰᠣᠩᠭᠤᠭᠰᠠᠨ ᠨᠢ ᠳᠠᠷᠤᠶ ᠰᠤᠩᠭᠤᠭᠳᠠᠭᠰᠠᠨ ᠦᠢᠯᠡᠳᠬᠦᠨ ᠳᠤ | ᠲᠣᠭᠠᠴᠠᠭᠳᠠᠨ᠎ᠠ᠃ ᠮᠡᠳᠡᠭᠦᠯᠦᠭᠰᠡᠨ ᠠᠵᠤ ᠠᠬᠤᠶᠢᠯᠠᠯ ᠬᠠᠩᠭᠠᠬᠤ ᠶᠢ ᠲᠡᠪᠴᠢᠭᠰᠡᠨ ᠪᠠᠶᠢᠪᠠᠯ᠂ ᠬᠠᠷᠠᠭᠠᠯᠵᠠᠭᠰᠠᠨ | ᠬᠤᠳᠠᠯᠳᠤᠨ ᠠᠪᠬᠤ ᠰᠠᠨᠠᠭ᠎ᠠ ᠲᠠᠢ ᠬᠡᠮᠵᠢᠶ᠎ᠡ ᠪᠠᠷ ᠬᠤᠪᠢᠶᠠᠷᠢᠯᠠᠬᠤ ᠶᠢ ᠬᠦᠯᠢᠶᠡᠬᠦ ᠬᠡᠮᠵᠢᠶ᠎ᠡ ᠪᠣᠯᠭᠠᠵᠤ᠂ ᠬᠤᠳᠠᠯᠳᠤᠨ | ᠠᠪᠬᠤ ᠪᠡᠶᠡᠴᠢ ᠴᠣᠭᠴᠠ ᠠᠴᠠ ᠨᠥᠬᠦᠴᠡᠯ ᠠᠳᠠᠯᠢ ᠴᠢᠳᠠᠮᠵᠢ ᠶᠢᠨ ᠰᠢᠨᠵᠢ ᠴᠢᠨᠠᠷ ᠲᠤ ᠨᠡᠶᠢᠴᠡᠬᠦ ᠪᠤᠰᠤᠳ | ᠮᠡᠳᠡᠭᠦᠯᠦᠭᠰᠡᠨ ᠦᠢᠯᠡᠳᠬᠦᠨ ᠳᠤ ᠲᠠᠬᠢᠨ ᠬᠤᠪᠢᠶᠠᠷᠢᠯᠠᠵᠤ ᠥᠭᠭᠦᠨ᠎ᠡ᠂ ᠬᠡᠷᠪᠡ ᠥᠩᠭᠡᠷᠡᠭᠰᠡᠨ ᠤ ᠡᠭᠡᠯᠵᠢᠯᠡᠨ | ᠨᠤᠲᠠᠯᠠᠭᠰᠠᠨ ᠮᠡᠳᠡᠭᠦᠯᠦᠭᠰᠡᠨ ᠦᠢᠯᠡᠳᠬᠦᠨ ᠳᠤ ᠬᠤᠪᠢᠶᠠᠷᠢᠯᠠᠵᠤ ᠥᠭᠬᠦ ᠳᠤ ᠬᠦᠷᠪᠡᠯ᠂ ᠵᠠᠷᠴᠢᠮ ᠳᠡᠭᠡᠷ᠎ᠡ ᠪᠠᠨ ᠠᠵᠤ | ᠠᠬᠤᠶᠢᠯᠠᠯ ᠬᠠᠩᠭᠠᠬᠤ ᠶᠢ ᠲᠡᠪᠴᠢᠵᠦ ᠪᠣᠯᠬᠤ ᠦᠭᠡᠢ᠂ ᠳᠠᠷᠤᠶ ᠠᠮᠵᠢᠯᠲᠠ ᠲᠠᠢ ᠰᠣᠩᠭᠤᠨ᠎ᠠ︔ ᠬᠡᠷᠪᠡ | ᠥᠩᠭᠡᠷᠡᠭᠰᠡᠨ ᠤ ᠡᠭᠡᠯᠵᠢ ᠶᠢᠨ ᠬᠤᠪᠢᠶᠠᠷᠢᠯᠠᠭᠠ ᠥᠬᠡᠶ ᠬᠤᠳᠠᠯᠳᠤᠨ ᠠᠪᠬᠤ ᠰᠠᠨᠠᠮᠵᠢ ᠶᠢᠨ ᠬᠡᠮᠵᠢᠶ᠎ᠡ ᠪᠠᠷ | ᠮᠡᠳᠡᠭᠦᠯᠦᠭᠰᠡᠨ ᠦᠢᠯᠡᠳᠭᠦᠨ ᠳᠤ ᠬᠤᠪᠢᠶᠠᠷᠢᠯᠠᠨ ᠥᠭᠬᠦ ᠳᠤ ᠭᠦᠷᠪᠡᠯ᠂ ᠮᠡᠳᠡᠭᠦᠯᠦᠭᠰᠡᠨ ᠠᠵᠤ ᠠᠬᠤᠶᠢᠯᠠᠯ ᠨᠢ | ᠬᠠᠩᠭᠠᠬᠤ ᠰᠠᠨᠠᠮᠵᠢ ᠶᠢᠨ ᠨᠤᠲᠠᠯᠠᠯᠲᠠ ᠶᠢ ᠦᠷᠭᠦᠯᠵᠢᠯᠡᠨ ᠶᠠᠪᠤᠭᠳᠠᠭᠤᠯᠤᠨ᠎ᠠ᠃ ᠬᠤᠳᠠᠯᠳᠤᠨ ᠠᠪᠬᠤ ᠭᠤᠤᠯ | ᠴᠣᠭᠴᠠ ᠨᠢ ᠰᠠᠨᠠᠮᠵᠢ ᠶᠢᠨ ᠬᠤᠳᠠᠯᠳᠤᠨ ᠠᠪᠬᠤ ᠬᠡᠮᠵᠢᠶ᠎ᠡ ᠶᠢ ᠣᠯᠠᠨ ᠡᠭᠡᠯᠵᠢ ᠪᠠᠷ ᠬᠤᠪᠢᠶᠠᠷᠢᠯᠠᠵᠤ᠂ ᠪᠣᠶ ᠪᠥᠬᠦᠶ | ᠰᠠᠨᠠᠮᠵᠢ ᠶᠢᠨ ᠬᠤᠳᠠᠯᠳᠤᠨ ᠠᠪᠬᠤ ᠬᠡᠮᠵᠢᠶ᠎ᠡ ᠶᠢ ᠬᠤᠶᠠᠷ ᠲᠠᠯ᠎ᠠ ᠪᠠᠷ ᠢᠶᠠᠨ ᠰᠣᠩᠭᠤᠬᠤ ᠶᠢ ᠪᠡᠶᠡᠯᠡᠭᠦᠯᠬᠦ ᠬᠦᠷᠲᠡᠯ᠎ᠡ | ᠶᠠᠪᠤᠭᠳᠠᠭᠤᠯᠵᠤ ᠪᠣᠯᠤᠨ᠎ᠠ᠃ | ᠴᠠᠭ ᠤᠨ ᠲᠣᠬᠢᠷᠠᠭᠤᠯᠤᠯᠲᠠ᠄ 2021 ᠣᠨ ᠤ 12 ᠳ᠋ᠤᠭᠠᠷ ᠰᠠᠷ᠎ᠠ ᠶᠢᠨ 25 ᠤ ᠡᠳᠦᠷ ᠠᠴᠠ 12 | ᠳ᠋ᠤᠭᠠᠷ ᠰᠠᠷ᠎ᠠ ᠶᠢᠨ 29 ᠤ ᠡᠳᠦᠷ ᠪᠣᠯᠲᠠᠯ᠎ᠠ᠂ ᠡᠭᠦᠨ ᠳᠤ ᠠᠩᠬᠠᠨ ᠤ ᠡᠭᠡᠯᠵᠢ ᠶᠢᠨ ᠨᠤᠲᠠᠯᠠᠯᠲᠠ ᠶᠢ 12 ᠳ᠋ᠤᠭᠠᠷ | ᠰᠠᠷ᠎ᠠ ᠶᠢᠨ 27 ᠤ ᠡᠳᠦᠷ ᠠᠴᠠ ᠡᠮᠦᠨ᠎ᠡ ᠳᠠᠭᠤᠰᠬᠠᠬᠤ ᠬᠡᠷᠡᠭᠲᠡᠶ᠃ | ︵ᠲᠥᠷᠪᠡ︶ ᠵᠥᠪᠯᠡᠯᠴᠡᠭᠡᠷ ᠲᠣᠭᠲᠠᠵᠤ᠂ ᠰᠦᠯᠵᠢᠶᠡᠨ ᠳᠡᠭᠡᠷ᠎ᠡ ᠠᠴᠠ ᠬᠤᠳᠠᠯᠳᠤᠨ ᠠᠪᠬᠤ ᠶᠢ | ᠬᠡᠷᠡᠭᠵᠢᠭᠦᠯᠦᠨ᠎ᠡ᠃ ᠬᠤᠳᠠᠯᠳᠤᠨ ᠠᠪᠬᠤ ᠭᠤᠤᠯ ᠴᠣᠭᠴᠠ ᠨᠢ᠂ ᠠᠮᠵᠢᠯᠲᠠ ᠲᠠᠢ ᠭᠤᠶᠤᠴᠢᠯᠠᠨ ᠮᠡᠳᠡᠭᠦᠯᠦᠭᠰᠡᠨ | ᠠᠵᠤ ᠠᠬᠤᠶᠢᠯᠠᠯ ᠢ ᠰᠣᠩᠭᠤᠵᠤ᠂ ᠭᠤᠶᠤᠴᠢᠯᠠᠨ ᠮᠡᠳᠡᠭᠦᠯᠦᠭᠰᠡᠨ ᠠᠵᠤ ᠠᠬᠤᠶᠢᠯᠠᠯ ᠤᠨ ᠲᠣᠭᠲᠠᠭᠠᠭᠰᠠᠨ | ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠨᠢ ᠰᠤᠩᠭᠤᠭᠳᠠᠭᠰᠠᠨ ᠦᠨ᠎ᠡ ᠬᠠᠩᠰᠢ ᠪᠠᠷ ᠬᠤᠳᠠᠯᠳᠤᠨ ᠠᠪᠬᠤ ᠪᠠ | ᠪᠣᠷᠣᠯᠠᠭᠤᠯᠬᠤ ᠭᠤᠷᠪᠠᠨ ᠲᠠᠯ᠎ᠠ ᠶᠢᠨ ᠵᠥᠪᠳᠡᠯᠴᠡᠬᠡᠷ ᠲᠤ ᠭᠠᠷ ᠤᠨ ᠥᠰᠥᠭ ᠵᠢᠷᠤᠨ᠎ᠠ᠃ ᠬᠡᠯᠡᠯᠴᠡᠭᠡᠷ ᠲᠤ ᠲᠦᠷᠦᠯ | ᠵᠦᠢᠯ᠂ ᠴᠢᠳᠠᠮᠵᠢ ᠶᠢᠨ ᠰᠢᠨᠵᠢ ᠴᠢᠨᠠᠷ᠂ ᠲᠤᠭ᠎ᠠ ᠬᠡᠮᠵᠢᠶ᠎ᠡ᠂ ᠦᠨ᠎ᠡ ᠬᠠᠩᠰᠢ᠂ ᠪᠠᠷᠠᠭ᠎ᠠ ᠬᠠᠩᠭᠠᠬᠤ ᠴᠠᠭ | ᠬᠤᠭᠤᠴᠠᠭ᠎ᠠ᠂ ᠵᠣᠭᠤᠰ ᠥᠭᠬᠦ ᠵᠢᠷᠤᠮ ᠪᠠ ᠴᠠᠭ᠂ ᠭᠡᠷ᠎ᠡ ᠶᠢ ᠭᠦᠢᠴᠡᠳᠬᠡᠬᠦ ᠠᠷᠭ᠎ᠠ ᠮᠠᠶ᠋ᠢᠭ᠂ ᠭᠡᠷ᠎ᠡ ᠶᠢ | ᠵᠥᠷᠢᠴᠡᠭᠰᠡᠨ ᠬᠠᠷᠢᠭᠤᠴᠠᠯᠭ᠎ᠠ ᠵᠡᠷᠭᠡ ᠶᠢ ᠲᠣᠳᠣᠷᠬᠠᠶᠢᠯᠠᠬᠤ ᠬᠡᠷᠡᠭᠲᠡᠶ᠃ ᠬᠤᠳᠠᠯᠳᠤᠨ ᠠᠪᠬᠤ ᠭᠤᠤᠯ ᠴᠣᠭᠴᠠ ᠨᠢ | ᠬᠠᠷᠢᠶ᠎ᠠ ᠭᠠᠵᠠᠷ ᠤᠨ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠤᠨ ᠱᠠᠭᠠᠷᠳᠠᠯᠭ᠎ᠠ ᠶᠣᠰᠣᠭᠠᠷ᠂ | ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠰᠦᠯᠵᠢᠶᠡᠨ ᠳᠡᠭᠡᠷ᠎ᠡ ᠬᠤᠳᠠᠯᠳᠤᠨ ᠠᠪᠬᠤ ᠶᠢ ᠴᠢᠩᠭ᠎ᠠ | ᠬᠡᠷᠡᠭᠵᠢᠭᠦᠯᠬᠦ ᠬᠡᠷᠡᠭᠲᠡᠶ᠃ ᠤᠷᠢᠳᠴᠢᠯᠠᠨ ᠤᠭᠰᠠᠷᠠᠭᠰᠠᠨ ᠪᠤᠰᠤ ᠦᠢᠯᠡᠳᠬᠦᠨ ᠤ ᠲᠦᠯᠬᠢᠨ ᠣᠷᠣᠭᠤᠯᠬᠤ ᠪᠠᠭᠠᠵᠢ ᠶᠢ | ᠬᠤᠳᠠᠯᠳᠤᠨ ᠠᠪᠬᠤ ᠭᠤᠣᠯ ᠴᠣᠭᠴᠠ ᠥᠪᠡᠰᠦᠪᠡᠨ ᠬᠤᠳᠠᠯᠳᠤᠨ ᠠᠪᠬᠤ ᠬᠡᠷᠡᠭᠲᠡᠶ᠃ ᠬᠠᠷᠢᠶ᠎ᠠ ᠭᠠᠵᠠᠷ ᠤᠨ | ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠤᠳ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ | ᠰᠤᠩᠭᠤᠭᠳᠠᠭᠰᠠᠨ ᠦᠢᠯᠡᠳᠭᠦᠨ ᠢ ᠲᠣᠭᠲᠠᠭᠠᠯ ᠶᠣᠰᠣᠭᠠᠷ ᠬᠤᠳᠠᠯᠳᠤᠨ ᠠᠪᠬᠤ ᠪᠠ ᠬᠡᠷᠡᠭᠯᠡᠬᠦ ᠥᠬᠡᠶ ᠡᠮᠴᠢᠯᠡᠭᠡᠨ ᠤ | ᠪᠠᠶᠢᠭᠤᠯᠤᠮᠵᠢ ᠶᠢ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠠᠵᠢᠯ ᠤᠨ ᠠᠮᠵᠢᠯᠲᠠ ᠪᠦᠲᠦᠮᠵᠢ ᠶᠢ | ᠰᠢᠯᠭᠠᠨ ᠬᠢᠨᠠᠬᠤ᠂ ᠡᠮᠴᠢᠯᠡᠭᠡᠨ ᠤ ᠳᠠᠭᠠᠳᠬᠠᠯ ᠤᠨ ᠶᠡᠷᠦᠩᠬᠡᠶ ᠲᠤᠭ᠎ᠠ ᠶᠢᠨ ᠭᠦᠢᠴᠡᠳᠭᠡᠯ ᠲᠤᠭ᠎ᠠ ᠶᠢ ᠲᠣᠭᠲᠠᠭᠠᠬᠤ᠂ | ᠴᠢᠭ ᠲᠣᠭᠲᠠᠭᠠᠭᠰᠠᠨ ᠵᠥᠪᠳᠡᠯᠴᠡᠬᠡᠷ ᠤᠨ ᠬᠠᠮᠢᠶᠠᠷᠤᠯᠲᠠ ᠶᠢᠨ ᠰᠢᠯᠭᠠᠨ ᠬᠢᠨᠠᠬᠤ᠂ ᠡᠮᠴᠢᠯᠡᠭᠡᠨ ᠤ ᠪᠠᠶᠢᠭᠤᠯᠤᠮᠵᠢ ᠶᠢᠨ | ᠬᠠᠷᠢᠭᠤᠴᠠᠯᠭᠠᠲᠠᠨ ᠤ ᠬᠠᠷᠠᠯᠲᠠᠲᠤ ᠬᠠᠷᠢᠭᠤᠴᠠᠯᠭ᠎ᠠ ᠶᠢᠨ ᠰᠢᠯᠭᠠᠨ ᠬᠢᠨᠠᠬᠤ ᠳᠤᠮᠳᠠ ᠵᠠᠯᠬᠠᠭᠠᠨ ᠴᠡᠭᠡᠷᠯᠡᠭᠦᠯᠬᠦ ᠬᠡᠷᠡᠭᠲᠡᠶ | ᠃ ᠰᠣᠩᠭᠤᠭᠳᠠᠭᠰᠠᠨ ᠦᠷ᠎ᠡ ᠳ᠋ᠦᠩ ᠤᠨ ᠪᠣᠳᠠᠲᠠᠶ ᠭᠦᠢᠴᠡᠳᠬᠡᠬᠦ ᠡᠳᠦᠷ ᠬᠤᠭᠤᠴᠠᠭ᠎ᠠ ᠵᠡᠷᠭᠡ ᠶᠢ ᠬᠠᠷᠢᠶ᠎ᠠ | ᠭᠠᠵᠠᠷ ᠤᠨ ᠡᠮᠴᠢᠯᠡᠭᠡ ᠶᠢᠨ ᠪᠠᠲᠤᠯᠠᠭ᠎ᠠ ᠶᠢᠨ ᠰᠠᠯᠠᠭ᠎ᠠ ᠮᠥᠴᠢᠷ ᠠᠴᠠ ᠲᠣᠭᠲᠠᠭᠠᠨ᠎ᠠ᠃ | ᠶᠢᠰᠦ᠂ ᠬᠠᠷᠢᠯᠴᠠᠬᠤ ᠠᠷᠭ᠎ᠠ ᠬᠡᠯᠪᠡᠷᠢ | ᠪᠡᠭᠡᠵᠢᠩ ᠬᠤᠲᠠ ᠶᠢᠨ ᠡᠮ ᠡᠮᠨᠡᠯᠭᠡ ᠶᠢᠨ ᠲᠥᠪᠯᠡᠷᠡᠭᠦᠯᠦᠨ ᠬᠤᠳᠠᠯᠳᠤᠨ ᠠᠪᠬᠤ ᠲᠦᠪ | ᠬᠠᠷᠢᠯᠴᠠᠬᠤ ᠤᠲᠠᠰᠤ᠄ 010 — 89152634 | ᠹᠠᠺᠰ᠄ 010 — 89152614 | ᠦᠢᠯᠡᠴᠢᠯᠡᠬᠦ ᠴᠠᠭ᠄ 9᠄ 00 — 11᠄ 30᠂ 14᠄ 00 — 17᠄ 00᠂ | ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠡᠭᠦᠨ ᠳᠤ ᠪᠠᠭᠲᠠᠬᠤ ᠥᠬᠡᠶ᠃ | ᠲᠢᠶᠠᠨᠵᠢᠨ ᠬᠤᠲᠠ ᠶᠢᠨ ᠡᠮ ᠡᠮᠨᠡᠯᠭᠡ ᠶᠢᠨ ᠬᠤᠳᠠᠯᠳᠤᠨ ᠠᠪᠬᠤ ᠲᠥᠪ | ᠬᠠᠷᠢᠯᠴᠠᠬᠤ ᠤᠲᠠᠰᠤ᠄ 022 — 24538156᠂ 022— 24538157 | ᠹᠠᠺᠰ᠄ 022 — 24538991 | ᠦᠢᠯᠡᠴᠢᠯᠡᠬᠦ ᠴᠠᠭ᠄ 9᠄ 00 — 11᠄ 30᠂ 14᠄ 00 — 17᠄ 00᠂ | ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠡᠭᠦᠨ ᠳᠤ ᠪᠠᠭᠲᠠᠬᠤ ᠥᠬᠡᠶ᠃ | ᠾᠧᠪᠸᠢ ᠮᠤᠵᠢ ᠶᠢᠨ ᠡᠮᠨᠡᠯᠭᠡ ᠳᠤ ᠬᠡᠷᠡᠭᠯᠡᠬᠦ ᠡᠮ ᠲᠠᠩ ᠪᠠᠭᠠᠵᠢ ᠬᠡᠷᠡᠭᠰᠡᠯ ᠢ ᠲᠥᠪᠯᠡᠷᠡᠭᠦᠯᠦᠨ ᠬᠤᠳᠠᠯᠳᠤᠨ | ᠠᠪᠬᠤ ᠲᠦᠪ | ᠬᠠᠷᠢᠯᠴᠠᠬᠤ ᠤᠲᠠᠰᠤ᠄ 0311— 66906539 | ᠹᠠᠺᠰ᠄ 0311— 66906539 | ᠦᠢᠯᠡᠴᠢᠯᠡᠬᠦ ᠴᠠᠭ᠄ 9᠄ 00 — 11᠄ 30᠂ 14᠄ 00 — 17᠄ 00᠂ | ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠡᠭᠦᠨ ᠳᠤ ᠪᠠᠭᠲᠠᠬᠤ ᠥᠬᠡᠶ᠃ | ᠪᠡᠭᠡᠵᠢᠩ ᠬᠤᠲᠠ ᠶᠢᠨ ᠡᠮ ᠡᠮᠨᠡᠯᠭᠡ ᠶᠢᠨ ᠲᠥᠪᠯᠡᠷᠡᠭᠦᠯᠦᠨ ᠬᠤᠳᠠᠯᠳᠤᠨ ᠠᠪᠬᠤ ᠲᠦᠪ | ᠲᠢᠶᠠᠨᠵᠢᠨ ᠬᠤᠲᠠ ᠶᠢᠨ ᠡᠮ ᠡᠮᠨᠡᠯᠭᠡ ᠶᠢᠨ ᠬᠤᠳᠠᠯᠳᠤᠨ ᠠᠪᠬᠤ ᠲᠥᠪ | ᠾᠧᠪᠸᠢ ᠮᠤᠵᠢ ᠶᠢᠨ ᠡᠮᠨᠡᠯᠭᠡ ᠳᠤ ᠬᠡᠷᠡᠭᠯᠡᠬᠦ ᠡᠮ ᠲᠠᠩ ᠪᠠᠭᠠᠵᠢ ᠬᠡᠷᠡᠭᠰᠡᠯ ᠢ ᠲᠥᠪᠯᠡᠷᠡᠭᠦᠯᠦᠨ ᠬᠤᠳᠠᠯᠳᠤᠨ | ᠠᠪᠬᠤ ᠲᠦᠪ | 2021 ᠣᠨ ᠤ 11 ᠳ᠋ᠤᠭᠡᠷ ᠰᠠᠷ᠎ᠠ ᠶᠢᠨ 24 ᠤ ᠡᠳᠦᠷ |