ᠰᠤᠷᠭᠠᠨ ᠬᠥᠮᠦᠵᠢᠯ ᠤᠨ ᠶᠠᠮᠤᠨ᠄ ᠡᠨᠡ ᠲᠥᠷᠥᠯ ᠤᠨ App ᠶᠢ ᠲᠦᠷ ᠴᠠᠭ ᠰᠦᠯᠵᠢᠶᠡᠨ ᠠᠴᠠ ᠭᠠᠷᠭᠠᠨ᠎ᠠ︕ ᠬᠡᠪᠡ
ᠨᠡᠶᠢᠲᠡᠯᠡᠭᠰᠡᠨ ᠴᠠᠭ᠄
2021/12/17
      ᠰᠤᠷᠪᠤᠯᠵᠢᠯᠠᠭᠴᠢ 13 ᠤ ᠡᠳᠦᠷ ᠰᠤᠷᠭᠠᠨ ᠬᠥᠮᠦᠵᠢᠯ ᠤᠨ ᠶᠠᠮᠤᠨ ᠠᠴᠠ ᠣᠶᠢᠯᠠᠭᠠᠭᠰᠠᠨ ᠢᠶᠠᠷ᠂ ᠰᠤᠷᠭᠠᠨ ᠬᠥᠮᠦᠵᠢᠯ ᠤᠨ  ᠶᠠᠮᠤᠨ ᠮᠡᠳᠡᠭᠳᠡᠯ ᠳᠠᠷᠤᠮᠠᠯᠯᠠᠨ ᠲᠠᠷᠬᠠᠭᠠᠵᠤ ᠰᠤᠷᠭᠠᠨ ᠬᠥᠮᠦᠵᠢᠯ ᠤᠨ App ᠶᠢᠨ ᠬᠠᠮᠢᠶᠠᠷᠤᠯᠲᠠ ᠶᠢ ᠴᠢᠩᠭᠠᠳᠬᠠᠵᠤ᠂ ︽ᠬᠤᠶᠠᠷ ᠢ ᠬᠦᠡᠭᠭᠡᠷᠡᠬᠦᠯᠬᠦ︾ ᠲᠥᠷᠥ ᠶᠢᠨ ᠪᠣᠳᠣᠯᠭ᠎ᠠ ᠲᠠᠢ ᠵᠣᠯᠭᠠᠭᠤᠯᠬᠤ ᠶᠢ ᠠᠬᠢᠭᠤᠯᠬᠤ ᠬᠡᠷᠡᠭᠲᠡᠶ ᠭᠡᠵᠦ ᠱᠠᠭᠠᠷᠳᠠᠪᠠ᠃        ᠮᠡᠳᠡᠭᠳᠡᠯ ᠳᠤ ᠵᠢᠭᠠᠬᠤ ᠳᠠᠭᠠᠨ᠄ ᠡᠯ᠎ᠡ ᠭᠠᠵᠠᠷ ᠤᠨ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠳᠤᠮᠳᠠᠳᠤ ᠪᠠᠭ᠎ᠠ ᠰᠤᠷᠭᠠᠭᠤᠯᠢ ᠶᠢᠨ ᠰᠦᠯᠵᠢᠶᠡᠨ ᠳᠡᠭᠡᠷᠡᠬᠢ ᠰᠢᠨᠵᠢᠯᠡᠭᠡᠨ ᠤ ᠲᠥᠷᠥᠯ ᠤᠨ ᠪᠤᠯᠪᠠᠰᠤᠷᠠᠯ ᠤᠨ ᠪᠠᠶᠢᠭᠤᠯᠤᠮᠵᠢ ᠶᠢ ᠬᠢᠨᠠᠨ ᠵᠥᠪᠰᠢᠶᠡᠷᠡᠬᠦ ᠠᠴᠠ ᠡᠮᠦᠨ᠎ᠡ᠂ ᠳᠤᠮᠳᠠᠳᠤ ᠪᠠᠭ᠎ᠠ ᠰᠤᠷᠭᠠᠭᠤᠯᠢ ᠶᠢᠨ ᠰᠦᠯᠵᠢᠶᠡᠨ ᠳᠡᠭᠡᠷᠡᠬᠢ ᠰᠢᠨᠵᠢᠯᠡᠭᠡᠨ ᠤ ᠲᠥᠷᠥᠯ ᠤᠨ ᠪᠤᠯᠪᠠᠰᠤᠷᠠᠯ ᠤᠨ App  ᠶᠢ ᠳᠠᠩᠰᠠᠯᠠᠬᠤ ᠠᠵᠢᠯ ᠢ ᠲᠦᠷ ᠵᠤᠬᠰᠤᠭᠠᠬᠤ ᠭᠡᠷᠡᠭᠳᠡᠢ︔      ᠨᠢᠭᠡᠨᠲᠡ ᠳᠠᠩᠰᠠᠯᠠᠭᠤᠯᠤᠭᠰᠠᠨ ᠬᠠᠮᠢᠶ᠎ᠠ ᠪᠥᠬᠦᠶ ᠰᠤᠷᠭᠠᠨ ᠬᠥᠮᠦᠵᠢᠯ ᠤᠨ App ᠶᠢ ᠲᠠᠪᠴᠠᠩ ᠠᠴᠠ ᠲᠦᠷ ᠴᠠᠭ ᠭᠠᠷᠭᠠᠬᠤ ᠭᠡᠷᠡᠭᠳᠡᠢ ᠭᠡᠵᠡᠢ᠃            ᠰᠦᠯᠵᠢᠶᠡᠨ ᠠᠴᠠ ᠭᠠᠷᠭᠠᠬᠰᠠᠨ ᠬᠠᠮᠢᠶ᠎ᠠ ᠪᠥᠬᠦᠶ ᠰᠤᠷᠭᠠᠨ ᠬᠥᠮᠦᠵᠢᠯ ᠤᠨ App ᠬᠠᠩᠭᠠᠭᠴᠢ ᠨᠢ ᠳᠤᠮᠳᠠᠳᠤ ᠪᠠᠭ᠎ᠠ ᠰᠤᠷᠭᠠᠭᠤᠯᠢ ᠶᠢᠨ ᠰᠦᠯᠵᠢᠶᠡᠨ ᠳᠡᠭᠡᠷᠡᠬᠢ ᠰᠢᠨᠵᠢᠯᠡᠭᠡᠨ ᠤ ᠲᠥᠷᠥᠯ ᠤᠨ ᠪᠤᠯᠪᠠᠰᠤᠷᠠᠯ ᠤᠨ ᠵᠥᠪᠰᠢᠶᠡᠷᠡᠯ ᠢ ᠣᠯᠤᠭᠰᠠᠨ ᠤ ᠳᠠᠷᠠᠭ᠎ᠠ᠂ ᠲᠠᠪᠴᠠᠩ ᠳᠤ ᠵᠥᠪᠰᠢᠶᠡᠷᠡᠯ ᠤᠨ ᠮᠡᠳᠡᠭᠡ ᠵᠠᠩᠭᠢ ᠪᠠᠨ ᠨᠥᠬᠦᠪᠥᠷᠢᠯᠡᠨ ᠤᠷᠤᠭᠤᠯᠵᠤ᠂ ᠳᠠᠩᠰᠠᠯᠠᠭᠤᠯᠤᠯᠲᠠ ᠶᠢ ᠰᠡᠷᠭᠦᠭᠡᠬᠦ ᠭᠤᠶᠤᠴᠢᠯᠠᠯ ᠢᠶᠠᠨ ᠲᠤᠰᠢᠶᠠᠵᠤ᠂ ᠪᠠᠶᠢᠭ᠎ᠠ ᠭᠠᠵᠠᠷ ᠤᠨ ᠢᠶᠠᠨ ᠮᠤᠵᠢ ᠶᠢᠨ ᠱᠠᠲᠤᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠢᠶᠠᠷ ᠬᠢᠨᠠᠨ ᠬᠠᠷᠭᠤᠭᠤᠯᠵᠤ ᠪᠠᠳᠤᠯᠠᠭᠤᠯᠤᠬᠰᠠᠨ ᠤ ᠬᠤᠶᠢᠨ᠎ᠡ ᠰᠦᠯᠵᠢᠶᠡᠨ ᠳᠤ ᠭᠠᠷᠬᠤ ᠶᠢ ᠨᠢ ᠰᠡᠷᠭᠦᠭᠡᠨ᠎ᠡ︔ ᠳᠤᠮᠳᠠᠳᠤ ᠪᠠᠭ᠎ᠠ ᠰᠤᠷᠭᠠᠭᠤᠯᠢ ᠶᠢᠨ ᠰᠦᠯᠵᠢᠶᠡᠨ ᠳᠡᠭᠡᠷᠡᠬᠢ ᠰᠢᠨᠵᠢᠯᠡᠭᠡᠨ ᠤ ᠲᠥᠷᠥᠯ ᠤᠨ ᠪᠤᠯᠪᠠᠰᠤᠷᠠᠯ ᠤᠨ ᠵᠥᠪᠰᠢᠶᠡᠷᠡᠯ ᠢ ᠣᠯᠤᠭᠰᠠᠨ ᠥᠬᠡᠶ ᠪᠣᠯ ᠳᠠᠩᠰᠠᠯᠠᠭᠤᠯᠤᠭᠰᠠᠨ ᠢ ᠨᠢ ᠬᠦᠴᠦᠨ ᠥᠬᠡᠶ ᠪᠣᠯᠭᠠᠨ᠎ᠠ᠃          ︽ᠰᠡᠭᠦᠳᠡᠷᠯᠡᠵᠦ ᠰᠡᠳᠦᠪ ᠡᠷᠢᠬᠦ︾ ᠵᠡᠷᠭᠡ ᠰᠤᠷᠤᠭᠴᠢᠳ ᠤᠨ ᠰᠡᠳᠬᠢᠬᠦᠶ ᠶᠢᠨ ᠴᠢᠳᠠᠪᠤᠷᠢ ᠶᠢ ᠬᠤᠶᠢᠷᠭᠤᠰᠢᠭᠤᠯᠬᠤ᠂ ᠰᠤᠷᠤᠭᠴᠢᠳ ᠤᠨ ᠪᠡᠶ᠎ᠡ ᠪᠠᠨ ᠳᠠᠭᠠᠭᠠᠵᠤ ᠰᠡᠳᠬᠢᠬᠦ ᠶᠢ ᠨᠦᠯᠦᠭᠡᠯᠡᠬᠦ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠵᠢᠮ᠎ᠡ ᠶᠣᠰᠣ ᠠᠴᠠ ᠵᠥᠷᠢᠴᠡᠭᠰᠡᠨ ᠰᠤᠷᠤᠯᠴᠠᠬᠤ ᠠᠷᠭ᠎ᠠ ᠮᠠᠶ᠋ᠢᠭ ᠤᠨ ᠳᠠᠰᠬᠠᠯ App ᠶᠢ ᠲᠦᠷ ᠴᠠᠭ ᠰᠦᠯᠵᠢᠶᠡᠨ ᠠᠴᠠ ᠪᠠᠭᠤᠯᠭᠠᠨ᠎ᠠ ᠭᠡᠵᠦ ᠵᠢᠭᠠᠵᠤ ᠭᠠᠷᠭᠠᠪᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号