ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ | ᠡᠯ᠎ᠡ ᠵᠥᠪᠯᠡᠯ᠂ ᠠᠯᠪᠠᠨ ᠬᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠡ ᠳᠤ᠄ | ︽ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡ ᠶᠢᠨ ᠪᠠᠳᠤᠯᠠᠭ᠎ᠠ ᠶᠢᠨ ᠡᠭᠦᠳᠡᠨ ᠡᠮᠨᠡᠯᠭᠡ ᠶᠢ ᠬᠠᠷᠢᠯᠴᠠᠨ | ᠬᠠᠷᠠᠭᠠᠯᠵᠠᠬᠤ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠲᠤᠬᠠᠶ ᠲᠥᠷᠥ ᠶᠢᠨ ᠶᠠᠪᠤᠳᠠᠯ ᠤᠨ | ᠬᠤᠷᠢᠶᠠᠨ ᠤ ᠠᠯᠪᠠᠨ ᠲᠢᠩᠬᠢᠮ ᠤᠨ ᠵᠢᠯᠣᠭᠤᠳᠬᠤ ᠰᠠᠨᠠᠯ︾ ︵ᠲᠥᠷᠥ ᠠᠯᠪᠠᠨ ᠲᠠᠷᠬᠠᠭᠠᠭᠰᠠᠨ ﹇2021﹈ 14 | ᠳ᠋ᠤᠭᠡᠷ ᠲᠣᠭᠠᠲᠤ︶ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ | ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡ ᠶᠢᠨ ᠪᠠᠳᠤᠯᠠᠭ᠎ᠠ ︵ᠳᠣᠷᠣᠭᠰᠢ ᠠᠵᠢᠯᠲᠠᠨ ᠠᠵᠢᠯᠴᠢᠨ ᠤ | ᠡᠮᠴᠢᠯᠡᠭᠡ ᠶᠢᠨ ᠪᠠᠳᠤᠯᠠᠭ᠎ᠠ ᠭᠡᠵᠦ ᠲᠣᠪᠴᠢᠯᠠᠨ᠎ᠠ︶ ᠶᠢᠨ ᠳᠠᠭᠠᠳᠬᠠᠯ ᠳᠤ ᠣᠷᠣᠯᠴᠠᠭᠰᠠᠳ ᠤᠨ ᠡᠭᠦᠳᠡᠨ | ᠡᠮᠨᠡᠯᠭᠡ ᠶᠢᠨ ᠪᠠᠲᠤᠯᠠᠭ᠎ᠠ ᠶᠢᠨ ᠠᠰᠠᠭᠤᠳᠠᠯ ᠢ ᠨᠠᠩ ᠰᠠᠶᠢᠲᠤᠷ ᠰᠢᠢᠳᠪᠦᠷᠢᠯᠡᠵᠦ᠂ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠪᠥᠬᠦ ᠣᠷᠣᠨ ᠤ ᠠᠵᠢᠯᠲᠠᠨ ᠠᠵᠢᠯᠴᠢᠨ ᠤ | ᠡᠮᠴᠢᠯᠡᠭᠡ ᠶᠢᠨ ᠪᠠᠳᠤᠯᠠᠭ᠎ᠠ ᠶᠢᠨ ᠡᠭᠦᠳᠡᠨ ᠡᠮᠨᠡᠯᠭᠡ ᠶᠢᠨ ᠬᠠᠷᠢᠯᠴᠠᠨ ᠬᠠᠷᠠᠭᠠᠯᠵᠠᠬᠤ ᠪᠠᠲᠤᠯᠠᠭ᠎ᠠ ᠶᠢᠨ ᠲᠣᠭᠲᠠᠴᠠ ᠶᠢ | ᠪᠠᠶᠢᠭᠤᠯᠤᠨ ᠲᠡᠭᠦᠯᠳᠡᠷᠵᠢᠭᠦᠯᠬᠦ ᠲᠤᠬᠠᠶ ᠡᠳᠦᠭᠡ ᠳᠣᠤᠷᠠᠬᠢ ᠮᠡᠲᠦ ᠰᠠᠨᠠᠯ ᠲᠤᠷᠠᠳᠶᠠ᠄ | ᠨᠢᠭᠡ᠂ ᠡᠭᠦᠳᠡᠨ ᠡᠮᠨᠡᠯᠭᠡ ᠶᠢᠨ ᠬᠠᠷᠢᠯᠴᠠᠨ ᠲᠤᠰᠠᠯᠠᠯᠴᠠᠬᠤ ᠪᠠᠲᠤᠯᠠᠭ᠎ᠠ ᠶᠢᠨ ᠴᠢᠳᠠᠮᠵᠢ ᠶᠢ ᠴᠢᠩᠭᠠᠷᠠᠭᠤᠯᠤᠨ᠎ᠠ | | ᠠᠵᠢᠯᠲᠠᠨ ᠠᠵᠢᠯᠴᠢᠨ ᠤ ᠡᠮᠴᠢᠯᠡᠭᠡ ᠶᠢᠨ ᠪᠠᠳᠤᠯᠠᠭ᠎ᠠ ᠶᠢᠨ ᠡᠭᠦᠳᠡᠨ ᠡᠮᠨᠡᠯᠭᠡ ᠶᠢᠨ ᠵᠠᠷᠤᠳᠠᠯ ᠤᠨ | ᠪᠠᠲᠤᠯᠠᠭ᠎ᠠ ᠶᠢᠨ ᠲᠣᠭᠲᠠᠴᠠ ᠶᠢ ᠲᠠᠰᠤᠷᠠᠯᠲᠠ ᠥᠬᠡᠶ ᠪᠦᠷᠢᠨᠰᠢᠭᠦᠯᠦᠨ ᠲᠡᠭᠦᠯᠳᠡᠷᠵᠢᠭᠦᠯᠵᠦ᠂ ᠡᠪᠡᠳᠴᠢᠨ ᠤ | ᠲᠥᠷᠥᠯ ᠤᠨ ᠪᠠᠲᠤᠯᠠᠭ᠎ᠠ ᠠᠴᠠ ᠵᠠᠷᠤᠳᠠᠯ ᠤᠨ ᠪᠠᠲᠤᠯᠠᠭ᠎ᠠ ᠳᠠᠰᠢ ᠠᠯᠬᠤᠮ ᠠᠯᠬᠤᠮ ᠢᠶᠠᠷ ᠰᠢᠯᠵᠢᠵᠦ᠂ | ᠡᠮᠴᠢᠯᠡᠭᠡ ᠶᠢᠨ ᠪᠠᠳᠤᠯᠠᠭ᠎ᠠ ᠶᠢᠨ ᠨᠢᠭᠡᠳᠦᠯᠲᠡᠶ ᠲᠥᠯᠥᠪᠯᠡᠬᠦ ᠰᠠᠭᠤᠷᠢ ᠮᠥᠩᠭᠦ ᠶᠢᠨ ᠳᠠᠭᠠᠭᠠᠬᠤ ᠴᠢᠳᠠᠪᠤᠷᠢ ᠶᠢ | ᠦᠨᠳᠦᠰᠦᠯᠡᠨ᠂ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠲᠣᠭᠲᠠᠭᠤᠨ ᠢᠶᠠᠷ ᠳᠡᠭᠡᠭᠰᠢᠯᠡᠭᠦᠯᠵᠦ᠂ ᠳᠠᠭᠠᠳᠬᠠᠯ ᠳᠤ | ᠣᠷᠣᠯᠴᠠᠭᠰᠠᠳ ᠤᠨ ᠡᠭᠦᠳᠡᠨ ᠡᠮᠨᠡᠯᠭᠡ ᠳᠤ ᠡᠮᠨᠡᠭᠦᠯᠬᠦ ᠲᠠᠷᠤᠭᠠᠰᠦ ᠶᠢ ᠬᠦᠩᠭᠡᠯᠡᠨ᠎ᠡ᠃ | ︵ᠨᠢᠭᠡ︶ ᠠᠵᠢᠯᠳᠠᠨ ᠠᠵᠢᠯᠴᠢᠳ ᠤᠨ ᠡᠮᠴᠢᠯᠡᠭᠡ ᠶᠢᠨ ᠪᠠᠳᠤᠯᠠᠭ᠎ᠠ ᠶᠢᠨ ᠡᠩ ᠤᠨ ᠡᠭᠦᠳᠡᠨ ᠡᠮᠨᠡᠯᠭᠡ ᠶᠢᠨ | ᠨᠢᠭᠡᠳᠦᠯᠲᠡᠶ ᠲᠥᠯᠥᠪᠯᠡᠬᠦ ᠲᠥᠷᠢᠮ ᠢ ᠪᠠᠶᠢᠭᠤᠯᠤᠨ᠎ᠠ᠃ ᠡᠭᠦᠳᠡᠨ ᠡᠮᠨᠡᠯᠭᠡ ᠶᠢᠨ ᠣᠯᠠᠨ ᠡᠭᠦᠰᠳᠡᠭ ᠡᠪᠡᠳᠴᠢᠨ᠂ | ᠪᠠᠶᠢᠩᠭᠤ ᠲᠣᠬᠢᠶᠠᠯᠳᠤᠳᠠᠭ ᠡᠪᠡᠳᠴᠢᠨ ᠢ ᠡᠮᠴᠢᠯᠡᠭᠡ ᠶᠢᠨ ᠪᠠᠳᠤᠯᠠᠭ᠎ᠠ ᠶᠢᠨ ᠨᠢᠭᠡᠳᠦᠯᠲᠡᠶ ᠲᠥᠯᠥᠪᠯᠡᠬᠦ ᠰᠠᠭᠤᠷᠢ | ᠮᠥᠩᠭᠦ ᠶᠢᠨ ᠲᠣᠭᠠᠴᠠᠭ᠎ᠠ ᠬᠢᠬᠦ ᠬᠡᠪᠴᠢᠶᠡᠨ ᠳᠤ ᠠᠯᠬᠤᠮ ᠠᠯᠬᠤᠮ ᠢᠶᠠᠷ ᠣᠷᠣᠭᠤᠯᠤᠨ᠎ᠠ᠃ ᠤᠯᠤᠰ ᠠᠴᠠ | ᠲᠣᠭᠲᠠᠭᠠᠭᠰᠠᠨ ᠬᠡᠪᠴᠢᠶᠡᠨ ᠳᠣᠲᠣᠷ᠎ᠠ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ | ᠮᠥᠴᠢᠷ ᠨᠢ ᠡᠳ᠋ ᠤᠨ ᠵᠠᠰᠠᠭ ᠤᠨ ᠰᠠᠯᠠᠭ᠎ᠠ ᠮᠥᠴᠢᠷ ᠲᠠᠢ ᠬᠠᠮᠲᠤᠷᠠᠨ ᠪᠣᠳᠠᠲᠠᠶ ᠣᠯᠭᠤᠮᠵᠢ ᠶᠢᠨ ᠲᠥᠷᠥ ᠶᠢᠨ | ᠪᠣᠳᠣᠯᠭ᠎ᠠ ᠶᠢᠨ ᠪᠠᠷᠢᠮᠵᠢᠶ᠎ᠠ ᠶᠢ ᠲᠣᠭᠲᠠᠭᠠᠬᠤ ᠶᠢᠨ ᠬᠠᠮᠲᠤ᠂ ᠤᠯᠤᠰ ᠤᠨ ᠱᠠᠭᠠᠷᠳᠠᠯᠭ᠎ᠠ ᠶᠢ ᠦᠨᠳᠦᠰᠦᠯᠡᠨ | ᠬᠥᠳᠡᠯᠦᠩᠭᠦᠶ ᠲᠣᠬᠢᠷᠠᠭᠤᠯᠤᠯᠲᠠ ᠬᠢᠨ᠎ᠠ᠃ | ︵ᠬᠤᠶᠠᠷ︶ ᠣᠨᠴᠣᠭᠤᠶ ᠡᠪᠡᠳᠴᠢᠨ᠂ ᠤᠳᠠᠭᠠᠨ ᠴᠢᠨᠠᠷᠲᠠᠶ ᠡᠪᠡᠳᠴᠢᠨ ᠤ ᠡᠭᠦᠳᠡᠨ ᠡᠮᠨᠡᠯᠭᠡ ᠶᠢᠨ | ᠪᠠᠲᠤᠯᠠᠭ᠎ᠠ ᠶᠢ ᠴᠢᠩᠭᠠᠳᠬᠠᠨ᠎ᠠ᠃ ᠠᠵᠢᠯᠲᠠᠨ ᠠᠵᠢᠯᠴᠢᠨ ᠤ ᠡᠮᠴᠢᠯᠡᠭᠡ ᠶᠢᠨ ᠪᠠᠳᠤᠯᠠᠭ᠎ᠠ ᠶᠢᠨ ᠡᠭᠦᠳᠡᠨ ᠡᠮᠨᠡᠯᠭᠡ ᠶᠢᠨ | ᠣᠨᠴᠣᠭᠤᠶ ᠡᠪᠡᠳᠴᠢᠨ᠂ ᠤᠳᠠᠭᠠᠨ ᠴᠢᠨᠠᠷᠲᠠᠶ ᠡᠪᠡᠳᠴᠢᠨ ᠤ ᠬᠡᠪᠴᠢᠶ᠎ᠡ ᠶᠢ ᠥᠪᠡᠷᠲᠡᠭᠡᠨ ᠵᠠᠰᠠᠬᠤ ᠣᠷᠣᠨ ᠠᠴᠠ | ᠨᠢᠭᠡᠳᠦᠯᠲᠡᠶ ᠲᠤᠭᠳᠠᠭᠠᠨ᠎ᠠ᠃ | 1᠂ ᠠᠵᠢᠯᠳᠠᠨ ᠠᠵᠢᠯᠴᠢᠨ ᠤ ᠡᠮᠨᠡᠯᠭᠡ ᠶᠢᠨ ᠳᠠᠭᠠᠳᠬᠠᠯ ᠤᠨ ᠡᠭᠦᠳᠡᠨ ᠡᠮᠨᠡᠯᠭᠡ ᠶᠢᠨ ᠣᠨᠴᠣᠭᠤᠶ | ᠡᠪᠡᠳᠴᠢᠨ ᠡᠮᠭᠡᠭ ᠤᠨ ᠬᠡᠪᠴᠢᠶ᠎ᠡ ᠶᠢ ᠨᠢᠭᠡᠳᠬᠡᠨ᠎ᠡ᠃ ᠡᠭᠦᠳᠡᠨ ᠡᠮᠨᠡᠯᠭᠡ ᠳᠤ ᠥᠷᠨᠢᠭᠦᠯᠬᠦ ᠳᠤ ᠳᠣᠭᠢᠷᠠᠬᠤ᠂ | ᠡᠮᠨᠡᠯᠭᠡ ᠳᠤ ᠰᠠᠭᠤᠬᠤ ᠠᠴᠠ ᠨᠠᠩ ᠬᠢᠮᠳᠠ ᠪᠥᠭᠡᠳ ᠲᠥᠬᠦᠮ ᠪᠠᠶᠢᠳᠠᠭ ᠬᠡᠰᠡᠭ ᠣᠨᠴᠣᠭᠤᠶ ᠡᠮᠨᠡᠨ ᠵᠠᠰᠠᠬᠤ ᠡᠭᠦᠳᠡᠨ | ᠡᠮᠨᠡᠯᠭᠡ ᠶᠢᠨ ᠵᠠᠷᠤᠳᠠᠯ ᠢ ᠨᠢᠭᠡᠳᠦᠯᠲᠡᠶ ᠲᠥᠯᠥᠪᠯᠡᠬᠦ ᠰᠠᠭᠤᠷᠢ ᠮᠥᠩᠭᠦ ᠶᠢᠨ ᠳᠥᠯᠥᠬᠦ ᠬᠡᠪᠴᠢᠶᠡᠨ ᠳᠤ ᠣᠷᠣᠭᠤᠯᠵᠤ᠂ | ᠨᠢᠭᠡᠳᠦᠯᠲᠡᠶ ᠲᠥᠯᠥᠪᠯᠡᠬᠦ ᠭᠠᠵᠠᠷ ᠣᠷᠣᠨ ᠤ ᠡᠮᠨᠡᠯᠭᠡ ᠳᠤ ᠰᠠᠭᠤᠬᠤ ᠲᠥᠷᠥ ᠶᠢᠨ ᠪᠣᠳᠣᠯᠭ᠎ᠠ ᠪᠠᠷ ᠯᠠᠪᠯᠠᠯᠲᠠ ᠪᠣᠯᠭᠠᠨ | ᠬᠠᠮᠢᠶᠠᠷᠴᠤ ᠪᠣᠯᠤᠨ᠎ᠠ᠃ | 2᠂ ᠠᠵᠢᠯᠳᠠᠨ ᠠᠵᠢᠯᠴᠢᠨ ᠤ ᠡᠮᠴᠢᠯᠡᠭᠡ ᠶᠢᠨ ᠪᠠᠳᠤᠯᠠᠭ᠎ᠠ ᠶᠢᠨ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠶ | ᠡᠪᠡᠳᠴᠢᠨ ᠤ ᠬᠡᠪᠴᠢᠶ᠎ᠡ ᠶᠢ ᠨᠢᠭᠡᠳᠬᠡᠨ᠎ᠡ᠃ ᠬᠡᠰᠡᠭ ᠡᠮᠨᠡᠨ ᠵᠠᠰᠠᠬᠤ ᠦᠶᠡᠯᠡᠯ ᠤᠨ ᠬᠤᠭᠤᠴᠠᠭ᠎ᠠ ᠨᠢ ᠣᠷᠳᠣ᠂ | ᠡᠷᠡᠭᠦᠯ ᠮᠡᠨᠳᠦ ᠳᠤ ᠬᠤᠬᠢᠷᠠᠯ ᠶᠡᠭᠡ᠂ ᠵᠠᠷᠤᠳᠠᠯ ᠤᠨ ᠳᠠᠷᠤᠭᠠᠰᠤ ᠨᠢ ᠬᠦᠨᠳᠦ ᠡᠪᠡᠳᠴᠢᠨ ᠡᠮᠭᠡᠭ ᠤᠨ ᠡᠭᠦᠳᠡᠨ | ᠡᠮᠨᠡᠯᠭᠡ ᠶᠢᠨ ᠵᠠᠷᠤᠳᠠᠯ ᠢ ᠨᠢᠭᠡᠳᠦᠯᠲᠡᠶ ᠲᠥᠯᠥᠪᠯᠡᠬᠦ ᠰᠠᠭᠤᠷᠢ ᠮᠥᠩᠭᠦ ᠶᠢᠨ ᠳᠥᠯᠥᠬᠦ ᠬᠡᠪᠴᠢᠶᠡᠨ ᠳᠤ ᠣᠷᠣᠭᠤᠯᠤᠨ᠎ᠠ | ᠃ | 3᠂ ᠢᠳᠡᠪᠬᠢᠲᠡᠶ ᠯᠠᠪᠳᠠᠭᠤᠨ ᠢᠶᠠᠷ ᠠᠬᠢᠭᠤᠯᠤᠨ᠎ᠠ᠃ ᠨᠡᠮᠡᠭᠳᠡᠯ ᠤᠨ ᠬᠡᠮᠵᠢᠶ᠎ᠡ ᠶᠢ ᠬᠤᠷᠢᠭᠯᠠᠬᠤ᠂ | ᠬᠠᠳᠠᠭᠠᠯᠠᠯᠲᠠ ᠶᠢᠨ ᠬᠡᠮᠵᠢᠶ᠎ᠡ ᠶᠢ ᠢᠯᠭᠠᠷᠠᠭᠤᠯᠬᠤ ᠱᠠᠭᠠᠷᠳᠠᠯᠭ᠎ᠠ ᠶᠣᠰᠣᠭᠠᠷ᠂ ᠡᠯ᠎ᠡ ᠠᠶᠢᠮᠠᠭ ᠬᠤᠲᠠ ᠨᠤᠭᠤᠳ | ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠶ ᠣᠨᠴᠠ ᠡᠪᠡᠳᠴᠢᠨ ᠤ ᠲᠥᠷᠥ ᠶᠢᠨ ᠪᠣᠳᠣᠯᠭ᠎ᠠ ᠶᠢ ᠳᠠᠭᠢᠵᠤ ᠰᠢᠨ᠎ᠡ ᠪᠠᠷ | ᠭᠠᠷᠭᠠᠵᠤ ᠪᠣᠯᠬᠤ ᠥᠬᠡᠶ᠃ ︽ ᠬᠠᠭᠤᠴᠢᠨ ᠡᠪᠡᠳᠴᠢᠳᠡᠨ ᠳᠤ ᠬᠠᠭᠤᠴᠢᠨ ᠠᠷᠭ᠎ᠠ᠂ ᠰᠢᠨ᠎ᠡ ᠬᠥᠮᠦᠰ ᠤᠨ ᠰᠢᠨ᠎ᠡ | ᠠᠷᠭ᠎ᠠ︾ ᠶᠢᠨ ᠵᠠᠷᠴᠢᠮ ᠶᠣᠰᠣᠭᠠᠷ᠂ ᠰᠢᠨ᠎ᠡ ᠬᠠᠭᠤᠴᠢᠨ ᠲᠦᠷᠦ ᠶᠢᠨ ᠪᠤᠳᠤᠯᠭ᠎ᠠ ᠶᠢ ᠰᠠᠶᠢᠲᠤᠷ ᠵᠣᠯᠭᠠᠭᠤᠯᠵᠤ᠂ | ᠲᠣᠭᠲᠠᠭᠤᠨ ᠢᠶᠠᠷ ᠰᠢᠯᠵᠢᠬᠦ ᠶᠢ ᠦᠨᠡᠨ ᠬᠦ ᠪᠠᠲᠤᠯᠠᠨ᠎ᠠ᠃ ᠲᠣᠭᠲᠠᠭᠠᠭᠰᠠᠨ ᠬᠡᠪᠴᠢᠶᠡᠨ ᠳᠤ ᠬᠠᠷᠢᠶᠠᠯᠠᠭᠳᠠᠬᠤ ᠥᠬᠡᠶ | ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠶ ᠡᠪᠡᠳᠴᠢᠨ ᠤ ᠲᠥᠷᠥᠯ ᠳᠤ ᠰᠢᠨ᠎ᠡ ᠪᠠᠷ ᠬᠥᠮᠦᠨ ᠨᠡᠮᠡᠬᠦ ᠥᠬᠡᠶ᠂ | ᠨᠢᠭᠡᠨᠲᠡ ᠣᠷᠣᠭᠤᠯᠤᠭᠰᠠᠨ ᠬᠥᠮᠦᠰ ᠲᠤ ᠲᠣᠭᠲᠠᠭᠠᠯ ᠶᠣᠰᠣᠭᠠᠷ ᠦᠷᠭᠦᠯᠵᠢᠯᠡᠨ ᠣᠯᠭᠤᠮᠵᠢ ᠬᠦᠷᠲᠡᠭᠡᠵᠦ ᠪᠣᠯᠤᠨ᠎ᠠ᠂ | 3 ᠵᠢᠯ ᠤᠨ ᠰᠢᠯᠵᠢᠯᠲᠡ ᠶᠢᠨ ᠬᠤᠭᠤᠴᠠᠭ᠎ᠠ ᠳᠣᠭᠢᠷᠠᠭᠤᠯᠵᠤ᠂ ᠡᠪᠡᠳᠴᠢᠨ ᠤ ᠲᠥᠷᠥᠯ ᠤᠨ ᠪᠠᠲᠤᠯᠠᠭ᠎ᠠ ᠠᠴᠠ | ᠵᠠᠷᠤᠳᠠᠯ ᠤᠨ ᠪᠠᠲᠤᠯᠠᠭ᠎ᠠ ᠳᠠᠰᠢ ᠠᠯᠬᠤᠮ ᠠᠯᠬᠤᠮ ᠢᠶᠠᠷ ᠰᠢᠯᠵᠢᠵᠦ ᠪᠣᠯᠤᠨ᠎ᠠ᠃ | ︵ᠭᠤᠷᠪᠠ︶ ᠡᠭᠦᠳᠡᠨ ᠡᠮᠨᠡᠯᠭᠡ ᠪᠠ ᠡᠮᠨᠡᠯᠭᠡ ᠳᠤ ᠰᠠᠭᠤᠬᠤ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢᠨ | ᠵᠣᠯᠭᠠᠭᠤᠯᠤᠯᠲᠠ ᠶᠢ ᠰᠠᠶᠢᠲᠤᠷ ᠬᠢᠬᠦ ᠬᠡᠷᠡᠭᠲᠡᠶ᠃ ᠡᠭᠦᠳᠡᠨ ᠡᠮᠨᠡᠯᠭᠡ ᠶᠢᠨ ᠪᠠᠲᠤᠯᠠᠭ᠎ᠠ ᠶᠢᠨ ᠣᠨ ᠤ ᠬᠠᠮᠤᠭ ᠤᠨ | ᠥᠨᠳᠥᠷ ᠳᠥᠯᠥᠬᠦ ᠬᠢᠵᠠᠭᠠᠷ ᠲᠤᠭ᠎ᠠ ᠶᠢᠨ ᠡᠮᠨᠡᠯᠭᠡ ᠳᠤ ᠰᠠᠭᠤᠬᠤ ᠶᠢ ᠨᠢᠭᠡᠳᠦᠯᠲᠡᠶ ᠲᠥᠯᠥᠪᠯᠡᠬᠦ ᠰᠠᠭᠤᠷᠢ | ᠮᠥᠩᠭᠦ ᠶᠢᠨ ᠣᠨ ᠤ ᠬᠠᠮᠤᠭ ᠤᠨ ᠥᠨᠳᠥᠷ ᠳᠥᠯᠥᠬᠦ ᠬᠢᠵᠠᠭᠠᠷ ᠲᠤᠭ᠎ᠠ ᠳᠤ ᠣᠷᠣᠭᠤᠯᠤᠨ ᠪᠤᠳᠤᠬᠤ ᠶᠢᠨ ᠬᠠᠮᠲᠤ | ᠡᠮᠨᠡᠯᠭᠡ ᠳᠤ ᠰᠠᠭᠤᠬᠤ ᠶᠢ ᠳᠥᠯᠥᠬᠦ ᠡᠩ ᠤᠨ ᠡᠭᠦᠳᠡᠨ ᠡᠮᠨᠡᠯᠭᠡ ᠪᠠ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠶ | ᠣᠨᠴᠠ ᠡᠪᠡᠳᠴᠢᠨ ᠤ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢᠨ ᠵᠣᠯᠭᠠᠭᠤᠯᠤᠯᠲᠠ ᠶᠢ ᠰᠠᠶᠢᠲᠤᠷ ᠬᠢᠨ᠎ᠡ᠃ | ᠬᠤᠶᠠᠷ᠂ ᠠᠵᠢᠯᠲᠠᠨ ᠠᠵᠢᠯᠴᠢᠨ ᠤ ᠡᠮᠴᠢᠯᠡᠭᠡ ᠶᠢᠨ ᠪᠠᠳᠤᠯᠠᠭ᠎ᠠ ᠶᠢᠨ ᠬᠤᠪᠢ ᠬᠥᠮᠦᠨ ᠤ ᠲᠠᠩᠰᠠᠨ | ᠡᠷᠦᠬᠡ ᠳᠤ ᠪᠤᠳᠤᠵᠤ ᠣᠷᠣᠭᠤᠯᠬᠤ ᠶᠢ ᠦᠭᠡᠷᠡᠴᠢᠯᠡᠨ ᠠᠬᠢᠭᠤᠯᠤᠨ᠎ᠠ | ᠤᠯᠤᠰ ᠤᠨ ᠱᠠᠭᠠᠷᠳᠠᠯᠭ᠎ᠠ ᠶᠣᠰᠣᠭᠠᠷ᠂ ᠬᠤᠪᠢ ᠬᠥᠮᠦᠨ ᠤ ᠲᠠᠩᠰᠠᠨ ᠡᠷᠦᠬᠡ ᠳᠤ ᠪᠤᠳᠤᠵᠤ ᠣᠷᠣᠭᠤᠯᠬᠤ | ᠪᠠᠷᠢᠮᠵᠢᠶ᠎ᠠ ᠶᠢ ᠰᠢᠨᠵᠢᠯᠡᠬᠦ ᠤᠬᠠᠭᠠᠨᠴᠢ ᠪᠠᠷ ᠵᠦᠶ ᠵᠣᠬᠢᠰᠲᠠᠶ ᠲᠣᠭᠲᠠᠭᠠᠵᠤ᠂ ᠨᠢᠭᠡᠳᠦᠯᠲᠡᠶ ᠲᠥᠯᠥᠪᠯᠡᠬᠦ ᠰᠠᠭᠤᠷᠢ | ᠮᠥᠩᠭᠦ ᠪᠠ ᠬᠤᠪᠢ ᠬᠥᠮᠦᠨ ᠤ ᠲᠠᠩᠰᠠᠨ ᠡᠷᠦᠬᠡ ᠶᠢᠨ ᠪᠦᠲᠦᠴᠡ ᠳᠤ ᠲᠣᠬᠢᠷᠠᠭᠤᠯᠤᠯᠲᠠ ᠬᠢᠭᠰᠡᠨ ᠤ ᠳᠠᠷᠠᠭ᠎ᠠ᠂ | ᠨᠡᠮᠡᠭᠰᠡᠨ ᠨᠢᠭᠡᠳᠦᠯᠲᠡᠶ ᠲᠥᠯᠥᠪᠯᠡᠬᠦ ᠰᠠᠭᠤᠷᠢ ᠮᠥᠩᠭᠦ ᠶᠢ ᠭᠤᠤᠯᠳᠠᠭᠤ ᠡᠭᠦᠳᠡᠨ ᠡᠮᠨᠡᠯᠭᠡ ᠶᠢᠨ ᠬᠠᠷᠢᠯᠴᠠᠨ | ᠲᠤᠰᠠᠯᠠᠯᠴᠠᠬᠤ ᠪᠠᠲᠤᠯᠠᠭ᠎ᠠ ᠳᠤ ᠬᠡᠷᠡᠭᠯᠡᠵᠦ᠂ ᠳᠠᠭᠠᠳᠬᠠᠯ ᠳᠤ ᠣᠷᠣᠯᠴᠠᠭᠰᠠᠳ ᠤᠨ ᠡᠭᠦᠳᠡᠨ ᠡᠮᠨᠡᠯᠭᠡ ᠶᠢᠨ | ᠣᠯᠭᠤᠮᠵᠢ ᠶᠢ ᠳᠡᠭᠡᠭᠰᠢᠯᠡᠭᠦᠯᠦᠨ᠎ᠡ᠃ | 2022 ᠣᠨ ᠤ 10 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ᠂ ᠨᠢᠭᠡᠴᠡ ᠶᠢᠨ ᠲᠤᠰᠢᠶᠠᠭᠰᠠᠨ | ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠵᠠᠷᠤᠳᠠᠯ ᠢ ᠪᠦᠬᠦᠨ ᠢ ᠨᠢᠭᠡᠳᠦᠯᠲᠡᠶ ᠲᠥᠯᠥᠪᠯᠡᠬᠦ ᠰᠠᠭᠤᠷᠢ | ᠮᠥᠩᠭᠦ ᠳᠤ ᠪᠤᠳᠤᠵᠤ ᠣᠷᠣᠭᠤᠯᠤᠨ᠎ᠠ᠃ ᠠᠵᠢᠯ ᠳᠤ ᠪᠠᠶᠢᠭ᠎ᠠ ᠠᠵᠢᠯᠲᠠᠨ ᠠᠵᠢᠯᠴᠢᠨ ᠤ ᠬᠤᠪᠢ ᠬᠥᠮᠦᠨ ᠤ ᠲᠠᠩᠰᠠᠨ | ᠡᠷᠦᠬᠡ ᠶᠢ ᠲᠣᠰ ᠬᠥᠮᠦᠨ ᠤ ᠳᠠᠭᠠᠳᠬᠠᠯ ᠳᠤ ᠣᠷᠣᠯᠴᠠᠭᠰᠠᠨ ᠰᠦᠢᠳᠭᠡᠯ ᠲᠤᠰᠢᠶᠠᠬᠤ ᠰᠠᠭᠤᠷᠢ ᠲᠤᠭ᠎ᠠ ᠶᠢᠨ | 2% ᠢᠶᠠᠷ ᠲᠤᠰᠢᠶᠠᠭᠰᠠᠨ ᠦᠨᠳᠦᠰᠦᠨ ᠡᠮᠴᠢᠯᠡᠭᠡ ᠶᠢᠨ ᠪᠠᠳᠤᠯᠠᠭ᠎ᠠ ᠶᠢᠨ ᠰᠦᠢᠳᠭᠡᠯ ᠢᠶᠠᠷ ᠪᠤᠳᠤᠵᠤ ᠣᠷᠣᠭᠤᠯᠤᠨ᠎ᠠ | ᠃ ᠠᠵᠢᠯ ᠠᠴᠠ ᠪᠠᠨ ᠪᠠᠭᠤᠵᠤ ᠠᠮᠠᠷᠠᠭᠰᠠᠳ ᠤᠨ ᠬᠤᠪᠢ ᠬᠥᠮᠦᠨ ᠤ ᠲᠠᠩᠰᠠᠨ ᠡᠷᠦᠬᠡ ᠶᠢ ᠨᠢᠭᠡᠳᠦᠯᠲᠡᠶ ᠲᠥᠯᠥᠪᠯᠡᠬᠦ | ᠰᠠᠭᠤᠷᠢ ᠮᠥᠩᠭᠦ ᠠᠴᠠ ᠲᠣᠭᠲᠠᠭᠰᠠᠨ ᠨᠣᠷᠮ᠎ᠠ ᠪᠠᠷ ᠬᠤᠪᠢᠶᠠᠷᠢᠯᠠᠨ ᠣᠷᠣᠭᠤᠯᠬᠤ ᠪᠣᠯᠭᠠᠨ ᠠᠯᠬᠤᠮ ᠠᠯᠬᠤᠮ ᠢᠶᠠᠷ | ᠳᠣᠭᠢᠷᠠᠭᠤᠯᠵᠤ᠂ 2021 ᠣᠨ ᠤ ᠪᠥᠬᠦ ᠣᠷᠣᠨ ᠤ ᠳᠤᠮᠳᠠᠴᠢ ᠦᠨᠳᠦᠰᠦᠨ ᠨᠠᠰᠤᠵᠢᠯ ᠤᠨ ᠠᠰᠠᠷᠠᠮᠵᠢ ᠶᠢᠨ | ᠮᠥᠩᠭᠦ ᠪᠠᠷ ᠰᠠᠭᠤᠷᠢ ᠲᠤᠭ᠎ᠠ ᠪᠣᠯᠭᠠᠵᠤ᠂ 2022 ᠣᠨ ᠤ 10 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ᠂ | 3% ᠶᠢᠨ ᠬᠠᠷᠢᠴᠠᠯ ᠢᠶᠠᠷ ᠲᠣᠭᠲᠠᠭᠰᠠᠨ ᠨᠣᠷᠮ᠎ᠠ ᠪᠠᠷ ᠬᠤᠪᠢ ᠬᠥᠮᠦᠨ ᠤ ᠲᠠᠩᠰᠠᠨ ᠡᠷᠦᠬᠡ ᠳᠤ ᠬᠤᠪᠢᠶᠠᠷᠢᠯᠠᠨ | ᠣᠷᠣᠭᠤᠯᠵᠤ᠂ 2023 ᠣᠨ ᠠᠴᠠ ᠡᠬᠢᠯᠡᠨ 2% ᠤᠨ ᠬᠠᠷᠢᠴᠠᠯ ᠢᠶᠠᠷ ᠲᠣᠭᠲᠠᠭᠰᠠᠨ ᠨᠣᠷᠮ᠎ᠠ ᠪᠠᠷ ᠬᠤᠪᠢ | ᠬᠥᠮᠦᠨ ᠤ ᠲᠠᠩᠰᠠᠨ ᠡᠷᠦᠬᠡ ᠳᠤ ᠬᠤᠪᠢᠶᠠᠷᠢᠯᠠᠨ ᠣᠷᠣᠭᠤᠯᠤᠨ᠎ᠠ᠃ | ᠭᠤᠷᠪᠠ᠂ ᠬᠤᠪᠢ ᠬᠥᠮᠦᠨ ᠤ ᠲᠠᠩᠰᠠᠨ ᠡᠷᠦᠬᠡ ᠶᠢᠨ ᠳᠥᠯᠥᠬᠦ ᠬᠡᠪᠴᠢᠶ᠎ᠡ ᠶᠢ ᠥᠷᠭᠡᠳᠬᠡᠨ᠎ᠡ | ᠬᠤᠪᠢ ᠬᠥᠮᠦᠨ ᠤ ᠲᠠᠩᠰᠠᠨ ᠡᠷᠦᠬᠡ ᠶᠢ ᠭᠤᠤᠯᠳᠠᠭᠤ ᠳᠠᠭᠠᠳᠬᠠᠯ ᠳᠤ ᠣᠷᠣᠯᠴᠠᠭᠰᠠᠳ ᠤᠨ ᠲᠣᠭᠲᠠᠭᠰᠠᠨ | ᠴᠢᠭ ᠤᠨ ᠡᠮᠴᠢᠯᠡᠭᠡᠨ ᠤ ᠪᠠᠶᠢᠭᠤᠯᠤᠮᠵᠢ ᠪᠤᠶᠤ ᠲᠣᠭᠲᠠᠭᠰᠠᠨ ᠴᠢᠭ ᠤᠨ ᠵᠢᠵᠢᠭᠯᠡᠨ ᠬᠤᠳᠠᠯᠳᠤᠬᠤ ᠡᠮ ᠤᠨ | ᠳᠡᠯᠭᠡᠭᠦᠷ ᠲᠤ ᠡᠭᠦᠰᠦᠭᠰᠡᠨ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠣᠲᠣᠷ᠎ᠠ ᠵᠠᠷᠤᠳᠠᠯ ᠢ ᠥᠪᠡᠷᠲᠡᠭᠡᠨ | ᠳᠥᠯᠥᠬᠦ ᠳᠤ ᠬᠡᠷᠡᠭᠯᠡᠨ᠎ᠡ᠃ ᠬᠤᠪᠢ ᠬᠥᠮᠦᠨ ᠤ ᠲᠠᠩᠰᠠᠨ ᠡᠷᠦᠬᠡ ᠶᠢ ᠳᠠᠭᠠᠳᠬᠠᠯ ᠳᠤ ᠣᠷᠣᠭᠰᠠᠳ ᠤᠨ ᠲᠣᠰ | ᠬᠥᠮᠦᠨ ᠵᠢᠴᠢ ᠲᠡᠭᠦᠨ ᠤ ᠬᠤᠯᠪᠣᠰᠤ᠂ ᠡᠴᠢᠭᠡ ᠡᠬᠡ᠂ ᠦᠷ᠎ᠡ ᠬᠡᠤᠬᠡᠳ ᠤᠨ ᠲᠣᠭᠲᠠᠭᠰᠠᠨ ᠡᠮᠴᠢᠯᠡᠭᠡᠨ ᠤ | ᠪᠠᠶᠢᠭᠤᠯᠤᠮᠵᠢ ᠳᠤ ᠡᠮᠴᠢᠯᠡᠭᠦᠯᠬᠦ ᠠᠴᠠ ᠪᠣᠯᠤᠭᠰᠠᠨ ᠬᠤᠪᠢ ᠬᠥᠮᠦᠨ ᠤ ᠡᠭᠦᠷᠭᠡᠯᠡᠬᠦ ᠡᠮᠴᠢᠯᠡᠭᠡᠨ ᠤ ᠵᠠᠷᠤᠳᠠᠯ ᠵᠢᠴᠢ | ᠲᠣᠭᠲᠠᠭᠰᠠᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠠᠴᠠ ᠡᠮ ᠲᠠᠩ᠂ ᠡᠮᠴᠢᠯᠡᠭᠡᠨ ᠤ ᠪᠠᠭᠠᠵᠢ ᠬᠡᠷᠡᠭᠰᠡᠯ᠂ | ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠬᠤᠳᠠᠯᠳᠤᠨ ᠠᠪᠬᠤ ᠠᠴᠠ ᠪᠣᠯᠤᠭᠰᠠᠨ ᠬᠤᠪᠢ ᠬᠥᠮᠦᠨ ᠤ | ᠡᠭᠦᠷᠭᠡᠯᠡᠬᠦ ᠵᠠᠷᠤᠳᠠᠯ ᠢ ᠳᠥᠯᠥᠬᠦ ᠳᠤ ᠬᠡᠷᠡᠭᠯᠡᠵᠦ ᠪᠣᠯᠤᠨ᠎ᠠ᠃ ᠬᠤᠪᠢ ᠬᠥᠮᠦᠨ ᠤ ᠲᠠᠩᠰᠠᠨ ᠡᠷᠦᠬᠡ ᠶᠢ ᠪᠠᠰᠠ | ᠬᠤᠯᠪᠣᠰᠤ᠂ ᠡᠴᠢᠭᠡ ᠡᠬᠡ᠂ ᠦᠷ᠎ᠡ ᠬᠡᠤᠬᠡᠳ ᠤᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠳᠤ | ᠣᠷᠣᠯᠴᠠᠬᠤ᠂ ᠠᠵᠢᠯᠲᠠᠨ ᠠᠵᠢᠯᠴᠢᠨ ᠤ ᠶᠡᠭᠡ ᠲᠣᠭᠠᠨ ᠤ ᠡᠮ ᠡᠮᠨᠡᠯᠭᠡ ᠶᠢᠨ ᠵᠠᠷᠤᠳᠠᠯ ᠤᠨ ᠨᠥᠬᠦᠪᠥᠷᠢ᠂ ᠣᠷᠳᠣ | ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠵᠡᠷᠭᠡ ᠬᠤᠪᠢ ᠬᠥᠮᠦᠨ ᠤ ᠰᠦᠢᠳᠭᠡᠯ ᠲᠤᠰᠢᠶᠠᠬᠤ ᠳᠤ ᠬᠡᠷᠡᠭᠯᠡᠵᠦ | ᠪᠣᠯᠤᠨ᠎ᠠ᠃ ᠬᠤᠪᠢ ᠬᠥᠮᠦᠨ ᠤ ᠳᠠᠩᠰᠠᠨ ᠡᠷᠦᠬᠡ ᠶᠢ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠵᠠᠷᠤᠳᠠᠯ᠂ | ᠪᠡᠶ᠎ᠡ ᠶᠢᠨ ᠲᠠᠮᠢᠷ ᠪᠡᠶ᠎ᠡ ᠴᠢᠭᠢᠷᠠᠭᠵᠢᠭᠤᠯᠤᠯᠲᠠ ᠪᠤᠶᠤ ᠪᠡᠶ᠎ᠡ ᠰᠤᠪᠢᠯᠠᠯᠲᠠ ᠡᠷᠡᠭᠦᠯᠵᠢᠯ ᠤᠨ ᠬᠡᠷᠡᠭᠯᠡᠭᠡ ᠵᠡᠷᠭᠡ | ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠪᠠᠲᠤᠯᠠᠭ᠎ᠠ ᠶᠢᠨ ᠬᠡᠪᠴᠢᠶᠡᠨ ᠳᠤ ᠪᠠᠭᠲᠠᠬᠤ ᠦᠭᠡᠢ ᠵᠠᠷᠤᠯᠭ᠎ᠠ ᠳᠤ | ᠬᠡᠷᠡᠭᠯᠡᠵᠦ ᠪᠣᠯᠬᠤ ᠦᠭᠡᠢ᠃ | ᠳᠥᠷᠪᠡ᠂ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠲᠥᠷᠥ ᠶᠢᠨ ᠪᠤᠳᠤᠯᠭ᠎ᠠ ᠶᠢ ᠪᠦᠷᠢᠨᠰᠢᠭᠦᠯᠦᠨ᠎ᠡ | ᠡᠭᠦᠳᠡᠨ ᠡᠮᠨᠡᠯᠭᠡ ᠶᠢᠨ ᠪᠠᠲᠤᠯᠠᠭ᠎ᠠ ᠯᠤᠭ᠎ᠠ ᠵᠣᠬᠢᠴᠠᠯᠳᠤᠭᠰᠠᠨ ᠵᠠᠷᠤᠳᠠᠯ ᠲᠤᠰᠢᠶᠠᠬᠤ ᠲᠣᠭᠲᠠᠴᠠ ᠶᠢ | ᠲᠡᠭᠦᠯᠳᠡᠷᠵᠢᠭᠦᠯᠵᠦ᠂ ᠡᠮᠴᠢᠯᠡᠭᠡ ᠶᠢᠨ ᠪᠠᠳᠤᠯᠠᠭ᠎ᠠ ᠶᠢᠨ ᠵᠠᠷᠤᠳᠠᠯ ᠥᠭᠬᠦ ᠠᠷᠭ᠎ᠠ ᠮᠠᠶ᠋ᠢᠭ ᠤᠨ ᠲᠥᠷᠥᠯ ᠬᠤᠪᠢᠶᠠᠬᠤ | ᠥᠭᠡᠷᠡᠴᠢᠯᠡᠯᠲᠡ ᠶᠢ ᠠᠬᠢᠭᠤᠯᠤᠨ᠂ ᠱᠠᠲᠤ ᠬᠤᠪᠢᠶᠠᠨ ᠣᠨᠣᠰᠢᠯᠠᠨ ᠡᠮᠨᠡᠬᠦ ᠵᠠᠭᠪᠤᠷ ᠪᠠ ᠬᠡᠷ ᠪᠦᠯᠢ ᠶᠢᠨ ᠡᠮᠴᠢ ᠶᠢᠨ | ᠭᠡᠷ᠎ᠡ ᠲᠣᠭᠲᠠᠨ ᠦᠢᠯᠡᠴᠢᠯᠡᠬᠦ ᠲᠦᠷᠢᠮ ᠤᠨ ᠪᠠᠶᠢᠭᠤᠯᠤᠯᠲᠠ ᠶᠢ ᠳᠡᠮᠵᠢᠵᠦ᠂ ᠦᠨᠳᠦᠰᠦᠨ ᠱᠠᠲᠤᠨ ᠤ ᠡᠮᠴᠢᠯᠡᠭᠡ | ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ ᠲᠦᠰᠢᠭᠯᠡᠨ ᠡᠭᠦᠳᠡᠨ ᠡᠮᠨᠡᠯᠭᠡ ᠶᠢᠨ ᠨᠢᠭᠡᠳᠦᠯᠲᠡᠶ ᠲᠥᠯᠥᠪᠯᠡᠬᠦ ᠳᠤ | ᠬᠥᠮᠦᠨ ᠤ ᠲᠤᠭ᠎ᠠ ᠪᠠᠷ ᠵᠠᠷᠤᠳᠠᠯ ᠲᠤᠰᠢᠶᠠᠬᠤ ᠶᠢ ᠥᠷᠨᠢᠭᠦᠯᠵᠦ᠂ ᠬᠥᠮᠦᠨ ᠤ ᠲᠤᠭ᠎ᠠ ᠪᠠᠷ ᠵᠠᠷᠤᠳᠠᠯ ᠲᠤᠰᠢᠶᠠᠬᠤ ᠪᠠ | ᠤᠳᠠᠭᠠᠨ ᠴᠢᠨᠠᠷᠲᠠᠶ ᠡᠪᠡᠳᠴᠢᠨ ᠤ ᠬᠠᠮᠢᠶᠠᠷᠤᠯᠲᠠ ᠶᠢ ᠬᠠᠷᠢᠯᠴᠠᠨ ᠤᠶᠠᠯᠳᠤᠭᠤᠯᠬᠤ ᠶᠢ ᠢᠳᠡᠪᠬᠢᠲᠡᠶ ᠪᠠᠷ | ᠰᠦᠪᠡᠭᠴᠢᠯᠡᠨ᠎ᠡ︔ ᠡᠳᠦᠷ ᠲᠤᠲᠤᠮ ᠤᠨ ᠮᠡᠰᠡ ᠵᠠᠰᠠᠯ ᠵᠢᠴᠢ ᠨᠥᠬᠦᠴᠡᠯ ᠳᠤ ᠨᠡᠶᠢᠴᠡᠬᠦ ᠡᠭᠦᠳᠡᠨ ᠡᠮᠨᠡᠯᠭᠡ ᠶᠢᠨ | ᠣᠨᠴᠣᠭᠤᠶ ᠡᠮᠨᠡᠨ ᠵᠠᠰᠠᠬᠤ ᠡᠪᠡᠳᠴᠢᠨ ᠤ ᠲᠥᠷᠥᠯ ᠳᠤ᠂ ᠡᠪᠡᠳᠴᠢᠨ ᠤ ᠲᠥᠷᠥᠯ ᠪᠤᠶᠤ ᠡᠪᠡᠳᠴᠢᠨ ᠡᠮᠭᠡᠭ ᠤᠨ | ᠣᠨᠣᠰᠢᠯᠠᠭ᠎ᠠ ᠶᠢᠨ ᠬᠠᠮᠢᠶ᠎ᠠ ᠪᠥᠬᠦᠶ ᠳᠤᠭᠤᠶᠢᠯᠠᠩ ᠬᠤᠪᠢᠶᠠᠨ ᠵᠠᠷᠤᠳᠠᠯ ᠲᠤᠰᠢᠶᠠᠬᠤ ᠶᠢ ᠬᠡᠷᠡᠭᠵᠢᠭᠦᠯᠦᠨ᠎ᠡ︔ | ᠪᠣᠭᠤᠳᠠᠯᠯᠠᠵᠤ ᠵᠠᠷᠤᠳᠠᠯ ᠲᠤᠰᠢᠶᠠᠬᠤ ᠳᠤ ᠳᠣᠭᠢᠷᠠᠬᠤ ᠥᠬᠡᠶ ᠡᠭᠦᠳᠡᠨ ᠡᠮᠨᠡᠯᠭᠡ ᠶᠢᠨ ᠵᠠᠷᠤᠳᠠᠯ ᠢ ᠲᠥᠷᠥᠯ ᠵᠦᠢᠯ ᠢᠶᠠᠷ | ᠵᠠᠷᠤᠳᠠᠯ ᠲᠤᠰᠢᠶᠠᠵᠤ ᠪᠣᠯᠤᠨ᠎ᠠ᠃ | ᠬᠡᠯᠡᠯᠴᠡᠭᠡ ᠬᠢᠬᠦ ᠡᠮ ᠲᠠᠩ ᠢ ᠨᠠᠶᠢᠳᠠᠪᠤᠷᠢᠵᠢᠭᠤᠯᠬᠤ ᠶᠢ ᠢᠳᠡᠪᠬᠢᠲᠡᠶ ᠠᠬᠢᠭᠤᠯᠵᠤ᠂ ᠬᠡᠯᠡᠯᠴᠡᠭᠡ ᠬᠢᠬᠦ ᠡᠮ | ᠲᠠᠩ ᠤᠨ ᠡᠭᠦᠳᠡᠨ ᠡᠮᠨᠡᠯᠭᠡ ᠶᠢᠨ ᠪᠠᠲᠤᠯᠠᠭ᠎ᠠ ᠵᠢᠴᠢ ︽ᠬᠤᠤᠰ ᠨᠡᠪᠲᠡᠷᠡᠬᠦ ᠵᠠᠮ︾ ᠤᠨ ᠬᠠᠮᠢᠶᠠᠷᠤᠯᠲᠠ ᠶᠢᠨ | ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠬᠡᠯᠡᠯᠴᠡᠭᠡ ᠬᠢᠬᠦ ᠡᠮ ᠲᠠᠩ ᠢ ᠨᠠᠶᠢᠳᠠᠪᠤᠷᠢᠵᠢᠭᠤᠯᠬᠤ ᠶᠢ ᠬᠢᠨᠠᠨ | ᠬᠡᠮᠵᠢᠬᠦ ᠶᠢ ᠰᠠᠶᠢᠲᠤᠷ ᠬᠢᠨ᠎ᠠ᠃ ᠨᠥᠬᠦᠴᠡᠯ ᠳᠤ ᠨᠡᠶᠢᠴᠡᠬᠦ ᠴᠢᠭ ᠲᠣᠭᠲᠠᠭᠠᠭᠰᠠᠨ ᠵᠢᠵᠢᠭᠯᠡᠨ ᠬᠤᠳᠠᠯᠳᠤᠬᠤ ᠡᠮ ᠤᠨ | ᠳᠡᠯᠭᠡᠭᠦᠷ ᠤᠨ ᠬᠠᠩᠭᠠᠭᠰᠠᠨ ᠡᠮ ᠬᠡᠷᠡᠭᠯᠡᠬᠦ ᠪᠠᠲᠤᠯᠠᠭ᠎ᠠ ᠶᠢᠨ ᠦᠢᠯᠡᠴᠢᠯᠡᠭᠡ ᠶᠢ ᠡᠭᠦᠳᠡᠨ ᠡᠮᠨᠡᠯᠭᠡ ᠶᠢᠨ | ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠵᠤ᠂ ᠳᠠᠭᠠᠳᠬᠠᠯ ᠳᠤ ᠣᠷᠣᠯᠴᠠᠭᠰᠠᠳ ᠤᠨ ᠴᠢᠭ ᠲᠣᠭᠲᠠᠭᠠᠭᠰᠠᠨ | ᠡᠮᠴᠢᠯᠡᠭᠡᠨ ᠤ ᠪᠠᠶᠢᠭᠤᠯᠤᠮᠵᠢ ᠶᠢᠨ ᠭᠠᠳᠠᠷ ᠨᠠᠶᠢᠷᠠᠭᠤᠯᠤᠭᠰᠠᠨ ᠵᠣᠷ ᠢᠶᠠᠷ ᠢᠶᠠᠨ ᠴᠢᠭ ᠲᠣᠭᠲᠠᠭᠠᠭᠰᠠᠨ ᠵᠢᠵᠢᠭᠯᠡᠨ | ᠬᠤᠳᠠᠯᠳᠤᠬᠤ ᠡᠮ ᠤᠨ ᠳᠡᠯᠭᠡᠭᠦᠷ ᠲᠤ ᠳ᠋ᠦᠩᠨᠡᠨ ᠪᠤᠳᠤᠬᠤ ᠪᠠ ᠡᠮ ᠨᠠᠶᠢᠷᠠᠭᠤᠯᠬᠤ ᠶᠢ ᠳᠡᠮᠵᠢᠵᠦ᠂ ᠴᠢᠭ | ᠲᠣᠭᠲᠠᠭᠠᠭᠰᠠᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠤᠨ ᠠᠷᠠᠳ ᠲᠤ ᠲᠥᠬᠦᠮ ᠦᠵᠡᠭᠦᠯᠬᠦ᠂ | ᠪᠠᠳᠠᠷᠠᠭᠤᠯᠪᠠᠯ ᠵᠤᠬᠢᠬᠤ ᠦᠢᠯᠡᠳᠦᠯ ᠢ ᠬᠦᠢᠴᠡᠳ ᠪᠠᠳᠠᠷᠠᠭᠤᠯᠤᠨ᠎ᠠ᠃ ᠨᠥᠬᠦᠴᠡᠯ ᠳᠤ ᠨᠡᠶᠢᠴᠡᠬᠦ ︽ᠢᠨᠲ᠋ᠤᠷ | ᠰᠦᠯᠵᠢᠶ᠎ᠡ +︾ ᠡᠮᠴᠢᠯᠡᠭᠡᠨ ᠤ ᠦᠢᠯᠡᠴᠢᠯᠡᠭᠡ ᠶᠢ ᠡᠮᠴᠢᠯᠡᠭᠡ ᠶᠢᠨ ᠪᠠᠳᠤᠯᠠᠭ᠎ᠠ ᠶᠢᠨ ᠲᠣᠭᠠᠴᠠᠭ᠎ᠠ ᠬᠢᠬᠦ | ᠬᠡᠪᠴᠢᠶᠡᠨ ᠳᠤ ᠣᠷᠣᠭᠤᠯᠬᠤ ᠶᠢ ᠰᠦᠪᠡᠭᠴᠢᠯᠡᠨ᠎ᠡ᠃ ᠡᠮᠴᠢᠯᠡᠭᠡ ᠶᠢᠨ ᠪᠠᠳᠤᠯᠠᠭ᠎ᠠ ᠶᠢᠨ ᠡᠮ ᠲᠠᠩ ᠤᠨ ᠲᠣᠭᠠᠴᠠᠭ᠎ᠠ | ᠬᠢᠬᠦ ᠪᠠᠷᠢᠮᠵᠢᠶ᠎ᠠ ᠶᠢ ᠰᠢᠨᠵᠢᠯᠡᠬᠦ ᠤᠬᠠᠭᠠᠨᠴᠢ ᠪᠠᠷ ᠵᠦᠶ ᠵᠣᠬᠢᠰᠲᠠᠶ ᠲᠣᠭᠲᠠᠭᠠᠵᠤ᠂ ᠤᠷᠮᠠᠰᠢᠭᠤᠯᠵᠤ ᠬᠢᠵᠠᠭᠠᠷᠯᠠᠬᠤ ᠪᠠ | ᠲᠦᠭᠰᠢᠭᠦᠷᠢ ᠶᠢ ᠬᠤᠪᠢᠶᠠᠨ ᠡᠭᠦᠷᠭᠡᠯᠡᠬᠦ ᠲᠣᠭᠲᠠᠴᠠ ᠶᠢ ᠪᠣᠶ ᠪᠣᠯᠭᠠᠵᠤ᠂ ᠡᠮᠴᠢᠯᠡᠭᠡᠨ ᠤ ᠪᠠᠶᠢᠭᠤᠯᠤᠮᠵᠢ ᠶᠢᠨ | ᠣᠨᠣᠰᠢᠯᠠᠨ ᠡᠮᠨᠡᠬᠦ ᠦᠢᠯᠡ ᠠᠵᠢᠯᠯᠠᠭ᠎ᠠ ᠶᠢ ᠵᠢᠷᠤᠮᠵᠢᠭᠤᠯᠤᠨ᠂ ᠡᠮᠴᠢᠯᠡᠭᠡᠨ ᠤ ᠪᠠᠶᠢᠭᠤᠯᠤᠮᠵᠢ ᠪᠠ ᠡᠪᠡᠳᠴᠢᠲᠡᠨ ᠢ | ᠬᠥᠲᠥᠯᠦᠨ ᠵᠢᠯᠣᠭᠤᠳᠴᠤ ᠪᠠᠶᠢᠭᠠᠳ ᠡᠮᠴᠢᠯᠡᠭᠡᠨ ᠤ ᠦᠷ᠎ᠡ ᠪᠦᠲᠦᠮᠵᠢ ᠨᠢ ᠣᠨᠣᠪᠴᠢᠲᠠᠶ᠂ ᠦᠨ᠎ᠡ ᠬᠠᠩᠰᠢ ᠨᠢ | ᠵᠦᠶ ᠵᠣᠬᠢᠰᠲᠠᠶ ᠡᠮ ᠲᠠᠩ ᠢ ᠬᠡᠷᠡᠭᠯᠡᠬᠦ ᠶᠢ ᠤᠳᠤᠷᠢᠳᠦᠨᠠ᠃ | ᠲᠠᠪᠤ᠂ ᠡᠮᠴᠢᠯᠡᠭᠡ ᠶᠢᠨ ᠪᠠᠳᠤᠯᠠᠭ᠎ᠠ ᠶᠢᠨ ᠰᠠᠭᠤᠷᠢ ᠮᠥᠩᠭᠦ ᠳᠤ ᠬᠢᠨᠠᠯᠲᠠ ᠲᠠᠯᠪᠢᠵᠤ ᠬᠠᠮᠢᠶᠠᠷᠬᠤ ᠶᠢ | ᠴᠢᠩᠭᠠᠳᠬᠠᠨ᠎ᠠ | ᠡᠮᠴᠢᠯᠡᠭᠡ ᠶᠢᠨ ᠪᠠᠳᠤᠯᠠᠭ᠎ᠠ ᠶᠢᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ | ᠡᠮᠴᠢᠯᠡᠭᠡ ᠶᠢᠨ ᠪᠠᠳᠤᠯᠠᠭ᠎ᠠ ᠶᠢᠨ ᠰᠠᠭᠤᠷᠢ ᠮᠥᠩᠭᠦ ᠶᠢᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠲᠣᠭᠲᠠᠴᠠ ᠶᠢ | ᠪᠠᠶᠢᠭᠤᠯᠤᠨ᠂ ᠳᠠᠭᠠᠳᠬᠠᠯ ᠢ ᠮᠡᠬᠡᠯᠡᠬᠦ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠰᠠᠭᠤᠷᠢ | ᠮᠥᠩᠭᠦ ᠶᠢᠨ ᠠᠮᠤᠷ ᠲᠦᠪᠰᠢᠨ ᠥᠨᠳᠥᠷ ᠦᠷ᠎ᠡ ᠪᠦᠲᠦᠮᠵᠢᠲᠡᠶ᠂ ᠵᠦᠶ ᠵᠣᠬᠢᠰᠲᠠᠶ ᠬᠡᠷᠡᠭᠯᠡᠬᠦ ᠶᠢ ᠦᠨᠡᠨᠬᠦ ᠪᠠᠲᠤᠯᠠᠨ᠎ᠠ᠃ | ᠡᠮᠴᠢᠯᠡᠭᠡᠨ ᠤ ᠦᠢᠯᠡ ᠠᠵᠢᠯᠯᠠᠭ᠎ᠠ ᠪᠠ ᠡᠮᠴᠢᠯᠡᠭᠡᠨ ᠤ ᠵᠠᠷᠤᠳᠠᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ | ᠬᠠᠭᠤᠷᠮᠠᠭ ᠡᠪᠡᠳᠴᠢᠲᠡᠨ᠂ ᠬᠠᠭᠤᠷᠮᠠᠭ ᠡᠪᠡᠳᠴᠢᠨ ᠤ ᠪᠠᠶᠢᠳᠠᠯ᠂ ᠬᠠᠭᠤᠷᠮᠠᠭ ᠫᠢᠶᠣᠣ ᠪᠠᠷᠢᠮᠲᠠ ᠵᠡᠷᠭᠡ ︽ᠭᠤᠷᠪᠠᠨ | ᠬᠠᠭᠤᠷᠮᠠᠭ︾ ᠢ ᠲᠤᠰᠬᠠᠶ ᠴᠡᠭᠴᠡᠯᠡᠨ ᠵᠠᠰᠠᠯᠲᠠ ᠶᠢ ᠥᠷᠨᠢᠭᠦᠯᠵᠦ᠂ ︽ᠣᠷᠣ ᠡᠯᠭᠦᠵᠦ︾ ᠡᠮᠨᠡᠯᠭᠡ ᠳᠤ ᠰᠠᠭᠤᠬᠤ᠂ | ᠥᠳᠥᠭᠡᠨ ᠡᠮᠨᠡᠯᠭᠡ ᠳᠤ ᠰᠠᠭᠤᠯᠭᠠᠬᠤ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ | ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃ ᠡᠮᠴᠢᠯᠡᠭᠡ ᠶᠢᠨ ᠪᠠᠳᠤᠯᠠᠭ᠎ᠠ ᠶᠢᠨ ᠰᠠᠭᠤᠷᠢ ᠮᠥᠩᠭᠦ ᠶᠢᠨ ᠣᠶᠤᠨᠴᠢ | ᠬᠢᠨᠠᠯᠲᠠ ᠬᠠᠮᠢᠶᠠᠷᠤᠯᠲᠠ ᠶᠢ ᠲᠡᠭᠦᠯᠳᠡᠷᠵᠢᠭᠦᠯᠵᠦ᠂ ᠪᠥᠬᠦ ᠣᠷᠣᠨ ᠤ ᠨᠢᠭᠡᠳᠦᠯᠲᠡᠶ ᠣᠶᠤᠨᠴᠢ ᠬᠢᠨᠠᠨ ᠡᠵᠡᠮᠳᠡᠬᠦ | ᠰᠢᠰᠲ᠋ᠧᠮ ᠢ ᠪᠠᠶᠢᠭᠤᠯᠤᠨ᠂ ᠣᠶᠤᠨᠴᠢ ᠬᠢᠨᠠᠨ ᠡᠵᠡᠮᠳᠡᠬᠦ ᠮᠡᠳᠡᠯᠭᠡ ᠶᠢᠨ ᠬᠥᠮᠥᠷᠭᠡ ᠪᠠ ᠲᠦᠷᠢᠮ ᠤᠨ ᠬᠥᠮᠥᠷᠭᠡ ᠶᠢᠨ | ᠵᠢᠷᠤᠮᠵᠢᠭᠰᠠᠨ ᠪᠠᠶᠢᠭᠤᠯᠤᠯᠲᠠ ᠶᠢ ᠠᠬᠢᠭᠤᠯᠤᠨ᠎ᠠ᠃ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ | ᠪᠦᠷᠢᠨᠰᠢᠬᠦᠯᠵᠦ᠂ ᠡᠮᠴᠢᠯᠡᠭᠡ ᠶᠢᠨ ᠪᠠᠳᠤᠯᠠᠭ᠎ᠠ ᠶᠢᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ | ᠬᠠᠮᠲᠤᠷᠠᠭᠰᠠᠨ ᠬᠤᠷᠠᠯ ᠤᠨ ᠲᠦᠷᠢᠮ ᠢ ᠪᠠᠶᠢᠭᠤᠯᠵᠤ᠂ ᠬᠢᠨᠠᠯᠲᠠ ᠬᠠᠮᠢᠶᠠᠷᠤᠯᠲᠠ ᠶᠢᠨ ᠨᠡᠶᠢᠯᠡᠮᠡᠯ ᠭᠤᠷᠪᠠᠳᠠᠬᠢ | ᠡᠲᠡᠭᠡᠳ ᠢ ᠢᠳᠡᠪᠬᠢᠲᠡᠶ ᠣᠷᠣᠭᠤᠯᠤᠨ ᠠᠪᠴᠢᠷᠠᠵᠤ᠂ ᠲᠤᠰᠬᠠᠶ ᠮᠡᠷᠭᠡᠵᠢᠯ ᠤᠨ ᠳᠡᠮᠵᠢᠯᠭᠡ ᠶᠢᠨ ᠦᠢᠯᠡᠳᠦᠯ ᠢ | ᠭᠦᠢᠴᠡᠳ ᠪᠠᠳᠠᠷᠠᠭᠤᠯᠤᠨ ᠡᠮᠴᠢᠯᠡᠭᠡ ᠶᠢᠨ ᠪᠠᠳᠤᠯᠠᠭ᠎ᠠ ᠶᠢᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠳᠤ | ᠣᠷᠣᠯᠴᠠᠭᠤᠯᠵᠤ᠂ ᠬᠢᠨᠠᠯᠲᠠ ᠬᠠᠮᠢᠶᠠᠷᠤᠯᠲᠠ ᠶᠢᠨ ᠲᠤᠰᠬᠠᠶ ᠮᠡᠷᠭᠡᠵᠢᠯ ᠤᠨ ᠴᠢᠨᠠᠷ ᠢ ᠳᠡᠭᠡᠭᠰᠢᠯᠡᠭᠦᠯᠦᠨ᠎ᠡ᠃ | ᠵᠢᠷᠭᠤᠭ᠎ᠠ᠂ ᠡᠮᠴᠢᠯᠡᠭᠡ ᠶᠢᠨ ᠪᠠᠳᠤᠯᠠᠭ᠎ᠠ ᠶᠢᠨ ᠭᠠᠷᠲᠠᠨ ᠭᠦᠢᠴᠡᠳᠭᠡᠬᠦ ᠬᠠᠮᠢᠶᠠᠷᠤᠯᠲᠠ ᠶᠢᠨ ᠦᠢᠯᠡᠴᠢᠯᠡᠭᠡ ᠶᠢ | ᠰᠢᠯᠢᠳᠡᠭᠵᠢᠭᠦᠯᠦᠨ᠎ᠡ | ᠡᠭᠦᠳᠡᠨ ᠡᠮᠨᠡᠯᠭᠡ ᠶᠢᠨ ᠪᠠᠲᠤᠯᠠᠭ᠎ᠠ ᠶᠢᠨ ᠬᠠᠮᠢᠶᠠᠷᠤᠯᠲᠠ ᠶᠢᠨ ᠦᠢᠯᠡᠴᠢᠯᠡᠭᠡᠨ ᠤ ᠠᠷᠭ᠎ᠠ ᠶᠢᠨ ᠰᠢᠨ᠎ᠡ ᠶᠢ | ᠡᠭᠦᠳᠴᠦ᠂ ᠡᠭᠦᠳᠡᠨ ᠡᠮᠨᠡᠯᠭᠡ ᠶᠢᠨ ᠪᠠᠲᠤᠯᠠᠭ᠎ᠠ ᠶᠢ ᠡᠮᠴᠢᠯᠡᠭᠡ ᠶᠢᠨ ᠪᠠᠳᠤᠯᠠᠭ᠎ᠠ ᠶᠢᠨ ᠴᠢᠭ ᠲᠣᠭᠲᠠᠭᠠᠭᠰᠠᠨ | ᠦᠢᠯᠡᠴᠢᠯᠡᠭᠡᠨ ᠤ ᠵᠥᠪᠳᠡᠯᠴᠡᠬᠡᠷ ᠤᠨ ᠬᠡᠪᠴᠢᠶᠡᠨ ᠳᠤ ᠣᠷᠣᠭᠤᠯᠤᠨ᠂ ᠡᠭᠦᠳᠡᠨ ᠡᠮᠨᠡᠯᠭᠡ ᠶᠢᠨ ᠡᠮᠴᠢᠯᠡᠭᠡᠨ ᠤ | ᠦᠢᠯᠡᠴᠢᠯᠡᠭᠡ ᠶᠢ ᠬᠢᠨᠠᠨ ᠡᠵᠡᠮᠳᠡᠬᠦ᠂ ᠵᠠᠳᠠᠯᠬᠤ ᠪᠠ ᠰᠢᠯᠭᠠᠨ ᠬᠢᠨᠠᠬᠤ ᠰᠢᠰᠲ᠋ᠧᠮᠵᠢ ᠶᠢ ᠪᠦᠷᠢᠨᠰᠢᠬᠦᠯᠵᠦ᠂ ᠴᠢᠭ | ᠲᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠵᠥᠪᠳᠡᠯᠴᠡᠬᠡᠷ ᠢ ᠭᠦᠢᠴᠡᠳᠭᠡᠭᠰᠡᠨ ᠠᠵᠢᠯ ᠤᠨ ᠠᠮᠵᠢᠯᠲᠠ | ᠪᠦᠲᠦᠮᠵᠢ ᠶᠢᠨ ᠬᠠᠮᠢᠶᠠᠷᠤᠯᠲᠠ ᠶᠢᠨ ᠠᠷᠭ᠎ᠠ ᠶᠢ ᠲᠡᠭᠦᠯᠳᠡᠷᠵᠢᠭᠦᠯᠦᠨ᠂ ᠴᠢᠭ ᠲᠣᠭᠲᠠᠭᠠᠭᠰᠠᠨ ᠡᠮᠴᠢᠯᠡᠭᠡ ᠶᠢᠨ | ᠪᠠᠳᠤᠯᠠᠭ᠎ᠠ ᠶᠢᠨ ᠰᠠᠭᠤᠷᠢ ᠮᠥᠩᠭᠦ ᠶᠢᠨ ᠲᠥᠰᠦᠪ ᠤᠨ ᠬᠠᠮᠢᠶᠠᠷᠤᠯᠲᠠ ᠶᠢᠨ ᠲᠦᠷᠢᠮ ᠢ ᠴᠢᠩᠭ᠎ᠠ ᠬᠡᠷᠡᠭᠵᠢᠭᠦᠯᠵᠦ᠂ | ᠡᠮᠴᠢᠯᠡᠭᠡ ᠶᠢᠨ ᠪᠠᠳᠤᠯᠠᠭ᠎ᠠ ᠶᠢᠨ ᠰᠠᠭᠤᠷᠢ ᠮᠥᠩᠭᠦ ᠶᠢ ᠬᠠᠷᠭᠤᠭᠤᠯᠤᠨ ᠪᠤᠳᠤᠬᠤ ᠲᠦᠷᠢᠮ ᠪᠠ ᠳᠣᠲᠣᠭᠠᠳᠤ ᠳᠠᠭᠠᠨ | ᠡᠵᠡᠮᠳᠡᠬᠦ ᠲᠦᠷᠢᠮ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠬᠤᠪᠢ ᠬᠥᠮᠦᠨ ᠤ ᠲᠠᠩᠰᠠᠨ ᠡᠷᠦᠬᠡ ᠶᠢ ᠬᠡᠷᠡᠭᠯᠡᠬᠦ | ᠬᠠᠮᠢᠶᠠᠷᠤᠯᠲᠠ ᠶᠢᠨ ᠠᠷᠭ᠎ᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠬᠤᠪᠢ ᠬᠥᠮᠦᠨ ᠤ ᠲᠠᠩᠰᠠᠨ ᠡᠷᠦᠬᠡ ᠶᠢᠨ | ᠪᠥᠬᠦ ᠴᠤᠪᠤᠷᠠᠯ ᠤᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ᠂ ᠬᠤᠪᠢ ᠬᠥᠮᠦᠨ ᠤ ᠲᠠᠩᠰᠠᠨ ᠡᠷᠦᠬᠡ ᠶᠢ | ᠬᠡᠷᠡᠭᠯᠡᠬᠦ᠂ ᠳ᠋ᠦᠩᠨᠡᠨ ᠪᠤᠳᠤᠬᠤ ᠵᠡᠷᠭᠡ ᠭᠤᠭᠴᠤᠭ᠎ᠠ ᠶᠢ ᠬᠢᠨᠠᠨ ᠬᠠᠷᠭᠤᠭᠤᠯᠬᠤ ᠶᠢ ᠴᠢᠩᠭᠠᠳᠬᠠᠵᠤ᠂ ᠣᠷᠣᠯᠭ᠎ᠠ | ᠵᠠᠷᠤᠯᠭ᠎ᠠ ᠶᠢᠨ ᠮᠡᠳᠡᠭᠡ ᠵᠠᠩᠭᠢ ᠶᠢ ᠪᠦᠷᠢᠳᠬᠡᠬᠦ ᠠᠵᠢᠯ ᠢ ᠰᠠᠶᠢᠲᠤᠷ ᠬᠢᠨ᠎ᠠ᠃ | ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠶ ᠡᠮᠴᠢᠯᠡᠭᠡᠨ ᠤ ᠪᠠᠲᠤᠯᠠᠭ᠎ᠠ ᠶᠢᠨ ᠮᠡᠳᠡᠭᠡ ᠵᠠᠩᠭᠢ ᠶᠢᠨ | ᠲᠠᠪᠴᠠᠩ ᠤᠨ ᠪᠠᠶᠢᠭᠤᠯᠤᠯᠲᠠ ᠶᠢ ᠲᠦᠷᠭᠡᠳᠬᠡᠵᠦ᠂ ᠡᠭᠦᠳᠡᠨ ᠡᠮᠨᠡᠯᠭᠡ ᠶᠢᠨ ᠵᠠᠷᠤᠳᠠᠯ ᠢ ᠣᠨᠳᠣᠤ ᠭᠠᠵᠠᠷ ᠲᠤ | ᠡᠮᠨᠡᠭᠦᠯᠦᠭᠰᠡᠨ ᠵᠠᠷᠤᠳᠠᠯ ᠢ ᠰᠢᠭᠤᠳ ᠳ᠋ᠦᠩᠨᠡᠨ ᠪᠤᠳᠤᠬᠤ ᠶᠢ ᠠᠬᠢᠭᠤᠯᠤᠨ᠎ᠠ᠃ ᠦᠨᠳᠦᠰᠦᠨ ᠱᠠᠲᠤᠨ ᠤ | ᠡᠮᠴᠢᠯᠡᠭᠡᠨ ᠤ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠬᠠᠮᠵᠢᠯᠴᠠᠨ ᠠᠬᠢᠭᠤᠯᠵᠤ᠂ ᠬᠡᠷ ᠪᠦᠯᠢ ᠶᠢᠨ | ᠡᠮᠴᠢ ᠶᠢᠨ ᠭᠡᠷ᠎ᠡ ᠲᠣᠭᠲᠠᠬᠤ ᠦᠢᠯᠡᠴᠢᠯᠡᠭᠡ ᠶᠢ ᠲᠡᠭᠦᠯᠳᠡᠷᠵᠢᠭᠦᠯᠦᠨ᠂ ᠣᠷᠳᠣ ᠬᠤᠭᠤᠴᠠᠭᠠᠨ ᠤ ᠵᠣᠷ ᠤᠨ | ᠬᠠᠮᠢᠶᠠᠷᠤᠯᠲᠠ ᠶᠢ ᠵᠢᠷᠤᠮᠵᠢᠭᠤᠯᠵᠤ᠂ ᠳᠠᠭᠠᠳᠬᠠᠯ ᠳᠤ ᠣᠷᠣᠯᠴᠠᠭᠰᠠᠳ ᠤᠨ ᠦᠨᠳᠦᠰᠦᠨ ᠱᠠᠲᠤᠨ ᠳᠤ ᠡᠮᠨᠡᠭᠦᠯᠬᠦ | ᠠᠩᠬᠠᠨ ᠤ ᠡᠮᠴᠢᠯᠡᠭᠡ ᠶᠢ ᠬᠥᠲᠥᠯᠦᠨ ᠵᠢᠯᠣᠭᠤᠳᠤᠨ᠎ᠠ᠃ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠶ ᠣᠨᠴᠠ | ᠡᠪᠡᠳᠴᠢᠨ ᠤ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠬᠦ ᠲᠠᠢ ᠤᠶᠠᠯᠳᠤᠭᠤᠯᠤᠨ᠂ ᠦᠨᠳᠦᠰᠦᠨ | ᠱᠠᠲᠤᠨ ᠤ ᠴᠢᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠣᠨᠣᠰᠢᠯᠠᠨ ᠡᠮᠨᠡᠬᠦ ᠵᠢᠴᠢ ᠰᠢᠯᠵᠢᠭᠦᠯᠦᠨ | ᠡᠮᠨᠡᠭᠦᠯᠬᠦ ᠵᠡᠷᠭᠡ ᠦᠢᠯᠡ ᠠᠵᠢᠯᠯᠠᠭ᠎ᠠ ᠶᠢ ᠵᠢᠷᠤᠮᠵᠢᠭᠤᠯᠤᠨ᠎ᠠ᠃ | ᠳᠣᠯᠤᠭ᠎ᠠ᠂ ᠵᠣᠬᠢᠶᠠᠨ ᠪᠠᠶᠢᠭᠤᠯᠵᠤ ᠬᠡᠷᠡᠭᠵᠢᠭᠦᠯᠬᠦ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠡᠯ᠎ᠡ ᠭᠠᠵᠠᠷ | ᠣᠷᠣᠨ ᠨᠤᠭᠤᠳ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠦᠨᠡᠨᠬᠦ ᠴᠢᠩᠭᠠᠳᠬᠠᠵᠤ᠂ ᠰᠠᠯᠠᠭ᠎ᠠ | ᠮᠥᠴᠢᠷ ᠤᠨ ᠬᠠᠮᠵᠢᠯᠴᠠᠬᠤ ᠲᠣᠭᠲᠠᠴᠠ ᠶᠢ ᠪᠠᠶᠢᠭᠤᠯᠤᠨ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ | ᠠᠳᠬᠤᠬᠤ ᠬᠡᠷᠡᠭᠲᠡᠶ᠃ ᠲᠣᠰ ᠭᠠᠵᠠᠷ ᠣᠷᠣᠨ ᠤ ᠪᠣᠳᠠᠲᠠᠶ ᠲᠠᠢ ᠪᠠᠨ ᠤᠶᠠᠯᠳᠤᠭᠤᠯᠤᠨ᠂ ᠲᠤᠰᠢᠶᠠᠯ | ᠬᠠᠷᠢᠭᠤᠴᠠᠯᠭ᠎ᠠ ᠶᠢᠨ ᠡᠷᠬᠡ ᠶᠢᠨ ᠬᠡᠪᠴᠢᠶᠡᠨ ᠳᠤ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠨᠠᠷᠢᠯᠢᠬᠵᠢᠭᠤᠯᠵᠤ᠂ | 2022 ᠣᠨ ᠤ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠬᠡᠷᠡᠭᠵᠢᠭᠦᠯᠬᠦ ᠨᠠᠷᠢᠨ ᠲᠦᠷᠢᠮ ᠢ ᠨᠡᠶᠢᠲᠡᠯᠡᠵᠦ᠂ | 2022 ᠣᠨ ᠤ 10 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠬᠦ ᠶᠢ ᠦᠨᠡᠨ ᠬᠦ ᠪᠠᠲᠤᠯᠠᠬᠤ | ᠬᠡᠷᠡᠭᠲᠡᠶ᠃ 2023 ᠣᠨ ᠤ ᠵᠢᠯ ᠤᠨ ᠰᠡᠭᠦᠯᠴᠢ ᠠᠴᠠ ᠡᠮᠦᠨ᠎ᠡ᠂ ᠡᠯ᠎ᠡ ᠨᠢᠭᠡᠳᠦᠯᠲᠡᠶ ᠲᠥᠯᠥᠪᠯᠡᠬᠦ ᠭᠠᠵᠠᠷ | ᠣᠷᠣᠨ ᠨᠤᠭᠤᠳ ᠥᠭᠡᠷᠡᠴᠢᠯᠡᠯᠲᠡ ᠶᠢᠨ ᠬᠡᠷᠡᠭᠵᠢᠭᠦᠯᠦᠯᠲᠡ ᠶᠢ ᠦᠨᠡᠯᠡᠨ ᠵᠢᠱᠢᠬᠦ ᠠᠵᠢᠯ ᠢ ᠥᠷᠨᠢᠭᠦᠯᠵᠦ᠂ ᠠᠵᠢᠯᠲᠠᠨ | ᠠᠵᠢᠯᠴᠢᠨ ᠤ ᠡᠮᠴᠢᠯᠡᠭᠡ ᠶᠢᠨ ᠪᠠᠳᠤᠯᠠᠭ᠎ᠠ ᠶᠢᠨ ᠡᠭᠦᠳᠡᠨ ᠡᠮᠨᠡᠯᠭᠡ ᠶᠢᠨ ᠬᠠᠷᠢᠯᠴᠠᠨ ᠬᠠᠷᠠᠭᠠᠯᠵᠠᠬᠤ ᠪᠠᠲᠤᠯᠠᠭ᠎ᠠ ᠶᠢᠨ | ᠲᠣᠭᠲᠠᠴᠠ ᠶᠢ ᠤᠯᠠᠮ ᠨᠢᠭᠡ ᠠᠯᠬᠤᠮ ᠪᠦᠷᠢᠨᠰᠢᠬᠦᠯᠬᠦ ᠶᠢ ᠪᠠᠳᠤᠯᠠᠨ᠎ᠠ᠃ | ︵ᠬᠤᠶᠠᠷ︶ ᠯᠠᠪᠳᠠᠭᠤᠨ ᠪᠣᠯᠭᠤᠮᠵᠢᠲᠠᠶ ᠠᠬᠢᠭᠤᠯᠬᠤ ᠶᠢ ᠦᠨᠡᠨᠬᠦ ᠪᠠᠲᠤᠯᠠᠨ᠎ᠠ᠃ ᠡᠯ᠎ᠡ ᠭᠠᠵᠠᠷ | ᠣᠷᠣᠨ ᠨᠤᠭᠤᠳ ᠥᠭᠡᠷᠡᠴᠢᠯᠡᠯᠲᠡ ᠶᠢᠨ ᠡᠮᠦᠨ᠎ᠡ ᠬᠤᠶᠢᠨᠠᠬᠢ ᠲᠥᠷᠥ ᠶᠢᠨ ᠪᠣᠳᠣᠯᠭ᠎ᠠ ᠶᠢᠨ ᠵᠣᠯᠭᠠᠭᠤᠯᠤᠯᠲᠠ ᠶᠢ | ᠲᠣᠬᠢᠲᠠᠶ ᠰᠠᠶᠢᠲᠤᠷ ᠰᠢᠢᠳᠪᠦᠷᠢᠯᠡᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ | ᠡᠮᠴᠢᠯᠡᠭᠡ ᠶᠢᠨ ᠪᠠᠳᠤᠯᠠᠭ᠎ᠠ ᠶᠢᠨ ᠡᠭᠦᠳᠡᠨ ᠡᠮᠨᠡᠯᠭᠡ ᠶᠢ ᠨᠢᠭᠡᠳᠦᠯᠲᠡᠶ ᠲᠥᠯᠥᠪᠯᠡᠬᠦ ᠶᠢ ᠵᠡᠷᠭᠡ ᠳᠤᠨᠢ ᠲᠡᠭᠦᠯᠳᠡᠷᠵᠢᠭᠦᠯᠦᠨ | ᠂ ᠢᠳᠡᠪᠬᠢᠲᠡᠶ ᠪᠥᠭᠡᠳ ᠯᠠᠪᠳᠠᠭᠤᠨ ᠢᠶᠠᠷ ᠠᠬᠢᠭᠤᠯᠵᠤ᠂ ᠳᠠᠭᠠᠳᠬᠠᠯ ᠳᠤ ᠣᠷᠣᠯᠴᠠᠭᠰᠠᠳ ᠤᠨ ᠣᠯᠭᠤᠮᠵᠢ ᠶᠢᠨ | ᠲᠣᠭᠲᠠᠭᠤᠨ ᠢᠶᠠᠷ ᠰᠢᠯᠵᠢᠬᠦ ᠶᠢ ᠦᠨᠡᠨᠬᠦ ᠪᠠᠲᠤᠯᠠᠬᠤ ᠬᠠᠮᠢᠶ᠎ᠠ ᠪᠥᠬᠦᠶ ᠠᠵᠢᠯ ᠢ ᠨᠢᠭᠡᠨᠲᠡ ᠥᠷᠨᠢᠭᠦᠯᠦᠭᠰᠡᠨ ᠪᠠᠶᠢᠪᠠᠯ | ᠲᠥᠷᠥ ᠶᠢᠨ ᠪᠣᠳᠣᠯᠭ᠎ᠠ ᠶᠢᠨ ᠪᠠᠷᠢᠮᠵᠢᠶ᠎ᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠬᠠᠮᠢᠶ᠎ᠠ ᠪᠥᠬᠦᠶ ᠠᠵᠢᠯ ᠢ | ᠬᠠᠷᠠᠬᠠᠨ ᠥᠷᠨᠢᠭᠦᠯᠦᠭᠡᠳᠦᠶ ᠪᠠᠶᠢᠪᠠᠯ ᠢᠳᠡᠪᠬᠢᠲᠡᠶ ᠪᠥᠭᠡᠳ ᠯᠠᠪᠳᠠᠭᠤᠨ ᠢᠶᠠᠷ ᠡᠬᠢᠯᠡᠭᠦᠯᠦᠨ ᠬᠡᠷᠡᠭᠵᠢᠭᠦᠯᠬᠦ ᠬᠡᠷᠡᠭᠲᠡᠶ᠃ | ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠢᠩᠬᠢᠮ ᠨᠢ | ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ᠂ ᠡᠯ᠎ᠡ ᠭᠠᠵᠠᠷ ᠣᠷᠣᠨ ᠳᠤ ᠬᠢᠨᠠᠯᠲᠠ ᠲᠠᠯᠪᠢᠵᠤ | ᠵᠢᠯᠣᠭᠤᠳᠬᠤ ᠪᠠᠨ ᠴᠢᠩᠭᠠᠳᠬᠠᠬᠤ ᠬᠡᠷᠡᠭᠲᠡᠶ᠃ | ︵ᠭᠤᠷᠪᠠ︶ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ᠃ ᠡᠯ᠎ᠡ ᠭᠠᠵᠠᠷ ᠣᠷᠣᠨ᠂ ᠡᠯ᠎ᠡ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠡᠮᠴᠢᠯᠡᠭᠡᠨ ᠤ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢᠨ | ᠲᠠᠶᠢᠯᠤᠮᠵᠢ ᠪᠠ ᠦᠢᠯᠡᠴᠢᠯᠡᠭᠡᠨ ᠤ ᠤᠬᠠᠭᠤᠯᠭ᠎ᠠ ᠶᠢ ᠢᠳᠡᠪᠬᠢᠲᠡᠶ ᠰᠠᠶᠢᠲᠤᠷ ᠬᠢᠵᠦ᠂ ᠠᠵᠢᠯᠲᠠᠨ ᠠᠵᠢᠯᠴᠢᠨ ᠤ | ᠡᠮᠴᠢᠯᠡᠭᠡ ᠶᠢᠨ ᠪᠠᠳᠤᠯᠠᠭ᠎ᠠ ᠶᠢᠨ ᠡᠭᠦᠳᠡᠨ ᠡᠮᠨᠡᠯᠭᠡ ᠶᠢᠨ ᠬᠠᠷᠢᠯᠴᠠᠨ ᠬᠠᠷᠠᠭᠠᠯᠵᠠᠬᠤ ᠪᠠᠲᠤᠯᠠᠭ᠎ᠠ ᠶᠢᠨ ᠲᠣᠭᠲᠠᠴᠠ ᠶᠢ | ᠪᠠᠶᠢᠭᠤᠯᠤᠨ ᠪᠦᠷᠢᠨᠰᠢᠬᠦᠯᠬᠦ ᠨᠢ ᠳᠠᠭᠠᠳᠬᠠᠯ ᠳᠤ ᠣᠷᠣᠯᠴᠠᠭᠰᠠᠳ ᠤᠨ ᠡᠮᠴᠢᠯᠡᠭᠡᠨ ᠤ ᠵᠠᠷᠤᠳᠠᠯ ᠤᠨ ᠳᠠᠷᠤᠭᠠᠰᠤ ᠶᠢ | ᠬᠥᠩᠭᠡᠷᠡᠭᠦᠯᠬᠦ᠂ ᠲᠦᠷᠢᠮ ᠤᠨ ᠨᠠᠩ ᠲᠥᠪ ᠭᠤᠤᠯᠴᠢ ᠨᠠᠩ ᠦᠷᠭᠦᠯᠵᠢᠯᠡᠬᠦ ᠶᠢ ᠠᠬᠢᠭᠤᠯᠬᠤ ᠳᠤ ᠦᠵᠡᠭᠦᠯᠬᠦ | ᠴᠢᠬᠤᠯᠠ ᠦᠢᠯᠡᠳᠦᠯ ᠢ ᠭᠦᠢᠴᠡᠳ ᠤᠬᠠᠭᠤᠯᠵᠤ᠂ ᠡᠮᠴᠢᠯᠡᠭᠡ ᠶᠢᠨ ᠪᠠᠳᠤᠯᠠᠭ᠎ᠠ ᠶᠢᠨ ᠬᠠᠮᠲᠤ ᠪᠠᠷ ᠪᠠᠶᠢᠭᠤᠯᠵᠤ | ᠬᠠᠮᠲᠤ ᠪᠠᠷ ᠡᠳ᠋ᠯᠡᠬᠦ᠂ ᠬᠠᠷᠢᠯᠴᠠᠨ ᠬᠠᠪᠰᠤᠷᠤᠯᠴᠠᠵᠤ ᠬᠠᠮᠲᠤ ᠪᠠᠷ ᠲᠤᠰᠠᠯᠠᠬᠤ ᠶᠢᠨ ᠴᠢᠬᠤᠯᠠ ᠠᠴᠢ ᠬᠤᠯᠪᠣᠭᠳᠠᠯ ᠢ | ᠶᠡᠬᠡᠪᠡᠷ ᠤᠬᠠᠭᠤᠯᠵᠤ᠂ ᠡᠯ᠎ᠡ ᠲᠠᠯ᠎ᠠ ᠶᠢᠨ ᠬᠢᠨ ᠤ ᠥᠭᠡᠷᠡᠴᠢᠯᠡᠯᠲᠡ ᠶᠢ ᠳᠡᠮᠵᠢᠨ ᠬᠠᠮᠵᠢᠯᠴᠠᠬᠤ ᠢᠳᠡᠪᠬᠢᠵᠢᠯ ᠪᠠ | ᠰᠠᠨᠠᠭᠠᠴᠢᠯᠠᠭᠠᠲᠤ ᠴᠢᠨᠠᠷ ᠢ ᠭᠦᠢᠴᠡᠳ ᠳᠠᠶᠢᠴᠢᠯᠠᠨ᠂ ᠨᠡᠶᠢᠭᠡᠮ ᠤᠨ ᠬᠠᠮᠲᠤ ᠶᠢᠨ ᠲᠠᠨᠢᠯᠲᠠ ᠶᠢ ᠨᠢᠭᠲᠠᠷᠠᠭᠤᠯᠤᠨ᠎ᠠ᠃ | ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠢᠨᠠᠨ ᠬᠡᠮᠵᠢᠬᠦ ᠪᠠ ᠰᠢᠢᠳᠪᠦᠷᠢᠯᠡᠬᠦ ᠲᠣᠭᠲᠠᠴᠠ ᠶᠢ ᠪᠠᠶᠢᠭᠤᠯᠵᠤ᠂ ᠨᠡᠶᠢᠭᠡᠮ ᠤᠨ | ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠴᠠᠭ ᠲᠤᠬᠠᠶ ᠳᠤᠨᠢ ᠬᠠᠷᠢᠭᠤᠯᠲᠠ ᠥᠭᠴᠦ᠂ ᠵᠢᠱᠢᠯᠲᠡ ᠶᠢ ᠵᠦᠢ | ᠵᠣᠬᠢᠰᠲᠠᠶ ᠪᠠᠷ ᠬᠥᠲᠥᠯᠥᠨ ᠵᠢᠯᠣᠭᠤᠳᠬᠤ ᠬᠡᠷᠡᠭᠲᠡᠶ᠃ | 2021 ᠣᠨ ᠤ 12 ᠳ᠋ᠤᠭᠠᠷ ᠰᠠᠷ᠎ᠠ ᠶᠢᠨ 15 ᠤ ᠡᠳᠦᠷ | ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶ |