ᠰᠦᠯᠵᠢᠶᠡᠨ ᠳᠤ ᠬᠤᠯᠪᠤᠭᠰᠠᠨ ᠡᠮ ᠲᠠᠩ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠳᠣᠭᠢᠷᠠᠭᠤᠯᠤᠨ ᠬᠦᠷᠭᠡᠬᠦ ᠬᠠᠷᠢᠴᠠᠭ᠎ᠠ ᠶᠢ ᠬᠠᠷᠭᠤᠭᠤᠯᠤᠨ ᠪᠠᠶᠢᠴᠠᠭᠠᠬᠤ ᠮᠠᠲ᠋ᠧᠷᠢᠶᠠᠯ ᠢ ᠳᠥᠭᠦᠮᠴᠢᠯᠡᠬᠦ ᠲᠤᠬᠠᠶ ᠤᠯᠠᠭᠠᠨᠬᠠᠳᠠ ᠬᠤᠲᠠ ᠶᠢᠨ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ ᠶᠢᠨ ᠮᠡᠳᠡᠭᠳᠡᠯ
ᠨᠡᠶᠢᠲᠡᠯᠡᠭᠰᠡᠨ ᠴᠠᠭ᠄
2021/12/3
ᠡᠯ᠎ᠡ ᠡᠮ ᠲᠠᠩ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠳᠤ᠄      ᠰᠦᠯᠵᠢᠶᠡᠨ ᠳᠤ ᠬᠤᠯᠪᠤᠭᠰᠠᠨ ᠡᠮ ᠲᠠᠩ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠳᠣᠭᠢᠷᠠᠭᠤᠯᠤᠨ ᠬᠦᠷᠭᠡᠬᠦ ᠬᠠᠷᠢᠴᠠᠭ᠎ᠠ ᠶᠢ ᠬᠠᠷᠭᠤᠭᠤᠯᠤᠨ ᠪᠠᠶᠢᠴᠠᠭᠠᠬᠤ ᠮᠠᠲ᠋ᠧᠷᠢᠶᠠᠯ ᠢ ᠤᠯᠠᠮ ᠨᠢᠭᠡ ᠠᠯᠬᠤᠮ ᠳᠥᠭᠦᠮᠴᠢᠯᠡᠵᠦ᠂ ᠬᠠᠷᠭᠤᠭᠤᠯᠤᠨ ᠪᠠᠶᠢᠴᠠᠭᠠᠬᠤ ᠴᠠᠭ ᠤᠨ ᠬᠢᠵᠠᠭᠠᠷ ᠢ ᠪᠣᠭᠤᠨᠢᠰᠬᠠᠨ᠂ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠬᠤ ᠶᠢᠨ ᠲᠤᠰᠠᠳᠠ᠂ ᠡᠳᠦᠭᠡ ᠮᠠᠨ ᠤ ᠬᠤᠲᠠ ᠶᠢᠨ ᠡᠮ ᠲᠠᠩ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠳᠣᠭᠢᠷᠠᠭᠤᠯᠤᠨ ᠬᠦᠷᠭᠡᠬᠦ ᠬᠠᠷᠢᠴᠠᠭ᠎ᠠ ᠶᠢ ᠬᠠᠷᠭᠤᠭᠤᠯᠤᠨ ᠪᠠᠶᠢᠴᠠᠭᠠᠬᠤ ᠠᠵᠢᠯ ᠳᠤ ᠲᠣᠬᠢᠷᠠᠭᠤᠯᠤᠯᠲᠠ ᠬᠢᠪᠠ᠃      ᠨᠢᠭᠡ᠂ ᠳᠣᠭᠢᠷᠠᠭᠤᠯᠤᠨ ᠬᠦᠷᠭᠡᠬᠦ ᠬᠠᠷᠢᠴᠠᠭ᠎ᠠ ᠶᠢ ᠬᠠᠷᠭᠤᠭᠤᠯᠤᠨ ᠰᠢᠯᠭᠠᠬᠤ ᠮᠠᠲ᠋ᠧᠷᠢᠶᠠᠯ ᠢ ᠳᠥᠭᠦᠮᠴᠢᠯᠡᠨ᠎ᠡ      ᠳᠣᠭᠢᠷᠠᠭᠤᠯᠤᠨ ᠬᠦᠷᠭᠡᠬᠦ ᠬᠠᠷᠢᠴᠠᠭ᠎ᠠ ᠶᠢ ᠬᠠᠷᠭᠤᠭᠤᠯᠤᠨ ᠪᠠᠶᠢᠴᠠᠭᠠᠬᠤ ᠳᠤ ᠬᠠᠩᠭᠠᠬᠤ ᠮᠠᠲ᠋ᠧᠷᠢᠶᠠᠯ᠄ ᠡᠮ ᠲᠠᠩ ᠢ ᠲᠥᠪᠯᠡᠷᠡᠭᠦᠯᠦᠨ ᠬᠤᠳᠠᠯᠳᠤᠨ ᠠᠪᠬᠤ ᠨᠠᠶᠢᠳᠠᠯᠭ᠎ᠠ ᠶᠢᠨ ᠳᠣᠭᠢᠷᠠᠭᠤᠯᠤᠨ ᠬᠦᠷᠭᠡᠬᠦ ᠵᠥᠪᠯᠡᠯᠴᠡᠭᠡᠷ ᠪᠤᠶᠤ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠢᠯᠡ ᠪᠠᠷ ᠬᠤᠳᠠᠯᠳᠤᠨ ᠠᠪᠬᠤ ᠰᠦᠯᠵᠢᠶᠡᠨ ᠳᠤ ᠬᠤᠯᠪᠤᠭᠰᠠᠨ ᠦᠢᠯᠡᠳᠭᠦᠨ ᠢ ᠨᠠᠶᠢᠳᠠᠯᠭ᠎ᠠ ᠶᠢᠨ ᠳᠣᠭᠢᠷᠠᠭᠤᠯᠤᠨ ᠬᠦᠷᠭᠡᠬᠦ ᠵᠥᠪᠯᠡᠯᠴᠡᠭᠡᠷ ︵ᠵᠥᠪᠳᠡᠯᠴᠡᠬᠡᠷ ᠤᠨ ᠵᠠᠭᠪᠤᠷ ᠢ ᠬᠤᠪᠢᠷᠠᠭᠤᠯᠤᠭᠰᠠᠨ ᠥᠬᠡᠶ︶᠃      ᠬᠤᠶᠠᠷ᠂ ᠮᠡᠳᠡᠭᠦᠯᠦᠨ ᠬᠦᠷᠭᠡᠬᠦ ᠠᠷᠭ᠎ᠠ ᠮᠠᠶ᠋ᠢᠭ ᠢᠶᠠᠨ ᠬᠤᠪᠢᠷᠠᠭᠤᠯᠬᠤ      ᠤᠤᠯ ᠤᠨ ᠲᠤᠬᠠᠢ ᠶᠢᠨ ᠲᠠᠯᠠᠪᠠᠢ ᠳᠤ ᠴᠠᠭᠠᠰᠤᠨ ᠮᠠᠲ᠋ᠧᠷᠢᠶᠠᠯ ᠢ ᠮᠡᠳᠡᠭᠦᠯᠦᠨ ᠬᠦᠷᠭᠡᠵᠦ ᠪᠠᠶᠢᠭᠰᠠᠨ ᠠᠴᠠ ᠨᠢ ᠡᠯᠧᠺᠲᠷᠣᠨ ᠰᠢᠦᠳᠠᠨ ᠤ ᠬᠡᠯᠪᠡᠷᠢ ᠪᠠᠷ ᠨᠠᠶᠢᠳᠠᠯᠭ᠎ᠠ ᠶᠢᠨ ᠵᠥᠪᠯᠡᠯᠴᠡᠭᠡᠷ ᠤᠨ PDF ᠡᠯᠧᠺᠲᠷᠣᠨ ᠬᠡᠪᠯᠡᠯ ᠢ ᠮᠡᠳᠡᠭᠦᠯᠦᠨ ᠬᠦᠷᠭᠡᠬᠦ ᠪᠣᠯᠭᠠᠨ ᠬᠤᠪᠢᠷᠠᠭᠤᠯᠪᠠ᠃      ᠭᠤᠷᠪᠠ᠂ ᠪᠣᠳᠠᠲᠠᠶ ᠱᠠᠭᠠᠷᠳᠠᠯᠭ᠎ᠠ      ︵ᠨᠢᠭᠡ︶ ᠦᠢᠯᠡᠳᠪᠦᠷᠢᠯᠡᠯ ᠤᠨ ᠠᠵᠤ ᠠᠬᠤᠶᠢᠯᠠᠯ ᠬᠢᠭᠡᠳ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠨᠢ ᠨᠠᠶᠢᠳᠠᠯᠭ᠎ᠠ ᠶᠢᠨ ᠳᠣᠭᠢᠷᠠᠭᠤᠯᠤᠨ ᠬᠦᠷᠭᠡᠬᠦ ᠵᠥᠪᠯᠡᠯᠴᠡᠭᠡᠷ ᠲᠣᠭᠲᠠᠭᠰᠠᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠡᠮ ᠲᠠᠩ ᠬᠤᠳᠠᠯᠳᠤᠨ ᠠᠪᠬᠤ ᠲᠠᠪᠴᠠᠩ ᠪᠤᠶᠤ ᠡᠮᠴᠢᠯᠡᠭᠡᠨ ᠤ ᠪᠠᠲᠤᠯᠠᠭ᠎ᠠ ᠶᠢᠨ ᠮᠡᠳᠡᠭᠡ ᠵᠠᠩᠭᠢ ᠶᠢᠨ ᠲᠠᠪᠴᠠᠩ ᠳᠤ ᠪᠣᠳᠠᠲᠠᠶ ᠦᠢᠯᠡᠳᠭᠦᠨ ᠳᠣᠭᠢᠷᠠᠭᠤᠯᠤᠨ ᠬᠦᠷᠭᠡᠬᠦ ᠬᠠᠷᠢᠴᠠᠭ᠎ᠠ ᠶᠢ ᠪᠠᠶᠢᠭᠤᠯᠵᠤ᠂ ᠳᠠᠷᠠᠭ᠎ᠠ ᠨᠢ ᠳᠠᠭᠢᠵᠤ ᠨᠠᠶᠢᠳᠠᠯᠭ᠎ᠠ ᠶᠢᠨ ᠵᠥᠪᠯᠡᠯᠴᠡᠭᠡᠷ ᠤᠨ ᠡᠯᠧᠺᠲᠷᠣᠨ ᠬᠡᠪᠯᠡᠯ ᠢ ᠰᠢᠤᠳᠠᠨ ᠤ ᠬᠠᠶᠢᠷᠴᠠᠭ ᠲᠤ ᠮᠡᠳᠡᠭᠦᠯᠦᠨ ᠬᠦᠷᠭᠡᠬᠦ ᠬᠡᠷᠡᠭᠲᠡᠶ᠃      ︵ᠬᠤᠶᠠᠷ︶ ᠵᠥᠪᠳᠡᠯᠴᠡᠬᠡᠷ ᠤᠨ ᠠᠭᠤᠯᠭ᠎ᠠ ᠳᠤ ᠭᠠᠷ ᠤᠨ ᠥᠰᠥᠭ ᠨᠢ ᠲᠣᠳᠣᠷᠬᠠᠶ ᠪᠠᠶᠢᠬᠤ ᠶᠢ ᠱᠠᠭᠠᠷᠳᠠᠵᠤ ᠂ ᠣᠪᠣᠭ ᠨᠡᠷ᠎ᠡ᠂ ᠲᠠᠭᠯᠠᠨ ᠮᠡᠳᠡᠭᠦᠯᠦᠭᠰᠡᠨ ᠡᠳᠦᠷ ᠬᠤᠭᠤᠴᠠᠭ᠎ᠠ ᠵᠡᠷᠭᠡ ᠪᠣᠶ ᠪᠥᠬᠦᠶ ᠲᠥᠷᠥᠯ ᠵᠦᠢᠯ ᠳᠤ ᠬᠤᠭᠤᠰᠣᠨ ᠦᠯᠡᠳᠡᠭᠡᠬᠦ ᠥᠬᠡᠶ᠂ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠠᠯᠪᠠᠨ ᠲᠠᠮᠠᠭ᠎ᠠ ᠶᠢ ᠳᠠᠷᠤᠬᠤ ᠬᠡᠷᠡᠭᠲᠡᠶ᠃ PDF ᠡᠯᠧᠺᠲᠷᠣᠨ ᠰᠢᠷᠪᠢᠯᠲᠡ ᠶᠢᠨ ᠮᠠᠲ᠋ᠧᠷᠢᠶᠠᠯ ᠤᠨ ᠠᠭᠤᠯᠭ᠎ᠠ ᠶᠢ ᠲᠣᠳᠣᠷᠬᠠᠶ ᠲᠠᠨᠢᠬᠤ ᠬᠡᠷᠡᠭᠲᠡᠶ ︵ᠬᠡᠷᠡᠯ ᠵᠢᠷᠤᠭ ᠤᠨ ᠵᠠᠭᠪᠤᠷ ᠤᠨ ᠶᠡᠭᠡ ᠪᠠᠭ᠎ᠠ ᠶᠢ 1M ᠠᠴᠠ ᠳᠡᠭᠡᠭᠰᠢ ᠪᠠᠶᠢᠯᠭᠠᠬᠤ ᠬᠡᠷᠡᠭᠲᠡᠶ︶᠂ ᠪᠢᠴᠢᠭ ᠮᠠᠲ᠋ᠧᠷᠢᠶᠠᠯ ᠤᠨ ᠨᠡᠷᠡᠶᠢᠳᠦᠯ ᠤᠨ ᠵᠠᠭᠪᠤᠷ ᠨᠢ ︽ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠨᠡᠷᠡᠶᠢᠳᠦᠯ + ᠦᠢᠯᠡᠳᠪᠦᠷᠢᠯᠡᠯ ᠤᠨ ᠠᠵᠤ ᠠᠬᠤᠶᠢᠯᠠᠯ ᠤᠨ ᠨᠡᠷᠡᠶᠢᠳᠦᠯ + ᠮᠡᠳᠡᠭᠦᠯᠦᠨ ᠬᠦᠷᠭᠡᠬᠦ ᠣᠨ ᠰᠠᠷ᠎ᠠ ᠡᠳᠦᠷ︾ ᠪᠣᠯᠤᠨ᠎ᠠ᠃ ᠵᠢᠱᠢᠶ᠎ᠡ᠄ A ᠺᠣᠮᠫᠠᠨᠢ + B ᠺᠣᠮᠫᠠᠨᠢ 20210926      ︵ᠭᠤᠷᠪᠠ︶ ᠬᠡᠷᠪᠡ ᠴᠠᠭᠠᠰᠤᠨ ᠮᠠᠲ᠋ᠧᠷᠢᠶᠠᠯ ᠤᠨ ᠨᠠᠶᠢᠳᠠᠯᠭ᠎ᠠ ᠶᠢᠨ ᠲᠣᠬᠢᠷᠠᠭᠤᠯᠤᠨ ᠬᠦᠷᠭᠡᠬᠦ ᠬᠡᠯᠡᠯᠴᠡᠭᠡᠷ ᠲᠠᠬᠢ ᠦᠢᠯᠡᠳᠬᠦᠨ ᠨᠢ ᠨᠡᠯᠢᠶᠡᠳ ᠠᠷᠪᠢᠨ ᠪᠠᠶᠢᠪᠠᠯ᠂ ᠬᠤᠳᠠᠯᠳᠤᠨ ᠠᠪᠬᠤ ᠲᠠᠪᠴᠠᠩ ᠳᠠᠬᠢ ᠬᠢᠨᠠᠨ ᠬᠠᠷᠭᠤᠭᠤᠯᠬᠤ ᠪᠠᠷ ᠪᠠᠶᠢᠭ᠎ᠠ ᠪᠣᠳᠠᠲᠠᠶ ᠦᠢᠯᠡᠳᠬᠦᠨ ᠢ ᠲᠣᠳᠣᠷᠬᠠᠶᠢᠯᠠᠬᠤ ᠴᠢᠬᠤᠯᠠᠲᠠᠶ ᠪᠠᠶᠢᠵᠤ᠂ ᠠᠵᠢᠯᠳᠠᠨ ᠤ ᠬᠢᠨᠠᠨ ᠰᠢᠯᠭᠠᠬᠤ ᠶᠢ ᠤᠷᠤᠭᠰᠢᠲᠠᠶ ᠪᠡᠶᠡᠯᠡᠭᠦᠯᠬᠦ ᠳᠤ ᠲᠦᠭᠦᠮ ᠦᠵᠡᠭᠦᠯᠦᠨ᠎ᠡ᠃      ︵ᠳᠥᠷᠪᠡ︶ ᠲᠣᠰ ᠮᠡᠳᠡᠭᠳᠡᠯ ᠢ ᠪᠢᠴᠢᠭ ᠮᠠᠲ᠋ᠧᠷᠢᠶᠠᠯ ᠢ ᠪᠠᠭᠤᠯᠭᠠᠭᠰᠠᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠂ ᠡᠭᠦᠨ ᠠᠴᠠ ᠡᠮᠦᠨ᠎ᠡ ᠨᠢᠭᠡᠨᠲᠡ ᠳᠣᠭᠢᠷᠠᠭᠤᠯᠤᠨ ᠬᠦᠷᠭᠡᠬᠦ ᠬᠡᠯᠡᠯᠴᠡᠭᠡᠷ ᠲᠣᠭᠲᠠᠭᠰᠠᠨ ᠪᠥᠭᠡᠳ ᠬᠤᠲᠠ ᠶᠢᠨ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠲᠢᠩᠬᠢᠮ ᠳᠤ ᠬᠦᠷᠭᠡᠭᠰᠡᠨ ᠪᠠᠶᠢᠪᠠᠯ᠂ ᠡᠯᠧᠺᠲᠷᠣᠨ ᠬᠡᠪᠯᠡᠯ ᠤᠨ ᠮᠠᠲ᠋ᠧᠷᠢᠶᠠᠯ ᠢ ᠳᠠᠭᠢᠵᠤ ᠮᠡᠳᠡᠭᠦᠯᠦᠨ ᠬᠦᠷᠭᠡᠬᠦ ᠴᠢᠬᠤᠯᠠ ᠥᠬᠡᠶ᠃      ᠬᠤᠲᠠ ᠶᠢᠨ ᠡᠮ ᠡᠮᠨᠡᠯᠭᠡ ᠶᠢᠨ ᠬᠤᠳᠠᠯᠳᠤᠨ ᠠᠪᠬᠤ ᠲᠥᠪ ᠤᠨ ᠤᠲᠠᠰᠤ᠄ 0476 — 8781093      ᠬᠦᠯᠢᠶᠡᠨ ᠠᠪᠬᠤ ᠮᠠᠲ᠋ᠧᠷᠢᠶᠠᠯ ᠡᠯᠧᠺᠲᠷᠣᠨ ᠰᠢᠦᠳᠠᠨ ᠬᠠᠶᠢᠷᠴᠠᠭ᠄ cfsyczx@163.com      ᠤᠯᠠᠭᠠᠨᠬᠠᠳᠠ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ      2021 ᠣᠨ ᠤ 12  ᠳ᠋ᠤᠭᠠᠷ ᠰᠠᠷ᠎ᠠ ᠶᠢᠨ 2 ᠤ ᠡᠳᠦᠷ
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠣᠯᠠᠭ᠎ᠠ ᠶᠢᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号