ᠤᠯᠤᠰ ᠠᠴᠠ ᠵᠣᠬᠢᠶᠠᠨ ᠪᠠᠶᠢᠭᠤᠯᠤᠭᠰᠠᠨ ᠡᠮ ᠲᠠᠩ ᠢ ᠲᠥᠪᠯᠡᠷᠡᠭᠦᠯᠦᠨ ᠬᠤᠳᠠᠯᠳᠤᠨ ᠠᠪᠬᠤ ᠳᠤ ᠰᠤᠩᠭᠤᠭᠳᠠᠭᠰᠠᠨ ᠦᠭᠡᠢ ᠡᠮ ᠲᠠᠩ ᠤᠨ ᠦᠨ᠎ᠡ ᠬᠠᠩᠰᠢ ᠶᠢ ᠲᠣᠬᠢᠷᠠᠭᠤᠯᠬᠤ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2021/12/3
      ᠥᠪᠥᠷ ᠡᠮ ᠬᠤᠳᠠᠯᠳᠤᠨ ᠠᠪᠬᠤ ᠲᠥᠪ ᠦᠰᠦᠭ ﹇2021﹈ 249 ᠳ᠋ᠤᠭᠡᠷ ᠲᠣᠭᠠᠲᠤ ᠡᠯ᠎ᠡ ᠬᠠᠮᠢᠶ᠎ᠠ ᠪᠥᠬᠦᠶ ᠠᠵᠤ ᠠᠬᠤᠶᠢᠯᠠᠯ᠄      ᠤᠯᠤᠰ ᠤᠨ ᠡᠮ ᠲᠠᠩ ᠢ ᠲᠥᠪᠯᠡᠷᠡᠭᠦᠯᠦᠨ ᠬᠤᠳᠠᠯᠳᠤᠨ ᠠᠪᠬᠤ ᠬᠡᠮᠵᠢᠶ᠎ᠡ ᠪᠠᠷ ᠲᠥᠪᠯᠡᠷᠡᠭᠦᠯᠦᠨ ᠬᠤᠳᠠᠯᠳᠤᠨ ᠠᠪᠬᠤ ᠠᠵᠢᠯ ᠢ ᠨᠠᠶᠢᠳᠠᠪᠤᠷᠢᠵᠢᠭᠤᠯᠬᠤ ᠲᠤᠬᠠᠶ ᠬᠤᠯᠪᠣᠭᠳᠠᠯ ᠪᠥᠬᠦᠶ ᠱᠠᠭᠠᠷᠳᠠᠯᠭ᠎ᠠ ᠶᠢ ᠦᠨᠳᠦᠰᠦᠯᠡᠨ᠂ ᠡᠳᠦᠭᠡ ᠤᠯᠤᠰ ᠠᠴᠠ ᠵᠣᠬᠢᠶᠠᠨ ᠪᠠᠶᠢᠭᠤᠯᠤᠭᠰᠠᠨ ᠡᠮ ᠲᠠᠩ ᠢ ᠲᠥᠪᠯᠡᠷᠡᠭᠦᠯᠦᠨ ᠬᠤᠳᠠᠯᠳᠤᠨ ᠠᠪᠬᠤ ᠳᠤ ᠰᠤᠩᠭᠤᠭᠳᠠᠭᠰᠠᠨ ᠥᠬᠡᠶ ᠡᠮ ᠲᠠᠩ ᠤᠨ ᠦᠨ᠎ᠡ ᠬᠠᠩᠰᠢ ᠳᠤ ᠲᠣᠬᠢᠷᠠᠭᠤᠯᠤᠯᠲᠠ ᠬᠢᠬᠦ ᠲᠠᠪᠤᠳᠤᠭᠠᠷ ᠪᠦᠯᠦᠭ ᠤᠨ ᠠᠵᠢᠯ ᠢ ᠰᠠᠶᠢᠲᠤᠷ ᠬᠢᠬᠦ ᠲᠤᠬᠠᠶ ᠳᠣᠤᠷᠠᠬᠢ ᠮᠡᠲᠦ ᠮᠡᠳᠡᠭᠳᠡᠶ᠎ᠡ᠄      ᠨᠢᠭᠡ᠂ ᠲᠣᠬᠢᠷᠠᠭᠤᠯᠤᠯᠲᠠ ᠬᠢᠬᠦ ᠬᠡᠪᠴᠢᠶ᠎ᠡ      ᠲᠠᠪᠤᠳᠤᠭᠠᠷ ᠪᠦᠯᠦᠭ ᠤᠨ ᠤᠯᠤᠰ ᠠᠴᠠ ᠵᠣᠬᠢᠶᠠᠨ ᠪᠠᠶᠢᠭᠤᠯᠤᠭᠰᠠᠨ ᠡᠮ ᠲᠠᠩ ᠢ ᠲᠥᠪᠯᠡᠷᠡᠭᠦᠯᠦᠨ ᠬᠤᠳᠠᠯᠳᠤᠨ ᠠᠪᠬᠤ 61 ᠲᠥᠷᠥᠯ ᠵᠦᠢᠯ ᠳᠤ ᠬᠠᠷᠢᠶᠠᠯᠠᠭᠳᠠᠬᠤ ᠮᠥᠷᠲᠡᠭᠡᠨ ᠨᠢᠭᠡᠨᠲᠡ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠬᠤᠳᠠᠯᠳᠤᠨ ᠠᠪᠬᠤ ᠰᠦᠯᠵᠢᠶ᠎ᠡ ᠳᠤ ᠬᠤᠯᠪᠤᠭᠰᠠᠨ ᠰᠤᠩᠭᠤᠭᠳᠠᠭᠰᠠᠨ ᠥᠬᠡᠶ ᠡᠮ ᠲᠠᠩ᠃      ᠬᠤᠶᠠᠷ᠂ ᠳᠣᠭᠢᠷᠠᠭᠤᠯᠬᠤ ᠲᠦᠷᠢᠮ      ︵ᠨᠢᠭᠡ︶ ᠰᠣᠩᠭᠤᠭᠳᠠᠭᠰᠠᠨ ᠥᠬᠡᠶ ᠡᠮ ᠲᠠᠩ ᠤᠨ ᠦᠨ᠎ᠡ ᠬᠠᠩᠰᠢ ᠶᠢ ᠪᠡᠶ᠎ᠡ ᠪᠠᠨ ᠳᠠᠭᠠᠭᠠᠵᠤ ᠪᠠᠭᠤᠷᠠᠭᠤᠯᠬᠤ ᠶᠢ ᠵᠣᠷᠢᠭᠵᠢᠭᠤᠯᠤᠨ᠎ᠠ᠃ ᠤᠤᠯ ᠤᠨ ᠨᠠᠶᠢᠷᠠᠭᠤᠯᠤᠭᠰᠠᠨ ᠡᠮ᠂ ᠠᠳᠠᠯᠢᠳᠬᠠᠨ ᠨᠠᠶᠢᠷᠠᠭᠤᠯᠤᠭᠰᠠᠨ ᠡᠮ ᠂ ᠭᠠᠳᠠᠭᠠᠳᠤ ᠠᠴᠠ ᠣᠷᠣᠭᠤᠯᠤᠭᠰᠠᠨ ᠡᠮ ᠲᠠᠩ ᠪᠠ ᠶᠠᠰᠤ ᠴᠢᠨᠠᠷ ᠪᠠ ᠡᠮᠴᠢᠯᠡᠭᠡᠨ ᠤ ᠦᠷ᠎ᠡ ᠪᠦᠲᠦᠮᠵᠢ ᠶᠢᠨ ᠨᠢᠭᠡᠳᠦᠯᠲᠦ ᠴᠢᠨᠠᠷ ᠤᠨ ᠦᠨᠡᠯᠡᠯᠲᠡ ᠪᠠᠷ ᠳᠡᠮᠵᠢᠨ ᠳᠠᠭᠤᠷᠢᠶᠠᠮᠠᠯ ᠡᠮ ᠲᠠᠩ ᠤᠨ ᠮᠠᠨ ᠤ ᠣᠷᠣᠨ ᠳᠤ ᠠᠷᠠᠯᠵᠢᠶᠠᠯᠠᠭᠰᠠᠨ ᠦᠨ᠎ᠡ ᠬᠠᠩᠰᠢ ᠨᠢ ᠪᠥᠬᠦ ᠤᠯᠤᠰ ᠤᠨ ᠡᠯ᠎ᠡ ᠮᠤᠵᠢ ᠶᠢᠨ ᠬᠠᠮᠤᠭ ᠤᠨ ᠳᠣᠤᠷ᠎ᠠ ᠠᠷᠠᠯᠵᠢᠶᠠᠯᠠᠭᠰᠠᠨ ᠦᠨ᠎ᠡ ᠬᠠᠩᠰᠢ ᠠᠴᠠ ᠥᠨᠳᠥᠷ ᠪᠠᠶᠢᠵᠤ ᠪᠣᠯᠬᠤ ᠥᠬᠡᠶ ᠮᠥᠷᠲᠡᠭᠡᠨ ᠱᠠᠩᠬᠠᠶ ᠶᠢᠨ ᠤᠯᠠᠭᠠᠨ ᠱᠤᠭᠤᠮ ᠤᠨ ᠦᠨ᠎ᠡ ᠬᠠᠩᠰᠢ ᠠᠴᠠ ᠥᠨᠳᠥᠷ ᠪᠠᠶᠢᠵᠤ ᠪᠣᠯᠬᠤ ᠥᠬᠡᠶ᠃ ᠬᠡᠷᠪᠡ ᠦᠨ᠎ᠡ ᠬᠠᠩᠰᠢ ᠳᠤ ᠲᠣᠬᠢᠷᠠᠭᠤᠯᠤᠯᠲᠠ ᠬᠢᠬᠦ ᠳᠤ ᠭᠦᠷᠪᠡᠯ ᠂ ᠦᠢᠯᠡᠳᠪᠦᠷᠢᠯᠡᠯ ᠤᠨ ᠠᠵᠤ ᠠᠬᠤᠶᠢᠯᠠᠯ ᠴᠠᠭ ᠲᠤᠬᠠᠶ ᠳᠤᠨᠢ ᠰᠠᠨᠠᠭᠠᠴᠢᠯᠠᠭ᠎ᠠ ᠠᠴᠠ ᠪᠠᠨ ᠪᠥᠬᠦ ᠤᠯᠤᠰ ᠤᠨ ᠡᠯ᠎ᠡ ᠮᠤᠵᠢ ᠶᠢᠨ  ᠬᠠᠮᠤᠭ ᠤᠨ ᠳᠣᠤᠷ᠎ᠠ ᠠᠷᠠᠯᠵᠢᠶᠠᠨ ᠤ ᠦᠨ᠎ᠡ ᠬᠠᠩᠰᠢ ᠶᠢ ᠮᠡᠳᠡᠭᠦᠯᠦᠨ᠎ᠡ᠃      ︵ᠬᠤᠶᠠᠷ︶ ᠶᠠᠰᠤ ᠴᠢᠨᠠᠷ ᠪᠠ ᠡᠮᠴᠢᠯᠡᠭᠡᠨ ᠤ ᠦᠷ᠎ᠡ ᠪᠦᠲᠦᠮᠵᠢ ᠶᠢᠨ ᠨᠢᠭᠡᠳᠦᠯᠲᠦ ᠴᠢᠨᠠᠷ ᠤᠨ ᠦᠨᠡᠯᠡᠯᠲᠡ ᠶᠢ ᠳᠠᠮᠵᠢᠭᠰᠠᠨ ᠥᠬᠡᠶ ᠳᠠᠭᠤᠷᠢᠶᠠᠮᠠᠯ ᠡᠮ ᠤᠨ ᠬᠠᠩᠭᠠᠯᠭ᠎ᠠ ᠶᠢᠨ ᠡᠮᠴᠢᠯᠡᠭᠡᠨ ᠤ ᠪᠠᠶᠢᠭᠤᠯᠤᠮᠵᠢ ᠶᠢᠨ ᠬᠤᠳᠠᠯᠳᠤᠨ ᠠᠪᠬᠤ ᠦᠨ᠎ᠡ ᠬᠠᠩᠰᠢ ᠶᠢ ᠮᠠᠨ ᠤ ᠣᠷᠣᠨ ᠤ ᠳᠣᠲᠣᠷ᠎ᠠ ᠠᠴᠠ ᠰᠤᠩᠭᠤᠭᠳᠠᠭᠰᠠᠨ ᠡᠮ ᠲᠠᠩ ᠤᠨ ᠬᠤᠳᠠᠯᠳᠤᠨ ᠠᠪᠬᠤ ᠦᠨ᠎ᠡ ᠬᠠᠩᠰᠢ ᠠᠴᠠ ᠥᠨᠳᠥᠷ ᠪᠠᠶᠢᠯᠭᠠᠵᠤ ᠪᠣᠯᠬᠤ ᠥᠬᠡᠶ᠂ ᠬᠤᠳᠠᠯᠳᠤᠨ ᠠᠪᠬᠤ ᠦᠨ᠎ᠡ ᠬᠠᠩᠰᠢ ᠶᠢ ᠡᠮᠴᠢᠯᠡᠭᠡᠨ ᠤ ᠪᠠᠶᠢᠭᠤᠯᠤᠮᠵᠢ ᠪᠠ ᠠᠵᠤ ᠠᠬᠤᠶᠢᠯᠠᠯ ᠠᠴᠠ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠬᠤᠳᠠᠯᠳᠤᠨ ᠠᠪᠬᠤ ᠰᠦᠯᠵᠢᠶ᠎ᠡ ᠪᠠᠷ ᠳᠡᠮᠵᠢᠨ ᠥᠪᠡᠷᠲᠡᠭᠡᠨ ᠵᠥᠪᠯᠡᠨ ᠲᠣᠭᠲᠠᠭᠠᠨ᠎ᠠ᠃ ᠬᠢᠷᠢ ᠲᠡᠩᠴᠡᠭᠰᠡᠨ ᠥᠬᠡᠶ ᠡᠮ ᠲᠠᠩ ᠨᠢ ᠶᠠᠰᠤ ᠴᠢᠨᠠᠷ ᠪᠠ ᠡᠮᠴᠢᠯᠡᠭᠡᠨ ᠤ ᠲᠤᠰᠠ ᠶᠢᠨ ᠨᠢᠭᠡᠳᠦᠯᠲᠦ ᠴᠢᠨᠠᠷ ᠤᠨ ᠦᠨᠡᠯᠡᠨ ᠰᠢᠯᠭᠠᠷᠠᠭᠤᠯᠤᠯᠲᠠ ᠳᠤ ᠬᠢᠷᠢ ᠲᠡᠩᠴᠡᠭᠰᠡᠨ ᠤ ᠳᠠᠷᠠᠭ᠎ᠠ᠂ ᠠᠵᠤ ᠠᠬᠤᠶᠢᠯᠠᠯ ᠨᠢ ᠴᠠᠭ ᠲᠤᠬᠠᠶ ᠳᠤᠨᠢ ᠭᠤᠶᠤᠴᠢᠯᠠᠭᠰᠠᠨ ᠮᠠᠲ᠋ᠧᠷᠢᠶᠠᠯ ᠢᠶᠠᠨ ᠰᠢᠨᠡᠳᠬᠡᠬᠦ ᠮᠡᠳᠡᠭᠡ ᠵᠠᠩᠭᠢ ᠪᠠᠨ ᠲᠤᠰᠢᠶᠠᠬᠤ ᠬᠡᠷᠡᠭᠲᠡᠶ᠃      ︵ᠭᠤᠷᠪᠠ︶ ᠥᠪᠥᠷ ᠮᠣᠩᠭᠤᠯ ᠢ ᠰᠣᠩᠭᠤᠵᠤ ᠥᠭᠡᠢ ᠠᠵᠤ ᠠᠬᠤᠶᠢᠯᠠᠯ ᠢ ᠤᠯᠤᠰ ᠤᠨ ᠲᠥᠪᠯᠡᠷᠡᠭᠦᠯᠦᠨ ᠬᠤᠳᠠᠯᠳᠤᠨ ᠠᠪᠴᠤ ᠳᠤ ᠰᠤᠩᠭᠤᠭᠳᠠᠭᠰᠠᠨ ᠦᠨ᠎ᠡ ᠪᠠᠷ ᠨᠢ ᠥᠪᠥᠷ ᠮᠣᠩᠭᠤᠯ ᠣᠷᠣᠨ ᠳᠤ ᠬᠠᠩᠭᠠᠬᠤ ᠶᠢ ᠵᠣᠷᠢᠭᠵᠢᠭᠤᠯᠤᠨ᠎ᠠ᠃         ᠭᠤᠷᠪᠠ᠂ ᠮᠡᠳᠡᠭᠦᠯᠬᠦ ᠱᠠᠭᠠᠷᠳᠠᠯᠭ᠎ᠠ      ︵ᠨᠢᠭᠡ︶ ᠤᠤᠯ ᠤᠨ ᠨᠠᠶᠢᠷᠠᠭᠤᠯᠤᠭᠰᠠᠨ ᠡᠮ᠂ ᠬᠠᠷᠢᠴᠠᠭᠤᠯᠤᠨ ᠨᠠᠶᠢᠷᠠᠭᠤᠯᠤᠭᠰᠠᠨ ᠡᠮ᠂ ᠭᠠᠳᠠᠭᠠᠳᠤ ᠠᠴᠠ ᠣᠷᠣᠭᠤᠯᠤᠭᠰᠠᠨ ᠡᠮ ᠲᠠᠩ ᠢ ᠶᠠᠰᠤ ᠴᠢᠨᠠᠷ ᠪᠠ ᠡᠮᠴᠢᠯᠡᠭᠡᠨ ᠤ ᠠᠴᠢ ᠲᠤᠰᠠ ᠶᠢᠨ ᠨᠢᠭᠡᠳᠦᠯᠲᠦ ᠴᠢᠨᠠᠷ ᠤᠨ ᠦᠨᠡᠯᠡᠯᠲᠡ ᠪᠠᠷ ᠳᠠᠮᠵᠢᠭᠤᠯᠤᠨ ᠳᠠᠭᠤᠷᠢᠶᠠᠮᠠᠯ ᠡᠮ ᠲᠠᠩ ︵ᠳᠠᠭᠠᠯᠳᠤᠭᠤᠯᠤᠯ 1 ᠢ ᠨᠠᠷᠢᠪᠴᠢᠯᠠᠨ ᠦᠵᠡ︶ ᠢ ᠲᠣᠭᠲᠠᠭᠰᠠᠨ ᠴᠠᠭ ᠤᠨ ᠳᠣᠲᠣᠷ᠎ᠠ ᠦᠨ᠎ᠡ ᠬᠠᠩᠰᠢ ᠶᠢ ᠨᠢ ᠮᠡᠳᠡᠭᠦᠯᠦᠨ᠎ᠡ᠂ ᠬᠤᠭᠤᠴᠠᠭ᠎ᠠ ᠬᠡᠲᠦᠷᠡᠲᠡᠯ᠎ᠡ ᠦᠨ᠎ᠡ ᠬᠠᠩᠰᠢ ᠶᠢ ᠨᠢ ᠮᠡᠳᠡᠭᠦᠯᠦᠭᠰᠡᠨ ᠤᠢᠭᠡᠢ ᠡᠮ ᠲᠠᠩ ᠤᠨ ᠠᠷᠠᠯᠵᠢᠶᠠᠯᠠᠬᠤ ᠬᠢᠷᠢ ᠬᠡᠮ ᠢ ᠨᠢ ᠲᠦᠷ ᠵᠣᠭᠰᠣᠭᠠᠨ᠎ᠠ᠃      ︵ᠬᠤᠶᠠᠷ︶ ᠦᠢᠯᠡᠳᠪᠦᠷᠢᠯᠡᠯ ᠤᠨ ᠠᠵᠤ ᠠᠬᠤᠶᠢᠯᠠᠯ ᠨᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠲᠠᠩ ᠪᠠᠭᠠᠵᠢ ᠬᠡᠷᠡᠭᠰᠡᠯ ᠢ ᠲᠥᠪᠯᠡᠷᠡᠭᠦᠯᠦᠨ ᠬᠤᠳᠠᠯᠳᠤᠨ ᠠᠪᠬᠤ ᠲᠤᠬᠠᠶᠢᠯᠠᠭᠰᠠᠨ ᠠᠵᠢᠯ ᠢ ᠭᠥᠯᠢᠶᠡᠨ ᠠᠪᠴᠤ ᠰᠢᠢᠳᠪᠦᠷᠢᠯᠡᠬᠦ ᠬᠦᠰᠦᠨᠦᠭᠲᠦ︾᠂ ︽ᠬᠠᠤᠯᠢ ᠶᠢᠨ ᠡᠷᠬᠡᠲᠡᠨ ᠤ ᠡᠷᠬᠡ ᠣᠯᠭᠤᠭᠰᠠᠨ ᠪᠢᠴᠢᠭ︾ ︵ᠵᠥᠪᠬᠡᠨ ᠲᠤᠬᠠᠶ ᠶᠢᠨ ᠲᠠᠯᠠᠪᠤᠷ ᠲᠤ ᠲᠤᠰᠢᠶᠠᠭᠰᠠᠨ ᠮᠠᠲ᠋ᠧᠷᠢᠶᠠᠯ ᠤᠨ ᠬᠡᠷᠡᠭᠴᠡᠭᠡ ᠶᠢ ᠬᠠᠩᠭᠠᠬᠤ ᠬᠡᠷᠡᠭᠲᠡᠶ︶᠂ ︽ᠰᠤᠩᠭᠤᠭᠳᠠᠭᠰᠠᠨ ᠥᠬᠡᠶ ᠡᠮ ᠲᠠᠩ ᠤᠨ ᠦᠨ᠎ᠡ ᠬᠠᠩᠰᠢ ᠶᠢᠨ ᠮᠡᠳᠡᠭᠦᠯᠦᠯᠲᠡ ᠶᠢᠨ ᠪᠢᠴᠢᠭ︾ ᠪᠠ ︽ᠰᠤᠩᠭᠤᠭᠳᠠᠭᠰᠠᠨ ᠥᠬᠡᠶ ᠡᠮ ᠲᠠᠩ ᠤᠨ ᠦᠨ᠎ᠡ ᠬᠠᠩᠰᠢ ᠶᠢᠨ ᠲᠣᠬᠢᠷᠠᠭᠤᠯᠤᠯᠲᠠ ᠶᠢᠨ ᠮᠡᠳᠡᠭᠡ ᠵᠠᠩᠭᠢ ᠶᠢᠨ ᠬᠤᠷᠢᠶᠠᠩᠭᠤᠶ ᠬᠦᠰᠦᠨᠦᠭᠲᠦ︾ ᠵᠡᠷᠭᠡ ᠠᠵᠤ ᠠᠬᠤᠶᠢᠯᠠᠯ ᠤᠨ ᠰᠢᠨ᠎ᠡ ᠲᠠᠮᠠᠭ᠎ᠠ ᠳᠠᠷᠤᠭᠰᠠᠨ ᠰᠢᠷᠪᠢᠯᠲᠡ ᠶᠢᠨ ᠮᠠᠲ᠋ᠧᠷᠢᠶᠠᠯ ᠢ ᠱᠠᠭᠠᠷᠳᠠᠯᠭ᠎ᠠ ᠶᠣᠰᠣᠭᠠᠷ ᠲᠤᠰᠢᠶᠠᠵᠤ᠂ ᠮᠠᠲ᠋ᠧᠷᠢᠶᠠᠯ ᠤᠨ ᠬᠡᠪ ᠵᠠᠭᠪᠤᠷ ᠢ ︵ᠳᠠᠭᠠᠯᠳᠤᠭᠤᠯᠤᠯ 2 ᠢ ᠦᠵᠡ︶᠃      ︵ᠭᠤᠷᠪᠠ︶ ᠲᠤᠰᠢᠶᠠᠬᠤ ᠠᠷᠭ᠎ᠠ ᠮᠠᠶ᠋ᠢᠭ᠄ ︽ᠡᠮ ᠡᠮᠨᠡᠯᠭᠡ ᠶᠢᠨ ᠬᠤᠳᠠᠯᠳᠤᠨ ᠠᠪᠬᠤ ᠰᠦᠯᠵᠢᠶᠡᠨ ᠳᠡᠭᠡᠷᠡᠬᠢ ᠲᠤᠬᠠᠶᠢᠯᠠᠭᠰᠠᠨ ᠠᠵᠢᠯ ᠢ ᠭᠦᠢᠴᠡᠳᠭᠡᠬᠦ ᠰᠢᠰᠲ᠋ᠧᠮ ᠢ ᠰᠦᠯᠵᠢᠶᠡᠨ ᠳᠤ ᠣᠷᠣᠭᠤᠯᠤᠨ ᠠᠵᠢᠯᠯᠠᠭᠤᠯᠬᠤ ᠲᠤᠬᠠᠶ ᠮᠡᠳᠡᠭᠳᠡᠯ︾ ︵ᠥᠪᠥᠷ ᠡᠮ ᠬᠤᠳᠠᠠᠯᠳᠤᠨ ᠠᠪᠬᠤ ᠲᠥᠪ ᠥᠰᠥᠭ  ﹇2021﹈ 161 ᠳ᠋ᠤᠭᠡᠷ ᠲᠣᠭᠠᠲᠤ ︶ ᠤᠨ ᠱᠠᠭᠠᠷᠳᠠᠯᠭ᠎ᠠ ᠶᠣᠰᠣᠭᠠᠷ ᠲᠤᠰᠢᠶᠠᠨ᠎ᠠ᠃ ᠰᠦᠯᠵᠢᠶ᠎ᠡ ᠪᠠᠷ ᠳᠠᠮᠵᠢᠭᠤᠯᠤᠨ ᠲᠤᠰᠢᠶᠠᠭᠰᠠᠨ ᠠᠵᠤ ᠠᠬᠤᠶᠢᠯᠠᠯ ᠤᠳ ︽ᠰᠦᠯᠵᠢᠶᠡᠨ ᠳᠡᠭᠡᠷᠡᠬᠢ ᠲᠤᠬᠠᠶᠢᠯᠠᠭᠰᠠᠨ ᠠᠵᠢᠯ ᠢ ᠭᠦᠢᠴᠡᠳᠭᠡᠬᠦ ᠰᠢᠰᠲ᠋ᠧᠮ︾ — — ︽ᠲᠤᠰᠬᠠᠶ ᠲᠤᠬᠠᠶᠢᠯᠠᠭᠰᠠᠨ ᠠᠵᠢᠯ ᠤᠨ ᠬᠡᠰᠡᠭ︾ — — ︽ᠲᠠᠪᠤᠳᠤᠭᠠᠷ ᠪᠦᠯᠦᠭ ᠤᠨ ᠤᠯᠤᠰ ᠤᠨ ᠡᠮ ᠲᠠᠩ ᠤᠨ ᠲᠥᠪᠯᠡᠷᠡᠭᠦᠯᠦᠨ ᠬᠤᠳᠠᠯᠳᠤᠨ ᠠᠪᠬᠤ ᠳᠤ ᠰᠤᠩᠭᠤᠭᠳᠠᠭᠰᠠᠨ ᠦᠨ᠎ᠡ ᠬᠠᠩᠰᠢ ᠳᠤ ᠲᠣᠬᠢᠷᠠᠭᠤᠯᠤᠯᠲᠠ ᠬᠢᠬᠦ ᠲᠦᠷᠦᠯ ᠵᠦᠢᠯ︾ ᠢ PDF ᠶᠢᠨ ᠬᠡᠯᠪᠡᠷᠢ ᠪᠠᠷ ᠳᠠᠮᠵᠢᠭᠤᠯᠤᠨ ᠮᠠᠲ᠋ᠧᠷᠢᠶᠠᠯ ᠳᠠᠮᠵᠢᠭᠤᠯᠵᠤ᠂ ᠣᠯᠠᠨ  ᠵᠦᠢᠯ ᠤᠨ ᠠᠭᠤᠯᠭ᠎ᠠ ᠶᠢ ᠨᠢᠭᠡᠨ PDF ᠪᠢᠴᠢᠭ ᠮᠠᠲ᠋ᠧᠷᠢᠶᠠᠯ ᠪᠣᠯᠭᠠᠨ ᠵᠣᠬᠢᠶᠠᠵᠤ ᠳᠡᠭᠡᠭᠰᠢ ᠳᠠᠮᠵᠢᠭᠤᠯᠬᠤ ᠴᠢᠬᠤᠯᠠᠲᠠᠶ᠃      ︵ᠳᠥᠷᠪᠡ︶ ᠮᠠᠲ᠋ᠧᠷᠢᠶᠠᠯ ᠮᠡᠳᠡᠭᠦᠯᠬᠦ ᠴᠠᠭ᠄ 2021 ᠣᠨ ᠤ 12 ᠳ᠋ᠤᠭᠠᠷ ᠰᠠᠷ᠎ᠠ ᠶᠢᠨ 3 ᠤ ᠡᠳᠦᠷ ᠠᠴᠠ 2020 ᠣᠨ ᠤ 12 ᠳ᠋ᠤᠭᠠᠷ ᠰᠠᠷ᠎ᠠ ᠶᠢᠨ 10 ᠤ ᠡᠳᠦᠷ᠃      ᠬᠠᠷᠢᠯᠴᠠᠬᠤ ᠬᠡᠯᠪᠡᠷᠢ᠄ 0471—4908343  ᠸᠧᠨ ᠪᠠᠭᠰᠢ      ᠳᠠᠭᠠᠯᠳᠤᠭᠤᠯᠤᠯ᠄      1᠂ ᠲᠠᠪᠤᠳᠤᠭᠠᠷ ᠪᠦᠯᠦᠭ ᠤᠯᠤᠰ ᠤᠨ ᠲᠥᠪᠯᠡᠷᠡᠭᠦᠯᠦᠨ ᠲᠥᠪᠯᠡᠷᠡᠭᠦᠯᠦᠨ ᠬᠤᠳᠠᠯᠳᠤᠨ ᠠᠪᠬᠤ ᠳᠤ ᠰᠤᠩᠭᠤᠭᠳᠠᠭᠰᠠᠨ ᠦᠭᠡᠢ ᠡᠮ ᠲᠠᠩ ᠤᠨ ᠦᠨᠡᠯᠡᠯᠲᠡ ᠶᠢᠨ ᠬᠦᠰᠦᠨᠦᠭᠲᠦ      2᠂ ᠮᠠᠲ᠋ᠧᠷᠢᠶᠠᠯ ᠭᠠᠷᠳᠠᠭᠤᠯᠬᠤ ᠬᠡᠪ ᠵᠠᠭᠪᠤᠷ          ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠬᠤᠳᠠᠯᠳᠤᠨ ᠠᠪᠬᠤ ᠲᠥᠪ      2021 ᠣᠨ ᠤ 12  ᠳ᠋ᠤᠭᠠᠷ ᠰᠠᠷ᠎ᠠ ᠶᠢᠨ 1 ᠤ ᠡᠳᠦᠷ
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠣᠯᠠᠭ᠎ᠠ ᠶᠢᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号