ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠨᠡᠯᠭᠡ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ  ᠰᠦᠯᠵᠢᠶᠡᠨ ᠳᠤ ᠬᠤᠯᠪᠤᠬᠤ ᠠᠵᠢᠯ ᠤᠨ ᠲᠤᠬᠠᠶ ᠨᠥᠬᠦᠪᠥᠷᠢ ᠮᠡᠳᠡᠭᠳᠡᠯ
ᠨᠡᠶᠢᠲᠡᠯᠡᠭᠰᠡᠨ ᠴᠠᠭ᠄
2021/7/14
              ᠥᠪᠥᠷ ᠡᠮ ᠬᠤᠳᠠᠯᠳᠤᠨ ᠠᠪᠬᠤ ᠲᠥᠪ ᠦᠰᠦᠭ  ﹇2021﹈ 120 ᠳ᠋ᠤᠭᠠᠷ ᠲᠣᠭᠠᠲᠤ ᠡᠯ᠎ᠡ ᠬᠠᠮᠢᠶ᠎ᠠ ᠪᠥᠬᠦᠶ ᠨᠢᠭᠡᠴᠢ᠄      ︽2021 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠨᠡᠯᠭᠡ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠰᠦᠯᠵᠢᠶᠡᠨ ᠳᠤ ᠬᠤᠯᠪᠣᠬᠤ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ︵ᠥᠪᠥᠷ ᠡᠮᠴᠢᠯᠡᠭᠡ ᠪᠠᠳᠤᠯᠠᠭ᠎ᠠ ᠠᠯᠪᠠᠨ ᠲᠠᠷᠬᠠᠭᠠᠭᠰᠠᠨ ﹇2021﹈  7 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠣᠷᠣᠨ 2021 ᠣᠨ ᠤ 6 ᠳ᠋ᠤᠭᠠᠷ ᠰᠠᠷ᠎ᠠ ᠶᠢᠨ 22 ᠤᠨ ᠡᠳᠦᠷ ᠬᠤᠶᠠᠳᠤᠭᠠᠷ ᠪᠦᠯᠦᠭ ᠤᠨ ᠲᠥᠪᠯᠡᠷᠡᠭᠦᠯᠦᠨ ᠰᠦᠯᠵᠢᠶᠡᠨ ᠳᠤ ᠬᠤᠯᠪᠤᠭᠰᠠᠨ  ᠦᠢᠯᠡᠳᠭᠦᠨ ᠢ ᠵᠠᠷᠯᠠᠨ ᠨᠡᠶᠢᠲᠡᠯᠡᠵᠦ᠂ ᠵᠠᠷᠯᠠᠨ ᠨᠡᠶᠢᠲᠡᠯᠡᠬᠦ ᠬᠤᠭᠤᠴᠠᠭᠠᠨ ᠳᠤ ᠦᠢᠯᠡᠳᠭᠦᠨ ᠤ ᠮᠡᠳᠡᠭᠡ ᠵᠠᠩᠭᠢ ᠵᠢᠴᠢ ᠦᠨ᠎ᠡ ᠬᠠᠩᠰᠢ ᠵᠡᠷᠭᠡ ᠲᠠᠯ᠎ᠠ ᠶᠢᠨ ᠮᠡᠳᠡᠭᠦᠯᠬᠦ ︵ᠪᠠᠯᠠ ᠣᠷᠣᠭᠤᠯᠬᠤ︶ ᠵᠠᠭᠠᠯᠳᠤᠯᠭ᠎ᠠ ᠶᠢᠨ ᠬᠡᠰᠡᠭ ᠮᠠᠲ᠋ᠧᠷᠢᠶᠠᠯ ᠢ ᠭᠥᠯᠢᠶᠡᠨ ᠠᠪᠤᠪᠠ᠂ ᠰᠦᠯᠵᠢᠶᠡᠨ ᠳᠤ ᠬᠤᠯᠪᠤᠬᠤ ᠠᠵᠢᠯ ᠤᠨ ᠡᠷᠬᠡ ᠲᠡᠭᠰᠢ ᠲᠥᠪ ᠭᠤᠤᠯᠴᠢ ᠪᠠᠶᠢᠬᠤ ᠶᠢ ᠪᠠᠲᠤᠯᠠᠬᠤ ᠶᠢᠨ ᠲᠤᠰᠠᠳᠠ᠂ ᠰᠤᠳᠤᠯᠬᠤ ᠪᠠᠷ ᠳᠡᠮᠵᠢᠨ᠂ ᠡᠳᠦᠭᠡ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠰᠦᠯᠵᠢᠶᠡᠨ ᠳᠤ ᠬᠤᠯᠪᠤᠬᠤ ᠠᠵᠢᠯ ᠤᠨ ᠲᠤᠬᠠᠶ ᠳᠣᠤᠷᠠᠬᠢ ᠮᠡᠲᠦ ᠨᠥᠬᠦᠪᠥᠷᠢ ᠮᠡᠳᠡᠭᠳᠡᠯ ᠭᠠᠷᠭᠠᠪᠠ᠃      ᠨᠢᠭᠡ᠂ ᠮᠡᠳᠡᠭᠦᠯᠬᠦ ᠦᠨ᠎ᠡ      ᠮᠡᠳᠡᠭᠦᠯᠦᠭᠰᠡᠨ ᠦᠢᠯᠡᠳᠭᠦᠨ ᠳᠤ ᠪᠥᠬᠦ ᠤᠯᠤᠰ ᠤᠨ ᠮᠤᠵᠢ ᠶᠢᠨ ᠱᠠᠲᠤᠨ ᠤ ᠰᠦᠯᠵᠢᠶᠡᠨ ᠳᠤ ᠬᠤᠯᠪᠣᠬᠤ ᠦᠨ᠎ᠡ ᠬᠠᠩᠰᠢ ᠥᠬᠡᠶ ᠪᠣᠯ᠂ ᠮᠡᠳᠡᠭᠦᠯᠦᠭᠰᠡᠨ ᠠᠵᠤ ᠠᠬᠤᠶᠢᠯᠠᠯ ᠨᠢ ᠦᠢᠯᠡᠳᠭᠦᠨ ᠤ ᠦᠨ᠎ᠡ ᠬᠠᠩᠰᠢ ᠶᠢᠨ ᠲᠣᠳᠣᠷᠬᠠᠶᠢᠯᠠᠯᠲᠠ ᠶᠢᠨ ᠵᠠᠬᠢᠳᠠᠯ ︵ᠳᠠᠭᠠᠯᠳᠤᠭᠤᠯᠤᠯ ᠳᠤ ᠦᠵᠡ︶ ᠢ ᠳᠡᠭᠡᠭᠰᠢ ᠳᠠᠮᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠬᠤᠳᠠᠯᠳᠤᠨ ᠠᠪᠬᠤ ᠲᠥᠪ ᠨᠢ ᠲᠤᠰᠬᠠᠶ ᠮᠡᠷᠭᠡᠵᠢᠯᠲᠡᠳ ᠢ ᠵᠣᠬᠢᠶᠠᠨ ᠪᠠᠶᠢᠭᠤᠯᠤᠨ ᠠᠳᠠᠯᠢ ᠲᠥᠷᠥᠯ ᠤᠨ ᠦᠢᠯᠡᠳᠭᠦᠨ ᠤ ᠦᠨ᠎ᠡ ᠬᠠᠩᠰᠢ ᠪᠠᠷ ᠯᠠᠪᠯᠠᠯᠲᠠ ᠪᠣᠯᠭᠠᠨ ᠵᠥᠪᠯᠡᠯᠭᠡᠨ ᠤ ᠦᠨ᠎ᠡ ᠬᠠᠩᠰᠢ ᠶᠢ ᠲᠣᠭᠲᠠᠭᠠᠵᠤ ᠪᠠᠶᠢᠭᠠᠳ ᠵᠦᠶ ᠵᠣᠬᠢᠰᠲᠠᠶ ᠦᠨ᠎ᠡ ᠬᠠᠩᠰᠢ ᠶᠢ ᠲᠣᠭᠲᠠᠭᠠᠵᠤ᠂ ᠢᠯᠡ ᠨᠡᠶᠢᠲᠡᠯᠡᠬᠦ ᠪᠠᠷ ᠳᠡᠮᠵᠢᠨ ᠣᠨᠳᠣᠤ ᠰᠠᠨᠠᠯ ᠥᠬᠡᠶ ᠪᠣᠯᠤᠭᠰᠠᠨ ᠤ ᠳᠠᠷᠠᠭ᠎ᠠ ᠬᠤᠳᠠᠯᠳᠤᠨ ᠠᠪᠬᠤ ᠬᠡᠪᠴᠢᠶᠡᠨ ᠳᠤ ᠤᠷᠤᠭᠤᠯᠤᠨ᠎ᠠ᠃      ᠬᠤᠶᠠᠷ᠂ ᠵᠢᠷᠤᠭ ᠮᠡᠳᠡᠭᠦᠯᠬᠦ      ᠮᠡᠳᠡᠭᠦᠯᠦᠭᠰᠡᠨ ᠦᠢᠯᠡᠳᠭᠦᠨ ᠨᠢ ᠱᠠᠭᠠᠷᠳᠠᠯᠭ᠎ᠠ ᠶᠣᠰᠣᠭᠠᠷ ᠬᠠᠮᠢᠶ᠎ᠠ ᠪᠥᠬᠦᠶ ᠬᠢᠷᠢ ᠴᠢᠳᠠᠮᠵᠢ ᠶᠢᠨ ᠬᠡᠷᠡᠯ ᠵᠢᠷᠤᠭ ᠢ ᠬᠠᠮᠠᠭᠠᠯᠠᠭᠰᠠᠨ ᠥᠬᠡᠶ᠂ ᠬᠠᠮᠠᠭᠠᠯᠠᠭᠰᠠᠨ ᠬᠡᠷᠡᠯ ᠵᠢᠷᠤᠭ ᠨᠢ ᠪᠦᠷᠢᠨ ᠪᠤᠰᠤ᠂ ᠲᠣᠳᠣᠷᠬᠠᠶ ᠥᠬᠡᠶ᠂ ᠭᠡᠷᠡᠴᠢ ᠦᠨᠡᠮᠯᠡᠯ ᠤᠨ ᠬᠡᠷᠡᠯ ᠵᠢᠷᠤᠭ ᠨᠢ ᠬᠢᠷᠢ ᠴᠢᠳᠠᠮᠵᠢ ᠲᠠᠢ ᠪᠠᠨ ᠨᠡᠶᠢᠴᠡᠬᠦ ᠥᠬᠡᠶ᠂ ᠦᠨ᠎ᠡ ᠬᠠᠩᠰᠢ ᠶᠢᠨ ᠭᠡᠷᠡᠴᠢᠯᠡᠬᠦ ᠪᠢᠴᠢᠭ ᠮᠠᠲ᠋ᠧᠷᠢᠶᠠᠯ ᠨᠢ ᠵᠢᠷᠤᠮᠵᠢᠯ ᠥᠬᠡᠶ ᠵᠡᠷᠭᠡ ᠪᠠᠶᠢᠳᠠᠯ ᠲᠠᠢ ᠪᠠᠶᠢᠪᠠᠯ᠂ ᠮᠡᠳᠡᠭᠦᠯᠦᠭᠰᠡᠨ ᠠᠵᠤ ᠠᠬᠤᠶᠢᠯᠠᠯ ᠨᠢ ᠬᠠᠮᠢᠶ᠎ᠠ ᠪᠥᠬᠦᠶ ᠮᠡᠳᠡᠭᠡ ᠵᠠᠩᠭᠢ ᠶᠢ ᠨᠠᠷᠢᠨ ᠬᠢᠨᠠᠮᠠᠭᠠᠶ ᠬᠠᠷᠭᠤᠭᠤᠯᠵᠤ᠂ ᠮᠡᠳᠡᠭᠦᠯᠦᠭᠰᠡᠨ ᠦᠷ᠎ᠡ ᠳ᠋ᠦᠩ ᠢ ᠨᠡᠶᠢᠲᠡᠯᠡᠬᠦ ᠠᠴᠠ ᠡᠮᠦᠨ᠎ᠡ᠂ ︽ᠬᠥᠷᠥᠩᠭᠡ ᠶᠢᠨ ᠬᠢᠨᠠᠯᠲᠠ ᠶᠢᠨ ᠰᠢᠰᠲ᠋ᠧᠮ︾ ᠢᠶᠠᠷ ᠳᠠᠮᠵᠢᠭᠤᠯᠤᠨ ᠬᠠᠮᠢᠶ᠎ᠠ ᠪᠥᠬᠦᠶ ᠮᠡᠳᠡᠭᠡ ᠵᠠᠩᠭᠢ ᠶᠢ ᠵᠠᠯᠠᠷᠠᠭᠤᠯᠵᠤ᠂ ᠨᠡᠶᠢᠲᠡᠯᠡᠭᠰᠡᠨ ᠤ ᠳᠠᠷᠠᠭ᠎ᠠ ᠬᠤᠪᠢᠷᠠᠭᠤᠯᠬᠤ ᠶᠢᠨ ᠠᠷᠭ᠎ᠠ ᠥᠬᠡᠶ ᠪᠣᠯᠤᠨ᠎ᠠ᠃      ᠭᠤᠷᠪᠠ᠂ ᠨᠢᠭᠡᠨᠲᠡ ᠲᠠᠭᠯᠠᠨ ᠮᠡᠳᠡᠭᠦᠯᠦᠭᠰᠡᠨ ᠦᠢᠯᠡᠳᠬᠦᠨ ᠤ ᠵᠦᠢᠯᠡᠰ      ︵ᠨᠢᠭᠡ︶ ᠮᠡᠳᠡᠭᠦᠯᠦᠭᠰᠡᠨ ᠠᠵᠤ ᠠᠬᠤᠶᠢᠯᠠᠯ ᠨᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠰᠦᠯᠵᠢᠶᠡᠨ ᠳᠤ ᠬᠤᠯᠪᠤᠭᠠᠰᠤᠳᠠᠢ ᠦᠢᠯᠡᠳᠭᠦᠨ︵ᠬᠤᠶᠠᠳᠤᠭᠠᠷ ᠪᠦᠯᠦᠭ︶︾ ᠤ ᠨᠢᠭᠡᠨᠲᠡ ᠵᠠᠷᠯᠠᠨ ᠨᠡᠶᠢᠲᠡᠯᠡᠭᠰᠡᠨ ᠦᠢᠯᠡᠳᠭᠦᠨ ᠳᠤ᠂ ᠪᠥᠬᠦ ᠤᠯᠤᠰ ᠤᠨ ᠮᠤᠵᠢ ᠶᠢᠨ ᠱᠠᠲᠤᠨ ᠤ ᠰᠦᠯᠵᠢᠶᠡᠨ ᠳᠤ ᠬᠤᠯᠪᠤᠭᠠᠰᠤᠳᠠᠢ ᠦᠨ᠎ᠡ ᠬᠠᠩᠰᠢ ᠪᠠᠶᠢᠬᠤ ᠥᠬᠡᠶ ᠪᠣᠯ᠂ ᠦᠢᠯᠡᠳᠭᠦᠨ ᠤ ᠦᠨ᠎ᠡ ᠬᠠᠩᠰᠢ ᠶᠢᠨ ᠲᠣᠳᠣᠷᠬᠠᠶᠢᠯᠠᠯᠲᠠ ᠶᠢᠨ ᠵᠠᠬᠢᠳᠠᠯ ᠢ ᠨᠥᠬᠦᠪᠥᠷᠢᠯᠡᠨ ᠲᠤᠰᠢᠶᠠᠬᠤ ᠬᠡᠷᠡᠭᠲᠡᠶ︔ ᠦᠨ᠎ᠡ ᠬᠠᠩᠰᠢ ᠨᠢ ᠲᠣᠰ ᠦᠢᠯᠡᠳᠭᠦᠨ ᠤ ᠪᠥᠬᠦ ᠤᠯᠤᠰ ᠤᠨ ᠮᠤᠵᠢ ᠶᠢᠨ ᠱᠠᠲᠤᠨ ᠤ ᠰᠦᠯᠵᠢᠶᠡᠨ ᠳᠤ ᠬᠤᠯᠪᠤᠭᠰᠠᠨ ᠬᠠᠮᠤᠭ ᠤᠨ ᠳᠣᠤᠷ᠎ᠠ ᠦᠨ᠎ᠡ ᠵᠢᠴᠢ ᠥᠪᠥᠷ ᠮᠣᠩᠭᠤᠯ ᠤᠨ ᠡᠮᠴᠢᠯᠡᠭᠡᠨ ᠤ ᠪᠠᠶᠢᠭᠤᠯᠤᠮᠵᠢ ᠶᠢᠨ ᠪᠣᠳᠠᠲᠠᠶ ᠬᠤᠳᠠᠯᠳᠤᠨ ᠠᠪᠬᠤ ᠦᠨ᠎ᠡ ᠠᠴᠠ ᠥᠨᠳᠥᠷ ᠪᠠᠶᠢᠪᠠᠯ᠂ ᠦᠨ᠎ᠡ ᠪᠠᠭᠤᠷᠠᠭᠤᠯᠬᠤ ᠭᠤᠶᠤᠴᠢᠯᠠᠯ ᠢᠶᠠᠨ ᠲᠤᠰᠢᠶᠠᠬᠤ ᠬᠡᠷᠡᠭᠲᠡᠶ᠃      ᠭᠥᠯᠢᠶᠡᠨ ᠠᠪᠴᠤ ᠰᠢᠢᠳᠪᠦᠷᠢᠯᠡᠬᠦ ᠴᠠᠭ᠄ 2021 ᠣᠨ ᠤ 7 ᠳ᠋ᠤᠭᠠᠷ ᠰᠠᠷ᠎ᠠ ᠶᠢᠨ 6 ᠤ ᠡᠳᠦᠷ ᠠᠴᠠ 7 ᠳ᠋ᠤᠭᠠᠷ ᠰᠠᠷ᠎ᠠ ᠶᠢᠨ 12 ᠤᠨ ᠡᠳᠦᠷ ᠤᠨ 17 ᠴᠠᠭ ᠪᠣᠯᠲᠠᠯ᠎ᠠ᠃      ︵ᠬᠤᠶᠠᠷ︶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠰᠦᠯᠵᠢᠶᠡᠨ ᠳᠤ ᠬᠤᠯᠪᠤᠭᠠᠰᠤᠳᠠᠢ ᠦᠢᠯᠡᠳᠭᠦᠨ ︵ᠬᠤᠶᠠᠳᠤᠭᠠᠷ ᠪᠦᠯᠦᠭ︶᠂ ᠢᠯᠡ ᠨᠡᠶᠢᠲᠡᠯᠡᠬᠦ ᠳᠤ ᠣᠨᠳᠣᠤ ᠰᠠᠨᠠᠯ ᠥᠬᠡᠶ ᠦᠢᠯᠡᠳᠭᠦᠨ ᠢ 7 ᠳ᠋ᠤᠭᠠᠷ ᠰᠠᠷ᠎ᠠ ᠶᠢᠨ 16 ᠤ ᠡᠳᠦᠷ ᠦᠷ᠎ᠡ ᠳ᠋ᠦᠩ ᠢ ᠨᠡᠶᠢᠲᠡᠯᠡᠬᠦ ᠶᠢᠨ ᠬᠠᠮᠲᠤ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠦᠢᠯᠡᠳᠭᠦᠨ ᠤ ᠠᠷᠠᠯᠵᠢᠶ᠎ᠠ ᠶᠢᠨ ᠬᠥᠮᠥᠷᠭᠡ ᠳᠤ ᠣᠷᠣᠭᠤᠯᠤᠨ᠎ᠠ᠃      ᠳᠥᠷᠪᠡ᠂ ᠠᠵᠢᠯ ᠤᠨ ᠱᠠᠭᠠᠷᠳᠠᠯᠭ᠎ᠠ      ︵ᠨᠢᠭᠡ︶ ᠮᠡᠳᠡᠭᠦᠯᠦᠭᠰᠡᠨ ᠠᠵᠤ ᠠᠬᠤᠶᠢᠯᠠᠯ ᠨᠢ ᠱᠠᠭᠠᠷᠳᠠᠯᠭ᠎ᠠ ᠶᠣᠰᠣᠭᠠᠷ ᠰᠦᠯᠵᠢᠶᠡᠨ ᠳᠤ ᠬᠤᠯᠪᠤᠭᠰᠠᠨ ᠦᠢᠯᠡᠳᠭᠦᠨ ᠤ ᠦᠨ᠎ᠡ ᠬᠠᠩᠰᠢ ᠪᠠᠨ ᠦᠨᠡᠨ ᠮᠥᠨ ᠢᠶᠠᠷ ᠮᠡᠳᠡᠭᠦᠯᠬᠦ ᠬᠡᠷᠡᠭᠲᠡᠶ᠂ ᠦᠨᠡᠨ ᠮᠥᠨ ᠢᠶᠠᠷ ᠮᠡᠳᠡᠭᠦᠯᠦᠭᠰᠡᠨ ᠥᠬᠡᠶ ᠶᠢ ᠢᠯᠡᠷᠡᠭᠦᠯᠪᠡᠯ᠂ ᠠᠵᠤ ᠠᠬᠤᠶᠢᠯᠠᠯ ᠤᠨ ᠲᠤᠰᠢᠶᠠᠭᠰᠠᠨ ︽ᠡᠮ ᠡᠮᠨᠡᠯᠭᠡ ᠶᠢᠨ ᠠᠵᠤ ᠠᠬᠤᠶᠢᠯᠠᠯ ᠤᠨ ᠦᠨ᠎ᠡ ᠬᠠᠩᠰᠢ ᠪᠠ ᠡᠵᠡᠩᠨᠡᠨ ᠪᠣᠷᠣᠯᠠᠭᠤᠯᠬᠤ ᠠᠵᠢᠯᠯᠠᠭ᠎ᠠ ᠶᠢᠨ ᠢᠲᠡᠭᠡᠮᠵᠢ ᠶᠢᠨ ᠠᠮᠠᠯᠠᠯᠲᠠ ᠶᠢᠨ ᠪᠢᠴᠢᠭ︾ ᠢᠶᠠᠷ ᠦᠨᠳᠦᠰᠦᠯᠡᠯ ᠪᠣᠯᠭᠠᠵᠤ᠂ ᠡᠮ ᠡᠮᠨᠡᠯᠭᠡ ᠶᠢᠨ ᠦᠨ᠎ᠡ ᠬᠠᠩᠰᠢ ᠪᠠ ᠡᠯᠰᠡᠨ ᠠᠪᠬᠤ ᠢᠲᠡᠭᠡᠮᠵᠢ ᠶᠢᠨ ᠦᠨᠡᠯᠡᠯᠲᠡ ᠶᠢᠨ ᠠᠵᠢᠯ ᠤᠨ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠰᠢᠢᠳᠪᠦᠷᠢᠯᠡᠨ᠎ᠡ᠃      ︵ᠬᠤᠶᠠᠷ︶ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠬᠤᠳᠠᠯᠳᠤᠨ ᠠᠪᠬᠤ ᠲᠥᠪ ᠨᠢ ᠨᠡᠶᠢᠲᠡᠯᠡᠭᠰᠡᠨ ᠮᠡᠳᠡᠭᠡ ᠵᠠᠩᠭᠢ ᠶᠢ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠬᠢᠨᠠᠨ ᠬᠠᠷᠭᠤᠭᠤᠯᠵᠤ᠂ ᠱᠠᠭᠠᠷᠳᠠᠯᠭ᠎ᠠ ᠳᠤ ᠨᠡᠶᠢᠴᠡᠬᠦ ᠥᠬᠡᠶ ᠲᠤᠭ᠎ᠠ ᠪᠠᠷᠢᠮᠲᠠ ᠶᠢ ᠰᠦᠯᠵᠢᠶᠡᠨ ᠳᠤ ᠬᠤᠯᠪᠣᠬᠤ ᠬᠢᠷᠢ ᠬᠡᠮ ᠢ ᠨᠢ ᠲᠦᠷ ᠵᠣᠭᠰᠣᠭᠠᠨ᠎ᠠ᠃      ᠳᠠᠭᠠᠯᠳᠤᠭᠤᠯᠤᠯ᠄ ᠦᠢᠯᠡᠳᠬᠦᠨ ᠤ ᠦᠨ᠎ᠡ ᠬᠠᠩᠰᠢ ᠶᠢᠨ ᠲᠣᠳᠣᠷᠬᠠᠶᠢᠯᠠᠯᠲᠠ ᠶᠢᠨ ᠵᠠᠬᠢᠳᠠᠯ                         ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠬᠤᠳᠠᠯᠳᠤᠨ ᠠᠪᠬᠤ ᠲᠥᠪ                              2021 ᠣᠨ ᠤ 7 ᠳ᠋ᠤᠭᠠᠷ ᠰᠠᠷ᠎ᠠ ᠶᠢᠨ 6 ᠤ ᠡᠳᠦᠷ
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠣᠯᠠᠭ᠎ᠠ ᠶᠢᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号