ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠦᠯᠵᠢᠶᠡᠨ ᠳᠤ ᠬᠤᠯᠪᠣᠭᠰᠠᠨ ᠡᠮ ᠤᠨ ᠵᠦᠢᠯ ᠤᠨ ᠦᠨ᠎ᠡ ᠬᠠᠩᠰᠢ ᠶᠢ ᠬᠤᠯᠪᠣᠭᠠᠯᠠᠨ ᠬᠥᠳᠡᠯᠦᠯᠴᠡᠬᠦ ᠪᠠ ᠬᠤᠳᠠᠯᠳᠤᠨ ᠠᠪᠬᠤ ᠠᠷᠭ᠎ᠠ ᠮᠠᠶ᠋ᠢᠭ ᠲᠤ ᠲᠣᠬᠢᠷᠠᠭᠤᠯᠤᠯᠲᠠ ᠬᠢᠬᠦ ᠠᠵᠢᠯ ᠢ ᠥᠷᠨᠢᠭᠦᠯᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2021/7/19
      ᠥᠪᠥᠷ ᠡᠮ ᠲᠦᠪᠯᠡᠷᠡᠭᠦᠯᠦᠨ ᠬᠤᠳᠠᠯᠳᠤᠨ ᠠᠪᠬᠤ ᠲᠥᠪ ᠦᠰᠦᠭ ﹇2021﹈ 123 ᠳ᠋ᠤᠭᠠᠷ ᠲᠣᠭᠠᠲᠤ ᠡᠯ᠎ᠡ ᠬᠠᠮᠢᠶ᠎ᠠ ᠪᠥᠬᠦᠶ ᠠᠵᠤ ᠠᠬᠤᠶᠢᠯᠠᠯ᠄      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠦᠯᠵᠢᠶᠡᠨ ᠳᠤ ᠬᠤᠯᠪᠤᠭᠰᠠᠨ ᠡᠮ ᠤᠨ ᠵᠦᠢᠯ ᠳᠤ ᠬᠥᠳᠡᠯᠦᠩᠭᠦᠶ ᠲᠣᠬᠢᠷᠠᠭᠤᠯᠤᠯᠲᠠ ᠬᠢᠬᠦ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ︵ᠥᠪᠥᠷ ᠡᠮᠴᠢᠯᠡᠭᠡ ᠪᠠᠳᠤᠯᠠᠭ᠎ᠠ ᠠᠯᠪᠠᠨ ᠲᠠᠷᠬᠠᠭᠠᠭᠰᠠᠨ ﹇2020﹈ 23 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠡᠳᠦᠭᠡ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠦᠯᠵᠢᠶᠡᠨ ᠳᠤ ᠬᠤᠯᠪᠤᠭᠰᠠᠨ ᠡᠮ ᠤᠨ ᠵᠦᠢᠯ ᠤᠨ ᠦᠨ᠎ᠡ ᠬᠠᠩᠰᠢ ᠶᠢᠨ ᠬᠤᠯᠪᠣᠭᠠᠯᠠᠨ ᠬᠥᠳᠡᠯᠦᠯᠴᠡᠬᠦ ᠪᠠ ᠬᠤᠳᠠᠯᠳᠤᠨ ᠠᠪᠬᠤ ᠠᠷᠭ᠎ᠠ ᠮᠠᠶ᠋ᠢᠭ ᠲᠤ ᠲᠣᠬᠢᠷᠠᠭᠤᠯᠤᠯᠲᠠ ᠬᠢᠬᠦ ᠠᠵᠢᠯ ᠢ ᠥᠷᠨᠢᠭᠦᠯᠬᠦ ᠲᠤᠬᠠᠶ ᠳᠣᠤᠷᠠᠬᠢ ᠮᠡᠲᠦ ᠮᠡᠳᠡᠭᠳᠡᠪᠡ᠃      ᠨᠢᠭᠡ᠂ ᠡᠮ ᠤᠨ ᠵᠦᠢᠯ ᠤᠨ ᠬᠡᠪᠴᠢᠶ᠎ᠡ        ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠬᠤᠳᠠᠯᠳᠤᠨ ᠠᠪᠬᠤ ᠰᠢᠰᠲ᠋ᠧᠮ ᠤᠨ ᠨᠢᠭᠡᠨᠲᠡ ᠰᠦᠯᠵᠢᠶᠡᠨ ᠳᠤ ᠬᠤᠯᠪᠤᠭᠰᠠᠨ ᠡᠮ ᠤᠨ ᠵᠦᠢᠯ᠂ ᠡᠭᠦᠨ ᠳᠤ ᠬᠡᠯᠡᠯᠴᠡᠭᠡᠷ ᠤᠨ ᠬᠦᠴᠦᠨ ᠲᠠᠢ ᠬᠤᠭᠤᠴᠠᠭᠠᠨ ᠳᠤ ᠬᠠᠷᠢᠶᠠᠯᠠᠭᠳᠠᠬᠤ ᠤᠯᠤᠰ ᠤᠨ ᠬᠡᠯᠡᠯᠴᠡᠭᠡᠷ ᠤᠨ ᠡᠮ ᠤᠨ ᠵᠦᠢᠯ ᠪᠠ ᠤᠯᠤᠰ᠂ ᠮᠤᠵᠢ ᠶᠢᠨ ᠬᠤᠭᠤᠷᠣᠨᠳᠣᠬᠢ ᠬᠤᠯᠪᠣᠭ᠎ᠠ ᠵᠡᠷᠭᠡ ᠬᠡᠯᠪᠡᠷᠢ ᠪᠠᠷ ᠵᠣᠬᠢᠶᠠᠨ ᠪᠠᠶᠢᠭᠤᠯᠵᠤ ᠬᠡᠮᠵᠢᠶ᠎ᠡ ᠲᠠᠢ ᠪᠠᠷ ᠬᠤᠳᠠᠯᠳᠤᠨ ᠠᠪᠬᠤ ᠡᠮ ᠤᠨ ᠵᠦᠢᠯ ᠢ ᠣᠲᠣ ᠶᠢᠨ ᠬᠡᠷᠡᠭᠵᠢᠭᠦᠯᠵᠦ ᠪᠠᠶᠢᠭ᠎ᠠ ᠬᠤᠳᠠᠯᠳᠤᠨ ᠠᠪᠬᠤ ᠲᠥᠷᠥ ᠶᠢᠨ ᠪᠣᠳᠣᠯᠭ᠎ᠠ ᠶᠢᠨ ᠶᠣᠰᠣᠭᠠᠷ ᠬᠡᠷᠡᠭᠵᠢᠭᠦᠯᠦᠨ᠎ᠡ᠂ ᠳᠣᠭᠢᠷᠠᠭᠤᠯᠬᠤ ᠬᠡᠪᠴᠢᠶᠡᠨ ᠳᠤ ᠣᠷᠣᠭᠤᠯᠬᠤ ᠥᠬᠡᠶ᠃      ᠬᠤᠶᠠᠷ᠂ ᠠᠵᠢᠯ ᠤᠨ ᠠᠭᠤᠯᠭ᠎ᠠ      ︵ᠨᠢᠭᠡ︶ ᠦᠨ᠎ᠡ ᠬᠠᠩᠰᠢ ᠶᠢᠨ ᠬᠤᠯᠪᠣᠯᠳᠤᠯ᠃ ᠰᠦᠯᠵᠢᠶᠡᠨ ᠳᠤ ᠬᠤᠯᠪᠤᠭᠰᠠᠨ ᠡᠮ ᠤᠨ ᠵᠦᠢᠯ ᠨᠢ ᠪᠥᠬᠦ ᠤᠯᠤᠰ ᠤᠨ ᠡᠯ᠎ᠡ ᠮᠤᠵᠢ ᠬᠤᠲᠠ ︵ᠣᠷᠣᠨ︶ ᠳᠤ ᠰᠦᠯᠵᠢᠶᠡᠨ ᠳᠤ ᠬᠤᠯᠪᠤᠭᠰᠠᠨ ᠦᠨ᠎ᠡ ᠲᠠᠢ ᠪᠠᠶᠢᠪᠠᠯ᠂ ᠠᠵᠤ ᠠᠬᠤᠶᠢᠯᠠᠯ ᠨᠢ ᠪᠥᠬᠦ ᠤᠯᠤᠰ ᠤᠨ ᠬᠠᠮᠤᠭ ᠤᠨ ᠳᠣᠤᠷ᠎ᠠ ᠲᠠᠪᠤᠨ ᠮᠤᠵᠢ ᠬᠤᠲᠠ ︵ᠣᠷᠣᠨ︶ ᠶᠢᠨ ᠣᠲᠣ ᠶᠢᠨ ᠬᠡᠷᠡᠭᠵᠢᠭᠦᠯᠵᠦ ᠪᠠᠶᠢᠭ᠎ᠠ ᠰᠦᠯᠵᠢᠶᠡᠨ ᠳᠤ ᠬᠤᠯᠪᠤᠭᠰᠠᠨ ᠦᠨ᠎ᠡ ᠶᠢ ᠲᠠᠭᠯᠠᠨ ᠮᠡᠳᠡᠭᠦᠯᠬᠦ ᠬᠡᠷᠡᠭᠲᠡᠶ ︵ᠡᠯ᠎ᠡ ᠮᠤᠵᠢ ᠶᠢᠨ ᠬᠡᠮᠵᠢᠶ᠎ᠡ ᠲᠠᠢ ᠪᠠᠷ ᠬᠤᠳᠠᠯᠳᠤᠨ ᠠᠪᠬᠤ ᠦᠨ᠎ᠡ ᠵᠢᠴᠢ ᠹᠦᠵᠢᠶᠠᠨ ᠮᠤᠵᠢ᠂ ᠭᠤᠸᠠᠩᠳᠦ᠋ᠩ ᠮᠤᠵᠢ ᠪᠠ ᠴᠦᠩᠴᠢᠩ ᠬᠤᠲᠠ ᠶᠢᠨ ᠠᠷᠠᠯᠵᠢᠶᠠᠨ ᠤ ᠦᠨ᠎ᠡ ᠪᠠᠭᠲᠠᠬᠤ ᠥᠬᠡᠶ︶᠃ ᠤᠯᠤᠰ ᠬᠢᠭᠡᠳ ᠮᠤᠵᠢ ᠶᠢᠨ ᠱᠠᠲᠤᠨ ᠤ ᠬᠤᠯᠪᠣᠭ᠎ᠠ ᠶᠢᠨ ᠥᠪᠥᠷ ᠮᠣᠩᠭᠤᠯ ᠳᠤ ᠬᠠᠩᠭᠠᠬᠤ ᠪᠠᠷ ᠰᠤᠩᠭᠤᠭᠳᠠᠭᠰᠠᠨ ᠥᠬᠡᠶ  ᠰᠤᠩᠭᠤᠭᠳᠠᠭᠰᠠᠨ ᠠᠵᠤ ᠠᠬᠤᠶᠢᠯᠠᠯ ᠢ ᠲᠤᠭ᠎ᠠ ᠬᠡᠮᠵᠢᠶ᠎ᠡ ᠲᠠᠢ ᠪᠠᠷ ᠬᠤᠳᠠᠯᠳᠤᠨ ᠠᠪᠬᠤ ᠶᠢ ᠵᠣᠷᠢᠭᠵᠢᠭᠤᠯᠵᠤ᠂ ᠲᠡᠭᠦᠨ ᠤ ᠳᠣᠲᠣᠷ᠎ᠠ ᠠᠴᠠ ᠰᠣᠩᠭᠤᠭᠰᠠᠨ ᠦᠨ᠎ᠡ ᠪᠠᠷ ᠥᠪᠥᠷ ᠮᠣᠩᠭᠤᠯ ᠣᠷᠣᠨ ᠳᠤ ᠬᠠᠩᠭᠠᠨ᠎ᠠ᠃      ︵ᠬᠤᠶᠠᠷ︶ ᠬᠤᠳᠠᠯᠳᠤᠨ ᠠᠪᠬᠤ ᠠᠷᠭ᠎ᠠ ᠮᠠᠶ᠋ᠢᠭ ᠤᠨ ᠲᠣᠬᠢᠷᠠᠭᠤᠯᠤᠯᠲᠠ᠃ ᠰᠦᠯᠵᠢᠶᠡᠨ ᠳᠤ ᠬᠤᠯᠪᠤᠭᠰᠠᠨ ᠡᠮ ᠤᠨ ᠵᠦᠢᠯ ᠢ ᠬᠤᠳᠠᠯᠳᠤᠨ ᠠᠪᠬᠤ ᠠᠷᠭ᠎ᠠ ᠮᠠᠶ᠋ᠢᠭ ᠢ ᠨᠢᠭᠡᠳᠦᠯᠲᠡᠶ ᠳᠣᠭᠢᠷᠠᠭᠤᠯᠤᠭᠠᠳ ᠦᠨ᠎ᠡ ᠶᠢ ᠨᠢ ᠬᠢᠵᠠᠭᠠᠷᠯᠠᠨ ᠰᠦᠯᠵᠢᠶᠡᠨ ᠳᠤ  ᠬᠤᠯᠪᠤᠬᠤ ᠪᠣᠯᠭᠠᠵᠤ᠂ ᠡᠭᠦᠨ ᠳᠤ ᠡᠮᠡᠭᠲᠡᠶᠢᠴᠦᠳ ᠬᠡᠤᠬᠡᠳ ᠤᠨ ᠲᠤᠰᠬᠠᠶ ᠮᠡᠷᠭᠡᠵᠢᠯ ᠤᠨ ᠲᠤᠰᠬᠠᠶ ᠠᠰᠢᠭ ᠤᠨ ᠪᠤᠰᠤ ᠡᠮ ᠤᠨ ᠵᠦᠢᠯ᠂ ᠲᠦᠷᠭᠡᠨ ᠠᠪᠤᠷᠠᠯᠳᠠ ᠶᠢᠨ ᠡᠮ ᠤᠨ ᠵᠦᠢᠯ᠂ ᠳᠤᠲᠠᠭᠳᠠᠵᠤ ᠪᠠᠶᠢᠭ᠎ᠠ ᠡᠮ ᠤᠨ ᠵᠦᠢᠯ ᠪᠠ ᠦᠨᠳᠦᠰᠦᠨ ᠡᠮ ᠶᠡᠭᠦᠯᠡᠬᠦ ᠡᠮ ᠤᠨ ᠵᠦᠢᠯ ᠢ ᠬᠤᠳᠠᠯᠳᠤᠨ ᠠᠪᠬᠤ ᠠᠷᠭ᠎ᠠ ᠮᠠᠶ᠋ᠢᠭ ᠢ ᠰᠢᠭᠤᠳ ᠰᠦᠯᠵᠢᠶᠡᠨ ᠳᠤ ᠬᠤᠯᠪᠤᠬᠤ ᠪᠣᠯᠭᠠᠨ᠎ᠠ᠃ ᠬᠤᠳᠠᠯᠳᠤᠨ ᠠᠪᠬᠤ ᠠᠷᠭ᠎ᠠ ᠮᠠᠶ᠋ᠢᠭ ᠨᠢ ᠦᠨ᠎ᠡ ᠶᠢ ᠨᠢ ᠬᠢᠵᠠᠭᠠᠷᠯᠠᠨ ᠰᠦᠯᠵᠢᠶᠡᠨ ᠳᠤ ᠬᠤᠯᠪᠤᠭᠰᠠᠨ ᠡᠮ ᠤᠨ ᠵᠦᠢᠯ ᠳᠤ ᠬᠠᠷᠢᠶᠠᠯᠠᠭᠳᠠᠪᠠᠯ᠂ ᠡᠮᠴᠢᠯᠡᠭᠡᠨ ᠤ ᠪᠠᠶᠢᠭᠤᠯᠤᠮᠵᠢ ᠬᠢᠭᠡᠳ ᠠᠵᠤ ᠠᠬᠤᠶᠢᠯᠠᠯ ᠨᠢ ᠬᠢᠵᠠᠭᠠᠷᠯᠠᠭᠰᠠᠨ ᠦᠨ᠎ᠡ ᠠᠴᠠ ᠥᠨᠳᠥᠷ ᠥᠬᠡᠶ ᠪᠠᠶᠢᠬᠤ ᠰᠠᠭᠤᠷᠢᠨ ᠳᠡᠭᠡᠷ᠎ᠡ ᠵᠥᠪᠯᠡᠭᠰᠡᠨ ᠦᠨ᠎ᠡ ᠪᠠᠷ ᠬᠤᠳᠠᠯᠳᠤᠨ ᠠᠪᠤᠨ᠎ᠠ︔ ᠰᠢᠭᠤᠳ ᠰᠦᠯᠵᠢᠶᠡᠨ ᠳᠤ ᠬᠤᠯᠪᠤᠭᠰᠠᠨ ᠡᠮ ᠤᠨ ᠵᠦᠢᠯ ᠳᠤ ᠲᠣᠭᠠᠴᠠᠭᠳᠠᠪᠠᠯ᠂ ᠡᠮ ᠡᠮᠨᠡᠯᠭᠡ ᠶᠢᠨ ᠪᠠᠶᠢᠭᠤᠯᠤᠮᠵᠢ ᠨᠢ ᠠᠵᠤ ᠠᠬᠤᠶᠢᠯᠠᠯ ᠯᠤᠭ᠎ᠠ ᠬᠤᠳᠠᠯᠳᠤᠨ ᠠᠪᠬᠤ ᠦᠨ᠎ᠡ ᠶᠢ ᠵᠥᠪᠯᠡᠵᠦ ᠲᠣᠭᠲᠠᠭᠠᠭᠰᠠᠨ ᠤ ᠲᠡᠷᠠᠭ᠎ᠠ ᠰᠠᠶ᠋ᠢ ᠠᠷᠠᠯᠵᠢᠶᠠᠯᠠᠨ᠎ᠠ᠃      ︵ᠭᠤᠷᠪᠠ︶ ᠬᠢᠵᠠᠭᠠᠷᠯᠠᠭᠰᠠᠨ ᠦᠨ᠎ᠡ ᠵᠢᠴᠢ ᠯᠠᠪᠯᠠᠯᠲᠠ ᠶᠢᠨ ᠦᠨ᠎ᠡ ᠶᠢ ᠲᠣᠭᠲᠠᠭᠠᠨ᠎ᠠ᠃ ᠦᠨ᠎ᠡ ᠶᠢ ᠨᠢ ᠬᠢᠵᠠᠭᠠᠷᠯᠠᠵᠤ ᠰᠦᠯᠵᠢᠶᠡᠨ ᠳᠤ ᠬᠤᠯᠪᠤᠭᠰᠠᠨ ᠡᠮ ᠤᠨ ᠵᠦᠢᠯ ᠤᠨ ᠬᠤᠳᠠᠯᠳᠤᠨ ᠠᠪᠬᠤ ᠦᠨ᠎ᠡ ᠶᠢ ᠬᠢᠵᠠᠭᠠᠷᠯᠠᠬᠤ ᠶᠢ ᠡᠯ᠎ᠡ ᠮᠤᠵᠢ ᠬᠤᠲᠠ ︵ᠣᠷᠣᠨ︶ ᠶᠢᠨ ᠰᠦᠯᠵᠢᠶᠡᠨ ᠳᠤ ᠬᠤᠯᠪᠤᠭᠰᠠᠨ ᠬᠠᠮᠤᠭ ᠤᠨ ᠳᠣᠤᠷ᠎ᠠ ᠦᠨ᠎ᠡ ᠪᠠᠷ ᠲᠣᠭᠲᠠᠭᠠᠨ᠎ᠠ᠂ ᠡᠯ᠎ᠡ ᠮᠤᠵᠢ ᠳᠤ ᠴᠥᠮ ᠰᠦᠯᠵᠢᠶᠡᠨ ᠳᠤ ᠬᠤᠯᠪᠤᠭᠰᠠᠨ ᠦᠨ᠎ᠡ ᠥᠬᠡᠶ ᠪᠣᠯ᠂ ᠮᠠᠨ ᠤ ᠲᠥᠪ ᠠᠴᠠ ᠲᠤᠰᠬᠠᠶ ᠮᠡᠷᠭᠡᠵᠢᠯᠲᠡᠳ ᠢ ᠵᠣᠬᠢᠶᠠᠨ ᠪᠠᠶᠢᠭᠤᠯᠵᠤ ᠠᠳᠠᠯᠢ ᠲᠥᠷᠥᠯ ᠤᠨ ᠡᠮ ᠤᠨ ᠵᠦᠢᠯ ᠤᠨ ᠦᠨ᠎ᠡ ᠪᠠᠷ ᠯᠠᠪᠯᠠᠯᠲᠠ ᠪᠣᠯᠭᠠᠵᠤ ᠦᠨ᠎ᠡ ᠶᠢ ᠨᠢ ᠬᠢᠵᠠᠭᠠᠷᠯᠠᠨ᠎ᠠ᠃ ᠰᠦᠯᠵᠢᠶᠡᠨ ᠳᠤ ᠰᠢᠭᠤᠳ ᠬᠤᠯᠪᠤᠭᠰᠠᠨ ᠡᠮ ᠤᠨ ᠵᠦᠢᠯ ᠤᠨ ᠯᠠᠪᠯᠠᠯᠲᠠ ᠶᠢᠨ ᠦᠨ᠎ᠡ ᠪᠣᠯ ᠪᠥᠬᠦ ᠤᠯᠤᠰ ᠤᠨ ᠬᠠᠮᠤᠭ ᠤᠨ ᠳᠣᠤᠷ᠎ᠠ ᠲᠠᠪᠤᠨ ᠮᠤᠵᠢ ᠬᠤᠲᠠ ︵ᠣᠷᠣᠨ︶ ᠶᠢᠨ ᠰᠦᠯᠵᠢᠶᠡᠨ ᠳᠤ ᠬᠤᠯᠪᠤᠭᠰᠠᠨ ᠦᠨ᠎ᠡ ᠪᠣᠯᠤᠨ᠎ᠠ᠃      ᠭᠤᠷᠪᠠ᠂ ᠠᠵᠢᠯ ᠤᠨ ᠲᠣᠬᠢᠷᠠᠭᠤᠯᠤᠯᠲᠠ      ︵ᠨᠢᠭᠡ︶ ᠲᠠᠭᠯᠠᠨ ᠮᠡᠳᠡᠭᠦᠯᠬᠦ ᠠᠷᠭ᠎ᠠ ᠮᠠᠶ᠋ᠢᠭ      ᠠᠵᠤ ᠠᠬᠤᠶᠢᠯᠠᠯ ᠬᠡᠷᠡᠭᠯᠡᠭᠴᠢ ᠶᠢᠨ ᠨᠡᠷ᠎ᠡ ᠪᠠ ᠨᠢᠭᠤᠴᠠ ᠨᠣᠮᠧᠷ ᠢᠶᠠᠷ ᠳᠠᠮᠵᠢᠭᠤᠯᠤᠨ᠂ ︽ᠡᠮ ᠤᠨ ᠵᠦᠢᠯ ᠬᠤᠳᠠᠯᠳᠤᠨ ᠠᠪᠬᠤ ᠰᠢᠰᠲ᠋ᠧᠮ︾ — ︽ᠰᠠᠭᠤᠷᠢ ᠲᠤᠭ᠎ᠠ ᠪᠠᠷᠢᠮᠲᠠ ᠶᠢᠨ ᠬᠥᠮᠥᠷᠭᠡ ᠶᠢᠨ ᠰᠢᠰᠲ᠋ᠧᠮ︾ — ︽ᠦᠨ᠎ᠡ ᠬᠠᠩᠰᠢ ᠶᠢᠨ ᠬᠥᠮᠥᠷᠭᠡ ᠶᠢᠨ ᠬᠠᠮᠢᠶᠠᠷᠤᠯᠲᠠ︾ — ︽ᠦᠨ᠎ᠡ ᠬᠠᠩᠰᠢ ᠶᠢᠨ ᠬᠠᠮᠠᠭᠠᠯᠠᠯᠲᠠ︾ — ᠲᠣᠪᠴᠢᠳᠠᠬᠤ ᠨᠢᠭᠤᠷ ᠤᠨ ᠬᠦᠰᠦᠨᠦᠭ ᠲᠠᠬᠢ ᠬᠠᠮᠠᠭᠠᠯᠠᠯᠲᠠ ᠶᠢᠨ ᠬᠦᠰᠦᠨᠦᠭ ᠶᠢᠨ ︽+︾ ᠶᠢ ᠲᠡᠮᠳᠡᠭ ᠢᠶᠠᠷ ᠤᠷᠤᠵᠦ᠂ ᠥᠷᠨᠢᠭᠦᠯᠵᠦ ᠪᠠᠶᠢᠭ᠎ᠠ ᠡᠯ᠎ᠡ ᠮᠤᠵᠢ ᠶᠢᠨ ᠳᠠᠭᠠᠭᠠᠴᠢᠯᠠᠯᠲᠠ ᠣᠯᠤᠭᠰᠠᠨ ᠦᠨ᠎ᠡ ᠬᠠᠩᠰᠢ ᠶᠢᠨ ᠬᠦᠰᠦᠨᠦᠭ ᠢ ᠦᠨᠳᠦᠰᠦᠯᠡᠨ᠂ ᠪᠣᠳᠠᠲᠠᠶ ᠪᠠᠶᠢᠳᠠᠯ ᠤᠨ ᠬᠠᠮᠠᠭᠠᠯᠠᠯᠲᠠ ᠶᠢᠨ ᠦᠨ᠎ᠡ ᠬᠠᠩᠰᠢ ᠶᠢᠨ ᠮᠡᠳᠡᠭᠡ ᠵᠠᠩᠭᠢ ᠶᠢ ᠦᠨᠳᠦᠰᠦᠯᠡᠬᠦ ᠶᠢᠨ ᠬᠠᠮᠲᠤ ᠬᠠᠮᠢᠶ᠎ᠠ ᠪᠥᠬᠦᠶ ᠦᠨ᠎ᠡ ᠬᠠᠩᠰᠢ ᠶᠢᠨ ᠭᠡᠷᠡᠴᠢᠯᠡᠬᠦ ᠮᠠᠲ᠋ᠧᠷᠢᠶᠠᠯ ᠢ ᠳᠡᠭᠡᠭᠰᠢ ᠳᠠᠮᠵᠢᠭᠤᠯᠬᠤ ᠬᠡᠷᠡᠭᠲᠡᠶ᠃      ︵ᠬᠤᠶᠠᠷ︶ ᠲᠠᠭᠯᠠᠨ ᠮᠡᠳᠡᠭᠦᠯᠬᠦ ᠴᠠᠭ ᠬᠤᠭᠤᠴᠠᠭ᠎ᠠ      ᠠᠩᠬ᠎ᠠ ᠤᠳᠠᠭ᠎ᠠ ᠲᠠᠭᠯᠠᠨ ᠮᠡᠳᠡᠭᠦᠯᠬᠦ ᠴᠠᠭ ᠨᠢ᠄ 2021 ᠣᠨ ᠤ 7 ᠳ᠋ᠤᠭᠠᠷ ᠰᠠᠷ᠎ᠠ ᠶᠢᠨ 19 ᠤ ᠡᠳᠦᠷ ᠠᠴᠠ 8  ᠳ᠋ᠤᠭᠠᠷ ᠰᠠᠷ᠎ᠠ ᠶᠢᠨ 9 ᠤ ᠡᠳᠦᠷ ᠪᠣᠯᠲᠠᠯ᠎ᠠ᠃      2021 ᠣᠨ ᠤ 10 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠰᠢᠰᠲ᠋ᠧᠮ ᠢ ᠴᠠᠭ ᠲᠤᠬᠠᠶ ᠳᠤᠨᠢ ᠨᠡᠭᠡᠭᠡᠵᠦ᠂ ᠰᠦᠯᠵᠢᠶᠡᠨ ᠳᠤ ᠬᠤᠯᠪᠤᠭᠰᠠᠨ ᠡᠮ ᠤᠨ ᠵᠦᠢᠯ ᠤᠨ ᠪᠤᠰᠤᠳ ᠮᠤᠵᠢ ᠬᠤᠲᠠ ︵ᠲᠣᠭᠤᠷᠢᠭ︶ ᠳᠤ ᠰᠦᠯᠵᠢᠶᠡᠨ ᠳᠤ  ᠬᠤᠯᠪᠤᠭᠰᠠᠨ ᠰᠢᠨ᠎ᠡ ᠦᠨ᠎ᠡ ᠬᠠᠩᠰᠢ ᠭᠠᠷᠬᠤ ᠳᠤ ᠭᠦᠷᠪᠡᠯ᠂ ᠦᠢᠯᠡᠳᠪᠦᠷᠢᠯᠡᠯ ᠤᠨ ᠠᠵᠤ ᠠᠬᠤᠶᠢᠯᠠᠯ ᠲᠣᠰ ᠦᠨ᠎ᠡ ᠬᠠᠩᠰᠢ ᠶᠢ ᠵᠢᠩᠬᠢᠨᠢ ᠪᠠᠷ ᠬᠡᠷᠡᠭᠵᠢᠭᠦᠯᠦᠭᠰᠡᠨ ᠡᠳᠦᠷ ᠠᠴᠠ ᠡᠬᠢᠯᠡᠨ ᠨᠢᠭᠡ ᠰᠠᠷ᠎ᠠ ᠶᠢᠨ ᠳᠣᠲᠣᠷ᠎ᠠ ᠦᠨ᠎ᠡ ᠬᠠᠩᠰᠢ ᠶᠢᠨ ᠮᠡᠳᠡᠭᠡ ᠵᠠᠩᠭᠢ ᠪᠠᠨ ᠲᠠᠭᠯᠠᠨ ᠮᠡᠳᠡᠭᠦᠯᠬᠦ ᠬᠡᠷᠡᠭᠲᠡᠶ᠃      ︵ᠭᠤᠷᠪᠠ︶ ᠢᠯᠡ ᠨᠡᠶᠢᠳᠡᠯᠡᠬᠦ      ᠠᠩᠬ᠎ᠠ ᠤᠳᠠᠭ᠎ᠠ ᠦᠨ᠎ᠡ ᠬᠠᠩᠰᠢ ᠶᠢᠨ ᠮᠡᠳᠡᠭᠡ ᠵᠠᠩᠭᠢ ᠶᠢ ᠲᠠᠭᠯᠠᠨ ᠮᠡᠳᠡᠭᠦᠯᠦᠭᠰᠡᠨ ᠤ ᠳᠠᠷᠠᠭ᠎ᠠ᠂ ᠠᠵᠤ ᠠᠬᠤᠶᠢᠯᠠᠯ ᠤᠨ ᠲᠠᠭᠯᠠᠨ ᠮᠡᠳᠡᠭᠦᠯᠦᠭᠰᠡᠨ ᠡᠯ᠎ᠡ ᠮᠤᠵᠢ ᠬᠤᠲᠠ ︵ᠲᠣᠭᠤᠷᠢᠭ︶ ᠶᠢᠨ ᠰᠦᠯᠵᠢᠶᠡᠨ ᠳᠤ ᠬᠤᠯᠪᠤᠭᠰᠠᠨ ᠦᠨ᠎ᠡ ᠬᠠᠩᠰᠢ ᠶᠢᠨ ᠮᠡᠳᠡᠭᠡ ᠵᠠᠩᠭᠢ ᠶᠢ ᠦᠨᠳᠦᠰᠦᠯᠡᠨ᠂ ᠦᠨ᠎ᠡ ᠶᠢ ᠨᠢ ᠬᠢᠵᠠᠭᠠᠷᠯᠠᠵᠤ ᠰᠦᠯᠵᠢᠶᠡᠨ ᠳᠤ ᠬᠤᠯᠪᠤᠭᠰᠠᠨ ᠡᠮ ᠤᠨ ᠵᠦᠢᠯ ᠢ ᠬᠤᠳᠠᠯᠳᠤᠨ ᠠᠪᠬᠤ ᠠᠷᠭ᠎ᠠ ᠮᠠᠶ᠋ᠢᠭ ᠪᠠ ᠬᠤᠳᠠᠯᠳᠤᠨ ᠠᠪᠬᠤ ᠶᠢ ᠬᠢᠵᠠᠭᠠᠷᠯᠠᠭᠰᠠᠨ ᠦᠨ᠎ᠡ᠂ ᠰᠢᠭᠤᠳ ᠰᠦᠯᠵᠢᠶᠡᠨ ᠳᠤ ᠬᠤᠯᠪᠤᠭᠰᠠᠨ ᠡᠮ ᠤᠨ ᠵᠦᠢᠯ ᠤᠨ ᠯᠠᠪᠯᠠᠯᠲᠠ ᠶᠢᠨ ᠦᠨ᠎ᠡ ᠶᠢ ᠵᠠᠷᠯᠠᠨ ᠨᠡᠶᠢᠲᠡᠯᠡᠨ᠎ᠡ᠃ 2021 ᠣᠨ ᠤ 10 ᠳ᠋ᠤᠭᠠᠷ ᠰᠠᠷ᠎ᠠ ᠶᠢᠨ 1 ᠤ ᠡᠳᠦᠷ ᠠᠴᠠ ᠰᠡᠭᠦᠯᠡᠷ ᠰᠢᠨᠡᠳᠬᠡᠭᠰᠡᠨ ᠦᠨ᠎ᠡ ᠬᠠᠩᠰᠢ ᠶᠢᠨ ᠮᠡᠳᠡᠭᠡ ᠵᠠᠩᠭᠢ ᠶᠢ ᠰᠠᠷ᠎ᠠ ᠪᠦᠷᠢ ᠰᠢᠰᠲ᠋ᠧᠮ ᠳᠤ ᠵᠠᠷᠯᠠᠨ ᠨᠡᠶᠢᠲᠡᠯᠡᠨ᠎ᠡ᠃      ᠳᠥᠷᠪᠡ᠂ ᠪᠤᠰᠤᠳ ᠵᠦᠢᠯ      ︵ᠨᠢᠭᠡ︶ ᠠᠵᠤ ᠠᠬᠤᠶᠢᠯᠠᠯ ᠡᠮ ᠤᠨ ᠵᠦᠢᠯ ᠤᠨ ᠦᠨ᠎ᠡ ᠬᠠᠩᠰᠢ ᠶᠢᠨ ᠮᠡᠳᠡᠭᠡ ᠵᠠᠩᠭᠢ ᠶᠢ ᠲᠠᠭᠯᠠᠨ ᠮᠡᠳᠡᠭᠦᠯᠬᠦ ᠳᠤ᠂ ᠵᠢᠵᠢᠭᠯᠡᠨ ᠬᠤᠳᠠᠯᠳᠤᠬᠤ ᠬᠠᠮᠤᠭ ᠤᠨ ᠵᠢᠵᠢᠭ ᠪᠣᠭᠤᠳᠠᠯ ᠤᠨ ᠦᠨ᠎ᠡ ᠬᠠᠩᠰᠢ ᠪᠠᠷ ᠲᠠᠭᠯᠠᠨ ᠪᠢᠴᠢᠨ᠎ᠡ᠂ ᠡᠭᠦᠨ ᠳᠤ ᠡᠮ ᠤᠨ ᠬᠡᠯᠪᠡᠷᠢ ᠨᠢ ᠲᠠᠷᠢᠯᠭ᠎ᠠ ᠶᠢᠨ ᠡᠮ ᠪᠣᠯᠬᠤ ᠡᠮ ᠤᠨ ᠵᠦᠢᠯ ᠤᠨ ᠦᠨ᠎ᠡ ᠬᠠᠩᠰᠢ ᠶᠢᠨ ᠮᠡᠳᠡᠭᠡ ᠵᠠᠩᠭᠢ ᠶᠢ ᠲᠠᠩ ᠵᠠᠷᠤᠯᠭ᠎ᠠ ᠶᠢᠨ ᠦᠨ᠎ᠡ ᠬᠠᠩᠰᠢ ᠪᠠᠷ ᠲᠠᠭᠯᠠᠨ ᠪᠢᠴᠢᠨ᠎ᠡ᠂ ᠦᠨ᠎ᠡ ᠬᠠᠩᠰᠢ ᠳᠤ ᠬᠤᠶᠠᠷ ᠠᠷᠪᠠᠲᠤ ᠶᠢᠨ ᠪᠤᠲᠠᠷᠬᠠᠶ ᠶᠢ ᠦᠯᠡᠳᠡᠭᠡᠨ᠎ᠡ᠃      ︵ᠬᠤᠶᠠᠷ︶ ᠠᠵᠤ ᠠᠬᠤᠶᠢᠯᠠᠯ ᠨᠢ ᠬᠤᠭᠤᠴᠠᠭ᠎ᠠ ᠬᠡᠲᠦᠷᠡᠲᠡᠯ᠎ᠡ ᠡᠮ ᠤᠨ ᠵᠦᠢᠯ ᠤᠨ ᠦᠨ᠎ᠡ ᠶᠢ ᠲᠠᠭᠯᠠᠵᠤ ᠮᠡᠳᠡᠭᠦᠯᠦᠭᠰᠡᠨ ᠦᠭᠡᠢ ᠪᠠᠶᠢᠪᠠᠯ᠂ ᠡᠮᠴᠢᠯᠡᠭᠡᠨ ᠤ ᠬᠠᠩᠭᠠᠯᠭ᠎ᠠ ᠶᠢ ᠨᠥᠯᠥᠭᠡᠯᠡᠬᠦ ᠦᠭᠡᠢ ᠪᠠᠶᠢᠳᠠᠯ ᠤᠨ ᠳᠣᠣᠷ᠎ᠠ᠂ ᠲᠡᠭᠦᠨ ᠤ ᠠᠷᠠᠯᠵᠢᠶᠠᠯᠠᠬᠤ ᠬᠢᠷᠢ ᠬᠡᠮ ᠢ ᠲᠦᠷ ᠵᠣᠭᠰᠣᠭᠠᠨ᠎ᠠ᠃      ︵ᠭᠤᠷᠪᠠ︶ ᠠᠵᠤ ᠠᠬᠤᠶᠢᠯᠠᠯ ᠤᠳ ᠦᠨ᠎ᠡ ᠬᠠᠩᠰᠢ ᠶᠢᠨ ᠮᠡᠳᠡᠭᠡ ᠵᠠᠩᠭᠢ ᠶᠢ ᠦᠨᠡᠨ ᠪᠣᠳᠠᠲᠠᠶ ᠪᠠᠷ ᠲᠠᠭᠯᠠᠨ ᠮᠡᠳᠡᠭᠦᠯᠵᠦ᠂ ᠬᠤᠳᠠᠯ ᠬᠠᠭᠤᠷᠮᠠᠭ ᠮᠡᠳᠡᠭᠡ ᠵᠠᠩᠭᠢ ᠶᠢ ᠪᠠᠶᠢᠴᠠᠭᠠᠨ ᠳᠣᠲᠣᠯᠠᠬᠤ ᠪᠠᠷ ᠳᠡᠮᠵᠢᠨ ᠲᠤᠰᠢᠶᠠᠭᠰᠠᠨ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠬᠤᠳᠠᠯᠳᠤᠨ ᠠᠪᠬᠤ ᠲᠥᠪ ᠠᠴᠠ ︽ᠡᠮ ᠡᠮᠨᠡᠯᠭᠡ ᠶᠢᠨ ᠦᠨ᠎ᠡ ᠬᠠᠩᠰᠢ ᠪᠠ  ᠲᠠᠭᠠᠭᠴᠢᠯᠠᠯᠳᠠ ᠤᠯᠬᠤ ᠢᠲᠡᠭᠡᠮᠵᠢ ᠶᠢᠨ ᠦᠨᠡᠯᠡᠯᠲᠡ ᠶᠢᠨ ᠲᠠᠰᠤᠯᠤᠯᠲᠠ ᠶᠢᠨ ᠰᠠᠭᠤᠷᠢ ᠪᠠᠷᠢᠮᠵᠢᠶ᠎ᠠ ︵2020 ᠳ᠋ᠤᠭᠠᠷ ᠨᠢᠭᠤᠷ︶︾ ᠶᠢᠨ ᠬᠠᠮᠢᠶ᠎ᠠ ᠪᠥᠬᠦᠶ ᠲᠣᠭᠲᠠᠭᠠᠯ ᠶᠣᠰᠣᠭᠠᠷ ᠰᠢᠢᠳᠪᠦᠷᠢᠯᠡᠨ᠎ᠡ᠃      ᠬᠠᠷᠢᠯᠴᠠᠬᠤ ᠬᠡᠯᠪᠡᠷᠢ᠄ 0471-4930630      ︵ᠲᠤᠬᠠᠶᠢᠯᠠᠭᠰᠠᠨ ᠠᠵᠢᠯ ᠤᠨ ᠯᠠᠪᠯᠠᠭ᠎ᠠ︶ 0471-4967106 ︵ᠮᠡᠷᠭᠡᠵᠢᠯ ᠤᠨ ᠳᠡᠮᠵᠢᠯᠭᠡ︶                                  ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠬᠤᠳᠠᠯᠳᠤᠨ ᠠᠪᠬᠤ ᠲᠥᠪ                                         2021 ᠣᠨ ᠤ 7 ᠰᠠᠷ᠎ᠠ ᠶᠢᠨ 16 ᠤ ᠡᠳᠦᠷ
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠣᠯᠠᠭ᠎ᠠ ᠶᠢᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号