ᠥᠪᠥᠷ ᠡᠮᠴᠢᠯᠡᠭᠡ ᠪᠠᠳᠤᠯᠠᠭ᠎ᠠ ᠠᠯᠪᠠᠨ ᠥᠰᠥᠭ ﹇2021﹈ 71 ᠳ᠋ᠤᠭᠡᠷ ᠲᠣᠭᠠᠲᠤ | ᠡᠯ᠎ᠡ ᠠᠶᠢᠮᠠᠭ ᠬᠤᠲᠠ ᠶᠢᠨ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ᠂ ᠮᠠᠨᠵᠤᠤᠷ ᠬᠤᠲᠠ᠂ ᠡᠷᠢᠶᠡᠨ | ᠬᠤᠲᠠ ᠶᠢᠨ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ ᠳᠤ᠄ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠠᠮ ᠤᠨ ᠲᠡᠦᠬᠡ ᠶᠢᠨ ᠰᠤᠷᠤᠯᠴᠠᠯᠭ᠎ᠠ | ᠬᠥᠮᠦᠵᠢᠯ ᠤᠨ ᠤᠳᠤᠷᠢᠳᠬᠤ ᠳᠤᠭᠤᠶᠢᠯᠠᠩ ᠤᠨ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠮᠤᠵᠢ ᠶᠢᠨ ᠱᠠᠲᠤᠨ ᠤ ︿ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ﹀ ᠲᠥᠷᠥᠯ ᠵᠦᠢᠯ ᠤᠨ ᠨᠠᠷᠢᠨ | ᠳᠠᠩᠰᠠ﹀ ᠶᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ᠤᠨ ᠱᠠᠭᠠᠷᠳᠠᠯᠭ᠎ᠠ ᠶᠢ ᠲᠤᠤᠱᠯᠠᠭᠤᠯᠤᠨ | ᠨᠠᠶᠢᠳᠠᠪᠦᠷᠢᠵᠢᠭᠤᠯᠵᠦ᠂ ︽ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠡᠭᠦᠳᠡᠨ | ᠡᠮᠨᠡᠯᠭᠡ ᠶᠢ ᠬᠠᠷᠢᠯᠴᠠᠨ ᠬᠠᠷᠠᠭᠠᠯᠵᠠᠬᠤ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠲᠤᠬᠠᠶ | ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠵᠢᠯᠣᠭᠤᠳᠬᠤ ᠰᠠᠨᠠᠯ︾ ︵ᠲᠥᠷᠥ ᠠᠯᠪᠠᠨ | ᠲᠠᠷᠬᠠᠭᠠᠭᠰᠠᠨ ﹇2021﹈ 14 ᠳ᠋ᠤᠭᠡᠷ ᠲᠣᠭᠠᠲᠤ︶ ᠤᠨ ᠵᠣᠷᠢᠭ ᠰᠠᠨᠠᠭ᠎ᠠ ᠶᠢ ᠦᠨᠳᠦᠰᠦᠯᠡᠨ᠂ ᠡᠮᠴᠢᠯᠡᠭᠡ ᠶᠢᠨ | ᠪᠠᠲᠤᠯᠠᠭ᠎ᠠ ᠶᠢᠨ ᠦᠢᠯᠡᠴᠢᠯᠡᠭᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠬᠤᠪᠢ ᠬᠥᠮᠦᠨ ᠤ ᠲᠠᠩᠰᠠᠨ | ᠡᠷᠦᠬᠡ ᠶᠢᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠠᠯᠬᠤᠮ | ᠠᠯᠬᠤᠮ ᠢᠶᠠᠷ ᠠᠬᠢᠭᠤᠯᠤᠨ᠂ ᠠᠷᠠᠳ ᠲᠤ ᠨᠠᠩ ᠲᠥᠬᠦᠮ ᠦᠵᠡᠭᠦᠯᠵᠦ ᠠᠷᠠᠳ ᠲᠤ ᠠᠰᠢᠭᠲᠠᠶ ᠪᠣᠯᠭᠠᠵᠤ᠂ | ᠦᠢᠯᠡᠳᠦᠯᠭᠡ ᠶᠢᠨ ᠠᠵᠢᠯᠯᠠᠭ᠎ᠠ ᠶᠢ ᠪᠣᠳᠠᠲᠠᠶ ᠳᠤ ᠨᠠᠶᠢᠳᠠᠪᠤᠷᠢᠵᠢᠭᠤᠯᠤᠨ᠂ ᠪᠣᠳᠠᠲᠤ ᠦᠷ᠎ᠡ ᠪᠦᠲᠦᠮᠵᠢ ᠤᠯᠬᠤ ᠶᠢ | ᠯᠠᠪᠳᠠᠭᠤᠨ ᠢᠶᠠᠷ ᠠᠬᠢᠭᠤᠯᠬᠤ ᠶᠢᠨ ᠲᠥᠯᠥᠭᠡ᠂ ᠡᠳᠦᠭᠡ 2021 ᠣᠨ ᠤ ᠠᠵᠢᠯᠲᠠᠨ ᠠᠵᠢᠯᠴᠢᠨ ᠤ ᠦᠨᠳᠦᠰᠦᠨ | ᠡᠮᠴᠢᠯᠡᠭᠡᠨ ᠤ ᠳᠠᠭᠠᠳᠬᠠᠯ ᠤᠨ ᠬᠤᠪᠢ ᠬᠥᠮᠦᠨ ᠤ ᠲᠠᠩᠰᠠᠨ ᠡᠷᠦᠬᠡ ᠶᠢᠨ ᠬᠤᠯᠪᠣᠭᠳᠠᠯ ᠪᠥᠬᠦᠶ ᠠᠵᠢᠯ ᠢ ᠰᠠᠶᠢᠲᠤᠷ | ᠬᠢᠬᠦ ᠲᠤᠬᠠᠶ ᠳᠣᠤᠷᠠᠬᠢ ᠮᠡᠲᠦ ᠮᠡᠳᠡᠭᠳᠡᠶ᠎ᠡ᠄ | ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠦᠨᠳᠦᠰᠦᠨ ᠳᠠᠭᠠᠳᠬᠠᠯ ᠤᠨ ᠬᠤᠪᠢ ᠬᠥᠮᠦᠨ ᠤ ᠳᠠᠩᠰᠠᠨ | ᠡᠷᠦᠬᠡ ᠶᠢ ᠲᠤᠰ ᠬᠥᠮᠦᠨ ᠨᠢ ᠬᠡᠷᠡᠭᠯᠡᠵᠦ ᠪᠠᠶᠢᠭᠰᠠᠨ ᠠᠴᠠ ᠪᠠᠨ ᠭᠡᠷ ᠪᠦᠯᠢ ᠶᠢᠨ ᠪᠦᠷᠢᠯᠳᠦᠬᠦᠨ ᠤ ᠬᠠᠷᠢᠯᠴᠠᠨ | ᠬᠡᠷᠡᠭᠯᠡᠵᠦ ᠪᠤᠯᠤᠨ᠎ᠠ᠃ 2021 ᠣᠨ ᠤ 8 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ᠂ ᠬᠤᠪᠢ ᠬᠥᠮᠦᠨ ᠤ | ᠲᠠᠩᠰᠠᠨ ᠡᠷᠦᠬᠡ ᠶᠢᠨ ᠬᠡᠷᠡᠭᠯᠡᠬᠦ ᠬᠡᠪᠴᠢᠶ᠎ᠡ ᠶᠢ ᠥᠷᠭᠡᠳᠬᠡᠵᠦ᠂ ᠳᠠᠭᠠᠳᠬᠠᠯ ᠳᠤ ᠣᠷᠣᠭᠰᠠᠳ ᠤᠨ ᠲᠣᠰ ᠬᠥᠮᠦᠨ | ᠵᠢᠴᠢ ᠲᠡᠭᠦᠨ ᠤ ᠬᠤᠯᠪᠣᠰᠤ᠂ ᠡᠴᠢᠭᠡ ᠡᠬᠡ᠂ ᠦᠷ᠎ᠡ ᠬᠡᠤᠬᠡᠳ ᠤᠨ ᠲᠣᠭᠲᠠᠮᠠᠯ ᠡᠮᠴᠢᠯᠡᠭᠡᠨ ᠤ ᠪᠠᠶᠢᠭᠤᠯᠤᠮᠵᠢ ᠳᠤ | ᠡᠮᠨᠡᠭᠦᠯᠬᠦ ᠳᠤ ᠡᠭᠦᠰᠦᠭᠰᠡᠨ ᠬᠤᠪᠢ ᠬᠥᠮᠦᠨ ᠤ ᠡᠭᠦᠷᠭᠡᠯᠡᠬᠦ ᠡᠮᠴᠢᠯᠡᠭᠡᠨ ᠤ ᠵᠠᠷᠤᠳᠠᠯ ᠵᠢᠴᠢ ᠲᠣᠭᠲᠠᠮᠠᠯ ᠴᠡᠭ ᠤᠨ | ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠠᠴᠠ ᠡᠮ ᠤᠨ ᠵᠦᠢᠯ ᠬᠤᠳᠠᠯᠳᠤᠨ ᠠᠪᠬᠤ ᠳᠤ ᠡᠭᠦᠰᠦᠭᠰᠡᠨ ᠬᠤᠪᠢ | ᠬᠥᠮᠦᠨ ᠤ ᠡᠭᠦᠷᠭᠡᠯᠡᠬᠦ ᠵᠠᠷᠤᠳᠠᠯ ᠢ ᠲᠦᠯᠦᠵᠦ ᠪᠤᠯᠤᠨ᠎ᠠ᠃ | ᠡᠯ᠎ᠡ ᠨᠢᠭᠡᠳᠦᠯᠲᠡᠶ ᠲᠥᠯᠥᠪᠯᠡᠬᠦ ᠭᠠᠵᠠᠷ ᠣᠷᠣᠨ ᠨᠤᠭᠤᠳ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ | ᠬᠠᠮᠢᠶᠠᠷᠤᠯᠲᠠ ᠦᠢᠯᠡᠴᠢᠯᠡᠭᠡᠨ ᠤ ᠠᠷᠭ᠎ᠠ ᠬᠡᠮᠵᠢᠶ᠎ᠡ ᠪᠠᠨ ᠲᠡᠭᠦᠯᠳᠡᠷᠵᠢᠭᠦᠯᠦᠨ᠂ ᠰᠢᠨ᠎ᠡ ᠬᠠᠭᠤᠴᠢᠨ ᠲᠥᠷᠥ ᠶᠢᠨ | ᠪᠣᠳᠣᠯᠭ᠎ᠠ ᠶᠢᠨ ᠵᠣᠯᠭᠠᠭᠤᠯᠤᠯᠲᠠ ᠶᠢ ᠰᠠᠶᠢᠲᠤᠷ ᠬᠢᠵᠦ᠂ ᠲᠣᠭᠲᠠᠭᠤᠨ ᠢᠶᠠᠷ ᠰᠢᠯᠵᠢᠬᠦ ᠶᠢ ᠦᠨᠡᠨᠬᠦ ᠪᠠᠲᠤᠯᠠᠬᠤ | ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠠᠴᠠ ︽ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡ ᠶᠢᠨ | ᠳᠠᠭᠠᠳᠬᠠᠯ ᠤᠨ ᠡᠭᠦᠳᠡᠨ ᠡᠮᠨᠡᠯᠭᠡ ᠶᠢ ᠬᠠᠷᠢᠯᠴᠠᠨ ᠬᠠᠷᠠᠭᠠᠯᠵᠠᠬᠤ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠤᠨ | ᠪᠦᠷᠢᠨᠰᠢᠭᠦᠯᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠵᠢᠯᠣᠭᠤᠳᠬᠤ ᠰᠠᠨᠠᠯ︾ ᠤᠨ | ᠪᠣᠳᠠᠲᠠᠶ ᠬᠡᠷᠡᠭᠵᠢᠭᠦᠯᠬᠦ ᠠᠷᠭ᠎ᠠ ᠶᠢ ᠨᠡᠶᠢᠲᠡᠯᠡᠨ ᠬᠡᠷᠡᠭᠵᠢᠭᠦᠯᠦᠭᠰᠡᠨ ᠤ ᠳᠠᠷᠠᠭ᠎ᠠ᠂ ᠡᠯ᠎ᠡ ᠭᠠᠵᠠᠷ ᠤᠨ ᠬᠢᠨ ᠵᠢᠷᠤᠮᠯᠠᠨ | ᠬᠡᠷᠡᠭᠵᠢᠭᠦᠯᠲᠦᠭᠡᠶ᠃ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡ ᠶᠢᠨ ᠪᠠᠳᠤᠯᠠᠭ᠎ᠠ ᠶᠢᠨ ᠲᠤᠪᠴᠢᠶ᠎ᠠ | 2021 ᠣᠨ ᠤ 7 ᠳ᠋ᠤᠭᠠᠷ ᠰᠠᠷ᠎ᠠ ᠶᠢᠨ 8 ᠤ ᠡᠳᠦᠷ |