2021 ᠣᠨ ᠤ 7 ᠳ᠋ᠤᠭᠠᠷ ᠰᠠᠷ᠎ᠠ ᠶᠢᠨ 27 ᠤ ᠡᠳᠦᠷ ᠤᠨ ᠦᠳᠡ ᠶᠢᠨ ᠬᠤᠶᠢᠨ᠎ᠠ᠂ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠦᠷᠢᠮ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠠᠵᠢᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠢ ᠥᠪᠡᠷᠲᠡᠭᠡᠨ ᠵᠠᠰᠠᠬᠤ ᠣᠷᠣᠨ ᠤ ᠵᠠᠰᠠᠭ ᠤᠨ | ᠣᠷᠳᠣᠨ ᠤ ᠰᠣᠨᠢᠨ ᠮᠡᠳᠡᠭᠡᠨ ᠤ ᠠᠯᠪᠠᠨ ᠬᠡᠷ ᠤᠨ ᠨᠡᠶᠢᠲᠡᠯᠡᠬᠦ ᠲᠢᠩᠬᠢᠮ ᠳᠤ ᠶᠠᠪᠤᠭᠳᠠᠭᠤᠯᠵᠤ᠂ ᠬᠤᠷᠠᠯ ᠳᠡᠭᠡᠷ᠎ᠡ | ᠡᠨᠡ ᠤᠳᠠᠭᠠᠨ ᠤ ᠥᠭᠡᠷᠡᠴᠢᠯᠡᠯᠲᠡ ᠶᠢᠨ ᠠᠬᠤᠶ ᠪᠠᠶᠢᠳᠠᠯ᠂ ᠠᠭᠤᠯᠭ᠎ᠠ ᠵᠢᠴᠢ ᠠᠷᠭ᠎ᠠ ᠬᠡᠮᠵᠢᠶ᠎ᠡ ᠶᠢᠨ ᠲᠤᠬᠠᠶ ᠬᠠᠮᠢᠶ᠎ᠠ | ᠪᠥᠬᠦᠶ ᠲᠠᠨᠢᠯᠴᠠᠭᠤᠯᠭ᠎ᠠ ᠬᠢᠪᠠ᠃ | | | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠳᠡᠳ᠋ ᠨᠠᠷᠢᠨ ᠪᠢᠴᠢᠭ ᠤᠨ ᠳᠠᠷᠤᠭ᠎ᠠ ᠿᠧᠨ ᠹᠦ᠋ | ᠱᠧᠩ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠡᠳ᠋ ᠡᠷᠬᠢᠯᠡᠭᠴᠢ᠂ | ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠸᠠᠩ ᠵᠠᠨ ᠭᠦᠸᠧ᠂ ᠥᠪᠡᠷᠲᠡᠭᠡᠨ ᠵᠠᠰᠠᠬᠤ ᠣᠷᠣᠨ ᠤ ᠡᠳ᠋ ᠤᠨ | ᠵᠠᠰᠠᠭ ᠤᠨ ᠲᠢᠩᠬᠢᠮ ᠤᠨ ᠳᠡᠳ᠋ ᠲᠢᠩᠬᠢᠮ ᠤᠨ ᠳᠠᠷᠤᠭ᠎ᠠ ᠸᠠᠩ ᠹᠧᠩ ᠴᠢ᠂ ᠥᠪᠡᠷᠲᠡᠭᠡᠨ ᠵᠠᠰᠠᠬᠤ ᠣᠷᠣᠨ ᠤ | ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠳᠠᠷᠤᠭ᠎ᠠ ᠶᠢᠨ ᠮᠠᠨ ᠢ᠂ ᠥᠪᠡᠷᠲᠡᠭᠡᠨ ᠵᠠᠰᠠᠬᠤ ᠣᠷᠣᠨ ᠤ | ᠵᠠᠰᠠᠭ ᠤᠨ ᠣᠷᠳᠣᠨ ᠤ ᠠᠯᠪᠠᠨ ᠲᠢᠩᠬᠢᠮ ᠤᠨ ᠰᠣᠨᠢᠨ ᠮᠡᠳᠡᠭᠡ ᠨᠡᠶᠢᠲᠡᠯᠡᠬᠦ ᠭᠠᠵᠠᠷ ᠤᠨ ᠽᠧᠩ ᠶᠦᠩ ᠹᠦ᠋ ᠨᠠᠷ | ᠲᠣᠰ ᠤᠳᠠᠭ᠎ᠠ ᠶᠢᠨ ᠬᠤᠷᠠᠯ ᠳᠤ ᠣᠷᠣᠯᠴᠠᠵᠠᠶ᠃ | | | | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠳᠡᠳ᠋ ᠨᠠᠷᠢᠨ ᠪᠢᠴᠢᠭ ᠤᠨ ᠳᠠᠷᠤᠭ᠎ᠠ ᠿᠧᠨ ᠹᠦ᠋ | ᠱᠧᠩ ᠠᠴᠠ᠂ ᠡᠮᠴᠢᠯᠡᠭᠡᠨ ᠤ ᠪᠠᠲᠤᠯᠠᠭ᠎ᠠ ᠪᠣᠯ ᠤᠯᠠᠨ ᠲᠦᠮᠡᠨ ᠤ ᠡᠪᠡᠳᠴᠢᠨ ᠦᠵᠡᠭᠦᠯᠬᠦ ᠳᠠᠷᠤᠭᠠᠰᠤ ᠶᠢ | ᠬᠥᠩᠭᠡᠷᠡᠭᠦᠯᠬᠦ᠂ ᠠᠷᠠᠳ ᠤᠨ ᠠᠮᠢᠳᠤᠷᠠᠯ ᠳᠤ ᠠᠵᠠ ᠵᠢᠷᠭᠠᠯ ᠢ ᠨᠡᠮᠡᠭᠳᠡᠭᠦᠯᠬᠦ᠂ ᠨᠡᠶᠢᠭᠡᠮ ᠤᠨ ᠡᠶ᠎ᠡ ᠵᠣᠬᠢᠴᠠᠩᠭᠤᠢ | ᠠᠮᠤᠷ ᠲᠣᠭᠲᠠᠭᠤᠨ ᠢ ᠬᠠᠮᠠᠭᠠᠯᠠᠬᠤ ᠴᠢᠬᠤᠯᠠ ᠶᠡᠭᠡ ᠲᠦᠷᠢᠮ ᠤᠨ ᠲᠤᠬᠢᠷᠠᠭᠤᠯᠤᠯᠳᠠ ᠪᠣᠯᠤᠨ᠎ᠠ᠃ ᠣᠳᠣᠬᠠᠨ ᠳᠤ᠂ | ᠥᠪᠡᠷᠲᠡᠭᠡᠨ ᠵᠠᠰᠠᠬᠤ ᠣᠷᠣᠨ ᠨᠢᠭᠡᠨᠲᠡ ᠠᠵᠢᠯᠲᠠᠨ ᠠᠵᠢᠯᠴᠢᠨ ᠪᠣᠯᠤᠨ ᠬᠤᠲᠠ ᠬᠥᠳᠡᠭᠡ ᠶᠢᠨ ᠰᠠᠭᠤᠭᠠᠯᠢ | ᠠᠷᠠᠳ ᠤᠨ ᠦᠨᠳᠦᠰᠦᠨ ᠡᠮᠴᠢᠯᠡᠭᠡ ᠶᠢᠨ ᠳᠠᠭᠠᠳᠬᠠᠯ ᠪᠠᠷ ᠭᠤᠤᠯ ᠴᠣᠭᠴᠠ ᠪᠣᠯᠭᠠᠭᠰᠠᠨ᠂ ᠬᠦᠨᠳᠦ ᠡᠪᠡᠳᠴᠢᠨ ᠤ | ᠳᠠᠭᠠᠳᠬᠠᠯ ᠢᠶᠠᠷ ᠨᠥᠬᠦᠪᠥᠷᠢ ᠪᠣᠯᠭᠠᠭᠰᠠᠨ᠂ ᠡᠮᠴᠢᠯᠡᠭᠡᠨ ᠤ ᠳᠤᠰᠠᠯᠠᠨ ᠳᠡᠮᠵᠢᠬᠦ ᠪᠠᠷ ᠦᠨᠳᠦᠰᠦᠨ ᠵᠦᠢᠯ ᠢ | ᠪᠠᠲᠤᠯᠠᠭᠰᠠᠨ ᠪᠥᠬᠦ ᠠᠷᠠᠳ ᠤᠨ ᠡᠮᠴᠢᠯᠡᠭᠡᠨ ᠤ ᠪᠠᠲᠤᠯᠠᠭ᠎ᠠ ᠶᠢᠨ ᠳᠣᠭᠲᠠᠯᠴᠠᠭ᠎ᠠ ᠶᠢ ᠠᠩᠬ᠎ᠠ ᠠᠯᠬᠤᠮ ᠪᠠᠶᠢᠭᠤᠯᠵᠤ᠂ | ᠣᠯᠠᠨ ᠲᠦᠮᠡᠨ ᠤ ᠡᠪᠡᠳᠴᠢᠨ ᠦᠵᠡᠭᠦᠯᠬᠦ ᠳᠠᠷᠤᠭᠠᠰᠤ ᠶᠢ ᠪᠦᠲᠦᠮᠵᠢᠲᠡᠶ ᠬᠥᠩᠭᠡᠷᠡᠭᠦᠯᠬᠦ ᠲᠠᠯ᠎ᠠ ᠪᠠᠷ ᠴᠢᠬᠤᠯᠠ | ᠦᠢᠯᠡᠳᠦᠯ ᠦᠵᠡᠭᠦᠯᠪᠡ᠃ ᠭᠡᠪᠡᠴᠦ ᠡᠮᠴᠢᠯᠡᠭᠡᠨ ᠤ ᠪᠠᠲᠤᠯᠠᠭ᠎ᠠ ᠶᠢᠨ ᠬᠦᠷᠢᠶᠡᠨ ᠤ ᠬᠥᠭᠵᠢᠯᠲᠡ ᠲᠡᠩᠴᠡᠭᠦᠷᠢ ᠦᠭᠡᠢ᠂ | ᠭᠦᠢᠴᠡᠳ ᠦᠭᠡᠢ ᠪᠠᠶᠢᠬᠤ ᠠᠰᠠᠭᠤᠳᠠᠯ ᠠᠯᠬᠤᠮ ᠠᠯᠬᠤᠮ ᠢᠶᠠᠷ ᠢᠯᠡᠷᠡᠵᠦ᠂ ᠬᠠᠷᠠᠭᠠᠯᠵᠠᠯ ᠲᠡᠩᠴᠡᠭᠦᠷᠢ ᠦᠭᠡᠢ᠂ | ᠪᠠᠲᠤᠯᠠᠭ᠎ᠠ ᠬᠦᠷᠦᠯᠴᠡᠬᠦ ᠦᠭᠡᠢ᠂ ᠲᠣᠭᠲᠠᠴᠠ ᠪᠦᠷᠢᠨ ᠪᠤᠰᠤ᠂ ᠬᠢᠨᠠᠯᠲᠠ ᠬᠠᠮᠢᠶᠠᠷᠤᠯᠲᠠ ᠲᠡᠭᠦᠯᠳᠡᠷ ᠪᠤᠰᠤ᠂ | ᠥᠭᠡᠷᠡᠴᠢᠯᠡᠯᠲᠡ ᠬᠠᠮᠵᠢᠯᠴᠠᠬᠤ ᠦᠭᠡᠢ ᠵᠡᠷᠭᠡ ᠠᠰᠠᠭᠤᠳᠠᠯ ᠣᠷᠣᠰᠢᠵᠤ ᠂ ᠡᠷᠬᠡᠪᠰᠢ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠪᠠᠷ ᠲᠠᠮᠵᠢᠨ ᠰᠢᠢᠳᠪᠦᠷᠢᠯᠡᠬᠦ ᠬᠡᠷᠡᠭᠲᠡᠢ᠃ ᠡᠶᠢᠮᠦ ᠠᠴᠠ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ᠂ ᠵᠠᠰᠠᠭ ᠤᠨ ᠣᠷᠳᠣᠨ ︽ᠡᠮᠴᠢᠯᠡᠭᠡᠨ ᠤ ᠪᠠᠲᠤᠯᠠᠭ᠎ᠠ ᠶᠢᠨ ᠲᠦᠷᠢᠮ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠲᠤᠬᠠᠶ ᠬᠡᠷᠡᠭᠵᠢᠭᠦᠯᠬᠦ ᠰᠠᠨᠠᠯ︾ ︵ᠳᠣᠷᠣᠭᠰᠢ ︽ᠬᠡᠷᠡᠭᠵᠢᠭᠦᠯᠬᠦ ᠰᠠᠨᠠᠯ︾ ᠭᠡᠵᠦ | ᠳᠦᠭᠦᠮᠴᠢᠯᠡᠨ᠎ᠡ︶ ᠢ ᠳᠠᠷᠤᠮᠠᠯᠯᠠᠨ ᠲᠠᠷᠬᠠᠭᠠᠪᠠ ᠭᠡᠵᠡᠢ᠃ | ︽ᠬᠡᠷᠡᠭᠵᠢᠭᠦᠯᠬᠦ ᠰᠠᠨᠠᠯ︾ ᠳᠤ ᠥᠭᠡᠷᠡᠴᠢᠯᠡᠯᠲᠡ ᠶᠢᠨ ᠠᠷᠭ᠎ᠠ ᠵᠠᠮ ᠢ ᠲᠣᠳᠣᠷᠬᠠᠶᠢᠯᠠᠵᠤ᠂ ︽1 + 4 + 2︾ | ᠤᠨ ᠶᠡᠷᠦᠩᠬᠡᠶ ᠥᠭᠡᠷᠡᠴᠢᠯᠡᠯᠲᠡ ᠶᠢᠨ ᠲᠥᠰᠦᠪ ᠢ ᠲᠣᠭᠲᠠᠭᠠᠪᠠ᠃ ᠡᠭᠦᠨ ᠳᠤ᠂ ︽1︾ ᠭᠡᠳᠡᠭ ᠨᠢ ᠦᠨᠳᠦᠰᠦᠨ | ᠡᠮᠴᠢᠯᠡᠭᠡ ᠶᠢᠨ ᠳᠠᠭᠠᠳᠬᠠᠯ ᠢᠶᠠᠷ ᠭᠤᠤᠯ ᠴᠣᠭᠴᠠ ᠪᠣᠯᠭᠠᠭᠰᠠᠨ᠂ ᠡᠮᠴᠢᠯᠡᠭᠡᠨ ᠤ ᠳᠤᠰᠠᠯᠠᠨ ᠳᠡᠮᠵᠢᠬᠦ ᠪᠠᠷ ᠰᠠᠭᠤᠷᠢ | ᠪᠣᠯᠭᠠᠭᠰᠠᠨ᠂ ᠨᠥᠬᠦᠪᠥᠷᠢ ᠡᠮᠴᠢᠯᠡᠭᠡ ᠶᠢᠨ ᠳᠠᠭᠠᠳᠬᠠᠯ᠂ ᠬᠤᠳᠠᠯᠳᠤᠭᠠᠨ ᠤ ᠡᠷᠡᠭᠦᠯ ᠮᠡᠨᠳᠦ ᠶᠢᠨ ᠳᠠᠭᠠᠳᠬᠠᠯ᠂ | ᠪᠤᠶᠠᠨ ᠦᠢᠯᠡᠳᠬᠦ ᠬᠠᠨᠳᠢᠪ᠂ ᠡᠮᠴᠢᠯᠡᠭᠡᠨ ᠤ ᠬᠢᠨ ᠬᠠᠷᠢᠯᠴᠠᠨ ᠬᠠᠪᠰᠤᠷᠴᠤ ᠬᠠᠮᠲᠤ ᠪᠠᠷ ᠬᠥᠭᠵᠢᠭᠰᠡᠨ ᠣᠯᠠᠨ | ᠲᠠᠰ ᠤᠨ ᠡᠮᠴᠢᠯᠡᠭᠡᠨ ᠤ ᠪᠠᠲᠤᠯᠠᠭ᠎ᠠ ᠶᠢᠨ ᠲᠦᠷᠢᠮ ᠤᠨ ᠳᠣᠭᠲᠠᠯᠴᠠᠭ᠎ᠠ ᠶᠢ ᠪᠥᠬᠦ ᠲᠠᠯ᠎ᠠ ᠪᠠᠷ ᠪᠠᠶᠢᠭᠤᠯᠤᠨ᠎ᠠ︔ ︽4 | ︾ ᠪᠣᠯ ᠬᠠᠷᠠᠭᠠᠯᠵᠠᠯ ᠢ ᠪᠠᠲᠤᠯᠠᠬᠤ᠂ ᠪᠠᠯᠠ ᠴᠤᠭᠯᠠᠭᠤᠯᠵᠤ ᠡᠷᠭᠢᠯᠳᠦᠭᠦᠯᠬᠦ᠂ ᠡᠮᠴᠢᠯᠡᠭᠡᠨ ᠤ ᠪᠠᠲᠤᠯᠠᠭ᠎ᠠ ᠶᠢᠨ | ᠲᠣᠭᠠᠴᠠᠭ᠎ᠠ ᠬᠢᠬᠦ᠂ ᠰᠠᠭᠤᠷᠢ ᠮᠥᠩᠭᠦ ᠶᠢ ᠬᠢᠨᠠᠵᠤ ᠬᠠᠮᠢᠶᠠᠷᠬᠤ ᠵᠡᠷᠭᠡ ᠳᠥᠷᠪᠡᠨ ᠲᠣᠭᠲᠠᠴᠠ ᠶᠢ | ᠲᠡᠭᠦᠯᠳᠡᠷᠵᠢᠭᠦᠯᠦᠨ᠎ᠡ︔ ︽2︾ ᠪᠣᠯ ᠡᠮ ᠡᠮᠨᠡᠯᠭᠡ ᠶᠢᠨ ᠦᠢᠯᠡᠴᠢᠯᠡᠭᠡᠨ ᠤ ᠬᠠᠩᠭᠠᠯᠭ᠎ᠠ ᠪᠠ ᠡᠮᠴᠢᠯᠡᠭᠡᠨ ᠤ | ᠪᠠᠲᠤᠯᠠᠭ᠎ᠠ ᠶᠢᠨ ᠦᠢᠯᠡᠴᠢᠯᠡᠭᠡ ᠭᠡᠬᠦ ᠬᠤᠶᠠᠷ ᠲᠤᠯᠭᠠᠭᠤᠷᠢᠯᠠᠯ ᠲᠡᠭᠦᠯᠳᠡᠷᠵᠢᠭᠦᠯᠬᠦ ᠪᠣᠯᠤᠨ᠎ᠠ᠃ | ᠳᠤᠤᠷᠠᠬᠢ ᠵᠢᠷᠭᠤᠭᠠᠨ ᠲᠠᠯ᠎ᠠ ᠶᠢᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠭᠤᠤᠯᠳᠠᠯᠭ᠎ᠠ ᠲᠠᠢ | ᠠᠬᠢᠭᠤᠯᠤᠨ᠎ᠠ᠄ ᠬᠠᠷᠠᠭᠠᠯᠵᠠᠯ ᠢ ᠪᠠᠲᠤᠯᠠᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠡᠯ᠎ᠡ ᠲᠥᠷᠥᠯ ᠤᠨ | ᠡᠮᠴᠢᠯᠡᠭᠡᠨ ᠤ ᠪᠠᠲᠤᠯᠠᠭ᠎ᠠ ᠶᠢᠨ ᠴᠢᠨᠠᠷ ᠰᠠᠶᠢᠲᠠᠶ ᠬᠥᠭᠵᠢᠯᠲᠡ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ | ᠠᠵᠤ ᠠᠬᠤᠶ ᠶᠢᠨ ᠬᠥᠭᠵᠢᠯᠲᠡ ᠶᠢᠨ ᠲᠦᠪᠰᠢᠨ ᠪᠠ ᠰᠠᠭᠤᠷᠢ ᠮᠥᠩᠭᠦᠨ ᠤ ᠳᠠᠭᠠᠭᠠᠬᠤ ᠴᠢᠳᠠᠪᠤᠷᠢ ᠶᠢ ᠦᠨᠳᠦᠰᠦᠯᠡᠨ | ᠂ ᠡᠮᠴᠢᠯᠡᠭᠡᠨ ᠤ ᠪᠠᠲᠤᠯᠠᠭ᠎ᠠ ᠶᠢᠨ ᠲᠦᠪᠰᠢᠨ ᠢ ᠲᠣᠭᠲᠠᠭᠤᠨ ᠢᠶᠠᠷ ᠳᠡᠭᠡᠭᠰᠢᠯᠡᠭᠦᠯᠦᠨ᠎ᠡ︔ ᠪᠡᠯᠡ ᠴᠤᠭᠯᠠᠭᠤᠯᠵᠤ | ᠡᠷᠭᠢᠯᠳᠦᠭᠦᠯᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃ ᠡᠯ᠎ᠡ ᠲᠠᠯ᠎ᠠ ᠶᠢᠨ ᠵᠠᠷᠤᠳᠠᠯ ᠲᠤᠰᠢᠶᠠᠬᠤ ᠬᠠᠷᠢᠭᠤᠴᠠᠯᠭ᠎ᠠ ᠶᠢ | ᠲᠡᠩᠴᠡᠭᠦᠷᠢᠲᠡᠶ ᠪᠠᠶᠢᠯᠭᠠᠵᠤ᠂ ᠬᠥᠮᠦᠨ ᠬᠡᠷᠡᠭᠯᠡᠬᠦ ᠨᠢᠭᠡᠴᠢ ᠪᠣᠯᠤᠨ ᠠᠵᠢᠯᠲᠠᠨ ᠠᠵᠢᠯᠴᠢᠨ ᠤ ᠰᠦᠢᠳᠭᠡᠯ ᠵᠠᠷᠤᠳᠠᠯ | ᠲᠤᠰᠢᠶᠠᠬᠤ ᠨᠣᠷᠮ᠎ᠠ ᠶᠢ ᠵᠦᠶ ᠵᠣᠬᠢᠰᠲᠠᠶ ᠳᠣᠭᠲᠠᠭᠠᠵᠤ᠂ ᠲᠥᠷᠥ ᠶᠢᠨ ᠪᠣᠳᠣᠯᠭ᠎ᠠ ᠶᠢᠨ ᠪᠠᠷᠢᠮᠵᠢᠶ᠎ᠠ ᠶᠢ ᠨᠢᠭᠡᠳᠦᠯᠲᠡᠶ | ᠪᠠᠶᠢᠯᠭᠠᠵᠤ᠂ ᠠᠶᠢᠮᠠᠭ ᠬᠤᠲᠠ ᠶᠢᠨ ᠱᠠᠲᠤᠨ ᠤ ᠡᠮᠴᠢᠯᠡᠭᠡᠨ ᠤ ᠪᠠᠲᠤᠯᠠᠭ᠎ᠠ ᠶᠢ ᠨᠢᠭᠡᠳᠦᠯᠲᠡᠶ ᠲᠥᠯᠥᠪᠯᠡᠬᠦ ᠶᠢ ᠪᠦᠬᠦ | ᠲᠠᠯ᠎ᠠ ᠪᠠᠷ ᠪᠣᠳᠠᠲᠠᠶᠢᠵᠢᠭᠤᠯᠤᠨ᠎ᠠ︔ ᠡᠮᠴᠢᠯᠡᠭᠡᠨ ᠤ ᠪᠠᠲᠤᠯᠠᠭ᠎ᠠ ᠶᠢᠨ ᠲᠣᠭᠠᠴᠠᠭ᠎ᠠ ᠬᠢᠬᠦ ᠲᠣᠭᠲᠠᠴᠠ ᠶᠢ | ᠪᠠᠶᠢᠭᠤᠯᠤᠨ᠎ᠠ᠃ ᠡᠮᠴᠢᠯᠡᠭᠡᠨ ᠤ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠦᠨ᠂ ᠡᠮᠴᠢᠯᠡᠭᠡᠨ ᠤ | ᠪᠠᠲᠤᠯᠠᠭ᠎ᠠ ᠶᠢᠨ ᠭᠠᠷᠴᠠᠭ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠡᠯᠡᠯᠴᠡᠭᠡᠷ ᠤᠨ ᠬᠠᠮᠢᠶᠠᠷᠤᠯᠲᠠ ᠪᠠ | ᠳ᠋ᠦᠩᠨᠡᠨ ᠪᠤᠳᠤᠬᠤ ᠬᠠᠮᠢᠶᠠᠷᠤᠯᠲᠠ ᠶᠢ ᠴᠢᠩᠭᠠᠳᠬᠠᠵᠤ᠂ ᠵᠦᠶ ᠵᠣᠬᠢᠰᠲᠠᠶ ᠣᠨᠣᠰᠢᠯᠠᠨ ᠡᠮᠨᠡᠬᠦ ᠶᠢ ᠦᠨᠡᠨ ᠬᠦ | ᠪᠠᠲᠤᠯᠠᠨ᠎ᠠ︔ ᠰᠠᠭᠤᠷᠢ ᠮᠥᠩᠭᠦ ᠶᠢ ᠬᠢᠨᠠᠵᠤ ᠬᠠᠮᠢᠶᠠᠷᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠰᠠᠭᠤᠷᠢ | ᠮᠥᠩᠭᠦ ᠶᠢ ᠬᠢᠨᠠᠵᠤ ᠬᠠᠮᠢᠶᠠᠷᠬᠤ ᠲᠤᠰᠬᠠᠶ ᠡᠩᠨᠡᠭᠡ᠂ ᠬᠢᠨᠠᠯᠲᠠ ᠲᠠᠯᠪᠢᠵᠤ ᠪᠠᠶᠢᠴᠠᠭᠠᠬᠤ ᠪᠠᠶᠢᠩᠭᠤ ᠶᠢᠨ | ᠲᠣᠭᠲᠠᠴᠠ ᠶᠢ ᠪᠠᠶᠢᠭᠤᠯᠵᠤ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠮᠥᠩᠭᠦ ᠶᠢ ᠬᠢᠨᠠᠵᠤ ᠬᠠᠮᠢᠶᠠᠷᠬᠤ | ᠬᠤᠯᠪᠤᠭᠠᠲᠤ ᠬᠤᠷᠠᠯ ᠤᠨ ᠲᠦᠷᠢᠮ ᠢ ᠲᠡᠭᠦᠯᠳᠡᠷᠵᠢᠭᠦᠯᠵᠦ᠂ ᠰᠠᠯᠠᠭ᠎ᠠ ᠮᠥᠴᠢᠷ ᠤᠨ ᠬᠢᠨ ᠬᠠᠮᠲᠤᠷᠠᠨ ᠬᠠᠤᠯᠢ ᠶᠢ | ᠬᠡᠷᠡᠭᠵᠢᠭᠦᠯᠬᠦ᠂ ᠬᠠᠮᠲᠤᠷᠠᠨ ᠵᠠᠯᠬᠠᠭᠠᠨ ᠴᠡᠭᠡᠷᠯᠡᠭᠦᠯᠬᠦ ᠠᠵᠢᠯ ᠤᠨ ᠲᠣᠭᠲᠠᠴᠠ ᠶᠢ ᠪᠠᠶᠢᠭᠤᠯᠵᠤ᠂ ᠳᠠᠭᠠᠳᠬᠠᠯ ᠢ | ᠮᠡᠬᠡᠯᠡᠨ ᠠᠪᠬᠤ ᠦᠢᠯᠡ ᠠᠵᠢᠯᠯᠠᠭ᠎ᠠ ᠶᠢᠨ ᠬᠠᠷᠢᠭᠤᠴᠠᠯᠭ᠎ᠠ ᠶᠢ ᠬᠠᠤᠯᠢ ᠶᠣᠰᠣᠭᠠᠷ ᠨᠡᠬᠡᠮᠵᠢᠯᠡᠨ᠎ᠡ︔ ︽ᠡᠮᠴᠢᠯᠡᠭᠡ᠂ | ᠡᠮᠴᠢᠯᠡᠭᠡ ᠶᠢᠨ ᠳᠠᠭᠠᠳᠬᠠᠯ᠂ ᠡᠮ ᠡᠮᠨᠡᠯᠭᠡ ᠬᠤᠯᠪᠣᠭᠠᠯᠠᠨ ᠬᠥᠳᠡᠯᠦᠯᠴᠡᠬᠦ︾ ᠥᠭᠡᠷᠡᠴᠢᠯᠡᠯᠲᠡ ᠶᠢ ᠠᠬᠢᠭᠤᠯᠤᠨ᠎ᠠ᠃ | ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ | ᠲᠥᠪᠯᠡᠷᠡᠭᠦᠯᠦᠨ ᠬᠤᠳᠠᠯᠳᠤᠨ ᠠᠪᠬᠤ ᠲᠠᠪᠴᠠᠩ ᠢ ᠪᠠᠷᠢᠮᠵᠢᠶᠠᠵᠢᠭᠤᠯᠬᠤ᠂ ᠵᠢᠷᠤᠮᠵᠢᠭᠤᠯᠬᠤ ᠪᠠᠶᠢᠭᠤᠯᠤᠯᠲᠠ ᠶᠢ | ᠠᠬᠢᠭᠤᠯᠵᠤ᠂ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠰᠦᠯᠵᠢᠶᠡᠨ ᠳᠤ | ᠲᠥᠪᠯᠡᠷᠡᠭᠦᠯᠦᠨ ᠬᠤᠳᠠᠯᠳᠤᠨ ᠠᠪᠬᠤ ᠬᠠᠮᠢᠶᠠᠷᠤᠯᠲᠠ ᠶᠢ ᠴᠢᠩᠭᠠᠳᠬᠠᠵᠤ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ | ᠮᠥᠩᠭᠦ ᠬᠢᠭᠡᠳ ᠡᠮ ᠡᠮᠨᠡᠯᠭᠡ ᠶᠢᠨ ᠠᠵᠤ ᠠᠬᠤᠶᠢᠯᠠᠯ ᠤᠨ ᠰᠢᠭᠤᠳ ᠳ᠋ᠦᠩᠨᠡᠨ ᠪᠤᠳᠤᠬᠤ ᠶᠢ ᠠᠬᠢᠭᠤᠯᠵᠤ᠂ | ᠡᠮᠴᠢᠯᠡᠭᠡᠨ ᠤ ᠪᠠᠲᠤᠯᠠᠭ᠎ᠠ ᠶᠢᠨ ᠲᠣᠭᠠᠴᠠᠭ᠎ᠠ ᠬᠢᠬᠦ ᠪᠠᠷᠢᠮᠵᠢᠶ᠎ᠠ ᠪᠣᠯᠤᠨ ᠲᠥᠪᠯᠡᠷᠡᠭᠦᠯᠦᠨ ᠬᠤᠳᠠᠯᠳᠤᠨ ᠠᠪᠬᠤ ᠦᠨ᠎ᠡ | ᠬᠠᠩᠰᠢ ᠶᠢᠨ ᠬᠠᠮᠵᠢᠯᠴᠠᠭᠠᠨ ᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠡᠮᠴᠢᠯᠡᠭᠡᠨ ᠤ ᠪᠠᠲᠤᠯᠠᠭ᠎ᠠ ᠶᠢᠨ ᠣᠯᠠᠨ | ᠨᠡᠶᠢᠲᠡ ᠶᠢᠨ ᠦᠢᠯᠡᠴᠢᠯᠡᠭᠡᠨ ᠤ ᠳᠣᠭᠲᠠᠯᠴᠠᠭ᠎ᠠ ᠶᠢ ᠰᠢᠯᠢᠳᠡᠭᠵᠢᠭᠦᠯᠦᠨ᠎ᠡ᠃ ᠡᠮᠴᠢᠯᠡᠭᠡᠨ ᠤ ᠪᠠᠲᠤᠯᠠᠭ᠎ᠠ ᠶᠢᠨ ᠣᠯᠠᠨ | ᠨᠡᠶᠢᠲᠡ ᠶᠢᠨ ᠦᠢᠯᠡᠴᠢᠯᠡᠭᠡ ᠶᠢ ᠪᠠᠷᠢᠮᠵᠢᠶᠠᠵᠢᠭᠤᠯᠬᠤ᠂ ᠵᠢᠷᠤᠮᠵᠢᠭᠤᠯᠬᠤ᠂ ᠳᠦᠭᠦᠮᠴᠢᠯᠡᠬᠦ ᠶᠢ ᠠᠬᠢᠭᠤᠯᠵᠤ᠂ | ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡᠨ ᠤ ᠶᠠᠰᠤ ᠴᠢᠨᠠᠷ ᠪᠠ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ | ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠭᠠᠷᠲᠠᠨ ᠭᠦᠢᠴᠡᠳᠭᠡᠬᠦ ᠦᠢᠯᠡᠴᠢᠯᠡᠭᠡᠨ ᠤ ᠡᠩᠨᠡᠭᠡ ᠶᠢᠨ | ᠪᠠᠶᠢᠭᠤᠯᠤᠯᠲᠠ ᠶᠢ ᠴᠢᠩᠭᠠᠳᠬᠠᠵᠤ᠂ ︽ᠪᠠᠷᠢᠮᠵᠢᠶ᠎ᠠ ᠨᠢ ᠵᠢᠷᠤᠮᠵᠢᠭᠤᠨ ᠨᠢᠭᠡᠳᠦᠯᠲᠡᠶ᠂ ᠲᠤᠭ᠎ᠠ ᠪᠠᠷᠢᠮᠲᠠ ᠶᠢ | ᠥᠪᠡᠷᠲᠡᠭᠡᠨ ᠵᠠᠰᠠᠬᠤ ᠣᠷᠣᠨ ᠳᠤ ᠲᠥᠪᠯᠡᠷᠡᠭᠦᠯᠬᠦ᠂ ᠲᠠᠪᠴᠠᠩ ᠢ ᠥᠪᠡᠷᠲᠡᠭᠡᠨ ᠵᠠᠰᠠᠬᠤ ᠣᠷᠣᠨ ᠠᠴᠠ | ᠪᠠᠶᠢᠷᠢᠯᠠᠭᠤᠯᠬᠤ᠂ ᠰᠦᠯᠵᠢᠶ᠎ᠡ ᠶᠢ ᠪᠥᠬᠦ ᠲᠠᠯ᠎ᠠ ᠪᠠᠷ ᠪᠦᠷᠬᠦᠭᠦᠯᠬᠦ︾ ᠡᠮᠴᠢᠯᠡᠭᠡᠨ ᠤ ᠪᠠᠲᠤᠯᠠᠭ᠎ᠠ ᠶᠢᠨ ᠮᠡᠳᠡᠭᠡ | ᠵᠠᠩᠭᠢ ᠶᠢᠨ ᠲᠠᠪᠴᠠᠩ ᠢ ᠪᠠᠶᠢᠭᠤᠯᠵᠤ᠂ ᠣᠯᠠᠨ ᠨᠡᠶᠢᠲᠡ ᠶᠢᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠬᠠᠷᠢᠯᠴᠠᠨ | ᠬᠤᠯᠪᠣᠭᠠᠯᠠᠵᠤ ᠬᠠᠷᠢᠯᠴᠠᠨ ᠨᠡᠪᠲᠡᠷᠡᠬᠦ ᠶᠢ ᠪᠡᠶᠡᠯᠡᠭᠦᠯᠦᠨ᠎ᠡ᠃ | ᠡᠮᠴᠢᠯᠡᠭᠡᠨ ᠤ ᠪᠠᠲᠤᠯᠠᠭ᠎ᠠ ᠶᠢᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠰᠣᠨᠢᠨ | ᠮᠡᠳᠡᠭᠡ ᠨᠡᠶᠢᠲᠡᠯᠡᠬᠦ ᠬᠤᠷᠠᠯ ᠳᠡᠭᠡᠷ᠎ᠡ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ | ᠰᠤᠷᠪᠤᠯᠵᠢᠯᠠᠭᠴᠢ᠄ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠭᠠᠷᠤᠭᠰᠠᠨ ᠠᠴᠠ | ᠨᠠᠭᠠᠰᠢ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠠᠮᠠᠷ ᠠᠷᠭ᠎ᠠ ᠬᠡᠮᠵᠢᠶ᠎ᠡ | ᠠᠪᠤᠭᠰᠠᠨ ᠪᠣᠶ︖ ᠳᠠᠷᠠᠭ᠎ᠠ ᠠᠯᠬᠤᠮ ᠳᠤ᠂ ᠭᠡᠨᠡᠳᠲᠡ ᠡᠭᠦᠰᠦᠭᠰᠡᠨ ᠬᠦᠨᠳᠦ ᠶᠡᠭᠡ ᠬᠢᠵᠢᠭ ᠤᠨ ᠪᠠᠶᠢᠳᠠᠯ ᠤᠨ | ᠬᠤᠭᠤᠴᠠᠭᠠᠨ ᠳᠠᠬᠢ ᠡᠮᠴᠢᠯᠡᠭᠡᠨ ᠤ ᠡᠮᠨᠡᠨ ᠵᠠᠰᠠᠬᠤ ᠪᠠᠲᠤᠯᠠᠭ᠎ᠠ ᠳᠤ ᠴᠢᠭᠯᠡᠭᠦᠯᠦᠨ ᠶᠠᠮᠠᠷ ᠲᠦᠷᠢᠮ ᠤᠨ | ᠲᠣᠬᠢᠷᠠᠭᠤᠯᠤᠯᠲᠠ ᠪᠠᠶᠢᠬᠤ ᠪᠣᠶ︖ | ᠶᠢᠨ ᠮᠠᠨ ᠢ᠄ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠭᠠᠷᠤᠭᠰᠠᠨ ᠠᠴᠠ | ᠨᠠᠭᠠᠰᠢ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠳᠣᠪᠴᠢᠶ᠎ᠠ ᠨᠠᠮ ᠤᠨ ᠲᠥᠪ ᠬᠤᠷᠢᠶ᠎ᠠ᠂ | ᠲᠦᠷᠦ ᠶᠢᠨ ᠶᠠᠪᠤᠳᠠᠯ ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠤ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠪᠦᠬᠦ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ︽ᠡᠮᠴᠢᠯᠡᠭᠡᠨ ᠤ | ᠪᠠᠲᠤᠯᠠᠭ᠎ᠠ ᠶᠢᠨ ᠲᠣᠣᠷ︾ ᠢ ᠤᠯᠠᠮ ᠴᠠᠭᠠᠰᠢᠲᠠ ᠪᠠᠬᠢᠵᠢᠭᠦᠯᠪᠡ᠃ ᠨᠢᠭᠡ ᠳᠤ᠂ ᠮᠠᠨ ᠤ ᠲᠣᠪᠴᠢᠶ᠎ᠠ ᠥᠪᠡᠷᠲᠡᠭᠡᠨ | ᠵᠠᠰᠠᠬᠤ ᠣᠷᠣᠨ ᠤ ᠡᠳ᠋ ᠤᠨ ᠵᠠᠰᠠᠭ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠠᠢ ᠬᠠᠮᠲᠤᠷᠠᠨ ᠣᠯᠠᠨ | ᠵᠦᠢᠯ ᠤᠨ ᠣᠨᠴᠠᠭᠠᠶ ᠡᠮᠴᠢᠯᠡᠭᠡᠨ ᠤ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠵᠠᠯᠭᠠᠭ᠎ᠠ ᠪᠠᠷ ᠨᠡᠶᠢᠲᠡᠯᠡᠵᠦ᠂ | ᠡᠪᠡᠳᠴᠢᠲᠡᠨ ᠵᠠᠷᠤᠳᠠᠯ ᠤᠨ ᠠᠰᠠᠭᠤᠳᠠᠯ ᠠᠴᠠ ᠪᠣᠯᠵᠣ ᠳᠠᠷᠤᠢ ᠳᠤ ᠨᠢ ᠡᠮᠨᠡᠨ ᠵᠠᠰᠠᠭᠤᠯᠵᠤ ᠳᠡᠶᠢᠯᠬᠦ ᠥᠬᠡᠶ ᠶᠢ | ᠦᠭᠡᠢ ᠪᠣᠯᠭᠠᠬᠤ᠂ ᠭᠥᠯᠢᠶᠡᠨ ᠠᠪᠴᠤ ᠡᠮᠨᠡᠨ ᠵᠠᠰᠠᠬᠤ ᠡᠮᠨᠡᠯᠭᠡ ᠶᠢᠨ ᠬᠤᠷᠢᠶ᠎ᠠ ᠲᠣᠭᠠᠴᠠᠭ᠎ᠠ ᠬᠢᠬᠦ ᠲᠥᠷᠥ ᠶᠢᠨ | ᠪᠣᠳᠣᠯᠭ᠎ᠠ ᠠᠴᠠ ᠪᠣᠯᠵᠣ ᠡᠮᠨᠡᠨ ᠵᠠᠰᠠᠬᠤ ᠶᠢ ᠨᠥᠯᠥᠭᠡᠯᠡᠬᠦ ᠥᠬᠡᠶ ᠪᠠᠶᠢᠬᠤ ᠶᠢ ᠦᠨᠡᠨ ᠬᠦ ᠪᠠᠲᠤᠯᠠᠪᠠ᠃ ᠬᠤᠶᠠᠷ ᠲᠤ᠂ | ᠬᠢᠵᠢᠭ ᠤᠨ ᠪᠠᠶᠢᠳᠠᠯ ᠤᠨ ᠬᠤᠭᠤᠴᠠᠭᠠᠨ ᠳᠤ ᠰᠢᠨ᠎ᠡ ᠪᠠᠷ ᠨᠡᠮᠡᠭᠳᠡᠭᠰᠡᠨ ᠲᠥᠰᠦᠯ ᠢ ᠬᠢᠨᠠᠨ ᠪᠠᠶᠢᠴᠠᠭᠠᠬᠤ ᠪᠠ | ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠬᠤᠳᠠᠯᠳᠤᠨ ᠠᠪᠬᠤ ᠰᠠᠭᠠᠳ ᠥᠬᠡᠶ | ᠨᠡᠪᠲᠡᠷᠡᠬᠦ ᠵᠠᠮ ᠢ ᠨᠡᠪᠲᠡᠷᠡᠭᠦᠯᠦᠭᠰᠡᠨ ᠤ ᠬᠠᠮᠲᠤ ᠰᠢᠨ᠎ᠡ ᠲᠢᠲᠢᠮᠯᠢᠭ ᠸᠢᠷᠦ᠋ᠰ ᠤᠨ ᠪᠥᠭᠡᠮ ᠬᠦᠴᠢᠯ ᠤᠨ ᠰᠢᠯᠭᠠᠨ | ᠪᠠᠶᠢᠴᠠᠭᠠᠯᠲᠠ ᠶᠢᠨ ᠵᠠᠷᠤᠳᠠᠯ ᠢ ᠴᠠᠭ ᠲᠤ ᠨᠢ ᠬᠥᠳᠡᠯᠦᠩᠭᠦᠶ ᠪᠠᠷ ᠲᠣᠬᠢᠷᠠᠭᠤᠯᠪᠠ᠃ ᠭᠤᠷᠪᠠ ᠳᠤ᠂ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠤᠨ ᠬᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ | ᠣᠨᠣᠰᠢᠯᠠᠨ ᠡᠮᠨᠡᠬᠦ ᠲᠥᠰᠦᠯ ᠳᠠᠬᠢ ᠡᠮ ᠤᠨ ᠵᠦᠢᠯ᠂ ᠡᠮᠴᠢᠯᠡᠭᠡ ᠶᠢᠨ ᠦᠢᠯᠡᠴᠢᠯᠡᠭᠡᠨ ᠤ ᠲᠥᠰᠦᠯ ᠢ ᠲᠦᠷ ᠴᠠᠭ | ᠡᠮᠴᠢᠯᠡᠭᠡᠨ ᠤ ᠪᠠᠲᠤᠯᠠᠭ᠎ᠠ ᠶᠢᠨ ᠲᠣᠭᠠᠴᠠᠭ᠎ᠠ ᠬᠢᠬᠦ ᠬᠡᠪᠴᠢᠶᠡᠨ ᠳᠤ ᠣᠷᠣᠭᠤᠯᠪᠠ᠃ ᠳᠥᠷᠪᠡ ᠳᠤ᠂ ᠠᠷᠠᠳ ᠲᠤ | ᠲᠥᠬᠦᠮ ᠦᠵᠡᠭᠦᠯᠬᠦ ᠠᠷᠭ᠎ᠠ ᠬᠡᠮᠵᠢᠶ᠎ᠡ ᠶᠢ ᠳᠠᠷᠤᠶᠢᠬᠠᠨ ᠨᠡᠶᠢᠲᠡᠯᠡᠵᠦ᠂ ᠤᠨᠳᠤᠤ ᠭᠠᠵᠠᠷ ᠲᠤ ᠡᠮᠨᠡᠭᠦᠯᠦᠭᠰᠡᠨ ᠢ | ᠳᠠᠩᠰᠠᠯᠠᠭᠤᠯᠬᠤ ᠭᠠᠷᠳᠠᠮ ᠢ ᠳᠥᠭᠦᠮᠴᠢᠯᠡᠵᠦ᠂ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡ ᠶᠢ ︽ᠠᠭᠤᠯᠵᠠᠬᠤ | ᠦᠭᠡᠢ ᠭᠦᠢᠴᠡᠳᠭᠡᠬᠦ︾᠂ ︽ᠴᠠᠭ ᠲᠤᠬᠠᠶ ᠳᠤ ᠨᠢ ᠭᠦᠢᠴᠡᠳᠭᠡᠬᠦ︾᠂ ︽ᠠᠷᠠᠳ ᠲᠤ ᠲᠥᠬᠦᠮ ᠦᠵᠡᠭᠦᠯᠦᠨ | ᠭᠦᠢᠴᠡᠳᠭᠡᠬᠦ︾᠂ ︽ᠬᠤᠶᠢᠰᠢᠯᠠᠭᠤᠯᠤᠨ ᠭᠦᠢᠴᠡᠳᠭᠡᠬᠦ︾᠂ ︽ᠰᠠᠨᠠᠭ᠎ᠠ ᠠᠮᠤᠷ ᠭᠦᠢᠴᠡᠳᠭᠡᠬᠦ︾ ᠶᠢ ᠪᠡᠶᠡᠯᠡᠭᠦᠯᠪᠡ᠃ | ᠲᠠᠪᠤ ᠳᠤ᠂ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠵᠢᠴᠢ ᠵᠠᠷᠤᠳᠠᠯ ᠢ ᠪᠠᠲᠤᠯᠠᠬᠤ ᠠᠵᠢᠯ ᠢ | ᠰᠠᠶᠢᠲᠤᠷ ᠬᠢᠪᠡ᠃ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠢ ᠲᠥᠯᠦᠪᠦᠷᠢ ᠥᠬᠡᠶ ᠪᠠᠷ ᠳᠠᠷᠢᠬᠤ ᠲᠥᠷᠥ ᠶᠢᠨ | ᠪᠣᠳᠣᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠡᠮᠴᠢᠯᠡᠭᠡᠨ ᠤ ᠪᠠᠲᠤᠯᠠᠭ᠎ᠠ᠂ ᠡᠳ᠋ ᠤᠨ ᠵᠠᠰᠠᠭ᠂ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠬᠠᠮᠲᠤᠷᠠᠭᠰᠠᠨ ᠠᠵᠢᠯ ᠤᠨ ᠲᠣᠭᠲᠠᠴᠠ ᠶᠢ ᠪᠠᠶᠢᠭᠤᠯᠵᠤ᠂ | ᠲᠥᠷᠥ ᠶᠢᠨ ᠪᠣᠳᠣᠯᠭ᠎ᠠ ᠶᠢᠨ ᠳᠠᠶᠢᠴᠢᠯᠠᠯᠲᠠ ᠪᠠ ᠮᠡᠷᠭᠡᠵᠢᠯ ᠤᠨ ᠪᠣᠯᠪᠠᠰᠤᠷᠠᠭᠤᠯᠤᠯ ᠢ ᠪᠥᠬᠦ ᠲᠠᠯ᠎ᠠ ᠪᠠᠷ ᠥᠷᠨᠢᠭᠦᠯᠪᠡ᠃ | ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠪᠠᠶᠢᠷᠢᠯᠠᠭᠤᠯᠤᠯᠲᠠ ᠶᠣᠰᠣᠭᠠᠷ ᠪᠥᠬᠦ ᠣᠷᠣᠨ ᠤ | ᠨᠢᠭᠡᠳᠦᠯᠲᠡᠶ ᠲᠥᠯᠦᠪᠯᠡᠭᠰᠡᠨ 15 ᠣᠷᠣᠨ ᠢ ᠵᠣᠬᠢᠶᠠᠨ ᠪᠠᠶᠢᠭᠤᠯᠵᠤ ᠳᠡᠭᠡᠷ᠎ᠡ ᠬᠠᠭᠠᠰ ᠵᠢᠯ ᠤᠨ ᠸᠠᠺᠼᠢᠨ ᠤ ᠵᠠᠷᠤᠳᠠᠯ | 22 . 02 ᠳ᠋ᠦᠩᠰᠢᠭᠤᠷ ᠲᠥᠭᠦᠷᠢᠭ ᠢ ᠳᠡᠭᠡᠭᠰᠢ ᠳᠤᠰᠢᠶᠠᠵᠤ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ | ᠰᠠᠯᠠᠭ᠎ᠠ ᠮᠥᠴᠢᠷ ᠲᠤ 16 ᠳ᠋ᠦᠩᠰᠢᠭᠤᠷ ᠲᠥᠭᠦᠷᠢᠭ ᠤᠨ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠵᠠᠷᠤᠳᠠᠯ ᠢ | ᠴᠠᠭ ᠲᠤᠬᠠᠶ ᠳᠤ ᠨᠢ ᠤᠷᠢᠳᠴᠢᠯᠠᠨ ᠥᠭᠪᠡ᠃ ᠡᠯ᠎ᠡ ᠨᠢᠭᠡᠳᠦᠯᠲᠡᠶ ᠲᠥᠯᠦᠪᠯᠡᠭᠰᠡᠨ ᠣᠷᠣᠨ ᠤ ᠡᠮᠴᠢᠯᠡᠭᠡᠨ ᠤ | ᠪᠠᠲᠤᠯᠠᠭ᠎ᠠ ᠶᠢᠨ ᠰᠠᠯᠠᠭ᠎ᠠ ᠮᠥᠴᠢᠷ ᠤᠨ ᠬᠢᠨ ᠡᠮᠴᠢᠯᠡᠭᠡᠨ ᠤ ᠪᠠᠲᠤᠯᠠᠭ᠎ᠠ ᠶᠢᠨ ᠲᠤᠰᠬᠠᠶ ᠵᠦᠢᠯ ᠤᠨ ᠪᠡᠯᠡ ᠮᠥᠩᠭᠦ ᠶᠢ | ᠵᠦᠢ ᠵᠣᠬᠢᠰᠲᠠᠶ ᠲᠣᠬᠢᠷᠠᠭᠤᠯᠵᠤ᠂ ᠲᠠᠷᠢᠯᠭ᠎ᠠ ᠲᠠᠷᠢᠭᠰᠠᠨ ᠵᠠᠷᠤᠳᠠᠯ ᠢ ᠲᠠᠷᠢᠯᠭ᠎ᠠ ᠬᠢᠭᠰᠡᠨ ᠨᠢᠭᠡᠴᠢ ᠳᠤ ᠳᠠᠷᠤᠢ ᠳᠤ ᠨᠢ | ᠰᠠᠯᠭᠠᠨ ᠥᠭᠪᠡ᠃ ᠸᠠᠺᠼᠢᠨ ᠤ ᠲᠠᠷᠢᠯᠭ᠎ᠠ ᠶᠢᠨ ᠠᠬᠢᠴᠠ ᠪᠣᠯᠤᠨ ᠪᠡᠯᠡ ᠮᠥᠩᠭᠦ ᠶᠢᠨ ᠬᠡᠷᠡᠭᠯᠡᠯᠲᠡ ᠵᠡᠷᠭᠡ | ᠪᠠᠶᠢᠳᠠᠯ ᠤᠨ ᠬᠠᠨᠳᠤᠰᠢ ᠶᠢ ᠬᠢᠨᠠᠨ ᠡᠵᠡᠮᠳᠡᠬᠦ ᠶᠢ ᠴᠢᠩᠭᠠᠳᠬᠠᠵᠤ᠂ ᠸᠠᠺᠼᠢᠨ ᠵᠢᠴᠢ ᠲᠠᠷᠢᠯᠭ᠎ᠠ ᠶᠢᠨ ᠵᠠᠷᠤᠳᠠᠯ ᠢ | ᠳᠠᠷᠤᠢ ᠳᠤ ᠨᠢ᠂ ᠭᠦᠢᠴᠡᠳ ᠲᠤᠭ᠎ᠠ ᠪᠠᠷ ᠳ᠋ᠦᠩᠨᠡᠨ ᠪᠣᠳᠣᠬᠤ ᠶᠢ ᠦᠨᠡᠨ ᠬᠦ ᠪᠠᠲᠤᠯᠠᠪᠠ᠃ | ᠳᠠᠷᠠᠭ᠎ᠠ ᠠᠯᠬᠤᠮ ᠳᠤ᠂ ᠪᠢᠳᠡ ᠬᠦᠨᠳᠦ ᠶᠡᠭᠡ ᠬᠢᠵᠢᠭ ᠤᠨ ᠪᠠᠶᠢᠳᠠᠯ ᠤᠨ ᠡᠮᠴᠢᠯᠡᠭᠡᠨ ᠤ ᠡᠮᠨᠡᠨ ᠵᠠᠰᠠᠬᠤ | ᠵᠠᠷᠤᠳᠠᠯ ᠤᠨ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠭᠡᠨᠡᠳᠲᠡ ᠡᠭᠦᠰᠦᠭᠰᠡᠨ | ᠬᠢᠵᠢᠭ ᠤᠨ ᠪᠠᠶᠢᠳᠠᠯ ᠵᠡᠷᠭᠡ ᠪᠠᠴᠢᠮ ᠪᠠᠶᠢᠳᠠᠯ ᠳᠠᠬᠢ ᠡᠮᠴᠢᠯᠡᠭᠡᠨ ᠤ ᠪᠠᠶᠢᠭᠤᠯᠤᠮᠵᠢ ᠶᠢᠨ ᠤᠷᠢᠳ ᠢᠶᠠᠷ ᠡᠮᠨᠡᠨ ᠵᠠᠰᠠᠵᠤ | ᠂ ᠳᠠᠷᠠᠭ᠎ᠠ ᠨᠢ ᠰᠦᠢᠳᠭᠡᠯ ᠬᠤᠷᠢᠶᠠᠬᠤ ᠶᠢ ᠦᠨᠡᠨ ᠬᠦ ᠪᠠᠲᠤᠯᠠᠨ᠎ᠠ᠃ ᠨᠢᠭᠡ ᠳᠤ᠂ ᠬᠦᠨᠳᠦ ᠶᠡᠭᠡ ᠬᠢᠵᠢᠭ ᠤᠨ | ᠪᠠᠶᠢᠳᠠᠯ ᠢ ᠡᠮᠨᠡᠨ ᠵᠠᠰᠠᠬᠤ ᠡᠮᠴᠢᠯᠡᠭᠡᠨ ᠤ ᠪᠠᠲᠤᠯᠠᠭ᠎ᠠ ᠶᠢᠨ ᠲᠣᠭᠠᠴᠠᠭ᠎ᠠ ᠬᠢᠬᠦ ᠲᠥᠷᠥ ᠶᠢᠨ ᠪᠣᠳᠣᠯᠭ᠎ᠠ ᠶᠢ | ᠲᠡᠭᠦᠯᠳᠡᠷᠵᠢᠭᠦᠯᠵᠦ᠂ ᠤᠨᠳᠤᠤ ᠭᠠᠵᠠᠷ ᠲᠤ ᠡᠮᠨᠡᠭᠦᠯᠦᠭᠰᠡᠨ ᠵᠠᠷᠤᠳᠠᠯ ᠢ ᠰᠢᠭᠤᠳ ᠳ᠋ᠦᠩᠨᠡᠨ ᠪᠤᠳᠤᠬᠤ ᠲᠦᠷᠢᠮ ᠢ | ᠲᠡᠭᠦᠯᠳᠡᠷᠵᠢᠭᠦᠯᠵᠦ᠂ ᠵᠠᠷᠤᠳᠠᠯ ᠤᠨ ᠠᠰᠠᠭᠤᠳᠠᠯ ᠠᠴᠠ ᠪᠣᠯᠵᠣ ᠡᠪᠡᠳᠴᠢᠲᠡᠨ ᠢ ᠴᠠᠭ ᠲᠤᠬᠠᠶ ᠳᠤ ᠨᠢ ᠠᠪᠤᠷᠠᠨ | ᠲᠤᠰᠠᠯᠠᠵᠤ ᠳᠡᠶᠢᠯᠬᠦ ᠥᠬᠡᠶ ᠶᠢ ᠦᠭᠡᠢ ᠪᠣᠯᠭᠠᠬᠤ ᠶᠢ ᠦᠨᠡᠨ ᠬᠦ ᠪᠠᠲᠤᠯᠠᠨ᠎ᠠ᠃ ᠬᠤᠶᠠᠷ ᠲᠤ᠂ ᠣᠨᠴᠠᠭᠠᠶ | ᠡᠪᠡᠳᠴᠢᠲᠡᠳ᠂ ᠣᠨᠴᠠᠭᠠᠶ ᠡᠪᠡᠳᠴᠢᠨ ᠡᠮᠭᠡᠭ ᠤᠨ ᠡᠮ ᠡᠮᠨᠡᠯᠭᠡ ᠶᠢᠨ ᠵᠠᠷᠤᠳᠠᠯ ᠢ ᠬᠡᠯᠲᠦᠷᠢᠭᠦᠯᠬᠦ ᠲᠦᠷᠢᠮ ᠢ | ᠰᠦᠪᠡᠭᠴᠢᠯᠡᠨ ᠪᠠᠶᠢᠭᠤᠯᠵᠤ᠂ ᠡᠮᠴᠢᠯᠡᠭᠡᠨ ᠤ ᠪᠠᠲᠤᠯᠠᠭ᠎ᠠ ᠶᠢᠨ ᠭᠠᠷᠴᠠᠭ᠂ ᠲᠣᠭᠠᠴᠠᠭ᠎ᠠ ᠬᠢᠬᠦ ᠬᠢᠵᠠᠭᠠᠷ ᠲᠤᠭ᠎ᠠ᠂ ᠡᠮ | ᠬᠡᠷᠡᠭᠯᠡᠬᠦ ᠬᠡᠮᠵᠢᠶ᠎ᠡ ᠵᠡᠷᠭᠡ ᠬᠢᠵᠠᠭᠠᠷᠯᠠᠬᠤ ᠴᠢᠨᠠᠷᠲᠠᠶ ᠵᠦᠢᠯ ᠵᠤᠷᠪᠤᠰ ᠢ ᠬᠠᠨᠳᠤᠯᠭᠠᠲᠠᠢ ᠪᠠᠷ ᠬᠡᠯᠲᠦᠷᠢᠭᠦᠯᠵᠦ᠂ | ᠬᠦᠴᠢᠷᠳᠡᠯᠲᠡᠶ ᠣᠯᠠᠨ ᠲᠦᠮᠡᠨ ᠤ ᠡᠪᠡᠳᠴᠢᠨ ᠦᠵᠡᠭᠦᠯᠦᠭᠰᠡᠨ ᠤ ᠳᠠᠷᠠᠭᠠᠬᠢ ᠵᠣᠪᠠᠨᠢᠯ ᠢ ᠬᠥᠩᠭᠡᠷᠡᠭᠦᠯᠦᠨ᠎ᠡ᠃ | ᠭᠤᠷᠪᠠ ᠳᠤ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠪᠠ ᠡᠪᠡᠳᠴᠢᠨ ᠡᠮᠭᠡᠭ ᠤᠨ ᠪᠠᠴᠢᠮ ᠪᠠᠶᠢᠳᠠᠯ ᠢ | ᠠᠷᠭᠠᠴᠠᠵᠤ ᠠᠪᠤᠷᠠᠨ ᠲᠤᠰᠠᠯᠠᠬᠤ ᠰᠠᠭᠤᠷᠢ ᠮᠥᠩᠭᠦ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠪᠠᠯᠠ ᠮᠥᠩᠭᠦᠨ ᠤ ᠬᠡᠷᠡᠭᠯᠡᠯᠲᠡ ᠶᠢ ᠨᠢᠭᠡᠳᠦᠯᠲᠡᠶ ᠲᠥᠯᠥᠪᠯᠡᠵᠦ᠂ ᠣᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠦᠢᠯᠡᠴᠢᠯᠡᠭᠡ ᠪᠠ ᠡᠮᠴᠢᠯᠡᠭᠡᠨ ᠤ ᠦᠢᠯᠡᠴᠢᠯᠡᠭᠡ ᠶᠢ ᠪᠦᠲᠦᠮᠵᠢᠲᠡᠶ ᠵᠣᠯᠭᠠᠭᠤᠯᠬᠤ ᠶᠢ ᠪᠡᠶᠡᠯᠡᠭᠦᠯᠦᠨ᠎ᠡ | ᠃ | ᠰᠤᠷᠪᠤᠯᠵᠢᠯᠠᠭᠴᠢ᠄ ᠪᠠᠯᠠ ᠮᠥᠩᠭᠦ ᠴᠤᠭᠯᠠᠭᠤᠯᠬᠤ ᠠᠵᠢᠯᠯᠠᠭᠠᠨ ᠤ ᠲᠣᠭᠲᠠᠴᠠ ᠶᠢ ᠶᠠᠭᠠᠬᠢᠵᠤ | ᠲᠡᠭᠦᠯᠳᠡᠷᠵᠢᠭᠦᠯᠵᠦ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠲᠣᠭᠲᠠᠭᠤᠨ ᠢᠶᠠᠷ ᠦᠷᠭᠦᠯᠵᠢᠯᠡᠬᠦ ᠶᠢ | ᠦᠨᠡᠨ ᠬᠦ ᠪᠠᠲᠤᠯᠠᠬᠤ ᠪᠣᠶ︖ | ᠸᠠᠩ ᠹᠧᠩ ᠴᠢ᠄ ᠵᠦᠶ ᠵᠣᠬᠢᠰᠲᠠᠶ ᠪᠠᠷ ᠪᠠᠯᠠ ᠴᠤᠭᠯᠠᠭᠤᠯᠵᠤ᠂ ᠲᠣᠭᠲᠠᠭᠤᠨ ᠢᠶᠠᠷ ᠠᠵᠢᠯᠯᠠᠭᠤᠯᠬᠤ ᠪᠣᠯ | ᠡᠮᠴᠢᠯᠡᠭᠡᠨ ᠤ ᠪᠠᠲᠤᠯᠠᠭ᠎ᠠ ᠶᠢᠨ ᠲᠦᠷᠢᠮ ᠤᠨ ᠦᠷᠭᠦᠯᠵᠢᠯᠡᠬᠦ ᠦᠨᠳᠦᠰᠦᠨ ᠪᠠᠲᠤᠯᠠᠭ᠎ᠠ ᠮᠥᠨ᠃ ᠣᠳᠣᠬᠠᠨ ᠳᠤ᠂ | ᠤᠯᠤᠰ ᠪᠠ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠬᠦᠷᠢᠶ᠎ᠡ ᠴᠠᠷᠠᠭᠠᠨ ᠤ ᠠᠵᠢᠯ | ᠶᠠᠪᠤᠳᠠᠯ ᠤᠨ ᠡᠷᠬᠡ ᠶᠢᠨ ᠬᠤᠪᠢᠶᠠᠷᠢᠯᠠᠯ ᠪᠠ ᠡᠳ᠋ ᠤᠨ ᠵᠠᠰᠠᠭ ᠤᠨ ᠪᠡᠯᠡ ᠣᠷᠣᠭᠤᠯᠤᠯᠲᠠ ᠶᠢᠨ ᠬᠠᠮᠢᠶ᠎ᠠ ᠪᠥᠬᠦᠶ | ᠲᠥᠷᠥ ᠶᠢᠨ ᠪᠣᠳᠣᠯᠭ᠎ᠠ ᠶᠢ ᠦᠨᠳᠦᠰᠦᠯᠡᠨ᠂ ᠡᠯ᠎ᠡ ᠱᠠᠲᠤᠨ ᠤ ᠡᠳ᠋ ᠤᠨ ᠵᠠᠰᠠᠭ ᠠᠴᠠ ᠬᠤᠲᠠ ᠬᠥᠳᠡᠭᠡ ᠶᠢᠨ | ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠨᠥᠬᠦᠪᠥᠷᠢ ᠶᠢᠨ ᠲᠥᠷᠥ ᠶᠢᠨ ᠪᠣᠳᠣᠯᠭ᠎ᠠ ᠪᠠ ᠬᠤᠲᠠ | ᠬᠥᠳᠡᠭᠡ ᠶᠢᠨ ᠡᠮᠴᠢᠯᠡᠭᠡᠨ ᠤ ᠠᠪᠤᠷᠠᠨ ᠲᠤᠰᠠᠯᠠᠬᠤ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠢᠳᠡᠪᠬᠢᠲᠡᠶ | ᠨᠠᠶᠢᠳᠠᠪᠤᠷᠢᠵᠢᠭᠤᠯᠵᠤ᠂ ᠦᠨᠳᠦᠰᠦᠨ ᠡᠮᠴᠢᠯᠡᠭᠡ ᠶᠢᠨ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ ᠪᠠ ᠬᠤᠲᠠ | ᠬᠥᠳᠡᠭᠡ ᠶᠢᠨ ᠡᠮᠴᠢᠯᠡᠭᠡᠨ ᠤ ᠳᠤᠰᠠᠯᠠᠨ ᠳᠡᠮᠵᠢᠬᠦ ᠭᠤᠷᠪᠠᠨ ᠵᠦᠢᠯ ᠤᠨ ᠡᠮᠴᠢᠯᠡᠭᠡ ᠶᠢᠨ ᠪᠠᠲᠤᠯᠠᠭ᠎ᠠ ᠶᠢᠨ ᠲᠦᠷᠢᠮ ᠢ | ᠪᠠᠬᠢᠵᠢᠭᠦᠯᠵᠦ᠂ ᠳᠠᠭᠠᠳᠬᠠᠯ ᠳᠤ ᠣᠷᠣᠯᠴᠠᠭᠰᠠᠨ ᠡᠪᠡᠳᠴᠢᠲᠡᠨ ᠤ ᠡᠮ ᠡᠮᠨᠡᠯᠭᠡ ᠶᠢᠨ ᠵᠠᠷᠤᠳᠠᠯ ᠤᠨ ᠳᠠᠷᠤᠭᠠᠰᠤ ᠶᠢ | ᠱᠠᠲᠤ ᠳᠠᠷᠠᠭᠠᠯᠠᠨ ᠬᠥᠩᠭᠡᠷᠡᠭᠦᠯᠪᠡ᠃ 2020 ᠣᠨ ᠳᠤ᠂ ᠡᠳ᠋ ᠤᠨ ᠵᠠᠰᠠᠭ ᠠᠴᠠ ᠬᠤᠲᠠ ᠬᠥᠳᠡᠭᠡ ᠶᠢᠨ | ᠰᠠᠭᠤᠭᠠᠯᠢ ᠠᠷᠠᠳ ᠤᠨ ᠡᠮᠴᠢᠯᠡᠭᠡ ᠶᠢᠨ ᠳᠠᠭᠠᠳᠬᠠᠯ ᠳᠤ ᠥᠭᠬᠦ ᠨᠥᠬᠦᠪᠥᠷᠢ ᠶᠢᠨ ᠪᠠᠷᠢᠮᠵᠢᠶ᠎ᠠ ᠨᠢ ᠬᠥᠮᠦᠨ ᠨᠢᠭᠡ | ᠪᠦᠷᠢ ᠳᠤ ᠵᠢᠯ ᠪᠦᠷᠢ 550 ᠲᠥᠭᠦᠷᠢᠭ ᠪᠠᠶᠢᠵᠤ᠂ ᠡᠯ᠎ᠡ ᠱᠠᠲᠤᠨ ᠤ ᠡᠳ᠋ ᠤᠨ ᠵᠠᠰᠠᠭ ᠠᠴᠠ ᠨᠡᠶᠢᠲᠡ 94 | ᠳ᠋ᠦᠩᠰᠢᠭᠤᠷ ᠲᠥᠭᠦᠷᠢᠭ ᠪᠡᠯᠡ ᠣᠷᠣᠭᠤᠯᠵᠤ᠂ ᠪᠥᠬᠦ ᠵᠢᠯ ᠤᠨ ᠨᠥᠬᠦᠪᠦᠷᠢᠯᠡᠬᠦ ᠪᠠᠯᠠ ᠮᠥᠩᠭᠦ ᠶᠢ ᠭᠦᠢᠴᠡᠳ | ᠲᠤᠭ᠎ᠠ ᠪᠠᠷ ᠨᠠᠶᠢᠳᠠᠪᠤᠷᠢᠵᠢᠭᠤᠯᠵᠤ᠂ ᠰᠠᠭᠤᠷᠢ ᠮᠥᠩᠭᠦ ᠶᠢᠨ ᠲᠣᠭᠲᠠᠭᠤᠨ ᠪᠥᠭᠡᠳ ᠤᠷᠤᠭᠰᠢᠲᠠᠶ ᠠᠵᠢᠯᠯᠠᠬᠤ ᠶᠢ | ᠪᠠᠲᠤᠯᠠᠪᠠ᠃ 2021 ᠣᠨ ᠳᠤ᠂ ᠡᠳ᠋ ᠤᠨ ᠵᠠᠰᠠᠭ ᠠᠴᠠ ᠬᠤᠲᠠ ᠬᠥᠳᠡᠭᠡ ᠶᠢᠨ ᠰᠠᠭᠤᠭᠠᠯᠢ ᠠᠷᠠᠳ ᠤᠨ | ᠡᠮᠴᠢᠯᠡᠭᠡ ᠶᠢᠨ ᠳᠠᠭᠠᠳᠬᠠᠯ ᠳᠤ ᠣᠯᠭᠤᠬᠤ ᠬᠥᠮᠦᠨ ᠪᠦᠷᠢ ᠶᠢᠨ ᠳᠤᠮᠳᠠᠴᠢ ᠨᠥᠬᠦᠪᠥᠷᠢ ᠶᠢᠨ ᠪᠠᠷᠢᠮᠵᠢᠶ᠎ᠠ ᠶᠢ | ᠦᠷᠭᠦᠯᠵᠢᠯᠡᠨ 30 ᠲᠥᠭᠦᠷᠢᠭ ᠨᠡᠮᠡᠵᠦ᠂ ᠬᠥᠮᠦᠨ ᠪᠦᠷᠢ ᠶᠢ ᠵᠢᠯ ᠳᠤ 580 ᠲᠥᠭᠦᠷᠢᠭ ᠲᠤ ᠬᠦᠷᠭᠡᠪᠡ᠃ | ᠡᠭᠦᠨ ᠤ ᠬᠠᠮᠲᠤ᠂ ᠡᠯ᠎ᠡ ᠱᠠᠲᠤᠨ ᠤ ᠡᠳ᠋ ᠤᠨ ᠵᠠᠰᠠᠭ ᠠᠴᠠ ᠡᠮᠴᠢᠯᠡᠭᠡᠨ ᠤ ᠳᠤᠰᠠᠯᠠᠨ ᠳᠡᠮᠵᠢᠬᠦ ᠦᠨᠳᠦᠰᠦᠨ | ᠵᠦᠢᠯ ᠢ ᠪᠠᠲᠤᠯᠠᠬᠤ ᠲᠥᠷᠥ ᠶᠢᠨ ᠪᠣᠳᠣᠯᠭ᠎ᠠ ᠶᠢ ᠢᠳᠡᠪᠬᠢᠲᠡᠶ ᠨᠠᠶᠢᠳᠠᠪᠤᠷᠢᠵᠢᠭᠤᠯᠵᠤ᠂ 2020 ᠣᠨ ᠳᠤ ᠬᠤᠲᠠ | ᠬᠥᠳᠡᠭᠡ ᠶᠢᠨ ᠡᠮᠴᠢᠯᠡᠭᠡᠨ ᠤ ᠳᠤᠰᠠᠯᠠᠨ ᠳᠡᠮᠵᠢᠬᠦ ᠨᠥᠬᠦᠪᠥᠷᠢ ᠪᠠᠯᠠ ᠮᠥᠩᠭᠦ ᠶᠢᠨ ᠵᠠᠷᠤᠯᠭ᠎ᠠ 9 . 8 ᠳ᠋ᠦᠩᠰᠢᠭᠤᠷ | ᠲᠥᠭᠦᠷᠢᠭ ᠲᠤ ᠬᠦᠷᠴᠡᠶ᠃ | ︽ᠬᠡᠷᠡᠭᠵᠢᠭᠦᠯᠬᠦ ᠰᠠᠨᠠᠯ︾ ᠳᠤ ︽ᠪᠠᠯᠠ ᠴᠤᠭᠯᠠᠭᠤᠯᠬᠤ ᠶᠢ ᠬᠤᠪᠢᠶᠠᠨ ᠡᠭᠦᠷᠭᠡᠯᠡᠬᠦ ᠪᠠ ᠲᠣᠬᠢᠷᠠᠭᠤᠯᠬᠤ | ᠲᠣᠭᠲᠠᠴᠠ ᠶᠢ ᠲᠡᠭᠦᠯᠳᠡᠷᠵᠢᠭᠦᠯᠬᠦ︾ ᠶᠢ ᠱᠠᠭᠠᠷᠳᠠᠵᠤ᠂ ᠠᠵᠢᠯᠲᠠᠨ ᠤ ᠲᠥᠷᠥᠯ ᠬᠡᠯᠪᠡᠷᠢ᠂ ᠦᠨᠳᠦᠰᠦᠨ | ᠡᠮᠴᠢᠯᠡᠭᠡ ᠶᠢᠨ ᠳᠠᠭᠠᠳᠬᠠᠯ ᠤᠨ ᠪᠠᠯᠠ ᠴᠤᠭᠯᠠᠭᠤᠯᠬᠤ ᠠᠷᠭ᠎ᠠ ᠮᠠᠶ᠋ᠢᠭ ᠢ ᠦᠨᠳᠦᠰᠦᠯᠡᠨ ᠪᠣᠳᠠᠲᠠᠶ ᠭᠤᠷᠪᠠᠨ ᠲᠥᠷᠥᠯ | ᠬᠤᠪᠢᠶᠠᠪᠠ᠂ ᠨᠢᠭᠡ ᠳᠤ᠂ ᠠᠵᠢᠯ ᠣᠯᠤᠭᠰᠠᠳ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠦᠨᠳᠦᠰᠦᠨ | ᠡᠮᠴᠢᠯᠡᠭᠡ ᠶᠢᠨ ᠳᠠᠭᠠᠳᠬᠠᠯ ᠳᠤ ᠣᠷᠣᠯᠴᠠᠵᠤ᠂ ᠡᠨᠡ ᠲᠥᠷᠥᠯ ᠤᠨ ᠳᠠᠭᠠᠳᠬᠠᠯ ᠳᠤ ᠣᠷᠣᠯᠴᠠᠭᠰᠠᠳ ᠲᠤ | ᠪᠠᠷᠢᠮᠵᠢᠶᠠᠲᠤ ᠳᠠᠭᠠᠳᠬᠠᠯ ᠤᠨ ᠵᠠᠷᠤᠳᠠᠯ ᠤᠨ ᠨᠣᠷᠮ᠎ᠠ ᠶᠢᠨ ᠲᠦᠷᠢᠮ ᠢ ᠬᠡᠷᠡᠭᠵᠢᠭᠦᠯᠵᠦ᠂ ᠳᠡᠭᠡᠷ᠎ᠡ ᠵᠢᠯ ᠤᠨ | ᠥᠪᠡᠷᠲᠡᠭᠡᠨ ᠵᠠᠰᠠᠬᠤ ᠣᠷᠣᠨ ᠤ ᠪᠥᠬᠦ ᠬᠤᠲᠠ ᠪᠠᠯᠭᠠᠰᠤᠨ ᠤ ᠨᠢᠭᠡᠴᠢ ᠳᠤ ᠠᠵᠢᠯ ᠣᠯᠤᠭᠰᠠᠳ ᠤᠨ ᠳᠤᠮᠳᠠᠴᠢ | ᠴᠠᠯᠢᠩ ᠢᠶᠠᠷ ᠰᠠᠭᠤᠷᠢ ᠲᠤᠭ᠎ᠠ ᠪᠣᠯᠭᠠᠵᠤ᠂ ᠬᠥᠮᠦᠨ ᠬᠡᠷᠡᠭᠯᠡᠬᠦ ᠨᠢᠭᠡᠴᠢ ᠪᠠ ᠠᠵᠢᠯᠲᠠᠨ ᠠᠵᠢᠯᠴᠢᠨ ᠤ ᠵᠠᠷᠤᠳᠠᠯ | ᠲᠤᠰᠢᠶᠠᠬᠤ ᠨᠣᠷᠮ᠎ᠠ ᠶᠢ ᠵᠦᠶ ᠵᠣᠬᠢᠰᠲᠠᠶ ᠲᠣᠭᠲᠠᠭᠠᠵᠤ᠂ ᠬᠥᠳᠡᠯᠦᠩᠭᠦᠶ ᠪᠠᠷ ᠲᠣᠬᠢᠷᠠᠭᠤᠯᠬᠤ ᠶᠢ ᠬᠡᠷᠡᠭᠵᠢᠭᠦᠯᠪᠡ︔ | ᠬᠤᠶᠠᠷ ᠲᠤ᠂ ᠠᠵᠢᠯ ᠦᠭᠡᠢ ᠬᠥᠮᠦᠰ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ | ᠳᠠᠭᠠᠳᠬᠠᠯ ᠳᠤ ᠣᠷᠣᠯᠴᠠᠪᠠᠯ᠂ ᠥᠪᠡᠷ ᠢᠶᠠᠨ ᠵᠠᠷᠤᠳᠠᠯ ᠢ ᠲᠤᠰᠢᠶᠠᠵᠤ᠂ ᠵᠠᠰᠠᠭ ᠤᠨ ᠣᠷᠳᠣᠨ ᠠᠴᠠ ᠲᠣᠭᠲᠠᠭᠠᠯ | ᠶᠣᠰᠣᠭᠠᠷ ᠨᠥᠬᠦᠪᠥᠷᠢ ᠥᠭᠴᠦ᠂ ᠵᠠᠷᠤᠳᠠᠯ ᠲᠤᠰᠢᠶᠠᠬᠤ ᠶᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠢᠷᠢ | ᠲᠦᠪᠰᠢᠨ ᠪᠣᠯᠤᠨ ᠰᠠᠭᠤᠭᠠᠯᠢ ᠠᠷᠠᠳ ᠤᠨ ᠬᠥᠮᠦᠨ ᠪᠦᠷᠢ ᠶᠢᠨ ᠳᠤᠮᠳᠠᠴᠢ ᠡᠵᠡᠮᠳᠡᠵᠦ ᠪᠣᠯᠬᠤ ᠣᠷᠣᠯᠭ᠎ᠠ ᠯᠤᠭ᠎ᠠ | ᠬᠤᠯᠪᠣᠭᠳᠠᠭᠤᠯᠵᠤ᠂ ᠣᠳᠣᠬᠠᠨ ᠳᠤ ᠵᠠᠰᠠᠭ ᠤᠨ ᠣᠷᠳᠣᠨ ᠤ ᠨᠥᠬᠦᠪᠥᠷᠢ ᠬᠢᠭᠡᠳ ᠬᠤᠪᠢ ᠬᠥᠮᠦᠨ ᠤ ᠵᠠᠷᠤᠳᠠᠯ | ᠲᠤᠰᠢᠶᠠᠬᠤ ᠳᠤ ᠴᠤᠭᠯᠠᠭᠤᠯᠬᠤ ᠬᠠᠷᠢᠴᠠᠯ ᠨᠢ ᠶᠡᠭᠡ ᠲᠥᠯᠥᠪ 2᠄ 1 ᠪᠣᠯᠤᠨ᠎ᠠ︔ ᠭᠤᠷᠪᠠ ᠳᠤ᠂ ᠲᠣᠭᠲᠠᠮᠠᠯ ᠪᠣᠰᠤ | ᠠᠵᠢᠯ ᠣᠯᠤᠭᠰᠠᠳ ᠥᠪᠡᠷ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠠᠵᠢᠯᠲᠠᠨ ᠠᠵᠢᠯᠴᠢᠨ ᠤ | ᠦᠨᠳᠦᠰᠦᠨ ᠡᠮᠴᠢᠯᠡᠭᠡ ᠶᠢᠨ ᠳᠠᠭᠠᠳᠬᠠᠯ ᠪᠤᠶᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ | ᠡᠮᠴᠢᠯᠡᠭᠡ ᠶᠢᠨ ᠳᠠᠭᠠᠳᠬᠠᠯ ᠳᠤ ᠣᠷᠣᠯᠴᠠᠬᠤ ᠶᠢ ᠡᠵᠡᠨ ᠮᠡᠳᠡᠨ ᠰᠣᠩᠭᠤᠵᠤ ᠪᠣᠯᠤᠨ᠎ᠠ᠃ ᠡᠭᠦᠨ ᠤ ᠬᠠᠮᠲᠤ᠂ | ᠥᠪᠡᠷᠲᠡᠭᠡᠨ ᠵᠠᠰᠠᠬᠤ ᠣᠷᠣᠨ ᠠᠴᠠ ᠵᠠᠰᠠᠭ ᠤᠨ ᠣᠷᠳᠣᠨ ᠢᠶᠠᠷ ᠭᠤᠣᠯᠯᠠᠭᠤᠯᠤᠭᠰᠠᠨ ᠣᠯᠠᠨ ᠡᠰᠢᠵᠢᠭᠦᠯᠦᠭᠰᠡᠨ | ᠡᠮᠴᠢᠯᠡᠭᠡᠨ ᠤ ᠠᠪᠤᠷᠠᠨ ᠲᠤᠰᠠᠯᠠᠬᠤ ᠵᠠᠷᠤᠳᠠᠯ ᠤᠨ ᠪᠡᠯᠡ ᠴᠤᠭᠯᠠᠭᠤᠯᠬᠤ ᠲᠣᠭᠲᠠᠴᠠ ᠶᠢ ᠲᠠᠰᠤᠷᠠᠯᠲᠠ ᠤᠢᠭᠡᠢ | ᠲᠡᠭᠦᠯᠳᠡᠷᠵᠢᠭᠦᠯᠵᠦ᠂ ᠨᠡᠶᠢᠭᠡᠮ ᠤᠨ ᠬᠢᠨ ᠤ ᠬᠠᠨᠳᠢᠪᠯᠠᠬᠤ᠂ ᠪᠡᠯᠡ ᠮᠥᠩᠭᠦ ᠪᠠᠷ ᠲᠤᠰᠠᠯᠠᠬᠤ ᠶᠢ ᠵᠣᠷᠢᠭᠵᠢᠭᠤᠯᠬᠤ ᠪᠠ | ᠬᠥᠲᠥᠯᠥᠨ ᠵᠢᠯᠣᠭᠤᠳᠴᠤ᠂ ᠡᠮᠴᠢᠯᠡᠭᠡᠨ ᠤ ᠳᠤᠰᠠᠯᠠᠨ ᠳᠡᠮᠵᠢᠬᠦ ᠪᠡᠯᠡ ᠴᠤᠭᠯᠠᠭᠤᠯᠬᠤ ᠠᠷᠭ᠎ᠠ ᠵᠠᠮ ᠢ ᠥᠷᠭᠡᠳᠭᠡᠪᠡ | ᠃ | ᠤᠯᠤᠰ ᠤᠨ ᠦᠨᠳᠦᠰᠦᠨ ᠪᠠᠶᠢᠳᠠᠯ ᠲᠠᠢ ᠵᠣᠬᠢᠴᠠᠭᠰᠠᠨ᠂ ᠡᠯ᠎ᠡ ᠲᠠᠯ᠎ᠠ ᠶᠢᠨ ᠳᠠᠭᠠᠭᠠᠬᠤ ᠴᠢᠳᠠᠪᠤᠷᠢ ᠲᠠᠢ | ᠵᠣᠬᠢᠴᠠᠭᠰᠠᠨ᠂ ᠡᠷᠡᠭᠦᠯ ᠮᠡᠨᠳᠦ ᠶᠢᠨ ᠦᠨᠳᠦᠰᠦᠨ ᠬᠡᠷᠡᠭᠴᠡᠭᠡ ᠲᠠᠢ ᠵᠣᠬᠢᠴᠠᠭᠰᠠᠨ ᠪᠡᠯᠡ ᠮᠥᠩᠭᠦ ᠴᠤᠭᠯᠠᠭᠤᠯᠬᠤ | ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ᠂ ᠨᠢᠭᠡ ᠳᠤ᠂ ᠪᠡᠯᠡ ᠮᠥᠩᠭᠦ ᠴᠤᠭᠯᠠᠭᠤᠯᠬᠤ ᠶᠢ ᠬᠤᠪᠢᠶᠠᠨ ᠡᠭᠦᠷᠭᠡᠯᠡᠬᠦ | ᠪᠠ ᠲᠤᠬᠢᠷᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠦᠨᠳᠦᠰᠦᠨ ᠡᠮᠴᠢᠯᠡᠭᠡ ᠶᠢᠨ ᠳᠠᠭᠠᠳᠬᠠᠯ ᠤᠨ | ᠪᠠᠷᠢᠮᠵᠢᠶᠠᠲᠤ ᠳᠠᠭᠠᠳᠬᠠᠯ ᠤᠨ ᠵᠠᠷᠤᠳᠠᠯ ᠤᠨ ᠨᠤᠷᠮ᠎ᠠ ᠶᠢᠨ ᠲᠦᠷᠢᠮ ᠢ ᠪᠠᠶᠢᠭᠤᠯᠵᠤ᠂ ᠬᠤᠪᠢ ᠬᠥᠮᠦᠨ᠂ ᠬᠥᠮᠦᠨ | ᠬᠡᠷᠡᠭᠯᠡᠬᠦ ᠨᠢᠭᠡᠴᠢ᠂ ᠵᠠᠰᠠᠭ ᠤᠨ ᠣᠷᠳᠣᠨ ᠭᠤᠷᠪᠠᠨ ᠲᠠᠯ᠎ᠠ ᠶᠢᠨ ᠪᠡᠯᠡ ᠮᠥᠩᠭᠦ ᠴᠤᠭᠯᠠᠭᠤᠯᠬᠤ ᠵᠠᠷᠣᠳᠠᠯ ᠲᠤᠰᠢᠶᠠᠬᠤ | ᠬᠠᠷᠢᠭᠤᠴᠠᠯᠭ᠎ᠠ ᠶᠢ ᠲᠡᠩᠴᠡᠭᠦᠷᠢᠲᠡᠢ ᠪᠣᠯᠭᠠᠵᠤ᠂ ᠡᠮᠴᠢᠯᠡᠭᠡᠨ ᠤ ᠳᠤᠰᠠᠯᠠᠨ ᠳᠡᠮᠵᠢᠬᠦ ᠪᠠ ᠦᠨᠳᠦᠰᠦᠨ ᠡᠮᠴᠢᠯᠡᠭᠡ ᠶᠢᠨ | ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ ᠵᠡᠷᠭᠡ ᠲᠦᠷᠦ ᠶᠢᠨ ᠪᠤᠳᠤᠯᠭ᠎ᠠ ᠶᠢ ᠨᠢᠭᠡᠳᠦᠯᠲᠡᠢ ᠲᠥᠯᠥᠪᠯᠡᠨ | ᠵᠣᠯᠭᠠᠭᠤᠯᠬᠤ ᠶᠢ ᠲᠦᠯᠬᠢᠨ ᠠᠬᠢᠭᠤᠯᠵᠤ᠂ ᠲᠦᠷᠦ ᠶᠢᠨ ᠪᠤᠳᠤᠯᠭ᠎ᠠ ᠶᠢᠨ ᠳᠥᠭᠦᠮ ᠪᠠ ᠳᠠᠪᠬᠤᠴᠠᠬᠤ ᠠᠴᠠ | ᠵᠠᠶᠢᠯᠠᠰᠬᠢᠵᠦ᠂ ᠲᠦᠷᠦ ᠶᠢᠨ ᠪᠤᠳᠤᠯᠭ᠎ᠠ ᠶᠢᠨ ᠬᠠᠷᠠᠯᠲᠠ ᠲᠣᠳᠣᠷᠬᠠᠢ᠂ ᠲᠦᠷᠦ ᠶᠢᠨ ᠪᠤᠳᠤᠯᠭ᠎ᠠ ᠶᠢᠨ ᠬᠦᠷᠢᠶ᠎ᠡ | ᠬᠡᠪᠴᠢᠶ᠎ᠡ ᠡᠲᠡᠭᠡᠳ ᠲᠣᠳᠣᠷᠬᠠᠢ ᠪᠥᠭᠡᠳ ᠵᠦᠢ ᠵᠣᠬᠢᠰᠲᠠᠢ᠂ ᠲᠦᠷᠦ ᠶᠢᠨ ᠪᠤᠳᠤᠯᠭ᠎ᠠ ᠶᠢᠨ ᠬᠠᠮ ᠬᠦᠴᠦᠨ ᠤ | ᠦᠷ᠎ᠡ ᠪᠦᠲᠦᠮᠵᠢ ᠢᠯᠡᠳᠲᠡ ᠪᠠᠶᠢᠬᠤ ᠶᠢ ᠪᠡᠶᠡᠯᠡᠭᠦᠯᠬᠦ ᠬᠡᠷᠡᠭᠲᠡᠢ᠃ ᠬᠤᠶᠠᠷ ᠲᠤ᠂ ᠰᠠᠭᠤᠷᠢ ᠮᠥᠩᠭᠦ ᠶᠢᠨ | ᠲᠦᠭᠰᠢᠭᠦᠷᠢ ᠶᠢ ᠰᠡᠷᠭᠡᠶᠢᠯᠡᠬᠦ ᠶᠢ ᠴᠢᠩᠭᠠᠳᠬᠠᠵᠤ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠣᠷᠣᠯᠭ᠎ᠠ | ᠵᠠᠷᠤᠯᠭ᠎ᠠ ᠶᠢᠨ ᠲᠥᠰᠦᠪ ᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠵᠤ᠂ ᠲᠥᠰᠦᠪ ᠤᠨ ᠠᠮᠵᠢᠯᠲᠠ | ᠪᠦᠲᠦᠮᠵᠢ ᠶᠢᠨ ᠬᠠᠮᠢᠶᠠᠷᠤᠯᠲᠠ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠰᠠᠭᠤᠷᠢ ᠮᠥᠩᠭᠦ ᠶᠢ ᠳᠤᠮᠳᠠ ᠪᠠ ᠣᠷᠳᠣ | ᠬᠤᠭᠤᠴᠠᠭᠠᠨ ᠤ ᠨᠠᠷᠢᠨ ᠪᠤᠳᠤᠵᠤ ᠲᠡᠩᠴᠡᠭᠦᠷᠢᠲᠡᠶ ᠪᠠᠶᠢᠯᠭᠠᠬᠤ ᠶᠢ ᠪᠡᠶᠡᠯᠡᠭᠦᠯᠵᠦ᠂ ᠰᠠᠭᠤᠷᠢ ᠮᠥᠩᠭᠦ ᠶᠢᠨ | ᠠᠵᠢᠯᠯᠠᠭᠠᠨ ᠤ ᠲᠦᠭᠰᠢᠭᠦᠷᠢ ᠶᠢ ᠦᠨᠡᠯᠡᠨ ᠵᠢᠱᠢᠬᠦ᠂ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ | ᠲᠡᠭᠦᠯᠳᠡᠷᠵᠢᠭᠦᠯᠵᠦ᠂ ᠰᠠᠭᠤᠷᠢ ᠮᠥᠩᠭᠦ ᠶᠢᠨ ᠠᠵᠢᠯᠯᠠᠭᠠᠨ ᠤ ᠲᠣᠭᠲᠠᠭᠤᠨ ᠢᠶᠠᠷ ᠦᠷᠭᠦᠯᠵᠢᠯᠡᠬᠦ ᠶᠢ ᠦᠨᠡᠨ ᠬᠦ | ᠪᠠᠲᠤᠯᠠᠬᠤ ᠬᠡᠷᠡᠭᠲᠡᠢ᠃ | ᠳᠠᠷᠠᠭ᠎ᠠ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠡᠮᠴᠢᠯᠡᠭᠡᠨ ᠤ | ᠪᠠᠲᠤᠯᠠᠭ᠎ᠠ ᠶᠢᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ ᠨᠠᠮ ᠤᠨ ᠲᠥᠪ ᠬᠤᠷᠢᠶ᠎ᠠ᠂ | ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ | ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠦᠨᠡᠨ ᠬᠦ ᠲᠤᠭᠤᠰᠢᠯᠠᠭᠤᠯᠤᠨ | ᠨᠠᠶᠢᠳᠠᠪᠤᠷᠢᠵᠢᠭᠤᠯᠤᠨ᠎ᠠ᠃ ᠰᠠᠯᠠᠭ᠎ᠠ ᠮᠥᠴᠢᠷ ᠠᠯᠤᠰᠯᠠᠨ᠂ ᠣᠯᠠᠨ ᠰᠠᠯᠠᠭ᠎ᠠ ᠮᠥᠴᠢᠷ ᠬᠤᠯᠪᠣᠭᠠᠯᠠᠨ | ᠬᠥᠳᠡᠯᠦᠯᠴᠡᠬᠦ ᠶᠢ ᠴᠢᠩᠭᠠᠳᠬᠠᠵᠤ᠂ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠯᠦᠭᠡ ᠢᠳᠡᠪᠬᠢᠲᠡᠶ ᠪᠠᠷ | ᠬᠠᠮᠵᠢᠯᠴᠠᠨ ᠨᠠᠰᠤᠵᠢᠯᠲᠠ ᠶᠢᠨ ᠡᠮᠴᠢᠯᠡᠭᠡᠨ ᠤ ᠳᠠᠷᠤᠭᠠᠰᠤ ᠶᠢ ᠠᠷᠭᠠᠴᠠᠬᠤ ᠣᠯᠠᠨ ᠠᠷᠭ᠎ᠠ ᠵᠠᠮ ᠢᠶᠠᠷ ᠪᠠᠯᠠ | ᠴᠤᠭᠯᠠᠭᠤᠯᠬᠤ ᠲᠥᠷᠥ ᠶᠢᠨ ᠪᠣᠳᠣᠯᠭ᠎ᠠ ᠶᠢ ᠰᠤᠳᠤᠯᠬᠤ ᠶᠢᠨ ᠬᠠᠮᠲᠤ ᠨᠡᠶᠢᠭᠡᠮ ᠤᠨ ᠬᠢᠨ ᠬᠠᠨᠳᠢᠪᠯᠠᠬᠤ᠂ ᠡᠳ᠋ | ᠮᠥᠩᠭᠦ ᠪᠠᠷ ᠲᠤᠰᠠᠯᠠᠬᠤ᠂ ᠡᠮᠴᠢᠯᠡᠭᠡ ᠪᠠᠷ ᠳᠤᠰᠠᠠᠯᠠᠨ ᠳᠡᠮᠵᠢᠬᠦ ᠵᠡᠷᠭᠡ ᠪᠠᠯᠠ ᠴᠤᠭᠯᠠᠭᠤᠯᠬᠤ ᠠᠷᠭ᠎ᠠ ᠵᠠᠮ ᠢ | ᠥᠷᠭᠡᠳᠬᠡᠬᠦ ᠶᠢ ᠵᠣᠷᠢᠭᠵᠢᠭᠤᠯᠬᠤ ᠪᠠ ᠬᠥᠲᠥᠯᠥᠨ ᠵᠢᠯᠣᠭᠤᠳᠤᠨ᠎ᠠ᠃ ᠰᠠᠭᠤᠷᠢ ᠮᠥᠩᠭᠦ ᠶᠢᠨ ᠠᠵᠢᠯᠯᠠᠭᠠᠨ ᠤ | ᠬᠢᠨᠠᠯᠲᠠ ᠬᠠᠮᠢᠶᠠᠷᠤᠯᠲᠠ ᠶᠢ ᠦᠨᠡᠨ ᠬᠦ ᠴᠢᠩᠭᠠᠳᠬᠠᠵᠤ᠂ ᠥᠷᠲᠡᠭ ᠢ ᠪᠠᠲᠤᠯᠠᠵᠤ ᠥᠷᠲᠡᠭ ᠢ ᠨᠡᠮᠡᠭᠳᠡᠭᠦᠯᠬᠦ | ᠬᠠᠮᠢᠶᠠᠷᠤᠯᠲᠠ ᠶᠢ ᠴᠢᠩᠭᠠᠷᠠᠭᠤᠯᠵᠤ᠂ ᠰᠠᠭᠤᠷᠢ ᠮᠥᠩᠭᠦ ᠶᠢᠨ ︽ ᠴᠦᠬᠦᠷᠦᠮ︾ ᠤᠨ ᠲᠦᠭᠰᠢᠭᠦᠷᠢ ᠶᠢ ᠡᠰᠡᠷᠭᠦᠴᠡᠬᠦ | ᠴᠢᠳᠠᠪᠤᠷᠢ ᠶᠢ ᠴᠢᠩᠭᠠᠷᠠᠭᠤᠯᠵᠤ᠂ ᠰᠢᠰᠲ᠋ᠧᠮᠲᠦ ᠲᠦᠭᠰᠢᠭᠦᠷᠢ ᠥᠯᠥ ᠡᠭᠦᠰᠭᠡᠬᠦ ᠬᠤᠷᠢᠭ᠎ᠠ ᠱᠤᠭᠤᠮ ᠢ ᠡᠷᠡᠰ ᠰᠠᠬᠢᠨ᠎ᠠ | ᠃ | ᠰᠤᠷᠪᠤᠯᠵᠢᠯᠠᠭᠴᠢ᠄ ᠡᠮᠴᠢᠯᠡᠭᠡᠨ ᠤ ᠪᠠᠲᠤᠯᠠᠭ᠎ᠠ ᠶᠢᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ | ᠲᠣᠭᠤᠷᠢᠨ ᠳᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠤᠨ ᠬᠢᠨ ᠭᠤᠤᠯᠳᠠᠯᠭ᠎ᠠ ᠲᠠᠢ ᠶᠠᠮᠠᠷ | ᠠᠵᠢᠯ ᠬᠢᠭᠰᠡᠨ ᠪᠣᠶ︖ | ᠸᠠᠩ ᠵᠠᠨ ᠭᠦᠸᠧ᠄ ᠶᠠᠭᠤᠨ ᠤ ᠡᠮᠦᠨ᠎ᠡ ᠵᠠᠭᠤᠴᠢᠯᠠᠭᠤᠷ ᠤᠨ ᠨᠠᠶᠢᠵᠠ ᠨᠠᠷ ᠤᠨ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠦᠢᠯᠡᠰ ᠢ ᠬᠠᠯᠠᠮᠵᠢᠯᠠᠨ ᠳᠡᠮᠵᠢᠭᠰᠡᠨ ᠳᠤ ᠲᠠᠯᠠᠷᠬᠠᠵᠤ ᠪᠠᠶᠢᠨ᠎ᠠ︕ ᠡᠮᠴᠢᠯᠡᠭᠡᠨ ᠤ ᠪᠠᠲᠤᠯᠠᠭ᠎ᠠ ᠶᠢᠨ | ᠲᠦᠷᠢᠮ ᠤᠨ ᠥᠭᠡᠷᠡᠴᠢᠯᠡᠯᠲᠡ ᠪᠣᠯ ᠡᠮᠴᠢᠯᠡᠭᠡ᠂ ᠡᠮᠴᠢᠯᠡᠭᠡ ᠶᠢᠨ ᠳᠠᠭᠠᠳᠬᠠᠯ᠂ ᠡᠮ ᠡᠮᠨᠡᠯᠭᠡ ︽ᠭᠤᠷᠪᠠᠭᠤᠯᠠ | ᠬᠤᠯᠪᠤᠭᠠᠯᠠᠨ ᠬᠥᠳᠡᠯᠦᠯᠴᠡᠬᠦ︾ ᠥᠭᠡᠷᠡᠴᠢᠯᠡᠯᠲᠡ ᠶᠢᠨ ᠴᠢᠬᠤᠯᠠ ᠡᠭᠦᠷᠭᠡ ᠶᠢᠨ ᠨᠢᠭᠡ ᠪᠣᠯᠤᠨ᠎ᠠ᠃ ᠥᠪᠡᠷᠲᠡᠭᠡᠨ | ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠰᠲ᠋ᠧᠮ ᠤᠨ ᠬᠢᠨ ᠶᠡᠷᠦ ᠨᠢ ︽ᠭᠤᠷᠪᠠᠭᠤᠯᠠ | ᠬᠤᠯᠪᠤᠭᠠᠯᠠᠨ ᠬᠥᠳᠡᠯᠦᠯᠴᠡᠬᠦ︾ ᠶᠢ ᠪᠠᠷᠢᠮᠲᠠᠯᠠᠵᠤ᠂ ᠡᠮᠴᠢᠯᠡᠭᠡᠨ ᠤ ᠦᠢᠯᠡᠴᠢᠯᠡᠭᠡ ᠶᠢᠨ ᠬᠠᠩᠭᠠᠯᠭ᠎ᠠ ᠶᠢᠨ ᠲᠠᠯ᠎ᠠ ᠠᠴᠠ | ᠬᠦᠴᠦᠯᠡᠬᠦ ᠶᠢ ᠪᠠᠷᠢᠮᠲᠠᠯᠠᠵᠤ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ | ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠲᠥᠷᠥ ᠶᠢᠨ ᠶᠠᠪᠤᠳᠠᠯ ᠤᠨ ᠬᠤᠷᠢᠶᠠᠨ ᠤ ᠴᠢᠬᠤᠯᠠ ᠶᠡᠭᠡ | ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠠᠵᠢᠯ ᠢ ᠦᠨᠡᠨ ᠬᠦ ᠠᠳᠬᠤᠨ ᠪᠣᠳᠠᠲᠠᠶ | ᠠᠳᠬᠤᠵᠤ᠂ ᠢᠯᠡᠳᠲᠡ ᠦᠷ᠎ᠡ ᠪᠦᠲᠦᠮᠵᠢ ᠣᠯᠤᠭᠰᠠᠨ ᠭᠠᠵᠠᠷ ᠣᠷᠣᠨ ᠢ ᠤᠷᠮᠠᠰᠢᠭᠤᠯᠤᠨ ᠳᠡᠮᠵᠢᠬᠦ ᠠᠵᠢᠯ ᠤᠨ | ᠡᠷᠴᠢᠮ ᠢᠶᠠᠨ ᠴᠢᠩᠭᠠᠷᠠᠭᠤᠯᠵᠤ᠂ ᠮᠠᠨ ᠤ ᠣᠷᠣᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ | ᠶᠡᠷᠦᠩᠬᠡᠶᠢᠯᠡᠭᠰᠡᠨ ᠥᠭᠡᠷᠡᠴᠢᠯᠡᠯᠲᠡ ᠲᠠᠪᠤᠨ ᠵᠢᠯ ᠳᠠᠷᠠᠭᠠᠯᠠᠨ ᠮᠠᠭᠲᠠᠭᠠᠯ ᠵᠣᠷᠢᠭᠵᠢᠭᠤᠯᠤᠯ ᠭᠦᠷᠲᠡᠪᠡ᠃ ᠪᠣᠳᠠᠲᠠᠶ | ᠠᠵᠢᠯ ᠳᠤ᠂ ᠡᠮᠴᠢᠯᠡᠭᠡᠨ ᠤ ᠦᠢᠯᠡᠴᠢᠯᠡᠭᠡᠨ ᠤ ᠳᠣᠭᠲᠠᠯᠴᠠᠭ᠎ᠠ ᠶᠢ ᠦᠷᠭᠦᠯᠵᠢᠯᠡᠨ ᠪᠠᠬᠢᠵᠢᠭᠦᠯᠬᠦ ᠶᠢᠨ ᠬᠠᠮᠲᠤ | ᠳᠤᠤᠷᠠᠬᠢ ᠭᠤᠷᠪᠠᠨ ᠲᠠᠯ᠎ᠠ ᠶᠢᠨ ᠠᠵᠢᠯ ᠢ ᠭᠤᠤᠯᠳᠠᠯᠭ᠎ᠠ ᠲᠠᠢ ᠥᠷᠨᠢᠭᠦᠯᠪᠡ᠃ | ᠨᠢᠭᠡ᠂ ᠡᠷᠡᠭᠦᠯ ᠮᠡᠨᠳᠦ ᠶᠢᠨ ᠡᠭᠦᠳᠡ ᠰᠠᠬᠢᠭᠴᠢ ᠶᠢᠨ ᠲᠦᠷᠢᠮ ᠤᠨ ᠪᠠᠶᠢᠭᠤᠯᠤᠯᠲᠠ ᠶᠢ ᠠᠬᠢᠭᠤᠯᠵᠤ᠂ ᠣᠯᠠᠨ | ᠲᠦᠮᠡᠨ ᠣᠶᠢᠷ᠎ᠠ ᠬᠠᠪᠢ ᠳᠤ ᠪᠠᠨ ᠡᠪᠡᠳᠴᠢᠨ ᠦᠵᠡᠭᠦᠯᠬᠦ ᠶᠢ ᠪᠠᠲᠤᠯᠠᠪᠠ᠃ ᠬᠤᠲᠠ ᠬᠥᠳᠡᠭᠡ ᠶᠢᠨ ᠦᠨᠳᠦᠰᠦᠨ | ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠦᠯᠵᠢᠶ᠎ᠡ ᠶᠢ ᠲᠠᠰᠤᠷᠠᠯᠲᠠ ᠤᠢᠭᠡᠢ | ᠲᠡᠭᠦᠯᠳᠡᠷᠵᠢᠭᠦᠯᠦᠭᠰᠡᠨ ᠰᠠᠭᠤᠷᠢᠨ ᠳᠡᠭᠡᠷ᠎ᠡ᠂ ᠭᠡᠷ ᠪᠦᠯᠢ ᠶᠢᠨ ᠡᠮᠴᠢ ᠶᠢᠨ ᠭᠡᠷ᠎ᠡ ᠲᠣᠭᠲᠠᠨ ᠦᠢᠯᠡᠴᠢᠯᠡᠬᠦ ᠳᠦᠷᠢᠮ ᠢ | ᠭᠤᠣᠯᠳᠠᠯᠭ᠎ᠠ ᠲᠠᠢ ᠪᠠᠶᠢᠭᠤᠯᠵᠤ᠂ ᠣᠯᠠᠨ ᠲᠦᠮᠡᠨ ᠤ ᠡᠪᠡᠳᠴᠢᠨ ᠦᠵᠡᠭᠦᠯᠬᠦ᠂ ᠵᠠᠷᠤᠳᠠᠯ ᠥᠭᠬᠦ ᠡᠭᠦᠳᠡ ᠶᠢ ᠪᠠᠲᠤ | ᠰᠠᠬᠢᠪᠠ᠃ ᠡᠮᠴᠢᠯᠡᠭᠡᠨ ᠤ ᠬᠤᠯᠪᠣᠭᠠᠲᠤ ᠴᠣᠭᠴᠠ ᠶᠢ ᠪᠠᠶᠢᠭᠤᠯᠬᠤ ᠲᠤᠷᠰᠢᠯᠲᠠ ᠶᠢᠨ ᠴᠡᠭ ᠢ ᠶᠡᠭᠡ ᠪᠠᠷ ᠥᠷᠨᠢᠭᠦᠯᠵᠦ | ᠂ ᠲᠣᠮᠣ ᠡᠮᠨᠡᠯᠭᠡ ᠶᠢᠨ ᠬᠤᠷᠢᠶ᠎ᠠ ᠶᠢᠨ ᠡᠮᠴᠢ ᠭᠡᠷ ᠪᠦᠯᠢ ᠶᠢᠨ ᠡᠮᠴᠢ ᠶᠢᠨ ᠪᠦᠯᠬᠦᠮ ᠳᠤ ᠣᠷᠣᠯᠴᠠᠬᠤ ᠶᠢ | ᠵᠣᠷᠢᠭᠵᠢᠭᠤᠯᠤᠨ᠂ ᠭᠡᠷ᠎ᠡ ᠲᠣᠭᠲᠠᠨ ᠦᠢᠯᠡᠴᠢᠯᠡᠬᠦ ᠬᠢᠷᠢ ᠬᠡᠮ ᠢ ᠵᠢᠯ ᠳᠠᠷᠠᠭᠠᠯᠠᠨ ᠳᠡᠭᠡᠭᠰᠢᠯᠡᠭᠦᠯᠪᠡ᠃ 2020 | ᠣᠨ ᠤ ᠡᠴᠦᠰ ᠪᠣᠯᠲᠠᠯ᠎ᠠ᠂ ᠪᠥᠬᠦ ᠣᠷᠣᠨ ᠤ ᠶᠡᠷᠦᠩᠬᠡᠶ ᠰᠠᠯᠠᠭᠠᠨ ᠤ ᠡᠮᠴᠢ ᠶᠢᠨ ᠲᠤᠭ᠎ᠠ 7598᠂ ᠬᠡᠷ ᠪᠦᠯᠢ ᠶᠢᠨ | ᠡᠮᠴᠢ ᠶᠢᠨ ᠦᠢᠯᠡᠴᠢᠯᠡᠭᠡᠨ ᠤ ᠪᠦᠯᠬᠦᠮ ᠤᠨ ᠲᠤᠭ᠎ᠠ 9528᠂ ᠭᠡᠷ᠎ᠡ ᠲᠣᠭᠲᠠᠭᠰᠠᠨ ᠪᠥᠬᠦ ᠬᠥᠮᠦᠨ ᠤ ᠲᠤᠭ᠎ᠠ | 1905 . 6 ᠲᠦᠮᠡ ᠬᠦᠷᠴᠦ᠂ 2017 ᠣᠨ ᠤ 1056 . 59 ᠲᠦᠮᠡᠨ ᠬᠥᠮᠦᠨ ᠠᠴᠠ 849 . 01 | ᠲᠦᠮᠡ ᠨᠡᠮᠡᠭᠳᠡᠵᠦ᠂ ᠬᠡᠷ ᠪᠦᠯᠢ ᠶᠢᠨ ᠡᠮᠴᠢ ᠶᠢᠨ ᠭᠡᠷ᠎ᠡ ᠲᠣᠭᠲᠠᠭᠰᠠᠨ ᠦᠢᠯᠡᠴᠢᠯᠡᠭᠡᠨ ᠤ ᠪᠦᠷᠬᠦᠴᠡ ᠶᠢᠨ ᠨᠣᠷᠮ᠎ᠠ | 60 % ᠬᠦᠷᠴᠦ᠂ ᠭᠤᠤᠯᠳᠠᠯᠭ᠎ᠠ ᠲᠠᠢ ᠬᠥᠮᠦᠰ ᠤᠨ ᠬᠡᠷ ᠪᠦᠯᠢ ᠶᠢᠨ ᠡᠮᠴᠢ ᠶᠢᠨ ᠭᠡᠷ᠎ᠡ ᠲᠣᠭᠲᠠᠭᠰᠠᠨ | ᠦᠢᠯᠡᠴᠢᠯᠡᠭᠡᠨ ᠤ ᠪᠦᠷᠬᠦᠴᠡ ᠶᠢᠨ ᠨᠣᠷᠮ᠎ᠠ 75 % ᠠᠴᠠ ᠳᠡᠭᠡᠭᠰᠢ ᠪᠣᠯᠵᠤ᠂ ᠨᠠᠷᠢᠯᠢᠭ ᠣᠨᠣᠴᠠᠲᠠᠢ ᠶᠠᠳᠠᠭᠤ ᠶᠢ | ᠲᠡᠳᠬᠦᠬᠦ ᠬᠥᠮᠦᠰ ᠤᠨ ᠬᠡᠷ ᠪᠦᠯᠢ ᠶᠢᠨ ᠡᠮᠴᠢ ᠶᠢᠨ ᠭᠡᠷ᠎ᠡ ᠲᠣᠭᠲᠠᠭᠰᠠᠨ ᠦᠢᠯᠡᠴᠢᠯᠡᠭᠡᠨ ᠤ ᠪᠦᠷᠬᠦᠴᠡ ᠶᠢᠨ ᠨᠣᠷᠮ᠎ᠠ | 100 % ᠬᠦᠷᠴᠡᠶ᠃ ᠭᠡᠷ ᠪᠦᠯᠢ ᠶᠢᠨ ᠡᠮᠴᠢ ᠶᠢᠨ ᠭᠡᠷ᠎ᠡ ᠲᠣᠭᠲᠠᠨ ᠦᠢᠯᠡᠴᠢᠯᠡᠬᠦ ᠪᠠᠷ ᠳᠠᠮᠵᠢᠭᠤᠯᠤᠨ᠂ ᠣᠯᠠᠨ | ᠲᠦᠮᠡᠨ ᠡᠪᠡᠳᠴᠢᠯᠡᠭᠰᠡᠨ ᠤ ᠳᠠᠷᠠᠭ᠎ᠠ ᠳᠠᠷᠦ᠋ᠢᠬᠠᠨ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠳᠤ | ᠬᠦᠷᠴᠦ ᠡᠮᠨᠡᠭᠦᠯᠬᠦ ᠶᠢ ᠪᠡᠶᠡᠯᠡᠭᠦᠯᠪᠡ᠃ | ᠬᠤᠶᠠᠷ᠂ ᠣᠷᠣᠨ ᠪᠦᠰᠡ ᠶᠢᠨ ᠡᠮᠴᠢᠯᠡᠭᠡᠨ ᠤ ᠲᠥᠪ ᠪᠠ ᠭᠤᠤᠯᠳᠠᠯᠭ᠎ᠠ ᠲᠠᠢ ᠲᠤᠰᠬᠠᠶ ᠰᠠᠯᠠᠭᠠᠨ ᠤ | ᠪᠠᠶᠢᠭᠤᠯᠤᠯᠲᠠ ᠶᠢ ᠠᠬᠢᠭᠤᠯᠵᠤ᠂ ᠣᠯᠠᠨ ᠲᠦᠮᠡᠨ ᠤ ᠡᠪᠡᠳᠴᠢᠨ ᠦᠵᠡᠭᠦᠯᠬᠦ ᠴᠢᠨᠠᠷ ᠴᠢᠨᠰᠠᠭ᠎ᠠ ᠶᠢ ᠪᠠᠲᠤᠯᠠᠪᠠ᠃ | ᠥᠪᠡᠷᠲᠡᠭᠡᠨ ᠵᠠᠰᠠᠬᠤ ᠣᠷᠣᠨ ᠤ ᠱᠠᠲᠤᠨ ᠤ ᠣᠷᠣᠨ ᠪᠦᠰᠡ ᠶᠢᠨ ᠡᠮᠴᠢᠯᠡᠭᠡᠨ ᠤ ᠲᠥᠪ ᠢ ᠪᠠᠶᠢᠷᠢᠰᠢᠯᠠᠭᠤᠯᠵᠤ᠂ | ᠬᠤᠰᠢᠭᠤ ᠰᠢᠶᠠᠨ ᠤ ᠱᠠᠲᠤᠨ ᠤ ᠡᠮᠨᠡᠯᠭᠡ ᠶᠢᠨ ᠬᠤᠷᠢᠶ᠎ᠠ ᠶᠢᠨ ᠲᠤᠰᠬᠠᠶ ᠰᠠᠯᠠᠭᠠᠨ ᠤ ᠪᠦᠲᠦᠭᠡᠨ ᠪᠠᠶᠢᠭᠤᠯᠤᠯᠲᠠ ᠶᠢᠨ | ᠲᠥᠰᠦᠯ ᠢ ᠬᠡᠷᠡᠭᠵᠢᠭᠦᠯᠵᠦ᠂ ᠲᠠᠷᠢᠬᠢᠨ ᠰᠠ᠂ ᠴᠡᠭᠡᠵᠢ ᠡᠪᠡᠳᠬᠦ᠂ ᠰᠢᠷᠬᠠᠲᠤᠬᠤ᠂ ᠠᠶᠤᠯ ᠶᠡᠬᠡᠲᠡᠶ ᠵᠢᠷᠮᠦᠰᠦᠨ | ᠡᠮᠡᠭᠲᠡᠶ᠂ ᠠᠶᠤᠯ ᠶᠡᠬᠡᠲᠡᠶ ᠨᠢᠯᠬ᠎ᠠ ᠬᠡᠦᠬᠡᠳ ᠤᠨ ᠲᠠᠪᠤᠨ ᠶᠡᠭᠡ ᠲᠦᠷᠭᠡᠨ ᠠᠪᠤᠷᠠᠬᠤ ᠲᠥᠪ ᠤᠨ ᠪᠦᠲᠦᠭᠡᠨ | ᠪᠠᠶᠢᠭᠤᠯᠤᠯᠲᠠ ᠶᠢᠨ ᠠᠵᠢᠯ ᠢ ᠶᠡᠭᠡ ᠪᠠᠷ ᠠᠬᠢᠭᠤᠯᠵᠤ᠂ ᠨᠢᠭᠡ ᠪᠦᠯᠦᠭ ᠡᠮᠴᠢᠯᠡᠭᠡᠨ ᠤ ᠬᠦᠴᠢᠷ ᠮᠡᠷᠭᠡᠵᠢᠯ ᠢ ᠬᠡᠰᠡᠭ | ᠬᠤᠰᠢᠭᠤ ᠰᠢᠶᠠᠨ ᠤ ᠡᠮᠨᠡᠯᠭᠡ ᠶᠢᠨ ᠬᠤᠷᠢᠶᠠᠨ ᠤ ᠡᠮᠴᠢᠯᠡᠭᠡᠨ ᠳᠤ ᠬᠡᠷᠡᠭᠯᠡᠬᠦ᠂ ᠮᠡᠰᠡ ᠵᠠᠰᠠᠯ ᠬᠢᠬᠦ ᠮᠠᠰᠢᠨ ᠬᠥᠮᠦᠨ | ᠵᠡᠷᠭᠡ ᠰᠢᠨ᠎ᠡ ᠲᠥᠬᠦᠭᠡᠷᠦᠮᠵᠢ᠂ ᠰᠢᠨ᠎ᠡ ᠮᠡᠷᠭᠡᠵᠢᠯ ᠢ ᠭᠤᠷᠪᠠᠳᠤᠭᠠᠷ ᠳᠡᠰ ᠤᠨ ᠡᠮᠨᠡᠯᠭᠡ ᠶᠢᠨ ᠬᠤᠷᠢᠶ᠎ᠠ ᠳᠤ | ᠣᠷᠣᠭᠤᠯᠤᠨ ᠠᠪᠴᠢᠷᠠᠬᠤ ᠶᠢᠨ ᠬᠠᠮᠲᠤ ᠪᠣᠯᠪᠠᠰᠤᠷᠠᠩᠭᠤᠶ ᠬᠡᠷᠡᠭᠯᠡᠬᠦ ᠪᠣᠯᠭᠠᠵᠤ᠂ ᠡᠯ᠎ᠡ ᠱᠠᠲᠤᠨ ᠤ ᠶᠡᠷᠦᠩᠬᠡᠶᠢᠯᠡᠭᠰᠡᠨ | ᠡᠮᠨᠡᠯᠭᠡ ᠶᠢᠨ ᠬᠤᠷᠢᠶ᠎ᠠ ᠪᠣᠯᠤᠨ ᠲᠤᠰᠬᠠᠶ ᠰᠠᠯᠠᠭᠠᠨ ᠤ ᠡᠮᠨᠡᠯᠭᠡ ᠶᠢᠨ ᠬᠤᠷᠢᠶᠠᠨ ᠤ ᠴᠢᠳᠠᠮᠵᠢ ᠶᠢᠨ ᠪᠠᠶᠢᠷᠢ | ᠲᠣᠭᠲᠠᠭᠠᠯᠲᠠ ᠶᠢᠨ ᠪᠠᠷᠢᠮᠵᠢᠶ᠎ᠠ ᠶᠢᠨ ᠱᠠᠭᠠᠷᠳᠠᠯᠭ᠎ᠠ ᠳᠤ ᠬᠦᠷᠭᠡᠵᠦ᠂ ᠣᠯᠠᠨ ᠲᠥᠮᠡᠨ ᠬᠦᠨᠳᠦ ᠡᠪᠡᠳᠴᠢᠨ ᠣᠯᠵᠤ᠂ | ᠬᠦᠨᠳᠦ ᠡᠪᠡᠳᠴᠢᠲᠡᠨ ᠥᠪᠡᠷᠲᠡᠭᠡᠨ ᠵᠠᠰᠠᠬᠤ ᠣᠷᠣᠨ ᠤ ᠳᠣᠲᠣᠷ᠎ᠠ ᠦᠨᠳᠦᠰᠦᠨ ᠡᠮᠴᠢᠯᠡᠭᠡᠨ ᠤ ᠦᠢᠯᠡᠴᠢᠯᠡᠭᠡ | ᠬᠦᠷᠲᠡᠬᠦ ᠶᠢ ᠦᠨᠡᠨ ᠬᠦ ᠪᠠᠲᠤᠯᠠᠪᠠ᠃ 2019 ᠣᠨ ᠳᠤ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠳᠡᠰ ᠤᠨ | ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠡᠮᠨᠡᠯᠭᠡ ᠠᠴᠠ ᠭᠠᠷᠤᠭᠰᠠᠨ ᠡᠪᠡᠳᠴᠢᠲᠡᠨ ᠤ ᠮᠡᠰᠡ | ᠵᠠᠰᠠᠯ ᠬᠢᠭᠰᠡᠨ ᠬᠠᠷᠢᠴᠠᠯ 23 . 61 % ᠶᠢ ᠡᠵᠡᠯᠡᠵᠦ᠂ ᠸᠧᠢ ᠴᠤᠸᠠᠩ ᠮᠡᠰᠡ ᠵᠠᠰᠠᠯ ᠬᠢᠭᠰᠡᠨ ᠬᠠᠷᠢᠴᠠᠯ 25 . | 84 % ᠶᠢ ᠡᠵᠡᠯᠡᠵᠦ᠂ ᠳᠥᠷᠪᠡᠳᠦᠭᠡᠷ ᠳᠡᠰ ᠤᠨ ᠮᠡᠰᠡ ᠵᠠᠰᠠᠯ ᠬᠢᠭᠰᠡᠨ ᠬᠠᠷᠢᠴᠠᠯ 15 . 64 % ᠶᠢ ᠡᠵᠡᠯᠡᠵᠦ᠂ | ᠴᠥᠮ 2017 ᠣᠨ ᠤ ᠬᠢ ᠠᠴᠠ ᠳᠡᠭᠡᠭᠰᠢᠯᠡᠪᠡ᠃ ᠡᠮᠴᠢᠯᠡᠭᠡᠨ ᠤ ᠪᠠᠶᠢᠭᠤᠯᠤᠮᠵᠢ ᠶᠢᠨ ᠦᠢᠯᠡᠴᠢᠯᠡᠭᠡᠨ ᠤ ᠦᠷ᠎ᠡ | ᠪᠦᠲᠦᠮᠵᠢ ᠲᠠᠰᠤᠷᠠᠯᠲᠠ ᠥᠬᠡᠶ ᠳᠡᠭᠡᠭᠰᠢᠯᠡᠵᠦ᠂ ᠡᠳᠦᠷ ᠤᠨ ᠮᠡᠰᠡ ᠵᠠᠰᠠᠯ ᠬᠢᠭᠰᠡᠨ ᠬᠥᠮᠦᠨ ᠤ ᠲᠤᠭ᠎ᠠ 2017 | ᠣᠨ ᠳᠤ 6583 ᠪᠠᠶᠢᠭᠰᠠᠨ ᠠᠴᠠ 2019 ᠣᠨ ᠳᠤ 17697 ᠨᠡᠮᠡᠭᠳᠡᠨ᠂ ᠡᠳᠦᠷ ᠤᠨ ᠮᠡᠰᠡ ᠵᠠᠰᠠᠯ ᠤᠨ | ᠬᠤᠭᠤᠴᠠᠭ᠎ᠠ ᠰᠣᠩᠭᠤᠬᠤ ᠮᠡᠰᠡ ᠵᠠᠰᠠᠯ ᠳᠠᠬᠢ ᠡᠵᠡᠯᠡᠬᠦ ᠬᠠᠷᠢᠴᠠᠯ 6 . 20 % ᠳᠡᠭᠡᠭᠰᠢᠯᠡᠪᠡ᠃ ᠡᠮᠨᠡᠯᠭᠡ ᠶᠢᠨ | ᠬᠤᠷᠢᠶᠠᠨ ᠤ ᠡᠮᠨᠡᠯᠭᠡ ᠠᠴᠠ ᠭᠠᠷᠤᠭᠰᠠᠳ ᠤᠨ ᠳᠤᠮᠳᠠᠴᠢ ᠪᠠᠷ ᠡᠮᠨᠡᠯᠭᠡ ᠳᠤ ᠰᠠᠭᠤᠭᠰᠠᠨ ᠡᠳᠦᠷ 2015 ᠣᠨ ᠳᠤ | 10 . 1 ᠡᠳᠦᠷ ᠪᠠᠶᠢᠭᠰᠠᠨ ᠠᠴᠠ 2019 ᠣᠨ ᠳᠤ 9 . 3 ᠡᠳᠦᠷ ᠪᠠᠭᠠᠰᠴᠤ᠂ ᠭᠤᠷᠪᠠᠳᠤᠭᠠᠷ ᠳᠡᠰ ᠤᠨ | ᠡᠮᠨᠡᠯᠭᠡ ᠶᠢᠨ ᠬᠤᠷᠢᠶ᠎ᠠ 1 . 1 ᠡᠳᠦᠷ ᠪᠠᠭᠠᠰᠴᠤ᠂ ᠬᠤᠶᠠᠳᠤᠭᠠᠷ ᠳᠡᠰ ᠤᠨ ᠡᠮᠨᠡᠯᠭᠡ ᠶᠢᠨ ᠬᠤᠷᠢᠶ᠎ᠠ 0 . 9 ᠡᠳᠦᠷ | ᠪᠠᠭᠠᠰᠴᠤ᠂ ᠨᠢᠭᠡᠳᠦᠭᠡᠷ ᠳᠡᠰ ᠤᠨ ᠡᠮᠨᠡᠯᠭᠡ ᠶᠢᠨ ᠬᠤᠷᠢᠶ᠎ᠠ 0 . 5 ᠡᠳᠦᠷ ᠪᠠᠭᠠᠰᠴᠠᠶ᠃ | ᠭᠤᠷᠪᠠ᠂ ᠣᠨᠣᠰᠢᠯᠠᠨ ᠡᠮᠨᠡᠬᠦ ᠦᠢᠯᠡᠴᠢᠯᠡᠭᠡᠨ ᠤ ᠠᠵᠢᠯᠯᠠᠭ᠎ᠠ ᠶᠢ ᠦᠷᠭᠦᠯᠵᠢᠯᠡᠨ ᠵᠢᠷᠤᠮᠵᠢᠭᠤᠯᠵᠤ᠂ ᠣᠯᠠᠨ | ᠲᠦᠮᠡᠨ ᠤ ᠠᠮᠤᠷ ᠲᠦᠪᠰᠢᠨ ᠡᠪᠡᠳᠴᠢᠨ ᠢᠶᠠᠨ ᠡᠮᠨᠡᠭᠦᠯᠬᠦ ᠶᠢ ᠪᠠᠲᠤᠯᠠᠪᠠ᠃ ︽ᠡᠮᠨᠡᠯᠭᠡ ᠶᠢᠨ ᠬᠤᠷᠢᠶᠠᠨ ᠳᠤ | ᠵᠢᠷᠤᠮᠵᠢᠭᠤᠯᠤᠭᠰᠠᠨ ᠬᠠᠮᠢᠶᠠᠷᠤᠯᠲᠠ ᠶᠢ ᠴᠢᠩᠭᠠᠳᠬᠠᠵᠤ᠂ ᠡᠮᠨᠡᠯᠭᠡ ᠶᠢᠨ ᠬᠤᠷᠢᠶᠠᠨ ᠤ ᠭᠠᠳᠠᠨ᠎ᠠ ᠠᠵᠢᠯ ᠤᠨ ᠬᠢᠷᠢ | ᠪᠦᠲᠦᠮᠵᠢ ᠶᠢ ᠰᠢᠯᠭᠠᠨ ᠬᠢᠨᠠᠬᠤ ᠶᠢ ᠴᠢᠩᠭᠠᠷᠠᠭᠤᠯᠬᠤ︾ ᠰᠡᠳᠬᠢᠮᠵᠢ ᠶᠣᠰᠣᠭᠠᠷ ᠣᠨᠣᠰᠢᠯᠠᠨ ᠡᠮᠨᠡᠬᠦ | ᠦᠢᠯᠡᠴᠢᠯᠡᠭᠡᠨ ᠤ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠡᠮᠴᠢᠯᠡᠭᠡᠨ ᠤ ᠦᠢᠯᠡᠴᠢᠯᠡᠭᠡ ᠶᠢᠨ | ᠠᠵᠢᠯᠯᠠᠭ᠎ᠠ ᠶᠢ ᠵᠢᠷᠤᠮᠵᠢᠭᠤᠯᠪᠠ᠃ ᠨᠢᠭᠡ ᠳᠤ᠂ ᠡᠮᠴᠢᠯᠡᠭᠡᠨ ᠤ ᠠᠷᠭ᠎ᠠ ᠵᠠᠮ ᠤᠨ ᠬᠠᠮᠢᠶᠠᠷᠤᠯᠲᠠ ᠶᠢ ᠠᠬᠢᠭᠤᠯᠵᠤ᠂ | ᠡᠮᠨᠡᠯᠭᠡ ᠶᠢᠨ ᠬᠤᠷᠢᠶᠠᠨ ᠳᠠᠬᠢ ᠣᠨᠣᠰᠢᠯᠠᠨ ᠡᠮᠨᠡᠬᠦ ᠠᠵᠢᠯᠯᠠᠭ᠎ᠠ ᠶᠢ ᠵᠢᠷᠤᠮᠵᠢᠭᠤᠯᠪᠠ᠃ ᠥᠪᠡᠷᠲᠡᠭᠡᠨ ᠵᠠᠰᠠᠬᠤ | ᠣᠷᠣᠨ ᠠᠴᠠ ᠡᠮᠴᠢᠯᠡᠭᠡᠨ ᠤ ᠠᠷᠭ᠎ᠠ ᠵᠠᠮ ᠤᠨ ᠬᠠᠮᠢᠶᠠᠷᠤᠯᠲᠠ ᠶᠢ ᠬᠢᠨᠠᠨ ᠬᠡᠮᠵᠢᠬᠦ ᠲᠠᠪᠴᠠᠩ ᠢ ᠪᠠᠶᠢᠭᠤᠯᠵᠤ᠂ ᠡᠯ᠎ᠡ | ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠡᠮᠴᠢᠯᠡᠭᠡᠨ ᠤ ᠠᠷᠭ᠎ᠠ ᠵᠠᠮ ᠤᠨ ᠬᠠᠮᠢᠶᠠᠷᠤᠯᠲᠠ ᠶᠢ ᠬᠡᠷᠡᠭᠵᠢᠭᠦᠯᠬᠦ ᠶᠢ | ᠠᠬᠢᠭᠤᠯᠪᠠ᠃ ᠣᠳᠣᠬᠠᠨ ᠳᠤ᠂ ᠪᠦᠬᠦ ᠣᠷᠣᠨ ᠤ ᠡᠮᠴᠢᠯᠡᠭᠡᠨ ᠤ ᠠᠷᠭ᠎ᠠ ᠵᠠᠮ ᠢ ᠳᠤᠮᠳᠠᠴᠢ ᠪᠠᠷ 25 ᠲᠤᠰᠬᠠᠶ | ᠮᠡᠷᠭᠡᠵᠢᠯ᠂ 158 ᠡᠪᠡᠳᠴᠢᠨ ᠤ ᠲᠥᠷᠥᠯ ᠳᠤ ᠬᠦᠷᠭᠡᠪᠡ᠃ ᠬᠤᠶᠠᠳᠤᠭᠠᠷ ᠳᠡᠰ ᠤᠨ ᠠᠯᠪᠠᠨ ᠠᠴᠠ | ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ 95 %᠂ ᠭᠤᠷᠪᠠᠳᠤᠭᠠᠷ ᠳᠡᠰ ᠤᠨ ᠠᠯᠪᠠᠨ ᠠᠴᠠ ᠪᠠᠶᠢᠭᠤᠯᠤᠭᠰᠠᠨ | ᠡᠮᠨᠡᠯᠭᠡ ᠶᠢᠨ ᠬᠤᠷᠢᠶᠠᠨ ᠤ 61 % ᠶᠢᠨ ᠡᠪᠡᠳᠴᠢᠲᠡᠨ ᠡᠮᠨᠡᠯᠭᠡ ᠠᠴᠠ ᠭᠠᠷᠬᠤ ᠶᠢ ᠡᠮᠴᠢᠯᠡᠭᠡᠨ ᠤ ᠠᠷᠭ᠎ᠠ ᠵᠠᠮ ᠢᠶᠠᠷ | ᠬᠠᠮᠢᠶᠠᠷᠪᠠ᠃ ᠬᠤᠶᠠᠷ ᠲᠤ᠂ ᠡᠮ ᠤᠨ ᠵᠦᠢᠯ ᠢ ᠵᠣᠬᠢᠰᠲᠠᠢ ᠬᠡᠷᠡᠭᠯᠡᠬᠦ ᠶᠢ ᠴᠢᠩᠭᠠᠳᠬᠠᠵᠤ᠂ ᠡᠮᠨᠡᠯᠭᠡ ᠶᠢᠨ | ᠬᠤᠷᠢᠶᠠᠨ ᠤ ᠡᠮ ᠬᠡᠷᠡᠭᠯᠡᠬᠦ ᠠᠵᠢᠯᠯᠠᠭ᠎ᠠ ᠶᠢ ᠵᠢᠷᠤᠮᠵᠢᠭᠤᠯᠪᠠ᠃ ᠡᠮ ᠤᠨ ᠵᠦᠢᠯ ᠤᠨ ᠬᠡᠷᠡᠭᠯᠡᠯᠲᠡ ᠶᠢ ᠬᠢᠨᠠᠨ ᠬᠡᠮᠵᠢᠬᠦ | ᠪᠠ ᠡᠮᠴᠢᠯᠡᠭᠡᠨ ᠤ ᠶᠡᠷᠦᠩᠬᠡᠶᠢᠯᠡᠭᠰᠡᠨ ᠦᠨᠡᠯᠡᠯᠲᠡ ᠬᠢᠬᠦ ᠶᠢ ᠥᠷᠨᠢᠭᠦᠯᠵᠦ᠂ ᠡᠮᠴᠢ ᠡᠮᠴᠢᠯᠡᠭᠡᠨ ᠳᠤ ᠡᠮ ᠢ ᠵᠦᠶ | ᠵᠣᠬᠢᠰᠲᠠᠶ ᠬᠡᠷᠡᠭᠯᠡᠬᠦ ᠬᠢᠷᠢ ᠲᠦᠪᠰᠢᠨ ᠶᠢ ᠳᠡᠭᠡᠭᠰᠢᠯᠡᠭᠦᠯᠦᠨ᠂ ᠡᠮ ᠨᠠᠶᠢᠷᠠᠭᠴᠢ ᠪᠤᠶᠤ ᠡᠮ ᠤᠨ ᠰᠣᠳᠤᠯᠭᠠᠨ ᠤ | ᠪᠤᠰᠤᠳ ᠮᠡᠷᠭᠡᠵᠢᠯ ᠤᠨ ᠠᠵᠢᠯᠲᠠᠨ ᠤ ᠵᠣᠷ ᠢ ᠬᠢᠨᠠᠨ ᠪᠠᠶᠢᠴᠠᠭᠠᠬᠤ ᠶᠢ ᠴᠢᠩᠭᠠᠷᠠᠭᠤᠯᠵᠤ᠂ ᠰᠣᠩᠭᠤᠭᠳᠠᠭᠰᠠᠨ | ᠡᠮ ᠤᠨ ᠵᠦᠢᠯ ᠢ ᠤᠷᠢᠳ ᠢᠶᠠᠷ ᠬᠡᠷᠡᠭᠯᠡᠵᠦ᠂ ᠡᠮ ᠢ ᠵᠦᠶ ᠵᠣᠬᠢᠰᠲᠠᠶ ᠬᠡᠷᠡᠭᠯᠡᠬᠦ ᠬᠠᠮᠢᠶᠠᠷᠤᠯᠲᠠ ᠪᠠ ᠠᠵᠢᠯ ᠤᠨ ᠬᠢᠷᠢ | ᠪᠦᠲᠦᠮᠵᠢ ᠶᠢ ᠰᠢᠯᠭᠠᠨ ᠬᠢᠨᠠᠬᠤ ᠶᠢ ᠴᠢᠩᠭᠠᠳᠬᠠᠪᠠ᠃ ᠭᠤᠷᠪᠠ ᠳᠤ᠂ ᠬᠢᠷᠢ ᠪᠦᠲᠦᠮᠵᠢ ᠶᠢᠨ ᠬᠠᠮᠢᠶᠠᠷᠤᠯᠲᠠ ᠪᠣᠯᠤᠨ | ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠪᠠ᠃ ᠥᠪᠡᠷᠲᠡᠭᠡᠨ ᠵᠠᠰᠠᠬᠤ ᠣᠷᠣᠨ ᠠᠴᠠ ᠭᠤᠷᠪᠠᠳᠤᠭᠠᠷ | ᠳᠡᠰ ᠤᠨ ᠪᠠ ᠬᠤᠶᠠᠳᠤᠭᠠᠷ ᠳᠡᠰ ᠤᠨ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠠᠵᠢᠯ ᠤᠨ | ᠬᠢᠷᠢ ᠪᠦᠲᠦᠮᠵᠢ ᠶᠢ ᠰᠢᠯᠭᠠᠨ ᠬᠢᠨᠠᠬᠤ ᠶᠢ ᠡᠬᠢᠯᠡᠭᠦᠯᠵᠦ᠂ ᠠᠵᠢᠯ ᠤᠨ ᠬᠢᠷᠢ ᠪᠦᠲᠦᠮᠵᠢ ᠶᠢ ᠰᠢᠯᠭᠠᠨ ᠬᠢᠨᠠᠬᠤ ᠶᠢ | ᠵᠢᠯᠣᠭᠤᠳᠬᠤ ᠲᠣᠬᠢᠭᠤᠷ ᠤᠨ ᠦᠢᠯᠡᠳᠦᠯ ᠢ ᠪᠠᠳᠠᠷᠠᠭᠤᠯᠵᠤ᠂ ᠡᠮᠨᠡᠯᠭᠡ ᠶᠢᠨ ᠬᠤᠷᠢᠶ᠎ᠠ ᠶᠢ ᠬᠥᠲᠥᠯᠥᠨ ᠵᠢᠯᠣᠭᠤᠳᠴᠤ | ᠴᠢᠳᠠᠮᠵᠢ ᠶᠢᠨ ᠪᠠᠶᠢᠷᠢ ᠲᠣᠭᠲᠠᠭᠠᠯᠲᠠ ᠶᠣᠰᠣᠭᠠᠷ ᠵᠢᠷᠤᠮᠵᠢᠭᠰᠠᠨ ᠣᠨᠣᠰᠢᠯᠠᠨ ᠡᠮᠨᠡᠬᠦ ᠦᠢᠯᠡᠴᠢᠯᠡᠭᠡ ᠶᠢ ᠬᠠᠩᠭᠠᠪᠠ᠃ | ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠬᠤᠶᠠᠷ ᠵᠢᠯ ᠳᠠᠷᠠᠭᠠᠯᠠᠨ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠦᠢᠯᠡᠴᠢᠯᠡᠭᠡ ᠬᠢᠭᠡᠳ ᠶᠠᠰᠤ ᠴᠢᠨᠠᠷ ᠤᠨ | ᠠᠮᠤᠷ ᠲᠦᠪᠰᠢᠨ ᠤ ᠮᠡᠳᠡᠭᠦᠯᠦᠯᠲᠡ︾ ᠶᠢ ᠨᠡᠶᠢᠲᠡᠯᠡᠵᠦ᠂ ᠡᠯ᠎ᠡ ᠱᠠᠲᠤᠨ ᠤ ᠡᠯ᠎ᠡ ᠲᠥᠷᠥᠯ ᠤᠨ ᠡᠮᠨᠡᠯᠭᠡ ᠶᠢᠨ | ᠬᠤᠷᠢᠶ᠎ᠠ ᠶᠢᠨ ᠶᠠᠰᠤ ᠴᠢᠨᠠᠷ ᠢᠶᠠᠨ ᠦᠷᠭᠦᠯᠵᠢᠯᠡᠨ ᠰᠠᠶᠢᠵᠢᠷᠠᠭᠤᠯᠬᠤ ᠶᠢ ᠬᠥᠲᠥᠯᠥᠨ ᠵᠢᠯᠣᠭᠤᠳᠴᠤ᠂ ᠡᠯ᠎ᠡ ᠱᠠᠲᠤᠨ ᠤ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠠᠮᠢᠶᠠᠷᠤᠯᠲᠠ ᠶᠢᠨ ᠠᠵᠢᠯ ᠢᠶᠠᠨ | ᠰᠠᠶᠢᠵᠢᠷᠠᠭᠤᠯᠬᠤ ᠶᠢ ᠵᠢᠭᠠᠨ ᠵᠢᠯᠣᠭᠤᠳᠪᠠ᠃ | ᠳᠠᠷᠠᠭ᠎ᠠ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠦᠷᠢᠮ ᠤᠨ | ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠦᠯ ᠤᠨ ᠲᠣᠬᠢᠷᠠᠭᠤᠯᠤᠯᠲᠠ ᠶᠣᠰᠣᠭᠠᠷ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠰᠠᠯᠠᠭ᠎ᠠ ᠮᠥᠴᠢᠷ ᠤᠨ ᠬᠢᠨ ᠡᠮᠴᠢᠯᠡᠭᠡᠨ ᠤ ᠦᠢᠯᠡᠴᠢᠯᠡᠭᠡ ᠶᠢᠨ ᠪᠣᠯᠤᠮᠵᠢᠲᠤ ᠴᠢᠨᠠᠷ ᠢ ᠴᠢᠩᠭᠠᠳᠬᠠᠬᠤ᠂ | ᠡᠮᠴᠢᠯᠡᠭᠡᠨ ᠤ ᠦᠢᠯᠡᠴᠢᠯᠡᠭᠡ ᠶᠢᠨ ᠴᠢᠳᠠᠪᠤᠷᠢ ᠶᠢ ᠳᠡᠭᠡᠭᠰᠢᠯᠡᠭᠦᠯᠬᠦ ᠡᠭᠦᠷᠭᠡ ᠶᠢᠨ ᠲᠣᠭᠤᠷᠢᠨ ᠳᠤ ᠠᠯᠪᠠᠨ ᠠᠴᠠ | ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠤᠯᠠᠮ ᠨᠢᠭᠡ ᠠᠯᠬᠤᠮ | ᠭᠦᠨᠵᠡᠭᠡᠶᠢᠷᠡᠭᠦᠯᠵᠦ᠂ ᠶᠡᠷᠦᠩᠬᠡᠶ ᠰᠠᠯᠠᠭ᠎ᠠ ᠪᠠ ᠲᠤᠰᠬᠠᠶ ᠰᠠᠯᠠᠭᠠᠨ ᠤ ᠠᠵᠢᠯ ᠬᠤᠪᠢᠶᠠᠷᠢᠯᠠᠨ ᠬᠠᠮᠲᠤᠷᠠᠯᠴᠠᠬᠤ | ᠲᠣᠭᠲᠠᠴᠠ ᠶᠢ ᠲᠡᠭᠦᠯᠳᠡᠷᠵᠢᠭᠦᠯᠵᠦ᠂ ᠡᠮᠴᠢᠯᠡᠭᠡᠨ ᠤ ᠪᠠᠶᠢᠭᠤᠯᠤᠮᠵᠢ ᠶᠢᠨ ᠠᠵᠢᠯ ᠤᠨ ᠬᠢᠷᠢ ᠪᠦᠲᠦᠮᠵᠢ ᠶᠢᠨ | ᠬᠠᠮᠢᠶᠠᠷᠤᠯᠲᠠ ᠶᠢᠨ ᠬᠢᠷᠢ ᠳᠦᠪᠰᠢᠨ ᠢ ᠳᠡᠭᠡᠭᠰᠢᠯᠡᠭᠦᠯᠵᠦ᠂ ᠡᠮᠴᠢᠯᠡᠭᠡᠨ ᠤ ᠪᠠᠲᠤᠯᠠᠭ᠎ᠠ ᠶᠢᠨ ᠲᠦᠷᠢᠮ ᠤᠨ | ᠥᠭᠡᠷᠡᠴᠢᠯᠡᠯᠲᠡ ᠳᠤ ᠪᠠᠲᠤ ᠴᠢᠩᠭ᠎ᠠ ᠲᠤᠯᠭᠠᠭᠤᠷᠢᠯᠠᠯ ᠢ ᠬᠠᠩᠭᠠᠨ᠎ᠠ᠃ | ᠰᠤᠷᠪᠤᠯᠵᠢᠯᠠᠭᠴᠢ᠄ ᠣᠶᠢᠯᠠᠭᠠᠭᠰᠠᠨ ᠢᠶᠠᠷ᠂ ᠣᠶᠢᠷ᠎ᠠ ᠶᠢᠨ ᠬᠡᠳᠦᠨ ᠵᠢᠯ ᠳᠤ ᠠᠮᠢ ᠠᠪᠤᠷᠬᠠᠤ ᠪᠠ ᠪᠠᠴᠢᠮ | ᠪᠠᠶᠢᠳᠠᠯ ᠠᠴᠠ ᠠᠪᠤᠷᠬᠠᠤ ᠮᠠᠰᠢ ᠣᠯᠠᠨ ᠰᠠᠶᠢᠨ ᠡᠮ ᠢ ᠬᠡᠯᠡᠯᠴᠡᠭᠡ ᠬᠢᠬᠦ ᠪᠠᠷ ᠳᠠᠮᠵᠢᠭᠤᠯᠤᠨ ᠦᠨ᠎ᠡ ᠶᠢ ᠨᠢ | ᠪᠠᠭᠤᠷᠠᠭᠤᠯᠵᠤ᠂ ᠡᠮᠴᠢᠯᠡᠭᠡᠨ ᠤ ᠪᠠᠲᠤᠯᠠᠭ᠎ᠠ ᠶᠢᠨ ᠲᠣᠭᠠᠴᠠᠭ᠎ᠠ ᠬᠢᠬᠦ ᠬᠡᠪᠴᠢᠶᠡᠨ ᠳᠤ ᠣᠷᠣᠭᠤᠯᠪᠠ᠂ ᠲᠡᠭᠡᠪᠡᠯ | ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠤᠨ ᠬᠢᠨ ᠬᠡᠯᠡᠯᠴᠡᠭᠡ ᠬᠢᠭᠰᠡᠨ ᠡᠮ ᠢ ᠨᠠᠶᠢᠳᠠᠪᠤᠷᠢᠵᠢᠭᠤᠯᠬᠤ᠂ | ᠡᠪᠡᠳᠴᠢᠲᠡᠨ ᠤ ᠬᠡᠷᠡᠭᠯᠡᠬᠦ ᠳᠤ ᠲᠥᠬᠦᠮ ᠦᠵᠡᠭᠦᠯᠬᠦ ᠲᠠᠯ᠎ᠠ ᠪᠠᠷ ᠶᠠᠮᠠᠷ ᠠᠵᠢᠯ ᠬᠢᠭᠰᠡᠨ ᠪᠣᠶ︖ ᠳᠠᠷᠠᠭ᠎ᠠ | ᠠᠯᠬᠤᠮ ᠤᠨ ᠠᠵᠢᠯ ᠶᠢᠨ ᠲᠥᠯᠥᠪᠯᠡᠭᠡ ᠶᠠᠭᠤ ᠪᠣᠢ︖ | ᠶᠢᠨ ᠮᠠᠨ ᠢ᠄ ᠣᠶᠢᠷ᠎ᠠ ᠶᠢᠨ ᠬᠡᠳᠦᠨ ᠵᠢᠯ᠂ ᠤᠯᠤᠰ ᠠᠴᠠ ᠡᠮ ᠤᠨ ᠵᠦᠢᠯ ᠤᠨ ᠬᠡᠯᠡᠯᠴᠡᠭᠡ ᠬᠢᠬᠦ | ᠲᠣᠭᠲᠠᠴᠠ ᠪᠠᠷ ᠳᠠᠮᠵᠢᠭᠤᠯᠤᠨ᠂ ᠬᠦᠨᠳᠦ ᠣᠨᠴᠠ ᠶᠡᠭᠡ ᠡᠪᠡᠳᠴᠢᠨ ᠡᠮᠭᠡᠭ ᠢ ᠡᠮᠨᠡᠨ ᠵᠠᠰᠠᠬᠤ ᠬᠡᠰᠡᠭ ᠡᠮ ᠤᠨ | ᠵᠦᠢᠯ ᠢ ᠡᠮᠴᠢᠯᠡᠭᠡᠨ ᠤ ᠪᠠᠲᠤᠯᠠᠭ᠎ᠠ ᠶᠢᠨ ᠭᠠᠷᠴᠠᠭ ᠲᠤ ᠣᠷᠣᠭᠤᠯᠵᠤ᠂ ᠡᠮ ᠤᠨ ᠵᠦᠢᠯ ᠤᠨ ᠦᠨ᠎ᠡ ᠬᠠᠩᠰᠢ ᠶᠢ | ᠬᠡᠯᠡᠯᠴᠡᠭᠡ ᠬᠢᠬᠦ ᠠᠴᠠ ᠡᠮᠦᠨᠡᠬᠢ ᠲᠠᠢ ᠬᠠᠷᠢᠴᠠᠭᠤᠯᠪᠠᠯ ᠶᠡᠭᠡ ᠪᠠᠷ ᠪᠠᠭᠤᠷᠠᠭᠤᠯᠪᠠ᠃ ᠢᠯᠠᠩᠭᠤᠶ᠎ᠠ ᠡᠨᠡ ᠵᠢᠯ | ᠰᠢᠨ᠎ᠡ ᠪᠠᠷ ᠨᠡᠮᠡᠭᠳᠡᠭᠰᠡᠨ 119 ᠵᠦᠢᠯ ᠤᠨ ᠤᠯᠤᠰ ᠤᠨ ᠬᠡᠯᠡᠯᠴᠡᠭᠡ ᠬᠢᠭᠰᠡᠨ ᠡᠮ ᠤᠨ ᠵᠦᠢᠯ ᠤᠨ ᠦᠨ᠎ᠡ ᠶᠢᠨ | ᠳᠤᠮᠳᠠᠴᠢ ᠪᠠᠭᠤᠷᠠᠯᠲᠠ ᠶᠢᠨ ᠬᠡᠮᠵᠢᠶ᠎ᠡ 50 . 64 % ᠳᠤ ᠬᠦᠷᠴᠦ᠂ ᠡᠪᠡᠳᠴᠢᠲᠡᠨ ᠤ ᠵᠠᠷᠤᠳᠠᠯ ᠤᠨ | ᠳᠠᠷᠤᠭᠠᠰᠤ ᠶᠢ ᠦᠨᠡᠨ ᠬᠦ ᠬᠥᠩᠭᠡᠷᠡᠭᠦᠯᠪᠡ᠃ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ | ᠲᠣᠪᠴᠢᠶ᠎ᠠ ᠢᠳᠡᠪᠬᠢᠲᠡᠶ ᠠᠷᠭ᠎ᠠ ᠬᠡᠮᠵᠢᠶ᠎ᠡ ᠠᠪᠴᠤ ᠤᠯᠤᠰ ᠤᠨ ᠬᠡᠯᠡᠯᠴᠡᠭᠡ ᠬᠢᠭᠰᠡᠨ ᠡᠮ ᠤᠨ ᠵᠦᠢᠯ ᠢ ᠮᠠᠨ ᠤ | ᠣᠷᠣᠨ ᠳᠤ ᠪᠣᠳᠠᠲᠠᠶᠢᠵᠢᠭᠤᠯᠤᠨ ᠬᠡᠷᠡᠭᠵᠢᠭᠦᠯᠬᠦ ᠶᠢ ᠠᠬᠢᠭᠤᠯᠪᠠ᠃ ᠨᠢᠭᠡ ᠳᠤ᠂ ᠤᠯᠤᠰ ᠤᠨ ᠬᠡᠯᠡᠯᠴᠡᠭᠡ ᠬᠢᠭᠰᠡᠨ | ᠡᠮ ᠤᠨ ᠵᠦᠢᠯ ᠢ ᠮᠠᠨ ᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠲᠣᠭᠠᠴᠠᠭ᠎ᠠ ᠬᠢᠬᠦ | ᠬᠡᠪᠴᠢᠶᠡᠨ ᠳᠤ ᠳᠠᠷᠤᠶᠢᠬᠠᠨ ᠣᠷᠣᠭᠤᠯᠵᠤ᠂ ᠬᠡᠯᠡᠯᠴᠡᠭᠡ ᠬᠢᠭᠰᠡᠨ ᠡᠮ ᠤᠨ ᠵᠦᠢᠯ ᠢ ᠰᠦᠯᠵᠢᠶᠡᠨ ᠳᠤ ᠡᠯᠭᠦᠬᠦ᠂ | ᠬᠤᠳᠠᠯᠳᠤᠨ ᠠᠪᠬᠤ᠂ ᠳ᠋ᠦᠩᠨᠡᠨ ᠪᠤᠳᠤᠬᠤ ᠵᠡᠷᠭᠡ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ | ᠡᠮ ᠤᠨ ᠵᠦᠢᠯ ᠢ ᠬᠡᠷᠡᠭᠯᠡᠵᠦ ᠪᠠᠶᠢᠭ᠎ᠠ ᠪᠠᠶᠢᠳᠠᠯ ᠢ ᠦᠷᠭᠦᠯᠵᠢᠯᠡᠨ ᠬᠢᠨᠠᠨ ᠬᠡᠮᠵᠢᠵᠦ᠂ ᠲᠣᠭᠲᠠᠮᠠᠯ | ᠬᠤᠭᠤᠴᠠᠭ᠎ᠠ ᠲᠠᠢ ᠪᠠᠷ ᠳᠣᠭᠢᠷᠠᠭᠤᠯᠬᠤ᠂ ᠲᠤᠰᠬᠠᠶ ᠵᠦᠢᠯ ᠢᠶᠠᠷ ᠪᠣᠯᠵᠣᠨ ᠶᠠᠷᠢᠯᠴᠠᠬᠤ᠂ ᠰᠢᠪᠠᠳᠠᠭᠤᠯᠤᠨ | ᠪᠠᠶᠢᠴᠠᠭᠠᠵᠤ ᠰᠢᠪᠠᠳᠠᠭᠤᠯᠤᠨ ᠭᠦᠢᠴᠡᠳᠭᠡᠬᠦ ᠵᠡᠷᠭᠡ ᠠᠷᠭ᠎ᠠ ᠪᠠᠷᠢᠯ ᠢᠶᠠᠷ ᠳᠠᠮᠵᠢᠭᠤᠯᠤᠨ ᠬᠡᠯᠡᠯᠴᠡᠭᠡ ᠬᠢᠭᠰᠡᠨ ᠡᠮ ᠤᠨ | ᠵᠦᠢᠯ ᠤᠨ ᠬᠠᠩᠭᠠᠯᠭ᠎ᠠ ᠶᠢ ᠦᠨᠡᠨ ᠬᠦ ᠪᠠᠲᠤᠯᠠᠪᠠ᠃ ᠳᠡᠭᠡᠷ᠎ᠡ ᠬᠠᠭᠠᠰ ᠵᠢᠯ ᠳᠤ᠂ ᠤᠯᠤᠰ ᠤᠨ ᠬᠡᠯᠡᠯᠴᠡᠭᠡ ᠬᠢᠭᠰᠡᠨ | ᠡᠮ ᠤᠨ ᠵᠦᠢᠯ 36 . 31 ᠲᠦᠮᠡᠨ ᠬᠥᠮᠦᠨ ᠤᠳᠠᠭ᠎ᠠ ᠠᠰᠢᠭ ᠬᠦᠷᠲᠡᠭᠡᠵᠦ᠂ ᠬᠤᠯᠪᠣᠭᠳᠠᠭᠰᠠᠨ ᠡᠮ ᠤᠨ | ᠵᠦᠢᠯ ᠤᠨ ᠵᠠᠷᠤᠳᠠᠯ 5 . 24 ᠳ᠋ᠦᠩᠰᠢᠭᠤᠷ ᠲᠥᠭᠦᠷᠢᠭ ᠲᠤ ᠬᠦᠷᠴᠦ᠂ ᠡᠮᠴᠢᠯᠡᠭᠡᠨ ᠤ ᠪᠠᠲᠤᠯᠠᠭ᠎ᠠ ᠠᠴᠠ 3 . | 85 ᠳ᠋ᠦᠩᠰᠢᠭᠤᠷ ᠲᠥᠭᠦᠷᠢᠭ ᠳᠥᠯᠥᠪᠡ᠃ ᠬᠤᠶᠠᠷ ᠲᠤ᠂ ᠬᠡᠯᠡᠯᠴᠡᠭᠡ ᠬᠢᠭᠰᠡᠨ ᠡᠮ ᠤᠨ ᠵᠦᠢᠯ ᠤᠨ ᠡᠭᠦᠳᠡᠨ | ᠡᠮᠨᠡᠯᠭᠡ ᠶᠢᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠪᠡ᠃ ᠰᠢᠬᠢᠷ ᠰᠢᠵᠢᠩ ᠡᠪᠡᠳᠴᠢᠨ᠂ | ᠴᠢᠰᠤᠨ ᠳᠠᠷᠤᠯᠲᠠ ᠥᠨᠳᠥᠷ ᠡᠪᠡᠳᠴᠢᠨ᠂ ᠬᠤᠤᠷᠲᠤ ᠬᠠᠪᠤᠳᠠᠷ᠂ ᠴᠢᠰᠤ ᠴᠠᠶᠢᠬᠤ ᠡᠪᠡᠳᠴᠢᠨ ᠵᠡᠷᠭᠡ | ᠡᠪᠡᠳᠴᠢᠨ ᠳᠤ ᠬᠤᠯᠪᠣᠭᠳᠠᠬᠤ ᠬᠡᠯᠡᠯᠴᠡᠭᠡ ᠬᠢᠭᠰᠡᠨ ᠡᠮ ᠤᠨ ᠵᠦᠢᠯ ᠢ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠤ | ᠡᠪᠡᠳᠴᠢᠨ ᠤ ᠬᠠᠮᠢᠶᠠᠷᠤᠯᠲᠠ ᠳᠤ ᠣᠷᠣᠭᠤᠯᠪᠠ᠃ ᠡᠭᠦᠨ ᠤ ᠬᠠᠮᠲᠤ᠂ ᠡᠭᠦᠳᠡᠨ ᠡᠮᠨᠡᠯᠭᠡ ᠳᠤ ᠣᠨᠴᠠᠭᠠᠶ ᠡᠮ | ᠬᠡᠷᠡᠭᠯᠡᠬᠦ ᠬᠠᠮᠢᠶᠠᠷᠤᠯᠲᠠ ᠶᠢᠨ ᠲᠦᠷᠢᠮ ᠢ ᠪᠠᠶᠢᠭᠤᠯᠵᠤ᠂ ᠬᠦᠨᠳᠦ ᠣᠨᠴᠠ ᠶᠡᠭᠡ ᠡᠪᠡᠳᠴᠢᠨ ᠵᠢᠴᠢ ᠬᠤᠪᠣᠷ | ᠲᠣᠬᠢᠶᠠᠯᠳᠤᠬᠤ ᠡᠪᠡᠳᠴᠢᠨ ᠵᠡᠷᠭᠡ ᠡᠮᠴᠢᠯᠡᠭᠡᠨ ᠳᠤ ᠵᠠᠪᠠᠯ ᠱᠠᠭᠠᠷᠳᠠᠭᠳᠠᠬᠤ᠂ ᠡᠮᠴᠢᠯᠡᠭᠡᠨ ᠤ ᠠᠴᠢ ᠲᠤᠰᠠ ᠨᠢ | ᠣᠨᠣᠪᠴᠢᠲᠠᠶ᠂ ᠡᠮᠨᠡᠨ ᠵᠠᠰᠠᠬᠤ ᠦᠶᠡᠯᠡᠯ ᠨᠢ ᠣᠷᠳᠣ᠂ ᠡᠭᠦᠳᠡᠨ ᠡᠮᠨᠡᠯᠭᠡ ᠪᠤᠶᠤ ᠡᠮ ᠤᠨ ᠳᠡᠯᠭᠡᠭᠦᠷ ᠤᠨ | ᠬᠠᠩᠭᠠᠯᠭ᠎ᠠ ᠪᠠᠲᠤᠯᠠᠭ᠎ᠠ ᠳᠤ ᠳᠣᠭᠢᠷᠠᠬᠤ 51 ᠵᠦᠢᠯ ᠤᠨ ᠡᠮ ᠢ ᠡᠭᠦᠳᠡᠨ ᠡᠮᠨᠡᠯᠭᠡ ᠶᠢᠨ ᠣᠨᠴᠠᠭᠠᠶ ᠡᠮ ᠬᠡᠷᠡᠭᠯᠡᠬᠦ | ᠬᠠᠮᠢᠶᠠᠷᠤᠯᠲᠠ ᠳᠤ ᠣᠷᠣᠭᠤᠯᠪᠠ᠃ ᠭᠤᠷᠪᠠ ᠳᠤ᠂ ᠬᠡᠯᠡᠯᠴᠡᠭᠡ ᠬᠢᠭᠰᠡᠨ ᠡᠮ ᠤᠨ ᠵᠦᠢᠯ ᠤᠨ ︽ᠬᠤᠤᠰ ᠨᠡᠪᠲᠡᠷᠡᠬᠦ | ᠵᠠᠮ︾ ᠤᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠪᠠ᠃ ᠬᠡᠯᠡᠯᠴᠡᠭᠡ ᠬᠢᠭᠰᠡᠨ ᠡᠮ ᠢ ︽ᠡᠮᠨᠡᠯᠭᠡ ᠳᠤ | ᠣᠷᠣᠭᠤᠯᠬᠤ ᠳᠤ ᠬᠦᠴᠢᠷᠲᠡᠶ︾ ᠪᠠᠶᠢᠬᠤ ᠠᠰᠠᠭᠤᠳᠠᠯ ᠢ ᠰᠢᠢᠳᠪᠦᠷᠢᠯᠡᠵᠦ᠂ ᠳᠠᠭᠠᠳᠬᠠᠯ ᠳᠤ ᠣᠷᠣᠯᠴᠠᠭᠰᠠᠨ | ᠡᠪᠡᠳᠴᠢᠲᠡᠳ ᠤᠨ ᠡᠮ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠨᠠᠩ ᠰᠠᠶᠢᠨ ᠬᠠᠩᠭᠠᠬᠤ ᠶᠢᠨ ᠲᠥᠯᠥᠭᠡ᠂ | ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠬᠡᠯᠡᠯᠴᠡᠭᠡ ᠬᠢᠭᠰᠡᠨ ᠡᠮ ᠤᠨ ᠵᠦᠢᠯ ᠤᠨ ︽ᠬᠤᠤᠰ ᠨᠡᠪᠲᠡᠷᠡᠬᠦ ᠵᠠᠮ︾ | ᠤᠨ ᠬᠠᠮᠢᠶᠠᠷᠤᠯᠲᠠ ᠶᠢᠨ ᠠᠵᠢᠯ ᠤᠨ ᠲᠣᠭᠲᠠᠴᠠ ᠶᠢ ᠪᠠᠶᠢᠭᠤᠯᠵᠤ᠂ ᠲᠥᠷᠥᠯ ᠬᠤᠪᠢᠶᠠᠨ ᠬᠠᠮᠢᠶᠠᠷᠬᠤ ᠱᠠᠭᠠᠷᠳᠠᠯᠭ᠎ᠠ | ᠶᠣᠰᠣᠭᠠᠷ ᠬᠡᠯᠡᠯᠴᠡᠭᠡ ᠬᠢᠭᠰᠡᠨ ᠡᠮ ᠤᠨ ᠵᠦᠢᠯ ᠤᠨ ᠡᠭᠦᠳᠡᠨ ᠡᠮᠨᠡᠯᠭᠡ᠂ ᠡᠮ ᠤᠨ ᠳᠡᠯᠭᠡᠭᠦᠷ ᠤᠨ ᠡᠮᠴᠢᠯᠡᠭᠡᠨ ᠤ | ᠪᠠᠲᠤᠯᠠᠭ᠎ᠠ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠡᠮ ᠤᠨ ᠳᠡᠯᠭᠡᠭᠦᠷ ᠤᠨ | ᠬᠠᠩᠭᠠᠯᠭ᠎ᠠ ᠳᠤ ᠲᠣᠬᠢᠷᠠᠭᠰᠠᠨ ᠲᠥᠷᠥᠯ ᠵᠦᠢᠯ ᠢ ︽ᠬᠤᠤᠰ ᠨᠡᠪᠲᠡᠷᠡᠬᠦ ᠵᠠᠮ︾ ᠤᠨ ᠬᠠᠮᠢᠶᠠᠷᠤᠯᠲᠠ ᠳᠤ | ᠣᠷᠣᠭᠤᠯᠤᠭᠰᠠᠨ ᠤ ᠬᠠᠮᠲᠤ ᠡᠮᠴᠢᠯᠡᠭᠡᠨ ᠤ ᠪᠠᠲᠤᠯᠠᠭ᠎ᠠ ᠶᠢᠨ ᠨᠢᠭᠡᠳᠦᠯᠲᠡᠶ ᠲᠣᠭᠠᠴᠠᠭ᠎ᠠ ᠬᠢᠬᠦ ᠲᠥᠷᠥ ᠶᠢᠨ | ᠪᠣᠳᠣᠯᠭ᠎ᠠ ᠶᠢ ᠬᠡᠷᠡᠭᠵᠢᠭᠦᠯᠵᠦ᠂ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠯᠤᠭ᠎ᠠ ᠬᠠᠷᠢᠯᠴᠠᠨ ᠨᠥᠬᠦᠪᠥᠷᠢᠯᠡᠵᠦ᠂ | ᠬᠠᠩᠭᠠᠯᠭ᠎ᠠ ᠪᠠᠲᠤᠯᠠᠭ᠎ᠠ ᠶᠢᠨ ᠬᠠᠮ ᠬᠦᠴᠦᠨ ᠢ ᠪᠦᠷᠢᠯᠳᠦᠭᠦᠯᠪᠡ᠃ | ᠳᠠᠷᠠᠭ᠎ᠠ ᠠᠯᠬᠤᠮ ᠳᠤ᠂ ᠪᠢᠳᠡ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢ ᠲᠠᠰᠤᠷᠠᠯᠲᠠ ᠥᠬᠡᠶ | ᠲᠡᠭᠦᠯᠳᠡᠷᠵᠢᠭᠦᠯᠵᠦ᠂ ᠡᠯ᠎ᠡ ᠭᠠᠵᠠᠷ ᠤᠨ ᠤᠯᠤᠰ ᠤᠨ ᠬᠡᠯᠡᠯᠴᠡᠭᠡ ᠬᠢᠭᠰᠡᠨ ᠡᠮ ᠤᠨ ᠵᠦᠢᠯ ᠤᠨ ︽ᠬᠤᠤᠰ ᠨᠡᠪᠲᠡᠷᠡᠬᠦ | ᠵᠠᠮ︾ ᠤᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢ ᠠᠬᠢᠭᠤᠯᠵᠤ | ᠂ ᠵᠠᠷᠴᠢᠮ ᠳᠡᠭᠡᠷ᠎ᠡ ᠪᠠᠨ ᠵᠢᠯ ᠤᠨ ᠡᠴᠦᠰ ᠠᠴᠠ ᠡᠮᠦᠨ᠎ᠡ ᠬᠤᠰᠢᠭᠤ ᠰᠢᠶᠠᠨ ᠲᠣᠭᠤᠷᠢᠭ ᠨᠢᠭᠡ ᠪᠦᠷᠢ ᠨᠥᠬᠦᠴᠡᠯ ᠳᠤ | ᠨᠡᠶᠢᠴᠡᠭᠰᠡᠨ ︽ᠬᠤᠤᠰ ᠨᠡᠪᠲᠡᠷᠡᠬᠦ ᠵᠠᠮ︾ ᠤᠨ ᠡᠮ ᠤᠨ ᠳᠡᠯᠭᠡᠭᠦᠷ ᠢ ᠳᠣᠭᠲᠠᠭᠠᠨ᠎ᠠ︔ ᠳᠠᠭᠤᠷᠢᠶᠠᠮᠠᠯ ᠡᠮ ᠤᠨ | ᠵᠦᠢᠯ ᠢ ᠰᠦᠯᠵᠢᠶ᠎ᠡ ᠪᠠᠷ ᠬᠤᠳᠠᠯᠳᠤᠨ ᠠᠪᠬᠤ ᠶᠢ ᠵᠣᠷᠢᠭᠵᠢᠭᠤᠯᠵᠤ᠂ ᠡᠮ ᠤᠨ ᠵᠦᠢᠯ ᠤᠨ ᠦᠨ᠎ᠡ ᠬᠠᠩᠰᠢ ᠶᠢ | ᠤᠯᠠᠮ ᠨᠢᠭᠡ ᠠᠯᠬᠤᠮ ᠪᠠᠭᠤᠷᠠᠭᠤᠯᠤᠨ᠎ᠠ︔ ᠡᠭᠦᠳᠡᠨ ᠡᠮᠨᠡᠯᠭᠡ ᠶᠢᠨ ᠡᠮ ᠬᠡᠷᠡᠭᠯᠡᠬᠦ ᠪᠠᠲᠤᠯᠠᠭ᠎ᠠ ᠶᠢᠨ ᠲᠣᠭᠲᠠᠴᠠ ᠶᠢ | ᠲᠡᠭᠦᠯᠳᠡᠷᠵᠢᠭᠦᠯᠵᠦ᠂ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡ ᠶᠢ ᠦᠷᠭᠦᠯᠵᠢᠯᠡᠨ ᠰᠢᠯᠢᠳᠡᠭᠵᠢᠭᠦᠯᠬᠦ ᠪᠠᠷ | ᠳᠠᠮᠵᠢᠭᠤᠯᠤᠨ᠂ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠬᠡᠯᠡᠯᠴᠡᠭᠡ ᠬᠢᠭᠰᠡᠨ ᠡᠮ ᠤᠨ ᠵᠦᠢᠯ ᠢ ᠮᠠᠨ ᠤ | ᠣᠷᠣᠨ ᠳᠤ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ | | |