ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠢ ᠰᠢᠯᠢᠨ ᠰᠣᠩᠭᠤᠬᠤ ᠲᠤᠬᠠᠶ ᠬᠢᠩᠭᠠᠨ ᠠᠶᠢᠮᠠᠭ ᠤᠨ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠲᠥᠪ ᠤᠨ ᠮᠡᠳᠡᠭᠳᠡᠯ
ᠨᠡᠶᠢᠲᠡᠯᠡᠭᠰᠡᠨ ᠴᠠᠭ᠄
2021/8/10
ᠡᠯ᠎ᠡ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠦᠢᠯᠡᠳᠪᠦᠷᠢᠯᠡᠬᠦ ︵ᠳᠣᠭᠢᠷᠠᠭᠤᠯᠤᠨ ᠬᠦᠷᠭᠡᠬᠦ︶ ᠠᠵᠤ ᠠᠬᠤᠶᠢᠯᠠᠯ ᠳᠤ᠄      ᠬᠢᠩᠭᠠᠨ ᠠᠶᠢᠮᠠᠭ ᠤᠨ ᠡᠯ᠎ᠡ ᠱᠠᠲᠤᠨ ᠤ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠡᠮᠴᠢᠯᠡᠭᠡᠨ ᠤ ᠬᠡᠷᠡᠭᠴᠡᠭᠡ ᠶᠢ ᠬᠠᠩᠭᠠᠵᠦ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠳᠣᠭᠢᠷᠠᠭᠤᠯᠤᠨ ᠬᠦᠷᠭᠡᠬᠦ ᠠᠵᠢᠯ ᠢ ᠰᠠᠶᠢᠲᠤᠷ  ᠬᠢᠬᠦ ᠶᠢᠨ ᠲᠦᠯᠦᠭᠡ᠂ ᠥᠪᠡᠷᠲᠡᠭᠡᠨ ᠵᠠᠰᠠᠬᠤ ᠣᠷᠣᠨ ᠤ ︽ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠬᠠᠮᠢᠶᠠᠷᠤᠯᠲᠠ ᠶᠢᠨ ᠠᠵᠢᠯ ᠢ ᠲᠡᠭᠦᠯᠳᠡᠷᠵᠢᠭᠦᠯᠬᠦ ᠲᠤᠬᠠᠶ ᠮᠡᠳᠡᠭᠳᠡᠯ︾ ︵ᠥᠪᠥᠷ ᠡᠮ ᠬᠤᠳᠠᠯᠳᠤᠨ ᠠᠪᠬᠤ ᠠᠯᠪᠠᠨ ᠥᠰᠥᠭ  ﹇2017﹈ 8 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠬᠢᠩᠭᠠᠨ ᠠᠶᠢᠮᠠᠭ ᠤᠨ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠢᠯᠡ ᠪᠠᠷ ᠬᠤᠳᠠᠯᠳᠤᠨ ᠠᠪᠴᠤ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠰᠢᠨ᠎ᠡ ᠪᠠᠷ ᠨᠡᠮᠡᠵᠦ ᠨᠡᠷ᠎ᠡ ᠮᠡᠳᠡᠭᠦᠯᠬᠦ ᠶᠢ ᠰᠢᠯᠢᠨ ᠰᠣᠩᠭᠤᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠬᠦ ᠪᠠᠷ ᠪᠣᠶ᠂ ᠪᠣᠳᠠᠲᠠᠶ ᠵᠦᠢᠯᠡᠰ ᠢ ᠳᠣᠤᠷᠠᠬᠢ ᠮᠡᠲᠦ ᠵᠠᠷᠯᠠᠶ᠎ᠠ᠄      ᠨᠢᠭᠡ᠂ ᠬᠡᠪᠴᠢᠶ᠎ᠡ      ︵ᠨᠢᠭᠡ︶ ᠨᠢᠭᠡᠳᠦᠭᠡᠷ ᠪᠦᠯᠦᠭ ᠤᠨ ᠥᠨᠳᠥᠷ ᠥᠷᠲᠡᠭᠲᠦ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ︵ᠵᠢᠷᠦᠬᠡᠨ ᠤ ᠲᠥᠷᠥᠯ᠂ ᠵᠢᠷᠦᠬᠡᠨ ᠤ ᠯᠤᠭᠰᠢᠭᠤᠯᠤᠭᠤᠷ ᠤᠨ ᠲᠥᠷᠥᠯ᠂ ᠴᠠᠬᠢᠯᠭᠠᠨ ᠹᠢᠽᠢᠣᠯᠣᠭᠢ ᠶᠢᠨ ᠲᠥᠷᠥᠯ᠂ ᠮᠡᠳᠡᠷᠡᠯ ᠤᠨ ᠭᠠᠳᠠᠷ ᠰᠠᠯᠠᠭᠠᠨ ᠤ ᠲᠥᠷᠥᠯ᠂ ᠨᠢᠳᠦᠨ ᠰᠠᠯᠠᠭᠠᠨ ᠤ ᠮᠠᠲ᠋ᠧᠷᠢᠶᠠᠯ ᠤᠨ ᠲᠥᠷᠥᠯ︶ ᠤᠨ ᠢᠯᠡ ᠪᠠᠷ ᠬᠤᠳᠠᠯᠳᠤᠨ ᠠᠪᠬᠤ ᠰᠦᠯᠵᠢᠶᠡᠨ ᠳᠤ  ᠬᠤᠯᠪᠤᠭᠰᠠᠨ ᠦᠢᠯᠡᠳᠭᠦᠨ ᠢ ᠮᠠᠨ ᠤ ᠠᠶᠢᠮᠠᠭ ᠲᠤ ᠳᠣᠭᠢᠷᠠᠭᠤᠯᠤᠨ ᠬᠦᠷᠭᠡᠬᠦ ᠪᠠᠷ ᠪᠠᠶᠢᠭ᠎ᠠ ᠠᠵᠤ ᠠᠬᠤᠶᠢᠯᠠᠯ ᠤᠳ ᠴᠥᠮ ᠨᠡᠷ᠎ᠡ ᠮᠡᠳᠡᠭᠦᠯᠬᠦ ᠪᠠ ᠳᠠᠩᠰᠠᠯᠠᠭᠤᠯᠵᠤ ᠪᠣᠯᠤᠨ᠎ᠠ᠃      ︵ᠬᠤᠶᠠᠷ︶ ᠬᠤᠶᠠᠳᠤᠭᠠᠷ ᠪᠦᠯᠦᠭ ᠤᠨ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ︵ᠴᠢᠰᠤ ᠴᠡᠪᠡᠷᠰᠢᠭᠦᠯᠬᠦ ᠲᠥᠷᠥᠯ ᠪᠠ ᠨᠡᠶᠢᠳᠡᠮ ᠬᠡᠷᠡᠭᠯᠡᠬᠦ ᠲᠣᠮᠣ ᠮᠣᠯᠧᠺᠦ᠋ᠯ ᠤᠨ ᠲᠥᠷᠥᠯ︶ ᠤᠨ ᠢᠯᠡ ᠪᠠᠷ ᠬᠤᠳᠠᠯᠳᠤᠨ ᠠᠪᠬᠤ ᠰᠦᠯᠵᠢᠶᠡᠨ ᠳᠤ ᠬᠤᠯᠪᠤᠭᠰᠠᠨ ᠦᠢᠯᠡᠳᠭᠦᠨ ᠢ ᠮᠠᠨ ᠤ ᠠᠶᠢᠮᠠᠭ ᠲᠤ ᠳᠣᠭᠢᠷᠠᠭᠤᠯᠤᠨ ᠬᠦᠷᠭᠡᠬᠦ ᠪᠠᠷ ᠪᠠᠶᠢᠭ᠎ᠠ ᠠᠵᠤ ᠠᠬᠤᠶᠢᠯᠠᠯ ᠤᠳ ᠴᠥᠮ ᠨᠡᠷ᠎ᠡ ᠮᠡᠳᠡᠭᠦᠯᠬᠦ ᠪᠠ ᠳᠠᠩᠰᠠᠯᠠᠭᠤᠯᠵᠤ ᠪᠣᠯᠤᠨ᠎ᠠ᠃      ︵ᠭᠤᠷᠪᠠ︶ ᠭᠤᠷᠪᠠᠳᠤᠭᠠᠷ ᠪᠦᠯᠦᠭ ᠤᠨ ᠥᠨᠳᠥᠷ ᠥᠷᠲᠡᠭᠲᠦ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ︵ᠶᠠᠰᠤᠨ ᠤ ᠰᠠᠯᠠᠭ᠎ᠠ ᠶᠢᠨ ᠵᠠᠶᠢᠯᠠᠵᠦ ᠤᠷᠭᠤᠭᠤᠯᠬᠤ ᠲᠥᠷᠥᠯ︶ ᠤᠨ ᠢᠯᠡ ᠪᠠᠷ ᠬᠤᠳᠠᠯᠳᠤᠨ ᠠᠪᠠᠨ᠋ᠥ ᠰᠦᠯᠵᠢᠶᠡᠨ ᠳᠤ ᠬᠤᠯᠪᠤᠭᠰᠠᠨ ᠦᠢᠯᠡᠳᠭᠦᠨ ᠢ ᠮᠠᠨ ᠤ ᠠᠶᠢᠮᠠᠭ ᠲᠤ ᠳᠣᠭᠢᠷᠠᠭᠤᠯᠤᠨ ᠬᠦᠷᠭᠡᠬᠦ ᠪᠠᠷ ᠪᠠᠶᠢᠭ᠎ᠠ ᠠᠵᠤ ᠠᠬᠤᠶᠢᠯᠠᠯ ᠤᠳ ᠴᠥᠮ ᠨᠡᠷ᠎ᠡ ᠮᠡᠳᠡᠭᠦᠯᠬᠦ ᠪᠠ ᠳᠠᠩᠰᠠᠯᠠᠭᠤᠯᠵᠤ ᠪᠣᠯᠤᠨ᠎ᠠ᠃      ︵ᠳᠥᠷᠪᠡ︶ ᠳᠥᠷᠪᠡᠳᠦᠭᠡᠷ ᠪᠦᠯᠦᠭ ᠤᠨ ᠥᠨᠳᠥᠷ ᠥᠷᠲᠡᠭᠲᠦ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ︵ᠴᠢᠰᠤᠨ ᠰᠤᠳᠠᠯ ᠤᠨ ᠪᠢᠰᠢ ᠲᠥᠷᠥᠯ ᠵᠢᠴᠢ ᠠᠮᠠᠨ ᠬᠥᠨᠳᠡᠶ ᠶᠢᠨ ᠲᠥᠷᠥᠯ︶ ᠤᠨ ᠢᠯᠡ ᠪᠠᠷ ᠬᠤᠳᠠᠯᠳᠤᠨ ᠠᠪᠬᠤ ᠰᠦᠯᠵᠢᠶᠡᠨ ᠳᠤ ᠬᠤᠯᠪᠤᠭᠰᠠᠨ ᠦᠢᠯᠡᠳᠭᠦᠨ ᠢ ᠮᠠᠨ ᠤ ᠠᠶᠢᠮᠠᠭ ᠲᠤ ᠳᠣᠭᠢᠷᠠᠭᠤᠯᠤᠨ ᠬᠦᠷᠭᠡᠬᠦ ᠪᠠᠷ ᠪᠠᠶᠢᠭ᠎ᠠ ᠠᠵᠤ ᠠᠬᠤᠶᠢᠯᠠᠯ ᠤᠳ ᠴᠥᠮ ᠨᠡᠷ᠎ᠡ ᠮᠡᠳᠡᠭᠦᠯᠬᠦ ᠪᠠ ᠳᠠᠩᠰᠠᠯᠠᠭᠤᠯᠵᠤ ᠪᠣᠯᠤᠨ᠎ᠠ᠃      ︵ᠲᠠᠪᠤ︶ ᠲᠠᠪᠤᠳᠤᠭᠠᠷ ᠪᠦᠯᠦᠭ ᠤᠨ ᠥᠨᠳᠥᠷ ᠥᠷᠲᠡᠭᠲᠦ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ︵ᠪᠦᠲᠦᠴᠡ ᠶᠢᠨ ᠵᠢᠷᠦᠬᠡᠨ ᠡᠪᠡᠳᠴᠢᠨ ᠤ ᠲᠥᠷᠥᠯ᠂ ᠵᠠᠯᠭᠠᠭᠤᠷ ᠤᠨ ᠲᠥᠷᠥᠯ᠂ ᠬᠥᠮᠦᠨ ᠤ ᠪᠡᠶ᠎ᠡ ᠶᠢᠨ ᠡᠷᠬᠡᠲᠡᠨ ᠤ ᠨᠡᠬᠡᠳᠡᠰᠦ ᠶᠢᠨ ᠲᠥᠷᠥᠯ᠂ ᠢᠪᠡᠷᠬᠡᠶ ᠨᠥᠬᠦᠬᠦ ᠲᠥᠷᠥᠯ ᠪᠠ ᠭᠠᠳᠠᠷ ᠣᠷᠴᠢᠨ ᠤ ᠴᠢᠰᠤᠨ ᠰᠤᠳᠠᠯ ᠤᠨ ᠣᠷᠣᠭᠤᠯᠤᠯᠲᠠ ᠶᠢᠨ ᠲᠥᠷᠥᠯ︶ ᠪᠣᠯᠤᠨ ᠪᠡᠶ᠎ᠡ ᠶᠢᠨ ᠭᠠᠳᠠᠨᠠᠬᠢ ᠣᠨᠣᠰᠢᠯᠠᠯᠲᠠ ᠶᠢᠨ ᠤᠷᠪᠠᠯᠵᠢ ᠶᠢ ᠢᠯᠡ ᠪᠠᠷ ᠬᠤᠳᠠᠯᠳᠤᠨ ᠠᠪᠬᠤ ᠰᠦᠯᠵᠢᠶᠡᠨ ᠳᠤ ᠬᠤᠯᠪᠤᠭᠰᠠᠨ ᠦᠢᠯᠡᠳᠭᠦᠨ ᠢ ᠮᠠᠨ ᠤ ᠠᠶᠢᠮᠠᠭ ᠲᠤ ᠳᠣᠭᠢᠷᠠᠭᠤᠯᠤᠨ ᠬᠦᠷᠭᠡᠬᠦ ᠪᠠᠷ ᠪᠠᠶᠢᠭ᠎ᠠ ᠠᠵᠤ ᠠᠬᠤᠶᠢᠯᠠᠯ ᠤᠳ ᠴᠥᠮ ᠨᠡᠷ᠎ᠡ ᠮᠡᠳᠡᠭᠦᠯᠬᠦ ᠪᠠ ᠳᠠᠩᠰᠠᠯᠠᠭᠤᠯᠵᠤ ᠪᠣᠯᠤᠨ᠎ᠠ᠃      ᠬᠤᠶᠠᠷ᠂ ᠲᠦᠷᠦᠯ ᠬᠡᠯᠪᠡᠷᠢ      ︵ᠨᠢᠭᠡ︶ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ  ᠨᠢ ᠰᠢᠨ᠎ᠡ ᠪᠠᠷ ᠨᠡᠮᠡᠭᠳᠡᠭᠦᠯᠬᠦ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠢᠯᠡ ᠪᠠᠷ ᠬᠤᠳᠠᠯᠳᠤᠨ ᠠᠪᠬᠤ ᠰᠢᠰᠲ᠋ᠧᠮ ᠳᠤ ᠣᠷᠣᠭᠤᠯᠤᠭᠠᠳᠤᠶ ᠠᠵᠤ ᠠᠬᠤᠶᠢᠯᠠᠯ᠂ ᠲᠠᠪᠴᠠᠩ ᠤᠨ ᠬᠡᠷᠡᠭᠯᠡᠭᠴᠢ ᠶᠢᠨ ᠨᠡᠷ᠎ᠡ ᠪᠠ ᠨᠢᠭᠤᠴᠠ ᠨᠣᠮᠧᠷ ᠥᠬᠡᠶ᠂ ᠠᠩᠬ᠎ᠠ ᠤᠳᠠᠭ᠎ᠠ ᠮᠡᠳᠡᠭᠦᠯᠦᠭᠰᠡᠨ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠢ ᠵᠢᠭᠠᠵᠤ ᠪᠣᠶ᠃      ︵ᠬᠤᠶᠠᠷ︶ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠳᠣᠭᠢᠷᠠᠭᠤᠯᠤᠨ ᠬᠦᠷᠭᠡᠬᠦ ᠶᠢ ᠨᠥᠬᠦᠪᠥᠷᠢᠯᠡᠬᠦ ᠠᠵᠤ ᠠᠬᠤᠶᠢᠯᠠᠯ ᠨᠢ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠢᠯᠡ ᠪᠠᠷ ᠬᠤᠳᠠᠯᠳᠤᠨ ᠠᠪᠠᠨ᠋ᠥ ᠰᠢᠰᠲ᠋ᠧᠮ ᠳᠤ ᠨᠢᠭᠡᠨᠲᠡ ᠣᠷᠣᠭᠤᠯᠤᠭᠰᠠᠨ ᠠᠵᠤ ᠠᠬᠤᠶᠢᠯᠠᠯ ᠢ ᠵᠢᠭᠠᠵᠤ ᠪᠣᠶ᠂ ᠲᠠᠪᠴᠠᠩ ᠤᠨ ᠬᠡᠷᠡᠭᠯᠡᠭᠴᠢ ᠶᠢᠨ ᠨᠡᠷ᠎ᠡ ᠪᠠ ᠨᠢᠭᠤᠴᠠ ᠨᠣᠮᠧᠷ ᠲᠠᠢ ᠪᠣᠯᠪᠠᠴᠤ ᠬᠢᠩᠭᠠᠨ ᠠᠶᠢᠮᠠᠭ ᠤᠨ ᠭᠠᠵᠠᠷ ᠣᠷᠣᠨ ᠳᠤ ᠳᠣᠭᠢᠷᠠᠭᠤᠯᠤᠨ ᠬᠦᠷᠭᠡᠬᠦ ᠡᠷᠬᠡ ᠮᠡᠳᠡᠯ ᠤᠨ ᠬᠡᠪᠴᠢᠶ᠎ᠡ ᠶᠢ ᠨᠡᠭᠡᠭᠡᠭᠡᠳᠦᠶ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠢ ᠵᠢᠭᠠᠵᠤ ᠪᠣᠶ᠃      ᠭᠤᠷᠪᠠ᠂ ᠨᠥᠬᠦᠴᠡᠯ      ᠬᠢᠩᠭᠠᠨ ᠠᠶᠢᠮᠠᠭ ᠲᠤ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠢᠯᠡ ᠪᠠᠷ ᠬᠤᠳᠠᠯᠳᠤᠨ ᠠᠪᠠᠨ᠋ᠥ ᠰᠦᠯᠵᠢᠶᠡᠨ ᠳᠤ ᠬᠤᠯᠪᠤᠭᠰᠠᠨ ᠦᠢᠯᠡᠳᠭᠦᠨ ᠢ ᠳᠣᠭᠢᠷᠠᠭᠤᠯᠤᠨ ᠬᠦᠷᠭᠡᠬᠦ ᠪᠠᠷ ᠪᠠᠶᠢᠭ᠎ᠠ ᠠᠵᠤ ᠠᠬᠤᠶᠢᠯᠠᠯ ᠤᠳ ᠡᠷᠬᠡᠪᠰᠢ ᠳᠣᠤᠷᠠᠬᠢ ᠨᠥᠬᠦᠴᠡᠯ ᠢ ᠪᠦᠷᠢᠯᠳᠦᠭᠦᠯᠦᠭᠰᠡᠨ ᠪᠠᠶᠢᠬᠤ ᠬᠡᠷᠡᠭᠲᠡᠶ᠄      ︵ᠨᠢᠭᠡ︶ ᠢᠷᠭᠡᠨ ᠤ ᠬᠡᠷᠡᠭ ᠤᠨ ᠬᠠᠷᠢᠭᠤᠴᠠᠯᠭ᠎ᠠ ᠶᠢ ᠪᠡᠶ᠎ᠡ ᠪᠠᠨ ᠳᠠᠭᠠᠭᠠᠵᠤ ᠡᠭᠦᠷᠭᠡᠯᠡᠬᠦ ᠴᠢᠳᠠᠪᠤᠷᠢ ᠲᠠᠢ ᠪᠠᠶᠢᠬᠤ︔      ︵ᠬᠤᠶᠠᠷ︶ ᠤᠯᠤᠰ ᠤᠨ ᠡᠮᠴᠢᠯᠡᠭᠡᠨ ᠤ ᠪᠠᠭᠠᠵᠢ ᠬᠡᠷᠡᠭᠰᠡᠯ ᠤᠨ ᠬᠠᠮᠢᠶᠠᠷᠤᠯᠲᠠ ᠶᠢᠨ ᠬᠠᠮᠢᠶ᠎ᠠ ᠪᠥᠬᠦᠶ ᠲᠣᠭᠲᠠᠭᠠᠯ ᠶᠣᠰᠣᠭᠠᠷ᠂ ᠲᠣᠰ ᠤᠳᠠᠭᠠᠨ ᠤ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠢᠯᠡ ᠪᠠᠷ ᠬᠤᠳᠠᠯᠳᠤᠨ ᠠᠪᠴᠤ ᠳᠣᠭᠢᠷᠠᠭᠤᠯᠤᠨ ᠬᠦᠷᠭᠡᠬᠦ ᠳᠤ ᠣᠷᠣᠯᠴᠠᠭᠰᠠᠨ ᠡᠵᠡᠩᠨᠡᠯᠲᠡ ᠶᠢᠨ ᠠᠵᠤ ᠠᠬᠤᠶᠢᠯᠠᠯ ᠤᠳ ᠡᠷᠬᠡᠪᠰᠢ ᠵᠣᠬᠢᠬᠤ ᠡᠮᠴᠢᠯᠡᠭᠡᠨ ᠤ ᠪᠠᠭᠠᠵᠢ ᠬᠡᠷᠡᠭᠰᠡᠯ ᠢ ᠳᠣᠭᠢᠷᠠᠭᠤᠯᠤᠨ ᠬᠦᠷᠭᠡᠬᠦ ᠬᠢᠷᠢ ᠬᠡᠮ ᠲᠠᠢ ᠪᠠᠶᠢᠬᠤ ᠶᠢᠨ ᠬᠠᠮᠲᠤ᠂ ᠵᠣᠬᠢᠬᠤ ᠬᠢᠷᠢ ᠬᠡᠮ ᠤᠨ ᠦᠨᠡᠮᠯᠡᠯ ᠢ ᠬᠠᠤᠯᠢ ᠶᠣᠰᠣᠭᠠᠷ ᠣᠯᠤᠭᠰᠠᠨ ᠮᠥᠷᠲᠡᠭᠡᠨ ᠥᠪᠡᠷᠲᠡᠭᠡᠨ ᠵᠠᠰᠠᠬᠤ ᠣᠷᠣᠨ ᠤ ᠪᠣᠶ ᠪᠥᠬᠦᠶ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠢᠯᠡ ᠪᠠᠷ ᠬᠤᠳᠠᠯᠳᠤᠨ ᠠᠪᠴᠤ ᠰᠦᠯᠵᠢᠶᠡᠨ ᠳᠤ ᠬᠤᠯᠪᠤᠭᠰᠠᠨ ᠦᠢᠯᠡᠳᠭᠦᠨ ᠢ ᠳᠣᠭᠢᠷᠠᠭᠤᠯᠤᠨ ᠬᠦᠷᠭᠡᠵᠦ ᠳᠡᠶᠢᠯᠬᠦ ᠬᠡᠷᠡᠭᠲᠡᠶ︔      ︵ᠭᠤᠷᠪᠠ︶ ᠬᠤᠳᠠᠯᠳᠤᠭᠠᠨ ᠤ ᠰᠡᠶᠢᠠ ᠢᠲᠡᠭᠡᠯ ᠬᠦᠨᠳᠦ ᠲᠠᠢ ᠪᠥᠭᠡᠳ ᠪᠦᠷᠢᠨ ᠲᠡᠭᠦᠯᠳᠡᠷ ᠡᠳ᠋ ᠤᠨ ᠶᠠᠪᠤᠳᠠᠯ ᠤᠨ ᠨᠢᠭᠲᠠᠯᠠᠨ ᠪᠤᠳᠦᠬᠤ ᠲᠦᠷᠢᠮ ᠲᠠᠢ ᠪᠠᠶᠢᠬᠤ︔      ︵ᠲᠦᠷᠪᠡ︶ ᠭᠡᠷ᠎ᠡ ᠶᠢ ᠭᠦᠢᠴᠡᠳᠬᠡᠬᠦ ᠳᠤ ᠵᠠᠪᠠᠯ ᠱᠠᠭᠠᠷᠳᠠᠭᠳᠠᠬᠤ ᠦᠢᠯᠡᠳᠬᠦᠨ ᠪᠠ ᠲᠤᠰᠬᠠᠶ ᠮᠡᠷᠭᠡᠵᠢᠯ ᠤᠨ ᠴᠢᠳᠠᠪᠤᠷᠢ ᠲᠠᠢ ᠪᠠᠶᠢᠬᠤ︔      ︵ᠲᠠᠪᠤ︶ ᠭᠠᠶᠢᠯᠢ ᠲᠠᠲᠠᠪᠤᠷᠢ ᠪᠠ ᠨᠡᠶᠢᠭᠡᠮ ᠤᠨ ᠪᠠᠲᠤᠯᠠᠭ᠎ᠠ ᠶᠢᠨ ᠪᠡᠯᠡ ᠮᠥᠩᠭᠦ ᠶᠢ ᠬᠠᠤᠯᠢ ᠶᠣᠰᠣᠭᠠᠷ ᠲᠤᠰᠢᠶᠠᠭᠰᠠᠨ ᠰᠠᠶᠢᠨ ᠰᠠᠶᠢᠬᠠᠨ ᠲᠡᠮᠳᠡᠭᠯᠡᠯ ᠲᠠᠢ ᠪᠠᠶᠢᠬᠤ︔      ︵ᠵᠢᠷᠭᠤᠭ᠎ᠠ︶ ᠲᠥᠪᠯᠡᠷᠡᠭᠦᠯᠦᠨ ᠬᠤᠳᠠᠯᠳᠤᠨ ᠠᠪᠬᠤ ᠠᠵᠢᠯᠯᠠᠭ᠎ᠠ ᠳᠤ ᠣᠷᠣᠯᠴᠠᠬᠤ ᠠᠴᠠ ᠡᠮᠦᠨ᠎ᠡ 3 ᠵᠢᠯ ᠤᠨ ᠳᠣᠲᠣᠷ᠎ᠠ᠂ ᠦᠢᠯᠡᠳᠪᠦᠷᠢᠯᠡᠯ ᠪᠤᠶᠤ ᠡᠵᠡᠩᠨᠡᠯᠲᠡ ᠶᠢᠨ ᠠᠵᠢᠯᠯᠠᠭ᠎ᠠ ᠶᠢᠨ ᠳᠤᠮᠳᠠ ᠮᠠᠭᠤ ᠲᠡᠮᠳᠡᠭᠯᠡᠯ ᠦᠭᠡᠢ︔      ︵ᠲᠤᠯᠤᠭ᠎ᠠ︶ ᠴᠠᠭ ᠲᠤᠬᠠᠶ ᠳᠤᠨᠢ ᠪᠠᠷᠠᠭ᠎ᠠ ᠬᠠᠩᠭᠠᠬᠤ᠂ ᠬᠤᠳᠠᠯᠳᠤᠭᠰᠠᠨ ᠤ ᠳᠠᠷᠠᠭᠠᠬᠢ ᠦᠢᠯᠡᠴᠢᠯᠡᠭᠡ ᠪᠠ ᠮᠡᠷᠭᠡᠵᠢᠯ ᠤᠨ ᠳᠡᠮᠵᠢᠯᠭᠡ ᠦᠵᠡᠭᠦᠯᠬᠦ ᠴᠢᠳᠠᠪᠤᠷᠢ ᠲᠠᠢ ᠪᠠᠶᠢᠬᠤ︔      ︵ᠨᠠᠢᠮᠠ︶ ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠨᠥᠬᠦᠴᠡᠯ᠃      ᠳᠥᠷᠪᠡ᠂ ᠲᠤᠰᠢᠶᠠᠬᠤ ᠴᠢᠬᠤᠯᠠᠳᠠᠢ ᠮᠠᠲ᠋ᠧᠷᠢᠶᠠᠯ ᠪᠠ ᠱᠠᠭᠠᠷᠳᠠᠯᠭ᠎ᠠ      ︵ᠨᠢᠭᠡ︶ ᠰᠢᠨ᠎ᠡ ᠪᠠᠷ ᠨᠡᠮᠡᠭᠳᠡᠭᠰᠡᠨ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠤᠳ ᠳᠠᠭᠠᠯᠳᠤᠭᠤᠯᠤᠯ 1 ᠶᠣᠰᠣᠭᠠᠷ ᠮᠠᠲ᠋ᠧᠷᠢᠶᠠᠯ ᠢᠶᠠᠨ ᠪᠡᠯᠡᠳᠭᠡᠨ᠎ᠡ᠃      ︵ᠬᠤᠶᠠᠷ︶ ᠮᠠᠲ᠋ᠧᠷᠢᠶᠠᠯ ᠤᠨ ᠱᠠᠭᠠᠷᠳᠠᠯᠭ᠎ᠠ      1᠂ ᠮᠠᠲ᠋ᠧᠷᠢᠶᠠᠯ ᠢ ᠨᠢᠭᠡᠳᠦᠯᠲᠡᠶ ᠪᠠᠷ A4 ᠴᠠᠭᠠᠰᠤ ᠶᠢ ᠬᠡᠷᠡᠭᠯᠡᠨ᠎ᠡ︔      2᠂ ᠮᠠᠲ᠋ᠧᠷᠢᠶᠠᠯ ᠨᠢ ᠲᠣᠳᠣᠷᠬᠠᠢ ᠪᠥᠭᠡᠳ ᠪᠦᠷᠢᠨ ᠭᠦᠢᠴᠡᠳ ᠪᠠᠶᠢᠬᠤ ᠬᠡᠷᠡᠭᠲᠡᠢ︔      3᠂ ᠳᠡᠪᠰᠢᠭᠦᠯᠦᠨ ᠲᠤᠰᠢᠶᠠᠭᠰᠠᠨ ᠪᠤᠢ ᠪᠦᠬᠦᠢ ᠪᠢᠴᠢᠭ ᠮᠠᠲ᠋ᠧᠷᠢᠶᠠᠯ ᠵᠢᠴᠢ ᠬᠠᠷᠢᠯᠴᠠᠭᠠᠨ ᠤ ᠵᠠᠬᠢᠳᠠᠯ ᠴᠠᠬᠢᠯᠭᠠᠨ ᠮᠡᠳᠡᠭᠡ ᠳᠤ ᠴᠥᠮ ᠬᠢᠲᠠᠳ ᠬᠡᠯᠡ ᠶᠢ ᠬᠡᠷᠡᠭᠯᠡᠵᠦ᠂ ᠭᠠᠳᠠᠭᠠᠳᠤ ᠬᠡᠯᠡᠨ ᠤ ᠮᠠᠲ᠋ᠧᠷᠢᠶᠠᠯ ᠳᠤ ᠤᠭ ᠮᠠᠲ᠋ᠧᠷᠢᠶᠠᠯ᠂ ᠪᠠᠭᠤᠯᠭᠠᠪᠤᠷᠢ ᠵᠢᠴᠢ ᠬᠢᠲᠠᠳ ᠬᠡᠯᠡᠨ ᠤ ᠣᠷᠴᠢᠭᠤᠯᠭ᠎ᠠ ᠶᠢᠨ ᠮᠠᠲ᠋ᠧᠷᠢᠶᠠᠯ ᠢ ᠬᠠᠩᠭᠠᠬᠤ ᠬᠡᠷᠡᠭᠲᠡᠢ︔      4᠂ ᠮᠠᠲ᠋ᠧᠷᠢᠶᠠᠯ ᠢ ᠡᠷᠬᠡᠪᠰᠢ ᠱᠠᠭᠠᠷᠳᠠᠯᠭ᠎ᠠ ᠶᠣᠰᠣᠭᠠᠷ ᠨᠢᠭᠤᠷ ᠤᠨ ᠨᠣᠮᠧᠷ ᠤᠨ ᠲᠠᠷᠠᠭᠠᠯᠠᠯ ᠢᠶᠠᠷ ᠳᠡᠪᠲᠡᠷᠯᠡᠬᠦ ᠬᠡᠷᠡᠭᠲᠡᠢ᠂ ᠮᠠᠲ᠋ᠧᠷᠢᠶᠠᠯ ᠨᠢ ᠱᠠᠭᠠᠷᠳᠠᠯᠭ᠎ᠠ ᠳᠤ ᠨᠡᠶᠢᠴᠡᠬᠦ ᠦᠭᠡᠢ ᠪᠣᠯ ᠬᠦᠯᠢᠶᠡᠨ ᠠᠪᠬᠤ ᠦᠭᠡᠢ᠂ ᠲᠤᠰ ᠤᠳᠠᠭ᠎ᠠ ᠲᠤᠰᠢᠶᠠᠭᠰᠠᠨ ᠮᠠᠲ᠋ᠧᠷᠢᠶᠠᠯ ᠢ ᠳᠡᠪᠲᠡᠷᠯᠡᠭᠰᠡᠨ ᠤ ᠳᠠᠷᠠᠭ᠎ᠠ ᠨᠥᠬᠦᠪᠥᠷᠢᠯᠡᠬᠦ ᠮᠠᠲ᠋ᠧᠷᠢᠶᠠᠯ ᠢ ᠬᠦᠯᠢᠶᠡᠨ ᠠᠪᠬᠤ ᠦᠭᠡᠢ︔      5᠂ ᠮᠠᠲ᠋ᠧᠷᠢᠶᠠᠯ ᠢ ᠴᠥᠮ ᠨᠢᠭᠤᠷ ᠳᠠᠷᠠᠭᠠᠯᠠᠨ ᠠᠵᠤ ᠠᠬᠤᠶᠢᠯᠠᠯ ᠤᠨ ᠠᠯᠪᠠᠨ ᠲᠠᠮᠠᠭ᠎ᠠ ᠳᠠᠷᠤᠬᠤ ᠬᠡᠷᠡᠭᠲᠡᠢ ︵ᠠᠵᠤ ᠠᠬᠤᠶᠢᠯᠠᠯ ᠤᠨ ᠪᠤᠰᠤᠳ ᠲᠠᠮᠠᠭ᠎ᠠ ᠳᠠᠷᠤᠭᠰᠠᠨ ᠨᠢ ᠴᠥᠮ ᠬᠦᠴᠦᠨ ᠦᠭᠡᠢ︶ ᠪᠥᠭᠡᠳ ᠲᠣᠭᠲᠠᠭᠰᠠᠨ ᠴᠠᠭ ᠬᠤᠭᠤᠴᠠᠭᠠᠨ ᠤ ᠳᠣᠲᠣᠷ᠎ᠠ ᠲᠤᠰᠢᠶᠠᠨ᠎ᠠ︔      6᠂ ᠮᠠᠲ᠋ᠧᠷᠢᠶᠠᠯ ᠢ ᠡᠷᠬᠡᠪᠰᠢ ᠠᠵᠤ ᠠᠬᠤᠶᠢᠯᠠᠯ ᠤᠨ ᠬᠠᠤᠯᠢ ᠶᠢᠨ ᠡᠷᠬᠡᠳᠡᠨ ᠪᠤᠶᠤ ᠡᠷᠬᠡ ᠣᠯᠤᠭᠰᠠᠨ ᠬᠥᠮᠦᠨ ᠨᠢᠭᠤᠷᠲᠠᠨ ᠲᠤᠰᠢᠶᠠᠬᠤ ᠬᠡᠷᠡᠭᠲᠡᠶ᠂ ᠲᠤᠰᠢᠶᠠᠬᠤ ᠦᠶ᠎ᠡ ᠳᠤ ᠡᠷᠬᠡᠪᠰᠢ ᠪᠡᠶ᠎ᠡ ᠶᠢᠨ ᠦᠨᠡᠮᠯᠡᠯ ᠤᠨ ᠤᠤᠯ ᠮᠠᠲ᠋ᠧᠷᠢᠶᠠᠯ ᠢ ᠭᠠᠷᠭᠠᠵᠤ ᠦᠵᠡᠭᠦᠯᠬᠦ ᠬᠡᠷᠡᠭᠲᠡᠶ᠂ ᠪᠤᠰᠤᠳ ᠬᠡᠯᠪᠡᠷᠢ ᠪᠠᠷ ᠨᠡᠷ᠎ᠡ ᠮᠡᠳᠡᠭᠦᠯᠬᠦ ᠶᠢ ᠬᠦᠯᠢᠶᠡᠬᠦ ᠦᠭᠡᠶ᠂ ᠠᠵᠤ ᠠᠬᠤᠶᠢᠯᠠᠯ ᠲᠣᠭᠲᠠᠭᠰᠠᠨ ᠴᠠᠭ ᠤᠨ ᠳᠣᠲᠣᠷ᠎ᠠ ᠬᠤᠯᠪᠣᠭᠳᠠᠯ ᠪᠦᠬᠦᠢ ᠬᠢᠷᠢ ᠲᠡᠩᠴᠡᠭᠰᠡᠨ ᠮᠠᠲ᠋ᠧᠷᠢᠶᠠᠯ ᠢ ᠲᠤᠰᠢᠶᠠᠭᠰᠠᠨ ᠦᠭᠡᠶ ᠪᠣᠯ ᠲᠤᠰ ᠤᠳᠠᠭᠠᠨ ᠤ ᠨᠡᠷ᠎ᠡ ᠮᠡᠳᠡᠭᠦᠯᠬᠦ ᠬᠢᠷᠢ ᠬᠡᠮ ᠢᠶᠠᠨ ᠬᠠᠶᠠᠭᠰᠠᠨ ᠢᠶᠠᠷ ᠦᠵᠡᠨ᠎ᠡ᠃ ᠰᠢᠨ᠎ᠡ ᠲᠢᠳᠢᠮᠯᠢᠭ ᠠᠭᠤᠰᠬᠢᠨ ᠥᠷᠪᠢᠰᠦᠯ ᠤᠨ ᠬᠢᠵᠢᠭ ᠤᠨ ᠪᠠᠶᠢᠳᠠᠯ ᠤᠨ ᠦᠨᠳᠦᠷ ᠳᠤᠮᠳᠠ ᠠᠶᠤᠯ ᠲᠠᠢ ᠭᠠᠵᠠᠷ ᠣᠷᠣᠨ ᠳᠤ ᠰᠢᠤᠳᠠᠨ ᠢᠶᠠᠷ ᠶᠠᠪᠤᠭᠤᠯᠬᠤ ᠠᠷᠭ᠎ᠠ ᠮᠠᠶ᠋ᠢᠭ ᠢ ᠠᠪᠴᠤ᠂ ᠰᠢᠤᠳᠠᠨ ᠢᠶᠠᠷ ᠶᠠᠪᠤᠭᠤᠯᠬᠤ ᠠᠴᠠ ᠡᠮᠦᠨ᠎ᠡ ᠤᠲᠠᠰᠤ ᠪᠠᠷ  ᠬᠠᠷᠢᠯᠴᠠᠬᠤ ᠴᠢᠬᠤᠯᠠᠳᠠᠢ᠃      ᠲᠠᠪᠤ᠂ ᠮᠠᠲ᠋ᠧᠷᠢᠶᠠᠯ ᠲᠤᠰᠢᠶᠠᠬᠤ ᠴᠠᠭ ᠪᠠ ᠭᠠᠵᠠᠷ      ᠴᠠᠭ᠄ 2021 ᠣᠨ ᠤ 8 ᠳ᠋ᠤᠭᠠᠷ ᠰᠠᠷ᠎ᠠ ᠶᠢᠨ 9 ᠤ ᠡᠳᠦᠷ ᠠᠴᠠ 2021 ᠣᠨ ᠤ 8 ᠳ᠋ᠤᠭᠠᠷ ᠰᠠᠷ᠎ᠠ ᠶᠢᠨ 13 ᠤ ᠡᠳᠦᠷ ︵ᠦᠳᠡ ᠶᠢᠨ ᠡᠮᠦᠨᠡᠬᠢ 8᠄ 30 — 11᠄ 30᠂ ᠦᠳᠡ ᠶᠢᠨ ᠬᠤᠶᠢᠨᠠᠬᠢ 14᠄ 30 — 17᠄ 30︶᠂ ᠭᠠᠷᠠᠭ ᠤᠨ ᠵᠢᠷᠭᠤᠭᠠᠨ᠂ ᠡᠳᠦᠷ ᠡᠭᠦᠨ ᠳᠤ ᠪᠠᠭᠲᠠᠬᠤ ᠥᠬᠡᠶ᠃      ᠭᠠᠵᠠᠷ᠄ ᠬᠢᠩᠭᠠᠨ ᠠᠶᠢᠮᠠᠭ ᠤᠨ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠲᠥᠪ ᠤᠨ ᠡᠮ ᠪᠠ   ᠡᠮ ᠡᠮᠨᠡᠯᠭᠡ ᠶᠢᠨ ᠪᠠᠭᠠᠵᠢ ᠬᠡᠷᠡᠭᠰᠡᠯ ᠤᠨ ᠬᠠᠮᠢᠶᠠᠷᠤᠯᠲᠠ ᠶᠢᠨ ᠰᠠᠯᠠᠭᠠᠨ ᠤ 505 ᠲᠠᠰᠤᠭ ︵ᠤᠯᠠᠭᠠᠨᠬᠤᠲᠠ ᠶᠢᠨ ᠬᠢᠩᠭᠠᠨ ᠵᠠᠬ᠎ᠠ ᠳᠡᠯᠭᠡᠭᠦᠷ ᠤᠨ ᠵᠡᠭᠦᠨ ᠡᠭᠦᠳᠡᠨ ᠤ ᠪᠥᠲᠥᠭᠡᠨ ᠪᠠᠶᠢᠭᠤᠯᠤᠯᠲᠠ ᠶᠢᠨ ᠪᠠᠩᠬᠢ ᠶᠢᠨ ᠬᠠᠵᠠᠭᠤ︶᠃      ᠬᠠᠷᠢᠯᠴᠠᠬᠤ ᠬᠥᠮᠦᠨ᠄ ᠸᠠᠩ ᠰᠢᠤᠸᠠᠢ      ᠬᠠᠷᠢᠯᠴᠠᠬᠤ ᠤᠲᠠᠰᠤ᠄ 0482 - 8232288      ᠳᠠᠭᠠᠯᠳᠤᠭᠤᠯᠤᠯ᠄ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠲᠤᠰᠢᠶᠠᠬᠤ ᠴᠢᠬᠤᠯᠠᠲᠠᠶ ᠮᠠᠲ᠋ᠧᠷᠢᠶᠠᠯ                             2021 ᠣᠨ ᠤ 8 ᠳ᠋ᠤᠭᠠᠷ ᠰᠠᠷ᠎ᠠ ᠶᠢᠨ 5 ᠤ ᠡᠳᠦᠷ    
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠣᠯᠠᠭ᠎ᠠ ᠶᠢᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号