ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠰᠦᠯᠵᠢᠶᠡᠨ ᠳᠤ ᠬᠤᠯᠪᠣᠬᠤ ᠬᠠᠮᠢᠶ᠎ᠠ ᠪᠥᠬᠦᠶ ᠠᠵᠢᠯ ᠤᠨ ᠠᠰᠠᠭᠤᠯᠲᠠ ᠬᠠᠷᠢᠭᠤᠯᠲᠠ
ᠨᠡᠶᠢᠲᠡᠯᠡᠭᠰᠡᠨ ᠴᠠᠭ᠄
2021/8/24
      ᠠᠰᠠᠭᠤᠯᠲᠠ᠄ ᠤᠯᠤᠰ ᠤᠨ ᠡᠮ ᠡᠮᠨᠡᠯᠭᠡ ᠶᠢᠨ ᠳᠠᠭᠠᠳᠬᠠᠯ ᠳᠤ ᠳ᠋ᠤᠭᠠᠷᠯᠠᠭᠰᠠᠨ ᠠᠵᠤ ᠠᠬᠤᠶᠢᠯᠠᠯ ᠤᠨ ᠮᠡᠳᠡᠭᠡ ᠵᠠᠩᠭᠢ᠂ ᠳᠠᠩᠰᠠᠯᠠᠭᠤᠯᠤᠭᠰᠠᠨ ᠦᠨᠡᠮᠯᠡᠯ ᠤᠨ ᠮᠡᠳᠡᠭᠡ ᠵᠠᠩᠭᠢ ᠳᠤ ᠵᠠᠰᠠᠪᠤᠷᠢ ᠣᠷᠣᠭᠤᠯᠵᠤ ᠪᠣᠯᠤᠨ᠎ᠠ ᠤᠤ︖      ᠬᠠᠷᠢᠭᠤᠯᠲᠠ᠄  ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠭᠤᠶᠤᠴᠢᠯᠠᠨ ᠮᠡᠳᠡᠭᠦᠯᠬᠦ ᠳᠤ᠂ ᠥᠪᠡᠷᠲᠡᠭᠡᠨ ᠵᠠᠰᠠᠬᠤ ᠣᠷᠣᠨ ᠤᠯᠤᠰ ᠤᠨ ᠡᠮᠴᠢᠯᠡᠭᠡ ᠶᠢᠨ ᠪᠠᠳᠤᠯᠠᠭ᠎ᠠ ᠶᠢᠨ ᠲᠣᠪᠴᠢᠶ᠎ᠠ ᠶᠢᠨ ᠨᠡᠶᠢᠲᠡᠯᠡᠭᠰᠡᠨ ᠮᠡᠳᠡᠭᠡ ᠵᠠᠩᠭᠢ ᠶᠢ ᠬᠡᠷᠡᠭᠯᠡᠨ᠎ᠡ᠂ ᠬᠡᠷᠪᠡ ᠠᠵᠤ ᠠᠬᠤᠶᠢᠯᠠᠯ ᠤᠨ ᠮᠡᠳᠡᠭᠡ ᠵᠠᠩᠭᠢ ᠨᠢ ᠨᠢᠭᠡᠳᠦᠯ ᠥᠬᠡᠶ ᠪᠤᠶᠤ ᠪᠤᠷᠤᠭᠤ ᠲᠠᠢ ᠪᠠᠶᠢᠪᠠᠯ᠂ ᠰᠢᠰᠲ᠋ᠧᠮ ᠳᠤ ᠰᠢᠭᠤᠳ ᠵᠠᠰᠠᠪᠤᠷᠢ ᠣᠷᠣᠭᠤᠯᠬᠤ ᠲᠡᠶᠢᠯᠬᠦ ᠥᠬᠡᠶ᠂ ᠠᠵᠤ ᠠᠬᠤᠶᠢᠯᠠᠯ ᠨᠢ ᠪᠡᠶ᠎ᠡ ᠪᠠᠨ ᠳᠠᠭᠠᠭᠠᠨ ᠤᠯᠤᠰ ᠤᠨ ᠡᠮᠴᠢᠯᠡᠭᠡ ᠶᠢᠨ ᠪᠠᠳᠤᠯᠠᠭ᠎ᠠ ᠶᠢᠨ ᠲᠣᠪᠴᠢᠶ᠎ᠠ ᠶᠢᠨ ᠬᠠᠷᠢᠯᠴᠠᠵᠦ᠂ ᠮᠡᠳᠡᠭᠡ ᠵᠠᠩᠭᠢ  ᠪᠠᠨ ᠰᠢᠨᠡᠴᠢᠯᠡᠬᠦ ᠪᠠᠷ ᠭᠤᠶᠤᠴᠢᠯᠠᠨ᠎ᠠ᠃ ᠮᠠᠨ ᠤ ᠣᠷᠣᠨ ᠤᠯᠤᠰ ᠤᠨ ᠡᠮᠴᠢᠯᠡᠭᠡᠨ ᠤ ᠳᠠᠭᠠᠳᠬᠠᠯ ᠤᠨ ᠬᠤᠷᠣᠭᠳᠠᠯ ᠮᠠᠲ᠋ᠧᠷᠢᠶᠠᠯ ᠤᠨ ᠳ᠋ᠤᠭᠠᠷᠯᠠᠯ ᠤᠨ ᠲᠤᠭ᠎ᠠ ᠪᠠᠷᠢᠮᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠰᠢᠨᠡᠳᠭᠡᠨ᠎ᠡ᠂ ᠮᠡᠳᠡᠭᠡ ᠵᠠᠩᠭᠢ ᠶᠢ ᠰᠢᠨᠡᠳᠬᠡᠬᠦ ᠠᠴᠠ ᠡᠮᠦᠨ᠎ᠡ ᠣᠲᠣ ᠶᠢᠨ ᠪᠠᠶᠢᠭ᠎ᠠ ᠲᠤᠭ᠎ᠠ ᠪᠠᠷᠢᠮᠳᠠ ᠪᠠᠨ ᠬᠡᠷᠡᠭᠯᠡᠨ᠎ᠡ᠃      ᠠᠰᠠᠭᠤᠯᠲᠠ᠄ ᠶᠠᠭᠤᠨ ᠳᠤ ᠵᠠᠷᠯᠠᠨ ᠨᠡᠶᠢᠲᠡᠯᠡᠭᠰᠡᠨ ᠲᠤᠭ᠎ᠠ ᠪᠠᠷᠢᠮᠲᠠ ᠶᠢ ᠠᠷᠠᠯᠵᠢᠶᠠᠨ ᠤ ᠰᠢᠰᠲ᠋ᠧᠮ ᠳᠤ ᠪᠠᠶᠢᠴᠠᠭᠠᠨ ᠯᠠᠪᠯᠠᠵᠤ ᠳᠡᠶᠢᠯᠬᠦ ᠥᠬᠡᠶ ᠪᠣᠶ︖      ᠬᠠᠷᠢᠭᠤᠯᠲᠠ᠄ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠰᠢᠰᠲ᠋ᠧᠮ ᠤᠨ ᠰᠦᠯᠵᠢᠶᠡᠨ ᠳᠤ ᠬᠤᠯᠪᠤᠭᠰᠠᠨ ᠦᠢᠯᠡᠳᠭᠦᠨ ᠤ ᠬᠠᠮᠢᠶ᠎ᠠ ᠪᠥᠬᠦᠶ ᠦᠨᠡᠮᠯᠡᠯ ᠨᠢ ᠴᠥᠮ ᠬᠦᠴᠦᠨ ᠲᠠᠢ ᠬᠤᠭᠤᠴᠠᠭᠠᠨ ᠳᠤ  ᠪᠠᠶᠢᠳᠠᠭ᠂ ᠠᠵᠤ ᠠᠬᠤᠶᠢᠯᠠᠯ ᠨᠢ ᠦᠢᠯᠡᠳᠭᠦᠨ ᠤ ︽ᠦᠢᠯᠡᠳᠪᠦᠷᠢᠯᠡᠬᠦ ᠵᠥᠪᠰᠢᠶᠡᠷᠡᠯ ᠤᠨ ᠦᠨᠡᠮᠯᠡᠯ︾᠂ ︽ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ︾᠂ ︽ᠡᠮᠴᠢᠯᠡᠭᠡᠨ ᠤ ᠪᠠᠭᠠᠵᠢ ᠬᠡᠷᠡᠭᠰᠡᠯ ᠤᠨ ᠳᠠᠩᠰᠠᠯᠠᠭᠤᠯᠤᠭᠰᠠᠨ ᠦᠨᠡᠮᠯᠡᠯ︾ ᠢ ᠭᠤᠶᠤᠴᠢᠯᠠᠨ ᠮᠡᠳᠡᠭᠦᠯᠬᠦ ᠵᠡᠷᠭᠡ ᠤᠯᠤᠰ ᠤᠨ ᠡᠮᠴᠢᠯᠡᠭᠡᠨ ᠤ ᠳᠠᠭᠠᠳᠬᠠᠯ ᠤᠨ ᠳ᠋ᠤᠭᠠᠷᠯᠠᠯ ᠨᠢ ᠬᠦᠴᠦᠨ ᠲᠠᠢ ᠬᠤᠭᠤᠴᠠᠭ᠎ᠠ ᠠᠴᠠ ᠪᠠᠨ ᠬᠡᠲᠦᠷᠡᠭᠰᠡᠨ ᠪᠠᠶᠢᠪᠠᠯ᠂ ᠥᠪᠡᠷᠲᠡᠭᠡᠨ ᠵᠠᠰᠠᠬᠤ ᠣᠷᠣᠨ ᠠᠴᠠ ᠰᠦᠯᠵᠢᠶᠡᠨ ᠳᠤ ᠬᠤᠯᠪᠤᠬᠤ ᠶᠢ ᠲᠦᠷ ᠵᠦᠪᠰᠢᠶᠡᠷᠡᠬᠦ ᠥᠬᠡᠶ᠃ ᠦᠢᠯᠡᠳᠭᠦᠨ ᠢ ᠢᠯᠡ ᠨᠡᠶᠢᠲᠡᠯᠡᠬᠦ ᠰᠢᠰᠲ᠋ᠧᠮ ᠤᠨ ᠨᠢᠭᠡᠨᠲᠡ ᠬᠠᠮᠢᠶ᠎ᠠ ᠪᠥᠬᠦᠶ ᠠᠭᠤᠯᠭ᠎ᠠ ᠳᠤ ᠲᠤᠳᠤᠷᠬᠠᠶᠢᠯᠠᠯᠳᠠ ᠬᠢᠭᠰᠡᠨ ᠲᠤᠯᠠ᠂ ᠡᠯ᠎ᠡ ᠠᠵᠤ ᠠᠬᠤᠶᠢᠯᠠᠯ ᠤᠳ ᠬᠠᠷᠢᠴᠠᠭᠤᠯᠤᠨ ᠪᠠᠶᠢᠴᠠᠭᠠᠵᠤ ᠦᠵᠡᠭᠡᠷᠡᠶ᠃      ᠠᠰᠠᠭᠤᠯᠲᠠ᠄ ᠨᠡᠮᠡᠵᠦ ᠨᠥᠬᠦᠪᠥᠷᠢᠯᠡᠭᠰᠡᠨ ᠦᠢᠯᠡᠳᠭᠦᠨ ᠪᠤᠶᠤ ᠪᠠᠷᠢᠮᠵᠢᠶ᠎ᠠ ᠶᠢᠨ ᠰᠠᠨᠠᠭᠤᠯᠤᠮᠵᠢ ᠨᠢ ᠣᠳᠣᠬᠠᠨ ᠤ ᠳᠠᠩᠰᠠᠯᠠᠭᠤᠯᠤᠭᠰᠠᠨ ᠦᠨᠡᠮᠯᠡᠯ ᠳᠣᠤᠷᠠᠬᠢ ᠦᠢᠯᠡᠳᠭᠦᠨ ᠤ ᠲᠤᠭ᠎ᠠ ᠬᠡᠮᠵᠢᠶ᠎ᠡ / ᠪᠠᠷᠢᠮᠵᠢᠶ᠎ᠠ ᠠᠩᠬᠢ ᠲᠦᠷᠦᠯ ᠲᠤᠭ᠎ᠠ ᠬᠡᠮᠵᠢᠶ᠎ᠡ ᠨᠢ ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠳ᠋ᠤᠭᠠᠷᠯᠠᠯ ᠤᠨ ᠳᠠᠩᠰᠠᠯᠠᠭᠤᠯᠤᠭᠰᠠᠨ ᠦᠨᠡᠮᠯᠡᠯ ᠳᠣᠤᠷᠠᠬᠢ ᠦᠢᠯᠡᠳᠭᠦᠨ ᠤ ᠲᠤᠭ᠎ᠠ ᠬᠡᠮᠵᠢᠶ᠎ᠡ / ᠪᠠᠷᠢᠮᠵᠢᠶ᠎ᠠ ᠠᠩᠬᠢ ᠲᠦᠷᠦᠯ ᠤᠨ ᠲᠤᠭ᠎ᠠ ᠬᠡᠮᠵᠢᠶ᠎ᠡ ᠠᠴᠠ ᠶᠡᠭᠡ ᠪᠤᠶᠤ ᠲᠡᠭᠦᠨ ᠲᠠᠢ ᠲᠡᠩᠴᠡᠪᠡᠯ ᠶᠠᠭᠠᠬᠢᠬᠤ ᠪᠣᠶ︖      ᠬᠠᠷᠢᠭᠤᠯᠲᠠ᠄ ᠥᠪᠡᠷᠲᠡᠭᠡᠨ ᠵᠠᠰᠠᠬᠤ ᠣᠷᠣᠨ ᠤ ᠬᠤᠷᠣᠭᠳᠠᠯ ᠮᠠᠲ᠋ᠧᠷᠢᠶᠠᠯ ᠬᠢᠭᠡᠳ ᠤᠯᠤᠰ ᠤᠨ ᠡᠮᠴᠢᠯᠡᠭᠡᠨ ᠤ ᠳᠠᠭᠠᠳᠬᠠᠯ ᠤᠨ ᠳ᠋ᠤᠭᠠᠷᠯᠠᠯ ᠢ ᠵᠣᠯᠭᠠᠭᠤᠯᠬᠤ ᠵᠠᠷᠴᠢᠮ ᠶᠣᠰᠣᠭᠠᠷ᠂ ᠳᠠᠩᠰᠠᠯᠠᠭᠤᠯᠤᠭᠰᠠᠨ ᠦᠨᠡᠮᠯᠡᠯ ᠪᠠ ᠦᠢᠯᠡᠳᠭᠦᠨ ᠳᠤ ᠤᠯᠤᠰ ᠤᠨ ᠳ᠋ᠤᠭᠠᠷᠯᠠᠯ ᠤᠨ ᠪᠠᠷᠢᠮᠵᠢᠶ᠎ᠠ ᠶᠢ ᠬᠡᠷᠡᠭᠵᠢᠭᠦᠯᠬᠦ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠰᠦᠯᠵᠢᠶᠡᠨ ᠳᠤ   ᠬᠤᠯᠪᠤᠬᠤ ᠶᠢ ᠳᠠᠩᠰᠠᠯᠠᠭᠤᠯᠤᠭᠰᠠᠨ ᠦᠨᠡᠮᠯᠡᠯ ᠪᠠ ᠦᠢᠯᠡᠳᠭᠦᠨ ᠤ ᠪᠠᠷᠢᠮᠵᠢᠶ᠎ᠠ ᠲᠤᠭ᠎ᠠ ᠬᠡᠮᠵᠢᠶ᠎ᠡ ᠨᠢ ᠤᠯᠤᠰ ᠤᠨ ᠡᠮᠴᠢᠯᠡᠭᠡᠨ ᠤ ᠳᠠᠭᠠᠳᠬᠠᠯ ᠤᠨ ᠳ᠋ᠤᠭᠠᠷᠯᠠᠯ ᠠᠴᠠ ᠶᠡᠭᠡ ᠪᠠᠶᠢᠵᠤ ᠪᠣᠯᠬᠤ ᠥᠬᠡᠶ᠃ ᠬᠡᠷᠪᠡ ᠨᠢᠭᠡᠨᠲᠡ ᠬᠡᠲᠦᠷᠡᠭᠰᠡᠨ ᠪᠠᠶᠢᠪᠠᠯ᠂ ᠮᠠᠨ ᠤ ᠲᠥᠪ ᠳᠤ᠂ ᠳᠠᠩᠰᠠᠯᠠᠭᠤᠯᠤᠭᠰᠠᠨ ᠦᠨᠡᠮᠯᠡᠯ ᠪᠤᠶᠤ ᠪᠦᠲᠦᠭᠡᠭᠳᠡᠬᠦᠨ ᠢᠶᠠᠨ ᠨᠡᠶᠢᠯᠡᠭᠦᠯᠬᠦ ᠪᠠᠷ ᠭᠤᠶᠤᠴᠢᠯᠠᠵᠤ ᠪᠣᠯᠤᠨ᠎ᠠ᠂ ᠨᠡᠶᠢᠯᠡᠭᠦᠯᠦᠭᠰᠡᠨ ᠤ ᠳᠠᠷᠠᠭ᠎ᠠ ᠳᠠᠷᠤᠶ ᠨᠡᠮᠡᠭᠳᠡᠭᠦᠯᠵᠦ ᠪᠣᠯᠤᠨ᠎ᠠ᠃      ᠠᠰᠠᠭᠤᠯᠲᠠ᠄ ᠨᠡᠮᠡᠵᠦ ᠨᠥᠬᠦᠪᠥᠷᠢᠯᠡᠭᠰᠡᠨ ᠦᠢᠯᠡᠳᠬᠦᠨ ᠪᠤᠶᠤ  ᠪᠠᠷᠢᠮᠵᠢᠶ᠎ᠡ ᠠᠩᠬᠢ ᠲᠦᠷᠦᠯ ᠨᠢ ᠲᠤᠰ ᠦᠢᠯᠡᠳᠬᠦᠨ ᠪᠤᠶᠤ ᠪᠠᠷᠢᠮᠵᠢᠶ᠎ᠠ ᠠᠩᠬᠢ ᠲᠦᠷᠦᠯ ᠨᠢ ᠨᠢᠭᠡᠨᠲᠡ ᠣᠷᠣᠰᠢᠵᠤ ᠪᠠᠶᠢᠬᠤ ᠶᠢ ᠰᠠᠨᠠᠭᠤᠯᠪᠠᠯ ᠶᠠᠭᠠᠬᠢᠬᠤ ᠪᠤᠶ︖      ᠬᠠᠷᠢᠭᠤᠯᠲᠠ᠄ ᠠᠵᠤ ᠠᠬᠤᠶᠢᠯᠠᠯ ᠥᠩᠭᠡᠷᠡᠭᠰᠡᠨ ᠳᠤ ᠨᠢᠭᠡᠨᠲᠡ ᠪᠠᠷᠢᠮᠵᠢᠶᠠᠯᠠᠭᠰᠠᠨ ᠪᠤᠶᠤ ᠨᠢᠭᠡᠨᠲᠡ ᠨᠡᠮᠡᠵᠦ ᠨᠥᠬᠦᠪᠥᠷᠢᠯᠡᠭᠰᠡᠨ ᠢ ᠰᠠᠨᠠᠭᠤᠯᠤᠭᠰᠠᠨ ᠪᠤᠯ᠂ ᠳᠠᠭᠢᠵᠤ ᠨᠡᠮᠡᠵᠦ ᠨᠥᠬᠦᠪᠥᠷᠢᠯᠡᠬᠦ ᠶᠢᠨ ᠠᠷᠭ᠎ᠠ ᠥᠬᠡᠶ᠂ ᠪᠣᠳᠠᠲᠠᠶ ᠪᠠᠶᠢᠳᠠᠯ ᠢ ᠮᠠᠨ ᠤ ᠲᠥᠪ ᠤᠨ ᠲᠤᠬᠠᠶᠢᠯᠠᠭᠰᠠᠨ ᠠᠵᠢᠯ ᠤᠨ ᠭᠤᠶᠤᠴᠢᠯᠠᠯ ᠭᠠᠷᠭᠠᠵᠤ ᠪᠣᠯᠤᠨ᠎ᠠ᠃      ᠠᠰᠠᠭᠤᠯᠲᠠ᠄ ᠠᠵᠤ ᠠᠬᠤᠶᠢᠯᠠᠯ ᠦᠢᠯᠡᠳᠭᠦᠨ ᠲᠠᠩᠰᠠᠯᠠᠭᠤᠯᠬᠤ ᠦᠨᠡᠮᠯᠡᠯ ᠢᠶᠠᠨ ᠮᠡᠳᠡᠭᠦᠯᠬᠦ ᠦᠶ᠎ᠡ ᠳᠤ᠂ ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠳ᠋ᠤᠭᠠᠷᠯᠠᠭᠰᠠᠨ ᠦᠢᠯᠡᠳᠭᠦᠨ ᠨᠢ ᠬᠠᠭᠤᠴᠢᠨ ᠳᠠᠩᠰᠠᠯᠠᠭᠤᠯᠤᠭᠰᠠᠨ ᠦᠨᠡᠮᠯᠡᠯ ᠪᠣᠯᠤᠨ᠎ᠠ᠂ ᠡᠭᠦᠨ ᠢ ᠬᠡᠷᠬᠢᠨ ᠭᠦᠢᠴᠡᠳᠭᠡᠬᠦ ᠪᠣᠶ︖    ᠬᠠᠷᠢᠭᠤᠯᠲᠠ᠄ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠭᠤᠶᠤᠴᠢᠯᠠᠨ ᠮᠡᠳᠡᠭᠦᠯᠬᠦ ᠳᠤ᠂ ᠥᠪᠡᠷᠲᠡᠭᠡᠨ ᠵᠠᠰᠠᠬᠤ ᠣᠷᠣᠨ᠂ ᠤᠯᠤᠰ ᠤᠨ ᠡᠮᠴᠢᠯᠡᠭᠡᠨ ᠤ ᠪᠠᠳᠤᠯᠠᠭ᠎ᠠ ᠶᠢᠨ ᠲᠣᠪᠴᠢᠶ᠎ᠠ ᠶᠢᠨ ᠨᠡᠶᠢᠲᠡᠯᠡᠭᠰᠡᠨ ᠮᠡᠳᠡᠭᠡ ᠵᠠᠩᠭᠢ ᠶᠢ ᠬᠡᠷᠡᠭᠯᠡᠨ᠎ᠡ  ᠂ ᠠᠵᠤ ᠠᠬᠤᠶᠢᠯᠠᠯ ᠤᠳ ᠪᠠᠶᠢᠳᠠᠯ ᠢᠶᠠᠨ ᠦᠨᠳᠦᠰᠦᠯᠡᠨ ᠭᠤᠶᠤᠴᠢᠯᠠᠨ ᠮᠡᠳᠡᠭᠦᠯᠬᠦ ᠡᠰᠡᠬᠦ ᠪᠠᠨ ᠰᠤᠩᠭᠤᠨ᠎ᠠ᠂ ᠮᠠᠨ ᠤ ᠣᠷᠣᠨ ᠤᠯᠤᠰ ᠤᠨ ᠡᠮᠴᠢᠯᠡᠭᠡᠨ ᠤ ᠳᠠᠭᠠᠳᠬᠠᠯ ᠤᠨ ᠬᠤᠷᠣᠭᠳᠠᠯ ᠮᠠᠲ᠋ᠧᠷᠢᠶᠠᠯ ᠤᠨ ᠳ᠋ᠤᠭᠠᠷᠯᠠᠯ ᠤᠨ ᠲᠤᠭ᠎ᠠ ᠪᠠᠷᠢᠮᠲᠠ ᠪᠠᠨ ᠲᠣᠭᠲᠠᠮᠠᠯ ᠬᠤᠭᠤᠴᠠᠭ᠎ᠠ ᠲᠠᠢ ᠪᠠᠷ ᠰᠢᠨᠡᠳᠭᠡᠨ᠎ᠡ᠂ ᠮᠡᠳᠡᠭᠡ ᠵᠠᠩᠭᠢ ᠶᠢ ᠰᠢᠨᠡᠳᠬᠡᠬᠦ ᠠᠴᠠ ᠡᠮᠦᠨ᠎ᠡ ᠣᠲᠣ ᠶᠢᠨ ᠪᠠᠶᠢᠭ᠎ᠠ ᠲᠤᠭ᠎ᠠ ᠪᠠᠷᠢᠮᠲᠠ ᠪᠠᠨ ᠬᠡᠷᠡᠭᠯᠡᠨ᠎ᠡ᠃      ᠠᠰᠠᠭᠤᠯᠲᠠ᠄ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠰᠠᠭᠤᠷᠢ ᠬᠥᠮᠥᠷᠭᠡ ᠳᠤ ᠠᠷᠠᠯᠵᠢᠶᠠᠯᠠᠬᠤ ᠶᠢ ᠲᠦᠷ ᠵᠣᠭᠰᠣᠭᠠᠬᠤ ᠬᠢᠷᠢ ᠬᠡᠮ ᠤᠨ ᠦᠢᠯᠡᠳᠭᠦᠨ ᠢ ᠬᠡᠷᠬᠢᠨ ᠮᠡᠳᠡᠭᠦᠯᠬᠦ ᠪᠣᠶ︖      ᠬᠠᠷᠢᠭᠤᠯᠲᠠ᠄ ᠨᠢᠭᠡ ᠵᠢᠯ ᠠᠴᠠ ᠳᠡᠭᠡᠭᠰᠢ ᠰᠦᠯᠵᠢᠶᠡᠨ ᠳᠤ ᠬᠤᠯᠪᠤᠭᠰᠠᠨ᠂ ᠬᠤᠳᠠᠯᠳᠤᠨ ᠠᠪᠤᠭᠰᠠᠨ ᠲᠡᠮᠳᠡᠭᠯᠡᠯ ᠥᠬᠡᠶ ᠦᠢᠯᠡᠳᠭᠦᠨ ᠳᠤ ᠥᠪᠡᠷᠲᠡᠭᠡᠨ ᠵᠠᠰᠠᠬᠤ ᠣᠷᠣᠨ ᠠᠴᠠ ᠠᠷᠠᠯᠵᠢᠶᠠᠯᠠᠬᠤ ᠶᠢ ᠲᠦᠷ ᠵᠣᠭᠰᠣᠭᠠᠬᠤ ᠬᠢᠵᠠᠭᠠᠷᠯᠠᠯ ᠭᠠᠷᠭᠠᠵᠤ᠂ ᠬᠡᠷᠪᠡ ᠲᠦᠷ ᠵᠣᠭᠰᠣᠭᠠᠭᠳᠠᠭᠰᠠᠨ ᠦᠢᠯᠡᠳᠭᠦᠨ ᠢ ᠰᠦᠯᠵᠢᠶᠡᠨ ᠳᠤ ᠲᠠᠬᠢᠨ ᠬᠤᠯᠪᠤᠬᠤ  ᠪᠠᠷ ᠮᠡᠳᠡᠭᠦᠯᠪᠡᠯ ᠮᠠᠨ ᠤ ᠲᠥᠪ ᠲᠤ ᠠᠷᠠᠯᠵᠢᠶ᠎ᠠ ᠪᠠᠨ ᠰᠡᠷᠭᠦᠭᠡᠬᠦ ᠭᠤᠶᠤᠴᠢᠯᠠᠯ ᠭᠠᠷᠭᠠᠵᠤ ᠪᠣᠯᠤᠨ᠎ᠠ᠃      ᠠᠰᠠᠭᠤᠯᠲᠠ᠄ ᠬᠠᠮᠤᠭ ᠪᠠᠭ᠎ᠠ ᠪᠣᠷᠣᠯᠠᠭᠤᠯᠭ᠎ᠠ ᠶᠢᠨ ᠪᠣᠭᠤᠳᠠᠯ ᠤᠨ ᠨᠢᠭᠡᠴᠢ ᠪᠠ ᠲᠤᠭ᠎ᠠ ᠬᠡᠮᠵᠢᠶ᠎ᠡ ᠶᠢ ᠬᠡᠷᠬᠢᠨ ᠲᠠᠭᠯᠠᠬᠤ ᠪᠤᠶ︖ ᡼      ᠬᠠᠷᠢᠭᠤᠯᠲᠠ᠄ ᠡᠮᠴᠢᠯᠡᠭᠡᠨ ᠤ ᠪᠠᠶᠢᠭᠤᠯᠤᠮᠵᠢ ᠶᠢᠨ ᠪᠣᠳᠠᠲᠠᠶ ᠬᠤᠳᠠᠯᠳᠤᠨ ᠠᠪᠬᠤ ᠪᠠ ᠬᠡᠷᠡᠭᠯᠡᠬᠦ ᠳ᠋ᠦᠩᠨᠡᠨ ᠪᠤᠳᠤᠬᠤ ᠨᠢᠭᠡᠴᠢ ᠶᠢᠨ ᠶᠣᠰᠣᠭᠠᠷ ᠲᠠᠭᠯᠠᠨ ᠮᠡᠳᠡᠭᠦᠯᠦᠨ᠎ᠡ᠃      ᠠᠰᠠᠭᠤᠯᠲᠠ᠄ ᠠᠵᠤ ᠠᠬᠤᠶᠢᠯᠠᠯ ᠠᠴᠠ ᠶᠠᠭᠤᠨ ᠳᠤ ᠠᠮᠠᠯᠠᠯᠲᠠ ᠶᠢᠨ ᠪᠢᠴᠢᠭ ᠢᠶᠠᠨ ᠳᠡᠭᠡᠭᠰᠢ ᠳᠠᠮᠵᠢᠭᠤᠯᠵᠤ ᠳᠡᠶᠢᠯᠬᠦ ᠥᠬᠡᠶ ᠪᠣᠶ︖      ᠬᠠᠷᠢᠭᠤᠯᠲᠠ᠄ ᠠᠵᠤ ᠠᠬᠤᠶᠢᠯᠠᠯ ᠠᠴᠠ ᠱᠠᠭᠠᠷᠳᠠᠯᠭ᠎ᠠ ᠶᠣᠰᠣᠭᠠᠷ ᠠᠮᠠᠯᠠᠯᠲᠠ ᠶᠢᠨ ᠪᠢᠴᠢᠭ ᠬᠢᠵᠦ ᠲᠠᠭᠤᠰᠤᠭᠰᠠᠨ ᠤ ᠲᠠᠷᠠᠭ᠎ᠠ ᠢᠯᠭᠠᠪᠦᠷᠢ ᠶᠢᠨ ᠨᠡᠷ᠎ᠡ ᠶᠢ ᠵᠢᠵᠢᠭ ᠪᠢᠴᠢᠯᠭᠡ pdf ᠤᠨ PDF ᠪᠢᠴᠢᠭ ᠮᠠᠲ᠋ᠧᠷᠢᠶᠠᠯ ᠢ ᠳᠡᠭᠡᠭᠰᠢ ᠲᠠᠮᠵᠢᠭᠤᠯᠤᠭᠠᠷᠠᠢ᠃︵ᠪᠡᠶ᠎ᠡ ᠪᠠᠨ ᠳᠠᠭᠠᠭᠠᠵᠤ ᠵᠠᠰᠠᠪᠦᠷᠢ ᠤᠷᠤᠭᠤᠯᠤᠭᠰᠠᠨ pdf ᠪᠢᠴᠢᠭ ᠮᠠᠲ᠋ᠧᠷᠢᠶᠠᠯ ᠢ ᠬᠦᠯᠢᠶᠡᠨ ᠠᠪᠬᠤ ᠦᠭᠡᠶ︶᠂ ᠪᠤᠰᠤᠳ ᠬᠡᠯᠪᠡᠷᠢ ᠶᠢᠨ ᠪᠢᠴᠢᠭ ᠮᠠᠲ᠋ᠧᠷᠢᠶᠠᠯ ᠢ ᠬᠦᠯᠢᠶᠡᠨ ᠠᠪᠬᠤ ᠦᠭᠡᠶ᠃      ᠠᠰᠠᠭᠤᠯᠲᠠ᠄ ᠶᠠᠭᠤᠨ ᠳᠤ ᠵᠢᠷᠤᠭ ᠢ ᠳᠠᠮᠵᠢᠭᠤᠯᠵᠤ ᠳᠡᠶᠢᠯᠬᠦ ᠥᠬᠡᠶ ᠪᠣᠶ︖      ᠬᠠᠷᠢᠭᠤᠯᠲᠠ᠄ ᠺᠣᠮᠫᠢᠦ᠋ᠲ᠋ᠧᠷ ᠲᠤ flash ᠵᠥᠭᠡᠯᠡᠨ ᠲᠣᠨᠤᠭ  ᠤᠭᠰᠠᠷᠠᠭᠠᠷᠠᠢ᠃      ᠠᠰᠠᠭᠤᠯᠲᠠ᠄ ᠦᠢᠯᠡᠳᠬᠦᠨ ᠢᠶᠠᠨ ᠮᠡᠳᠡᠭᠦᠯᠵᠦ ᠳᠠᠭᠤᠰᠤᠭᠰᠠᠨ ᠤ ᠳᠠᠷᠠᠭ᠎ᠠ᠂ ᠮᠡᠳᠡᠭᠦᠯᠦᠭᠰᠡᠨ ᠦᠨ᠎ᠡ ᠶᠢ ᠬᠡᠷᠬᠢᠨ ᠪᠠᠶᠢᠴᠠᠭᠠᠨ ᠦᠵᠡᠬᠦ ᠪᠤᠶ︖ ᡼      ᠬᠠᠷᠢᠭᠤᠯᠲᠠ᠄ ᠠᠵᠤ ᠠᠬᠤᠶᠢᠯᠠᠯ ᠠᠴᠠ ᠦᠢᠯᠡᠳᠬᠦᠨ ᠵᠢᠴᠢ ᠦᠨ᠎ᠡ ᠬᠠᠩᠰᠢ ᠶᠢᠨ ᠮᠡᠳᠡᠭᠦᠯᠦᠯᠲᠡ ᠪᠠᠨ ᠪᠡᠶᠡᠯᠡᠭᠦᠯᠦᠭᠰᠡᠨ ᠤ ᠳᠠᠷᠠᠭ᠎ᠠ᠂ ᠦᠨ᠎ᠡ ᠬᠠᠩᠰᠢ ᠶᠢ ᠪᠠᠶᠢᠴᠠᠭᠠᠨ ᠦᠵᠡᠬᠦ ᠬᠦᠰᠦᠨᠦᠭᠲᠦ ᠶᠢᠨ ᠳᠣᠲᠣᠷ᠎ᠠ ᠠᠴᠠ ᠬᠡᠰᠡᠭᠯᠡᠯ ᠤᠨ ᠶᠣᠰᠣᠭᠠᠷ ᠪᠠᠶᠢᠴᠠᠭᠠᠨ ᠯᠠᠪᠯᠠᠵᠤ ᠪᠣᠯᠤᠨ᠎ᠠ᠃      ᠠᠰᠠᠭᠤᠯᠲᠠ᠄ ᠪᠦᠲᠦᠭᠡᠭᠳᠡᠬᠦᠨ ᠢᠶᠠᠨ ᠠᠮᠵᠢᠯᠲᠠ ᠲᠠᠢ ᠮᠡᠳᠡᠭᠦᠯᠦᠭᠰᠡᠨ ᠢ ᠬᠡᠷᠬᠢᠨ ᠲᠣᠭᠲᠠᠭᠠᠬᠤ ᠪᠤᠢ︖      ᠬᠠᠷᠢᠭᠤᠯᠲᠠ᠄ ᠠᠵᠤ ᠠᠬᠤᠶᠢᠯᠠᠯ᠂ ᠳᠠᠩᠰᠠᠯᠠᠭᠤᠯᠤᠭᠰᠠᠨ ᠦᠨᠡᠮᠯᠡᠯ ᠵᠢᠴᠢ ᠦᠢᠯᠡᠳᠬᠦᠨ ᠢᠶᠠᠨ ᠴᠥᠮ ᠲᠤᠰᠢᠶᠠᠵᠦ᠂ ᠪᠣᠶ ᠪᠥᠬᠦᠶ ᠪᠠᠶᠢᠳᠠᠯ ᠨᠢ ᠴᠥᠮ ᠨᠢᠭᠡᠨᠲᠡ ᠲᠤᠰᠢᠶᠠᠭᠰᠠᠨ ᠪᠥᠭᠡᠳ ᠪᠠᠷᠢᠮᠵᠢᠶ᠎ᠠ ᠠᠩᠬᠢ ᠲᠦᠷᠦᠯ ᠪᠠ ᠦᠨ᠎ᠡ ᠬᠠᠩᠰᠢ ᠶᠢ ᠴᠥᠮ ︽ᠨᠢᠭᠡᠨᠲᠡ ᠲᠤᠰᠢᠶᠠᠭᠰᠠᠨ︾ ᠪᠠᠶᠢᠳᠠᠯ ᠲᠠᠢ ᠪᠠᠶᠢᠪᠠᠯ ᠲᠠᠷᠤᠢ ᠮᠡᠳᠡᠭᠦᠯᠬᠦ ᠶᠠᠪᠤᠴᠠ ᠳᠠᠭᠤᠰᠴᠤ᠂ ᠦᠢᠯᠡᠳᠬᠦᠨ ᠢᠶᠠᠨ ᠵᠠᠷᠯᠠᠨ ᠨᠡᠶᠢᠲᠡᠯᠡᠬᠦ ᠳᠤ ᠣᠷᠣᠭᠤᠯᠤᠨ᠎ᠠ᠃      ᠠᠰᠠᠭᠤᠯᠲᠠ᠄ ᠲᠤᠬᠠᠶᠢᠯᠠᠭᠰᠠᠨ ᠠᠵᠢᠯ ᠤᠨ ᠭᠤᠶᠤᠴᠢᠯᠠᠯ ᠢ ᠭᠦᠢᠴᠡᠳᠭᠡᠬᠦ ᠶᠠᠪᠤᠴᠠ ᠨᠢ ᠶᠠᠭᠤ ᠪᠣᠶ︖      ᠬᠠᠷᠢᠭᠤᠯᠲᠠ᠄ ᠡᠯ᠎ᠡ ᠠᠵᠤ ᠠᠬᠤᠶᠢᠯᠠᠯ ᠤᠳ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ ᠠᠪᠬᠤ ᠪᠠᠷ ᠭᠤᠶᠤᠴᠢᠯᠠᠬᠤ ︵ᠵᠠᠭᠠᠯᠳᠤᠬᠤ︶ ᠲᠤᠬᠠᠶᠢᠯᠠᠭᠰᠠᠨ ᠠᠵᠢᠯ ᠤᠨ ᠲᠤᠬᠠᠶ ᠶᠢᠨ ᠲᠠᠯᠠᠪᠤᠷ ᠲᠤ ᠮᠠᠲ᠋ᠧᠷᠢᠶᠠᠯ ᠲᠤᠰᠢᠶᠠᠬᠤ ᠲᠥᠷᠥᠯ ᠵᠦᠢᠯ ᠵᠢᠴᠢ ᠲᠣᠳᠣᠷᠬᠠᠶᠢᠯᠠᠯᠲᠠ ︵ᠵᠠᠰᠠᠪᠤᠷᠢ ᠣᠷᠣᠭᠤᠯᠤᠭᠰᠠᠨ ᠬᠡᠪᠯᠡᠯ︶︾ ᠶᠢᠨ ᠱᠠᠭᠠᠷᠳᠠᠯᠭ᠎ᠠ ᠶᠣᠰᠣᠭᠠᠷ ᠮᠠᠲ᠋ᠧᠷᠢᠶᠠᠯ ︵http://ylbzj.nmg.gov.cn/yycgw/ycw_bsdt/bllc/︶ ᠪᠡᠯᠡᠳᠬᠡᠨ᠎ᠡ᠃ ᠭᠥᠯᠢᠶᠡᠨ ᠠᠪᠴᠤ ᠰᠢᠢᠳᠪᠦᠷᠢᠯᠡᠬᠦ ᠵᠢᠴᠢ ᠲᠤᠰᠢᠶᠠᠬᠤ ᠠᠷᠭ᠎ᠠ ᠮᠠᠶ᠋ᠢᠭ ᠢ ︽ᠡᠮ ᠡᠮᠨᠡᠯᠭᠡ ᠶᠢᠨ ᠬᠤᠳᠠᠯᠳᠤᠨ ᠠᠪᠬᠤ ᠰᠦᠯᠵᠢᠶᠡᠨ ᠳᠡᠭᠡᠷᠡᠬᠢ ᠲᠤᠬᠠᠶᠢᠯᠠᠭᠰᠠᠨ ᠠᠵᠢᠯ ᠢ ᠭᠦᠢᠴᠡᠳᠭᠡᠬᠦ ᠰᠢᠰᠲ᠋ᠧᠮ ᠢ ᠰᠦᠯᠵᠢᠶᠡᠨ ᠳᠤ ᠣᠷᠣᠭᠤᠯᠤᠨ ᠠᠵᠢᠯᠯᠠᠭᠤᠯᠬᠤ ᠲᠤᠬᠠᠶ ᠮᠡᠳᠡᠭᠳᠡᠯ︾ ︵ᠥᠪᠥᠷ ᠡᠮ ᠬᠤᠳᠠᠯᠳᠤᠨ ᠠᠪᠬᠤ ᠲᠥᠪ ᠥᠰᠥᠭ ﹇2021﹈  161 ᠳ᠋ᠤᠭᠡᠷ ᠲᠣᠭᠠᠲᠤ︶ ᠤᠨ ᠶᠣᠰᠣᠭᠠᠷ ᠠᠵᠢᠯᠯᠠᠭᠤᠯᠤᠨ᠎ᠠ᠃ Http://ylbzj.nmg.gov.cn/yycgw/ycw_tzgg/ycw_qb/202108/t20210817_1806570.html    
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠣᠯᠠᠭ᠎ᠠ ᠶᠢᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号