2021 ᠣᠨ ᠤ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡ ᠶᠢᠨ ᠪᠠᠲᠤᠯᠠᠭ᠎ᠠ ᠶᠢᠨ ᠰᠦᠢᠳᠭᠡᠯ ᠲᠤᠰᠢᠶᠠᠬᠤ ᠰᠠᠭᠤᠷᠢ ᠲᠤᠭ᠎ᠠ ᠶᠢ ᠬᠢᠨᠠᠨ ᠲᠣᠭᠲᠠᠭᠠᠬᠤ ᠵᠢᠴᠢ ᠵᠥᠷᠢᠶᠡᠲᠦ ᠲᠤᠭ᠎ᠠ ᠶᠢ ᠳᠣᠭᠢᠷᠠᠭᠤᠯᠬᠤ ᠵᠡᠷᠭᠡ ᠬᠠᠮᠢᠶ᠎ᠠ ᠪᠥᠬᠦᠶ ᠠᠵᠢᠯ ᠤᠨ ᠲᠤᠬᠠᠶ ᠬᠥᠬᠡᠬᠤᠲᠠ ᠵᠢᠨ‌ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ ᠶᠢᠨ ᠮᠡᠳᠡᠭᠳᠡᠯ
ᠨᠡᠶᠢᠲᠡᠯᠡᠭᠰᠡᠨ ᠴᠠᠭ᠄
2021/8/6
             ᠬᠥᠬᠡᠬᠤᠲᠠ ᠡᠮᠴᠢᠯᠡᠭᠡ ᠪᠠᠳᠤᠯᠠᠭ᠎ᠠ ᠲᠠᠷᠬᠠᠭᠠᠭᠰᠠᠨ  ﹇2021  ﹈ 27 ᠳ᠋ᠤᠭᠠᠷ ᠲᠣᠭᠠᠲᠤ ᠡᠯ᠎ᠡ ᠬᠤᠰᠢᠭᠤ ᠰᠢᠶᠠᠨ ᠲᠣᠭᠤᠷᠢᠭ ᠤᠨ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ᠂ ᠬᠥᠬᠡᠬᠤᠲᠠ ᠶᠢᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠠᠵᠤ ᠦᠢᠯᠡᠰ ᠤᠨ ᠬᠥᠭᠵᠢᠯᠲᠡ ᠪᠠ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠬᠤᠲᠠ ᠶᠢᠨ ᠡᠮᠴᠢᠯᠡᠭᠡ ᠶᠢᠨ ᠪᠠᠲᠤᠯᠠᠭ᠎ᠠ ᠶᠢᠨ ᠦᠢᠯᠡᠴᠢᠯᠡᠭᠡᠨ ᠤ ᠲᠥᠪ᠂ ᠡᠮᠴᠢᠯᠡᠭᠡ ᠶᠢᠨ ᠪᠠᠲᠤᠯᠠᠭ᠎ᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ᠂ ᠡᠯ᠎ᠡ ᠳᠠᠭᠠᠳᠬᠠᠯ ᠳᠤ ᠣᠷᠣᠯᠴᠠᠭᠰᠠᠨ ᠨᠢᠭᠡᠴᠢ  ᠵᠢᠴᠢ ᠳᠠᠭᠠᠳᠬᠠᠯ ᠳᠤ ᠣᠷᠣᠯᠴᠠᠭᠰᠠᠳ ᠲᠤ᠄      ᠥᠪᠡᠷᠲᠡᠭᠡᠨ ᠵᠠᠰᠠᠬᠤ ᠣᠷᠣᠨ ᠤ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ ᠶᠢᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2021 ᠣᠨ ᠤ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡ ᠶᠢᠨ ᠪᠠᠲᠤᠯᠠᠭ᠎ᠠ ᠶᠢᠨ  ᠰᠦᠢᠳᠭᠡᠯ ᠲᠤᠰᠢᠶᠠᠬᠤ ᠰᠠᠭᠤᠷᠢ ᠲᠤᠭ᠎ᠠ ᠶᠢᠨ ᠪᠠᠷᠢᠮᠵᠢᠶ᠎ᠠ ᠶᠢ ᠬᠡᠷᠡᠭᠵᠢᠭᠦᠯᠬᠦ ᠲᠤᠬᠠᠶ ᠮᠡᠳᠡᠭᠳᠡᠯ︾ ︵ᠥᠪᠥᠷ ᠡᠮᠴᠢᠯᠡᠭᠡ ᠪᠠᠳᠤᠯᠠᠭ᠎ᠠ ᠠᠯᠪᠠᠨ ᠲᠠᠷᠬᠠᠭᠠᠭᠰᠠᠨ ﹇2021﹈ 3 ᠳ᠋ᠤᠭᠠᠷ ᠲᠣᠭᠠᠲᠤ︶ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠬᠠᠩᠭᠠᠭᠰᠠᠨ 2020 ᠣᠨ ᠤ ᠥᠪᠡᠷᠲᠡᠭᠡᠨ ᠵᠠᠰᠠᠬᠤ ᠣᠷᠣᠨ ᠤ ᠪᠥᠬᠦ ᠲᠥᠷᠥᠯ ᠤᠨ ᠬᠤᠲᠠ ᠪᠠᠯᠭᠠᠰᠤᠨ ᠤ ᠨᠢᠭᠡᠴᠢ ᠶᠢᠨ ᠠᠵᠢᠯ ᠣᠯᠤᠭᠰᠠᠳ ᠤᠨ ᠵᠢᠯ ᠤᠨ ᠳᠤᠮᠳᠠᠴᠢ ᠴᠠᠯᠢᠩ ᠨᠢ 76126 ᠲᠥᠭᠦᠷᠢᠭ ᠪᠣᠯᠤᠨ᠎ᠠ᠂ ᠡᠭᠦᠨ ᠢ ᠦᠨᠳᠦᠰᠦᠯᠡᠪᠡᠯ᠂ ᠥᠪᠡᠷᠲᠡᠭᠡᠨ ᠵᠠᠰᠠᠬᠤ ᠣᠷᠣᠨ ᠤ ᠪᠥᠬᠦ ᠲᠥᠷᠥᠯ ᠤᠨ ᠬᠤᠲᠠ ᠪᠠᠯᠭᠠᠰᠤᠨ ᠤ ᠨᠢᠭᠡᠴᠢ ᠶᠢᠨ ᠠᠵᠢᠯ ᠣᠯᠤᠭᠰᠠᠳ ᠤᠨ ᠰᠠᠷ᠎ᠠ ᠶᠢᠨ ᠳᠤᠮᠳᠠᠴᠢ ᠴᠠᠯᠢᠩ ᠨᠢ 6343.83 ᠲᠥᠭᠦᠷᠢᠭ ᠪᠣᠯᠤᠨ᠎ᠠ᠃      ᠬᠥᠬᠡᠬᠤᠲᠠ ᠶᠢᠨ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ᠂ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ︽ᠬᠥᠬᠡᠬᠤᠲᠠ ᠶᠢᠨ ᠦᠷᠡᠵᠢᠯ ᠤᠨ ᠳᠠᠭᠠᠳᠬᠠᠯ ᠪᠠ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠢ ᠨᠡᠶᠢᠯᠡᠭᠦᠯᠦᠨ ᠬᠡᠷᠡᠭᠵᠢᠭᠦᠯᠬᠦ ᠬᠤᠯᠪᠣᠭᠳᠠᠯ ᠪᠥᠬᠦᠶ ᠵᠦᠢᠯᠡᠰ ᠤᠨ ᠲᠤᠬᠠᠶ ᠮᠡᠳᠡᠭᠳᠡᠯ︾ ︵ᠬᠥᠬᠡᠬᠤᠲᠠ ᠡᠮᠴᠢᠯᠡᠭᠡ ᠪᠠᠲᠤᠯᠠᠭ᠎ᠠ ᠲᠠᠷᠬᠠᠭᠠᠭᠰᠠᠨ ﹇2019﹈ 95 ᠳ᠋ᠤᠭᠠᠷ ᠲᠣᠭᠠᠲᠤ︶ ᠵᠢᠴᠢ ︽ᠬᠥᠬᠡᠬᠤᠲᠠ ᠶᠢᠨ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ ᠶᠢᠨ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠬᠥᠬᠡᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠠᠮᠢᠳᠤᠯᠢᠭ ᠢᠶᠠᠷ ᠠᠵᠢᠯ ᠣᠯᠤᠭᠰᠠᠳ ᠤᠨ ᠡᠮᠴᠢᠯᠡᠭᠡ ᠶᠢᠨ ᠪᠠᠲᠤᠯᠠᠭ᠎ᠠ ᠶᠢᠨ ᠰᠦᠢᠳᠭᠡᠯ ᠲᠤᠰᠢᠶᠠᠬᠤ ᠰᠠᠭᠤᠷᠢ ᠲᠤᠭ᠎ᠠ ᠪᠠ ᠡᠳᠦᠷ ᠬᠤᠭᠤᠴᠠᠭ᠎ᠠ ᠳᠤ ᠲᠣᠬᠢᠷᠠᠭᠤᠯᠤᠯᠲᠠ ᠬᠢᠬᠦ ᠲᠤᠬᠠᠶ ᠮᠡᠳᠡᠭᠳᠡᠯ︾ ︵ᠬᠥᠬᠡᠬᠤᠲᠠ ᠡᠮᠴᠢᠯᠡᠭᠡ ᠪᠠᠲᠤᠯᠠᠭ᠎ᠠ ᠲᠠᠷᠬᠠᠭᠠᠭᠰᠠᠨ ﹇2021  ﹈ 5 ᠳ᠋ᠤᠭᠠᠷ ᠲᠣᠭᠠᠲᠤ︶ ᠶᠣᠰᠤᠭᠠᠷ᠂ ᠡᠳᠦᠭᠡ ᠮᠠᠨ ᠤ ᠬᠤᠲᠠ ᠶᠢᠨ 2021 ᠣᠨ ᠤ ᠬᠤᠲᠠ ᠪᠠᠯᠭᠠᠰᠤ ᠶᠢᠨ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡ ᠶᠢᠨ ᠪᠠᠲᠤᠯᠠᠭ᠎ᠠ ᠶᠢᠨ ᠰᠦᠢᠳᠭᠡᠯ ᠲᠤᠰᠢᠶᠠᠬᠤ ᠰᠠᠭᠤᠷᠢ ᠲᠤᠭ᠎ᠠ ᠶᠢ ᠬᠢᠨᠠᠨ ᠲᠣᠭᠲᠠᠭᠠᠬᠤ ᠠᠵᠢᠯ ᠢ ᠳᠣᠤᠷᠠᠬᠢ ᠮᠡᠲᠦ ᠮᠡᠳᠡᠭᠳᠡᠶ᠎ᠡ᠃      ᠨᠢᠭᠡ᠂ ᠰᠦᠢᠳᠬᠡᠯ ᠲᠤᠰᠢᠶᠠᠬᠤ ᠰᠠᠭᠤᠷᠢ ᠲᠤᠭ᠎ᠠ ᠶᠢ ᠲᠣᠭᠲᠠᠭᠠᠬᠤ ᠲᠤᠬᠠᠶ      ︵ᠨᠢᠭᠡ︶ ᠨᠢᠭᠡᠴᠢ ᠶᠢᠨ 2021 ᠣᠨ ᠤ ᠪᠦᠬᠦ ᠵᠢᠯ ᠤᠨ ᠰᠦᠢᠳᠬᠡᠯ ᠲᠤᠰᠢᠶᠠᠬᠤ ᠰᠠᠭᠤᠷᠢ ᠲᠤᠭ᠎ᠠ ᠶᠢ ᠲᠣᠭᠲᠠᠭᠠᠬᠤ      ᠠᠵᠢᠯᠲᠠᠨ ᠠᠵᠢᠯᠴᠢᠨ ᠤ ᠬᠤᠪᠢ ᠬᠥᠮᠦᠨ ᠤ ᠦᠨᠳᠦᠰᠦᠨ ᠡᠮᠴᠢᠯᠡᠭᠡ ᠶᠢᠨ ᠪᠠᠲᠤᠯᠠᠭ᠎ᠠ ᠶᠢᠨ ᠰᠦᠢᠳᠬᠡᠯ ᠲᠤᠰᠢᠶᠠᠬᠤ ᠰᠠᠭᠤᠷᠢ ᠲᠤᠭ᠎ᠠ ᠶᠢ ᠲᠤᠰ ᠬᠥᠮᠦᠨ ᠤ ᠥᠭᠭᠦᠭᠰᠡᠨ ᠴᠠᠯᠢᠩ ᠤᠨ ᠶᠡᠷᠦᠩᠬᠡᠶ ᠲᠤᠭ᠎ᠠ ᠪᠤᠶᠤ ᠴᠠᠯᠢᠩ ᠤᠨ ᠶᠡᠷᠦᠩᠬᠡᠶ ᠲᠤᠭ᠎ᠠ ᠪᠠᠷ ᠪᠤᠳᠤᠵᠤ᠂ ᠲᠣᠰ ᠬᠥᠮᠦᠨ ᠤ ᠳᠡᠭᠡᠷ᠎ᠡ ᠵᠢᠯ ᠤᠨ ᠥᠭᠭᠦᠭᠰᠡᠨ ᠴᠠᠯᠢᠩ ᠪᠤᠶᠤ ᠴᠠᠯᠢᠩ ᠤᠨ ᠶᠡᠷᠦᠩᠬᠡᠶ ᠲᠤᠭ᠎ᠠ ︵ᠡᠯ᠎ᠡ ᠵᠦᠢᠯ ᠤᠨ ᠨᠥᠬᠦᠪᠥᠷᠢ᠂ ᠱᠠᠩᠨᠠᠯ ᠤᠨ ᠮᠥᠩᠭᠦ ᠵᠡᠷᠭᠡ ᠪᠠᠭᠲᠠᠨ᠎ᠠ︶ ᠶᠢᠨ ᠰᠠᠷ᠎ᠠ ᠶᠢᠨ ᠳᠤᠮᠳᠠᠴᠢ ᠴᠠᠯᠢᠩ ︵ᠣᠨ ᠤ ᠥᠭᠭᠦᠭᠰᠡᠨ ᠴᠠᠯᠢᠩ ᠤᠨ ᠶᠡᠷᠦᠩᠬᠡᠶ ᠲᠤᠭ᠎ᠠ ÷12︶ ᠢᠶᠠᠷ ᠯᠠᠪᠯᠠᠯᠲᠠ ᠪᠣᠯᠭᠠᠨ ᠲᠣᠭᠲᠠᠭᠠᠵᠤ ᠪᠣᠯᠤᠨ᠎ᠠ᠂ ᠨᠢᠭᠡᠴᠢ ᠶᠢᠨ ᠰᠦᠢᠳᠭᠡᠯ ᠲᠤᠰᠢᠶᠠᠬᠤ ᠰᠠᠭᠤᠷᠢ ᠲᠤᠭ᠎ᠠ ᠶᠢ ᠲᠣᠰ ᠨᠢᠭᠡᠴᠢ ᠶᠢᠨ ᠳᠠᠭᠠᠳᠬᠠᠯ ᠳᠤ ᠣᠷᠣᠯᠴᠠᠭᠰᠠᠳ ᠤᠨ ᠰᠦᠢᠳᠭᠡᠯ ᠲᠤᠰᠢᠶᠠᠬᠤ ᠰᠠᠭᠤᠷᠢ ᠲᠤᠭ᠎ᠠ ᠶᠢᠨ ᠨᠡᠶᠢᠯᠡᠪᠦᠷᠢ ᠪᠠᠷ ᠬᠢᠨᠠᠨ ᠲᠣᠭᠲᠠᠭᠠᠨ᠎ᠠ᠃      ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠰᠠᠷ᠎ᠠ ᠶᠢᠨ ᠰᠦᠢᠳᠭᠡᠯ ᠲᠤᠰᠢᠶᠠᠬᠤ ᠴᠠᠯᠢᠩ ᠨᠢ 5075.06 ᠲᠥᠭᠦᠷᠢᠭ ︵6343.83 ᠲᠥᠭᠦᠷᠢᠭ × 80%︶ ᠠᠴᠠ ᠳᠣᠤᠷ᠎ᠠ ᠪᠠᠶᠢᠪᠠᠯ᠂ 5075.06 ᠲᠥᠭᠦᠷᠢᠭ ᠢᠶᠠᠷ ᠰᠦᠢᠳᠭᠡᠯ ᠲᠤᠰᠢᠶᠠᠬᠤ ᠰᠠᠭᠤᠷᠢ ᠲᠤᠭ᠎ᠠ ᠶᠢ ᠬᠢᠨᠠᠨ ᠲᠣᠭᠲᠠᠭᠠᠨ᠎ᠠ︔ ᠰᠠᠷ᠎ᠠ ᠶᠢᠨ ᠰᠦᠢᠳᠭᠡᠯ ᠲᠤᠰᠢᠶᠠᠬᠤ ᠴᠠᠯᠢᠩ ᠨᠢ 5075.06 ᠲᠥᠭᠦᠷᠢᠭ ᠠᠴᠠ ᠥᠨᠳᠥᠷ ᠪᠠᠶᠢᠵᠤ 19031.49 ᠲᠥᠭᠦᠷᠢᠭ ︵6343.83 ᠲᠥᠭᠦᠷᠢᠭ × 300%︶ ᠠᠴᠠ ᠳᠣᠤᠷ᠎ᠠ ᠪᠠᠶᠢᠪᠠᠯ᠂ ᠪᠣᠳᠠᠲᠠᠶ ᠪᠠᠷ ᠰᠦᠢᠳᠭᠡᠯ ᠲᠤᠰᠢᠶᠠᠬᠤ ᠰᠠᠭᠤᠷᠢ ᠲᠤᠭ᠎ᠠ ᠶᠢ ᠬᠢᠨᠠᠨ ᠲᠣᠭᠲᠠᠭᠠᠨ᠎ᠠ︔ ᠰᠠᠷ᠎ᠠ ᠶᠢᠨ ᠰᠦᠢᠳᠭᠡᠯ ᠲᠤᠰᠢᠶᠠᠬᠤ ᠴᠠᠯᠢᠩ ᠨᠢ 19031.49 ᠲᠥᠭᠦᠷᠢᠭ ᠠᠴᠠ ᠥᠨᠳᠥᠷ ᠪᠠᠶᠢᠪᠠᠯ᠂ 19031.49 ᠲᠥᠭᠦᠷᠢᠭ ᠢᠶᠠᠷ ᠰᠦᠢᠳᠭᠡᠯ ᠲᠤᠰᠢᠶᠠᠬᠤ ᠰᠠᠭᠤᠷᠢ ᠲᠤᠭ᠎ᠠ ᠶᠢ ᠬᠢᠨᠠᠨ ᠲᠣᠭᠲᠠᠭᠠᠨ᠎ᠠ᠃      ︵ᠬᠤᠶᠠᠷ︶ ᠠᠮᠢᠳᠤᠯᠢᠭ ᠢᠶᠠᠷ ᠠᠵᠢᠯ ᠣᠯᠤᠭᠰᠠᠳ ᠤᠨ 2021 ᠣᠨ ᠤ 7 ᠳ᠋ᠤᠭᠠᠷ ᠰᠠᠷ᠎ᠠ ᠠᠴᠠ 2022 ᠣᠨ ᠤ 6 ᠳ᠋ᠤᠭᠠᠷ ᠰᠠᠷ᠎ᠠ ᠪᠣᠯᠲᠠᠯᠠᠬᠢ ᠰᠦᠢᠳᠭᠡᠯ ᠲᠤᠰᠢᠶᠠᠬᠤ ᠰᠠᠭᠤᠷᠢ ᠲᠤᠭ᠎ᠠ ᠶᠢ ᠲᠣᠭᠲᠠᠭᠠᠬᠤ      ᠮᠠᠨ ᠤ ᠬᠤᠲᠠ ᠶᠢᠨ ᠬᠥᠯᠥᠰᠥᠨ ᠠᠵᠢᠯᠴᠢᠨ ᠬᠡᠷᠡᠭᠯᠡᠬᠦ ᠦᠭᠡᠢ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ᠂ ᠠᠮᠢᠳᠤᠯᠢᠭ ᠢᠶᠠᠷ ᠠᠵᠢᠯ ᠣᠯᠤᠭᠰᠠᠳ ᠵᠡᠷᠭᠡ ᠬᠤᠪᠢ ᠬᠥᠮᠦᠨ ᠤ ᠲᠤᠰᠠᠭᠠᠷ ᠢᠶᠠᠨ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠬᠥᠮᠦᠰ ᠤᠨ 2021 ᠣᠨ ᠤ 7 ᠳ᠋ᠤᠭᠠᠷ ᠰᠠᠷ᠎ᠠ ᠠᠴᠠ 2022 ᠣᠨ ᠤ 6  ᠳ᠋ᠤᠭᠠᠷ ᠰᠠᠷ᠎ᠠ ᠪᠤᠯᠲᠠᠯᠠᠬᠢ ᠰᠦᠢᠳᠭᠡᠯ ᠲᠤᠰᠢᠶᠠᠬᠤ ᠰᠠᠭᠤᠷᠢ ᠲᠤᠭ᠎ᠠ ᠶᠢ 6343.83 ᠲᠥᠭᠦᠷᠢᠭ ᠢᠶᠠᠷ ᠬᠢᠨᠠᠨ ᠲᠣᠭᠲᠠᠭᠠᠨ᠎ᠠ᠃      ᠬᠤᠶᠠᠷ᠂ ᠳᠠᠭᠠᠳᠬᠠᠯ ᠳᠤ ᠣᠷᠣᠯᠴᠠᠭᠰᠠᠨ ᠨᠢᠭᠡᠴᠢ ᠶᠢᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠰᠦᠢᠳᠭᠡᠯ ᠲᠤᠰᠢᠶᠠᠬᠤ ᠰᠠᠭᠤᠷᠢ ᠲᠤᠭ᠎ᠠ ᠶᠢᠨ ᠵᠥᠷᠢᠶᠡᠲᠦ ᠲᠤᠭ᠎ᠠ ᠳᠤ ᠲᠣᠬᠢᠷᠠᠭᠤᠯᠤᠯᠲᠠ ᠬᠢᠬᠦ ᠲᠤᠬᠠᠶ      2021 ᠣᠨ ᠤ 1 ᠠᠴᠠ 7 ᠳ᠋ᠤᠭᠠᠷ ᠰᠠᠷ᠎ᠠ ᠪᠣᠯᠲᠠᠯ᠎ᠠ ᠰᠦᠢᠳᠬᠡᠯ ᠲᠤᠰᠢᠶᠠᠬᠤ ᠰᠠᠭᠤᠷᠢ ᠲᠤᠭ᠎ᠠ ᠶᠢ ᠤᠷᠢᠳᠴᠢᠯᠠᠨ ᠬᠢᠨᠠᠨ ᠲᠣᠭᠲᠠᠭᠠᠬᠤ ᠠᠵᠢᠯ ᠢ ᠨᠢᠭᠡᠨᠲᠡ ᠪᠡᠶᠡᠯᠡᠭᠦᠯᠦᠭᠰᠡᠨ ᠳᠠᠭᠠᠳᠬᠠᠯ ᠳᠤ ᠣᠷᠣᠯᠴᠠᠭᠰᠠᠨ ᠨᠢᠭᠡᠴᠢ ᠮᠠᠨ ᠤ ᠲᠣᠪᠴᠢᠶ᠎ᠠ ᠠᠴᠠ ᠲᠥᠪᠯᠡᠷᠡᠭᠦᠯᠦᠨ ᠨᠢᠭᠡᠳᠦᠯᠲᠡᠶ ᠪᠥᠭᠡᠮ ᠢᠶᠠᠷ ᠲᠣᠭᠠᠨ ᠤ ᠵᠥᠷᠢᠶ᠎ᠡ ᠳᠤ ᠲᠣᠬᠢᠷᠠᠭᠤᠯᠤᠯᠲᠠ ᠬᠢᠵᠦ᠂ ᠳᠠᠭᠠᠳᠬᠠᠯ ᠳᠤ ᠣᠷᠣᠯᠴᠠᠭᠰᠠᠨ  ᠨᠢᠭᠡᠴᠢ ᠰᠦᠯᠵᠢᠶᠡᠨ ᠳᠡᠭᠡᠷᠡᠬᠢ ᠲᠤᠬᠠᠶᠢᠯᠠᠭᠰᠠᠨ ᠠᠵᠢᠯ ᠤᠨ ᠮᠡᠳᠡᠭᠦᠯᠬᠦ ᠰᠢᠰᠲ᠋ᠧᠮ ᠳᠤ ᠠᠩᠬᠠᠷᠤᠯ ᠲᠠᠯᠪᠢᠵᠤ᠂ ᠵᠠᠷᠤᠳᠠᠯ ᠲᠤᠰᠢᠶᠠᠬᠤ ᠵᠥᠷᠢᠶᠡᠲᠦ ᠲᠤᠭ᠎ᠠ ᠳᠤ ᠲᠣᠬᠢᠷᠠᠭᠤᠯᠤᠯᠲᠠ ᠬᠢᠬᠦ ᠮᠡᠳᠡᠭᠳᠡᠯ ᠤᠨ ᠬᠠᠭᠤᠳᠠᠰᠤ ᠶᠢ ᠴᠠᠭ ᠲᠤᠬᠠᠶ ᠳᠤᠨᠢ ᠳᠠᠷᠤᠮᠠᠯᠯᠠᠭᠠᠷᠠᠶ᠂ ᠵᠥᠷᠢᠶᠡᠲᠦ ᠲᠤᠭ᠎ᠠ ᠳᠤ ᠲᠣᠬᠢᠷᠠᠭᠤᠯᠤᠯᠲᠠ ᠬᠢᠬᠦ ᠨᠢ ᠳᠠᠭᠠᠳᠬᠠᠯ ᠳᠤ ᠣᠷᠣᠯᠴᠠᠭᠰᠠᠨ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ᠤᠨ ᠬᠠᠷᠢᠴᠠᠭ᠎ᠠ ᠶᠢ ᠰᠢᠯᠵᠢᠭᠦᠯᠬᠦ ᠵᠢᠴᠢ ᠬᠠᠷᠠᠭᠠᠯᠵᠠᠯ ᠭᠥᠷᠳᠡᠬᠦ ᠶᠢ ᠨᠥᠯᠥᠭᠡᠯᠡᠬᠦ ᠤᠴᠢᠷ ᠠᠴᠠ ᠡᠯ᠎ᠡ ᠳᠠᠭᠠᠳᠬᠠᠯ ᠳᠤ ᠣᠷᠣᠯᠴᠠᠭᠰᠠᠨ ᠨᠢᠭᠡᠴᠢ ᠨᠢ ᠵᠥᠷᠢᠶᠡᠲᠦ ᠲᠤᠭ᠎ᠠ ᠳᠤ ᠲᠣᠬᠢᠷᠠᠭᠤᠯᠤᠯᠲᠠ ᠬᠢᠭᠰᠡᠨ ᠬᠥᠮᠦᠨ ᠤ ᠲᠤᠭ᠎ᠠ᠂ ᠵᠣᠭᠤᠰ ᠤᠨ ᠲᠤᠭ᠎ᠠ ᠶᠢ ᠨᠠᠷᠢᠨ ᠬᠢᠨᠠᠮᠠᠭᠠᠶ ᠬᠠᠷᠭᠤᠭᠤᠯᠵᠤ᠂ ᠠᠯᠳᠠᠭ᠎ᠠ ᠥᠬᠡᠶ ᠭᠡᠵᠦ ᠨᠤᠲᠠᠯᠠᠭᠰᠠᠨ ᠤ ᠳᠠᠷᠠᠭ᠎ᠠ ᠴᠠᠭ ᠲᠤᠬᠠᠶ ᠳᠤᠨᠢ ᠵᠠᠷᠤᠳᠠᠯ ᠲᠤᠰᠢᠶᠠᠵᠤ᠂ ᠳᠠᠭᠠᠳᠬᠠᠯ ᠳᠤ ᠣᠷᠣᠯᠴᠠᠭᠰᠠᠨ ᠠᠵᠢᠯᠲᠠᠨ ᠠᠵᠢᠯᠴᠢᠨ ᠤ ᠡᠯ᠎ᠡ ᠵᠦᠢᠯ ᠤᠨ ᠬᠠᠷᠠᠭᠠᠯᠵᠠᠯ ᠭᠥᠷᠳᠡᠬᠦ ᠶᠢ ᠪᠠᠲᠤᠯᠠᠬᠤ ᠬᠡᠷᠡᠭᠲᠡᠶ᠃      ᠭᠤᠷᠪᠠ᠂  ᠰᠦᠢᠳᠭᠡᠯ ᠲᠤᠰᠢᠶᠠᠬᠤ ᠴᠠᠭ ᠤᠨ ᠬᠢᠵᠠᠭᠠᠷ ᠢ ᠬᠢᠨᠠᠨ ᠲᠣᠭᠲᠠᠭᠠᠬᠤ      ᠮᠠᠨ ᠤ ᠬᠤᠲᠠ ᠶᠢᠨ ᠠᠮᠢᠳᠤᠯᠢᠭ ᠢᠶᠠᠷ ᠠᠵᠢᠯ ᠣᠯᠤᠭᠰᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠲᠣᠰ ᠵᠢᠯ ᠤᠨ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠵᠠᠷᠤᠳᠠᠯ ᠢ ᠲᠤᠰᠢᠶᠠᠬᠤ ᠡᠴᠦᠰ ᠤᠨ ᠴᠠᠭ ᠨᠢ 2021 ᠣᠨ ᠤ 12  ᠳ᠋ᠤᠭᠠᠷ ᠰᠠᠷ᠎ᠠ ᠶᠢᠨ20 ᠤ ᠡᠳᠦᠷ ᠪᠤᠯᠳᠠᠯ᠎ᠠ᠃      ᠳᠥᠷᠪᠡ᠂ ᠠᠮᠢᠳᠤᠯᠢᠭ ᠢᠶᠠᠷ ᠠᠵᠢᠯ ᠣᠯᠤᠭᠰᠠᠳ ᠢ ᠬᠢᠨᠠᠨ ᠲᠣᠭᠲᠠᠭᠠᠬᠤ ᠭᠠᠵᠠᠷ      ᠠᠮᠢᠳᠤᠯᠢᠭ ᠢᠶᠠᠷ ᠠᠵᠢᠯ ᠣᠯᠤᠭᠰᠠᠳ ᠬᠤᠲᠠ ᠶᠢᠨ ᠳᠥᠷᠪᠡᠨ ᠲᠣᠭᠤᠷᠢᠭ ᠤᠨ ᠵᠠᠰᠠᠭ ᠤᠨ ᠶᠠᠪᠤᠳᠠᠯ ᠤᠨ  ᠦᠢᠯᠡᠴᠢᠯᠡᠭᠡᠨ ᠤ ᠲᠥᠪ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠠ ᠨᠡᠶᠢᠭᠡᠮ ᠲᠣᠭᠤᠷᠢᠭ ᠤᠨ ᠣᠶᠢᠷ᠎ᠠ ᠬᠠᠪᠢ ᠳᠠᠭᠠᠨ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠦᠢᠳᠭᠡᠯ ᠲᠤᠰᠢᠶᠠᠬᠤ ᠰᠠᠭᠤᠷᠢ ᠲᠤᠭ᠎ᠠ ᠶᠢ ᠬᠢᠨᠠᠨ ᠲᠣᠭᠲᠠᠭᠠᠯᠭᠠᠬᠤ ᠪᠠᠷ ᠰᠤᠩᠭᠤᠵᠤ ᠪᠣᠯᠤᠨ᠎ᠠ᠃          ᠳᠠᠭᠠᠯᠳᠤᠭᠤᠯᠤᠯ᠄ ᠡᠯ᠎ᠡ ᠬᠤᠰᠢᠭᠤ ᠰᠢᠶᠠᠨ ᠲᠣᠭᠤᠷᠢᠭ ᠤᠨ ᠬᠡᠷᠡᠭ ᠡᠷᠬᠢᠯᠡᠬᠦ ᠭᠠᠵᠠᠷ ᠤᠨ ᠬᠤᠪᠢ ᠶᠢᠨ ᠠᠮᠢᠳᠤᠯᠢᠭ ᠢᠶᠠᠷ ᠠᠵᠢᠯ ᠣᠯᠤᠭᠰᠠᠳ ᠤᠨ ᠭᠠᠷᠲᠠᠨ ᠭᠦᠢᠴᠡᠳᠭᠡᠬᠦ ᠬᠠᠶ᠋ᠢᠭ ᠵᠢᠴᠢ ᠤᠲᠠᠰᠤ᠂ ᠰᠠᠶᠢᠬᠠᠨ ᠲᠣᠭᠤᠷᠢᠭ ᠤᠨ ᠨᠡᠶᠢᠭᠡᠮ ᠲᠣᠭᠤᠷᠢᠭ ᠤᠨ ᠬᠤᠪᠢ ᠶᠢᠨ ᠠᠮᠢᠳᠤᠯᠢᠭ ᠢᠶᠠᠷ ᠠᠵᠢᠯ ᠣᠯᠤᠭᠰᠠᠳ ᠢ ᠬᠢᠨᠠᠨ ᠲᠣᠭᠲᠠᠭᠠᠬᠤ ᠬᠠᠶ᠋ᠢᠭ ᠵᠢᠴᠢ ᠤᠲᠠᠰᠤ  ᠃ ︵ᠺᠤᠳ᠋ ᠢ ᠰᠢᠷᠪᠢᠵᠦ ᠪᠠᠶᠢᠴᠠᠭᠠᠨ ᠦᠵᠡᠭᠡᠷᠡᠢ︶                                         ᠬᠥᠬᠡᠬᠤᠲᠠ ᠶᠢᠨ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ                                       2021 ᠣᠨ ᠤ 7 ᠳ᠋ᠤᠭᠠᠷ ᠰᠠᠷ᠎ᠠ ᠶᠢᠨ 21 ᠤ ᠡᠳᠦᠷ
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠣᠯᠠᠭ᠎ᠠ ᠶᠢᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号