ᠭᠤᠷᠪᠠᠨ ᠬᠡᠤᠬᠡᠳ ᠠᠪᠬᠤ ᠵᠠᠷᠤᠳᠠᠯ ᠢ ᠦᠷᠡᠵᠢᠯ ᠤᠨ ᠳᠠᠭᠠᠳᠬᠠᠯ ᠤᠨ ᠬᠠᠷᠠᠭᠠᠯᠵᠠᠯ ᠣᠯᠭᠤᠬᠤ ᠬᠡᠪᠴᠢᠶᠡᠨ ᠳᠤ ᠣᠷᠣᠭᠤᠯᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2021/9/17
ᠡᠯ᠎ᠡ ᠠᠶᠢᠮᠠᠭ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠮᠠᠨᠵᠤᠤᠷ ᠬᠤᠲᠠ᠂ ᠡᠷᠢᠶᠡᠨ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠳᠤ᠄      ᠦᠷᠡᠵᠢᠯ ᠤᠨ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠦᠨ ᠬᠥᠮᠦᠨ ᠠᠮᠠ ᠶᠢᠨ ᠤᠷᠲᠤ ᠬᠤᠭᠤᠴᠠᠭᠠᠨ ᠤ ᠲᠡᠩᠴᠡᠭᠦᠷᠢᠲᠡᠶ ᠬᠥᠭᠵᠢᠯᠲᠡ ᠶᠢ ᠠᠬᠢᠭᠤᠯᠬᠤ ᠲᠤᠬᠠᠶ ᠨᠠᠮ ᠤᠨ ᠲᠥᠪ ᠬᠤᠷᠢᠶᠠᠨ ᠤ ᠡᠭᠦᠷᠭᠡ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠦᠷᠢᠵᠢᠭᠤᠯᠵᠦ᠂ ᠭᠤᠷᠪᠠᠨ ᠬᠡᠤᠬᠡᠳ ᠠᠪᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠢᠳᠡᠪᠬᠢᠲᠡᠶ ᠳᠡᠮᠵᠢᠵᠦ᠂ ︽ᠭᠤᠷᠪᠠᠨ ᠬᠡᠤᠬᠡᠳ ᠠᠪᠬᠤ ᠶᠢ ᠳᠡᠮᠵᠢᠬᠦ ᠲᠥᠷᠥ ᠶᠢᠨ ᠪᠣᠳᠣᠯᠭ᠎ᠠ ᠶᠢᠨ ᠦᠷᠡᠵᠢᠯ ᠤᠨ ᠳᠠᠭᠠᠳᠬᠠᠯ ᠤᠨ ᠠᠵᠢᠯ ᠢ ᠰᠠᠶᠢᠲᠤᠷ ᠬᠢᠬᠦ ᠲᠤᠬᠠᠶ ᠤᠯᠤᠰ ᠤᠨ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ ᠶᠢᠨ ᠠᠯᠪᠠᠨ ᠬᠡᠷ ᠤᠨ ᠮᠡᠳᠡᠭᠳᠡᠯ︾ ︵ᠡᠮᠴᠢᠯᠡᠭᠡ ᠪᠠᠳᠤᠯᠠᠭ᠎ᠠ ᠠᠯᠪᠠᠨ ᠲᠠᠷᠬᠠᠭᠠᠭᠰᠠᠨ  ﹇2021﹈ 36 ᠳ᠋ᠤᠭᠠᠷ ᠲᠣᠭᠠᠲᠤ︶ ᠢ ᠦᠨᠳᠦᠰᠦᠯᠡᠨ᠂ ᠭᠤᠷᠪᠠᠨ ᠬᠡᠤᠬᠡᠳ ᠠᠪᠬᠤ ᠵᠠᠷᠤᠳᠠᠯ ᠢ ᠦᠷᠡᠵᠢᠯ ᠤᠨ ᠳᠠᠭᠠᠳᠬᠠᠯ ᠤᠨ ᠬᠠᠷᠠᠭᠠᠯᠵᠠᠯ ᠣᠯᠭᠤᠬᠤ ᠬᠡᠪᠴᠢᠶᠡᠨ ᠳᠤ ᠣᠷᠣᠭᠤᠯᠬᠤ ᠬᠤᠯᠪᠣᠭᠳᠠᠯ ᠪᠥᠬᠦᠶ  ᠵᠦᠢᠯᠡᠰ ᠢ ᠳᠣᠤᠷᠠᠬᠢ ᠮᠡᠲᠦ ᠮᠡᠳᠡᠭᠳᠡᠶ᠎ᠡ᠄      ᠨᠢᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠡᠶᠢᠭᠡᠮ ᠤᠨ ᠳᠠᠭᠠᠳᠬᠠᠯ ᠤᠨ ᠬᠠᠤᠯᠢ︾ ᠵᠡᠷᠭᠡ ᠬᠠᠮᠢᠶ᠎ᠠ ᠪᠥᠬᠦᠶ ᠲᠣᠭᠲᠠᠭᠠᠯ ᠢ ᠦᠨᠳᠦᠰᠦᠯᠡᠨ᠂ ᠨᠢᠭᠡᠨᠲᠡ ᠦᠷᠡᠵᠢᠯ ᠤᠨ ᠳᠠᠭᠠᠳᠬᠠᠯ ᠤᠨ ᠰᠦᠢᠳᠭᠡᠯ ᠲᠤᠰᠢᠶᠠᠭᠰᠠᠨ ᠬᠥᠮᠦᠨ ᠬᠡᠷᠡᠭᠯᠡᠬᠦ ᠨᠢᠭᠡᠴᠢ ᠶᠢᠨ ᠠᠵᠢᠯᠲᠠᠨ ᠠᠵᠢᠯᠴᠢᠨ ᠨᠢ ᠭᠤᠷᠪᠠᠨ ᠬᠡᠤᠬᠡᠳ ᠠᠪᠤᠪᠠᠯ᠂ ᠦᠷᠡᠵᠢᠯ ᠤᠨ ᠡᠮ ᠡᠮᠨᠡᠯᠭᠡ ᠶᠢᠨ ᠵᠠᠷᠤᠳᠠᠯ ᠪᠠ ᠦᠷᠡᠵᠢᠯ ᠤᠨ ᠨᠡᠮᠡᠭᠦᠷᠢ ᠵᠡᠷᠭᠡ ᠬᠠᠮᠢᠶ᠎ᠠ ᠪᠥᠬᠦᠶ ᠬᠠᠷᠠᠭᠠᠯᠵᠠᠯ ᠢ ᠭᠥᠷᠳᠡᠨ᠎ᠡ᠃      ᠬᠤᠶᠠᠷ᠂ ᠡᠯ᠎ᠡ ᠨᠢᠭᠡᠳᠦᠯᠲᠡᠶ ᠲᠥᠯᠥᠪᠯᠡᠬᠦ ᠭᠠᠵᠠᠷ ᠣᠷᠣᠨ ᠤ ᠬᠢᠨ ᠲᠤᠰ ᠭᠠᠵᠠᠷ ᠣᠷᠣᠨ ᠤ ᠪᠠᠨ ᠪᠣᠳᠠᠲᠠᠶ ᠪᠡᠯᠡ ᠮᠥᠩᠭᠦ ᠴᠤᠭᠯᠠᠭᠤᠯᠬᠤ᠂ ᠬᠠᠷᠠᠭᠠᠯᠵᠠᠯ ᠦᠵᠡᠭᠦᠯᠬᠦ ᠬᠢᠷᠢ ᠬᠡᠮᠵᠢᠶ᠎ᠡ ᠪᠠᠨ ᠦᠨᠳᠦᠰᠦᠯᠡᠵᠦ᠂ ᠰᠠᠭᠤᠷᠢ ᠮᠥᠩᠭᠦᠨ ᠤ ᠠᠵᠢᠯᠯᠠᠭᠠᠨ ᠤ ᠦᠷᠭᠦᠯᠵᠢᠯᠡᠬᠦ ᠶᠢ ᠪᠣᠳᠣᠯᠬᠢᠯᠠᠭᠰᠠᠨ ᠰᠠᠭᠤᠷᠢᠨ ᠳᠡᠭᠡᠷ᠎ᠡ᠂ ︽ᠦᠷᠡᠵᠢᠯ ᠤᠨ ᠳᠠᠭᠠᠳᠬᠠᠯ ᠪᠠ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠢ ᠨᠡᠶᠢᠯᠡᠭᠦᠯᠦᠨ ᠬᠡᠷᠡᠭᠵᠢᠭᠦᠯᠬᠦ ᠶᠢ ᠪᠥᠬᠦ ᠲᠠᠯ᠎ᠠ ᠪᠠᠷ ᠳᠥᠯᠭᠢᠨ ᠠᠬᠢᠭᠤᠯᠬᠤ ᠲᠤᠬᠠᠶ ᠰᠠᠨᠠᠯ︾ ︵ᠲᠥᠷᠥ ᠠᠯᠪᠠᠨ ᠲᠠᠷᠬᠠᠭᠠᠭᠰᠠᠨ ﹇2019﹈ 10 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠦᠨᠳᠦᠰᠦᠯᠡᠨ᠂ ᠦᠷᠡᠵᠢᠯ ᠤᠨ ᠨᠡᠮᠡᠭᠦᠷᠢ ᠥᠭᠬᠦ ᠬᠤᠭᠤᠴᠠᠭ᠎ᠠ ᠶᠢ ︽ᠡᠮᠡᠭᠲᠡᠶ ᠠᠵᠢᠯᠲᠠᠨ ᠠᠵᠢᠯᠴᠢᠨ ᠤ ᠬᠥᠳᠡᠯᠮᠦᠷᠢ ᠶᠢᠨ ᠬᠠᠮᠠᠭᠠᠯᠠᠯᠲᠠ ᠶᠢᠨ ᠣᠨᠴᠠᠭᠠᠶ ᠲᠣᠭᠲᠠᠭᠠᠯ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠬᠥᠩᠭᠡᠵᠢᠯᠲᠡ ᠶᠢᠨ ᠴᠢᠯᠥᠭᠡᠨ ᠤ ᠬᠤᠭᠤᠴᠠᠭ᠎ᠠ ᠶᠢᠨ ᠶᠣᠰᠣᠭᠠᠷ ᠴᠢᠩᠭ᠎ᠠ ᠬᠡᠷᠡᠭᠵᠢᠭᠦᠯᠦᠨ᠎ᠡ᠃      ᠭᠤᠷᠪᠠ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠭᠤᠷᠪᠠᠨ ᠬᠡᠤᠬᠡᠳ ᠠᠪᠬᠤ ᠡᠮ ᠡᠮᠨᠡᠯᠭᠡ ᠶᠢᠨ ᠵᠠᠷᠤᠳᠠᠯ ᠢ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠬᠠᠷᠠᠭᠠᠯᠵᠠᠯ ᠣᠯᠭᠤᠬᠤ ᠬᠡᠪᠴᠢᠶᠡᠨ ᠳᠤ ᠣᠷᠣᠭᠤᠯᠤᠨ᠎ᠠ᠃ ᠨᠢᠷᠠᠶ ᠬᠡᠦᠬᠡᠳ ᠢ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠳᠤ ᠣᠷᠣᠭᠤᠯᠬᠤ ᠠᠵᠢᠯ ᠢ ᠬᠠᠮᠳᠦ ᠳᠤᠨᠢ ᠰᠠᠶᠢᠳᠦᠷ ᠬᠢᠨ᠎ᠡ᠃      ᠳᠥᠷᠪᠡ᠂ ᠡᠯ᠎ᠡ ᠨᠢᠭᠡᠳᠦᠯᠲᠡᠶ ᠲᠥᠯᠥᠪᠯᠡᠬᠦ ᠭᠠᠵᠠᠷ ᠣᠷᠣᠨ ᠨᠤᠭᠤᠳ ᠦᠷᠡᠵᠢᠯ ᠤᠨ ᠡᠮᠴᠢᠯᠡᠭᠡᠨ ᠤ ᠵᠠᠷᠤᠳᠠᠯ ᠤᠨ ᠲᠠᠩᠰᠠ ᠲᠠᠶᠢᠯᠬᠤ ᠴᠤᠪᠤᠷᠠᠯ ᠢ ᠳᠥᠭᠦᠮᠴᠢᠯᠡᠵᠦ᠂ ᠮᠡᠳᠡᠭᠡ ᠵᠠᠩᠭᠢ ᠶᠢᠨ ᠲᠠᠪᠴᠠᠩ ᠢ ᠭᠦᠢᠴᠡᠳ ᠠᠰᠢᠭᠯᠠᠨ᠂ ᠦᠷᠡᠵᠢᠯ ᠤᠨ ᠡᠮᠴᠢᠯᠡᠭᠡᠨ ᠤ ᠵᠠᠷᠤᠳᠠᠯ ᠢ ᠣᠨᠳᠣᠤ ᠭᠠᠵᠠᠷ ᠲᠤ ᠡᠮᠨᠡᠭᠦᠯᠦᠭᠰᠡᠨ ᠵᠠᠷᠤᠳᠠᠯ ᠢ ᠰᠢᠭᠤᠳ ᠳ᠋ᠦᠩᠨᠡᠨ ᠪᠤᠳᠤᠬᠤ ᠶᠢ ᠰᠦᠪᠡᠭᠴᠢᠯᠡᠨ ᠪᠡᠶᠡᠯᠡᠭᠦᠯᠬᠦ ᠬᠡᠷᠡᠭᠲᠡᠶ᠃ ᠴᠢᠭ ᠲᠣᠭᠲᠠᠭᠠᠭᠰᠠᠨ ᠡᠮᠴᠢᠯᠡᠭᠡᠨ ᠤ  ᠦᠢᠯᠡᠴᠢᠯᠡᠭᠡᠨ ᠤ ᠪᠠᠶᠢᠭᠤᠯᠤᠮᠵᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠨᠥᠬᠦᠴᠡᠯ ᠳᠤ ᠨᠡᠶᠢᠴᠡᠬᠦ ᠡᠬᠡ ᠨᠢᠯᠬᠠᠰ ᠤᠨ ᠡᠮᠨᠡᠯᠭᠡ ᠶᠢᠨ ᠬᠤᠷᠢᠶ᠎ᠠ ᠶᠢ  ᠴᠢᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠬᠡᠪᠴᠢᠶᠡᠨ ᠳᠤ ᠣᠷᠣᠭᠤᠯᠵᠤ᠂ ᠳᠠᠭᠠᠳᠬᠠᠯ ᠳᠤ ᠣᠷᠣᠯᠴᠠᠭᠰᠠᠳ ᠤᠨ ᠦᠷᠡᠵᠢᠯ ᠤᠨ ᠡᠮᠴᠢᠯᠡᠭᠡᠨ ᠤ ᠬᠡᠷᠡᠭᠴᠡᠭᠡ ᠶᠢ ᠬᠠᠩᠭᠠᠨ᠎ᠠ᠃      ᠲᠠᠪᠤ᠂ ᠡᠯ᠎ᠡ ᠨᠢᠭᠡᠳᠦᠯᠲᠡᠶ ᠲᠥᠯᠥᠪᠯᠡᠬᠦ ᠭᠠᠵᠠᠷ ᠣᠷᠣᠨ ᠨᠢ ︽ᠴᠢᠳᠠᠯ ᠤᠨ ᠬᠢᠷᠢ ᠪᠠᠷ ᠢᠶᠠᠨ ᠴᠢᠷᠮᠠᠶᠢᠵᠤ᠂ ᠴᠢᠳᠠᠯ ᠤᠨ ᠢᠶᠠᠨ ᠬᠢᠷᠢ ᠪᠠᠷ ᠬᠢᠬᠦ︾ ᠵᠠᠷᠴᠢᠮ ᠶᠣᠰᠣᠭᠠᠷ᠂ ᠪᠣᠳᠠᠲᠠᠶ ᠠᠴᠠ ᠡᠭᠦᠰᠬᠦ᠂ ᠦᠨᠳᠦᠰᠦᠨ ᠡᠷᠬᠡ ᠠᠰᠢᠭ ᠢ ᠪᠠᠲᠤᠯᠠᠬᠤ ᠠᠴᠠ ᠭᠠᠷᠳᠠᠬᠤ ᠶᠢ ᠪᠠᠷᠢᠮᠲᠠᠯᠠᠵᠤ᠂ ᠵᠢᠱᠢᠯᠲᠡ ᠶᠢ ᠵᠦᠶ ᠵᠣᠬᠢᠰᠲᠠᠶ ᠬᠥᠲᠥᠯᠦᠨ ᠵᠢᠯᠣᠭᠤᠳᠴᠤ᠂ ᠰᠠᠭᠤᠷᠢ ᠮᠥᠩᠭᠦᠨ ᠤ ᠠᠵᠢᠯᠯᠠᠭᠠᠨ ᠤ ᠪᠠᠶᠢᠳᠠᠯ ᠪᠠ ᠵᠠᠷᠤᠯᠭ᠎ᠠ ᠶᠢᠨ ᠪᠦᠲᠦᠴᠡ ᠶᠢ ᠮᠥᠷᠳᠡᠨ ᠵᠠᠳᠠᠯᠤᠨ᠎ᠠ᠃ ᠦᠷᠡᠵᠢᠯ ᠤᠨ ᠳᠠᠭᠠᠳᠬᠠᠯ ᠤᠨ ᠰᠠᠭᠤᠷᠢ ᠮᠥᠩᠭᠦ ᠶᠢᠨ ᠲᠦᠭᠰᠢᠭᠦᠷᠢ ᠶᠢ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠳᠤ ᠰᠢᠯᠵᠢᠭᠦᠯᠬᠦ ᠶᠢ ᠰᠡᠷᠭᠡᠶᠢᠯᠡᠵᠦ᠂ ᠦᠷᠡᠵᠢᠯ ᠤᠨ ᠳᠠᠭᠠᠳᠬᠠᠯ ᠤᠨ ᠵᠠᠷᠤᠯᠭ᠎ᠠ ᠶᠢᠨ ᠬᠡᠷᠡᠭᠴᠡᠭᠡ ᠶᠢ ᠦᠨᠳᠦᠰᠦᠯᠡᠨ᠂ ᠦᠷᠡᠵᠢᠯ ᠤᠨ ᠳᠠᠭᠠᠳᠬᠠᠯ ᠤᠨ ᠰᠦᠢᠳᠭᠡᠯ ᠤᠨ ᠨᠣᠷᠮ᠎ᠠ ᠶᠢ ᠬᠦᠳᠡᠯᠦᠩᠭᠦᠢ ᠲᠤᠬᠢᠷᠠᠭᠤᠯᠤᠯᠳᠠ ᠬᠢᠵᠦ᠂ ᠲᠦᠷᠢᠮ ᠤᠨ ᠦᠷᠭᠦᠯᠵᠢᠯᠡᠨ ᠬᠦᠭᠵᠢᠬᠦ ᠶᠢ ᠪᠡᠶᠡᠯᠡᠭᠦᠯᠦᠨ᠎ᠡ᠃      ᠵᠢᠷᠭᠤᠭ᠎ᠠ᠂ ᠡᠯ᠎ᠡ ᠨᠢᠭᠡᠳᠦᠯᠲᠡᠶ ᠲᠥᠯᠥᠪᠯᠡᠬᠦ ᠭᠠᠵᠠᠷ ᠣᠷᠣᠨ ᠤ ᠡᠮ ᠡᠮᠨᠡᠯᠭᠡ ᠶᠢᠨ ᠳᠠᠭᠠᠳᠬᠠᠯ ᠤᠨ ᠰᠠᠯᠠᠭ᠎ᠠ ᠮᠥᠴᠢᠷ ᠤᠳ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠦᠨ᠂ ᠪᠦᠲᠦᠮᠵᠢᠲᠡᠶ ᠪᠥᠭᠡᠳ ᠥᠨᠳᠥᠷ ᠪᠦᠲᠦᠮᠵᠢᠲᠡᠶ ᠠᠷᠭ᠎ᠠ ᠬᠡᠮᠵᠢᠶ᠎ᠡ ᠶᠢ ᠢᠳᠡᠪᠬᠢᠲᠡᠶ ᠪᠠᠷ ᠠᠪᠴᠤ᠂ ᠭᠤᠷᠪᠠᠨ ᠬᠡᠤᠬᠡᠳ ᠠᠪᠬᠤ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠪᠣᠳᠠᠲᠠᠶ ᠪᠠᠷ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠵᠤ᠂ ᠵᠥᠪ ᠴᠢᠭᠯᠡᠯᠲᠦ ᠤᠬᠠᠭᠤᠯᠭ᠎ᠠ ᠶᠢ ᠰᠠᠨᠠᠭᠠᠴᠢᠯᠠᠭ᠎ᠠ ᠠᠴᠠ ᠪᠠᠨ ᠰᠠᠶᠢᠲᠤᠷ ᠬᠢᠵᠦ᠂ ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠤ ᠠᠰᠢᠭ ᠭᠥᠷᠳᠡᠭᠰᠡᠨ ᠲᠥᠷᠥᠭᠳᠡᠯ ᠢ ᠨᠡᠮᠡᠭᠳᠡᠭᠦᠯᠬᠦ ᠬᠡᠷᠡᠭᠲᠡᠶ᠃ ᠴᠢᠬᠤᠯᠠ ᠶᠡᠭᠡ ᠪᠠᠶᠢᠳᠠᠯ ᠪᠠ ᠠᠰᠠᠭᠤᠳᠠᠯ ᠲᠣᠬᠢᠶᠠᠯᠳᠤᠪᠠᠯ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠳᠤ ᠴᠠᠭ ᠲᠤᠬᠠᠶ ᠳᠤᠨᠢ ᠮᠡᠳᠡᠭᠦᠯᠬᠦ ᠬᠡᠷᠡᠭᠲᠡᠶ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ      2021 ᠣᠨ ᠤ 9  ᠳ᠋ᠤᠭᠡᠷ ᠰᠠᠷ᠎ᠠ ᠶᠢᠨ 3   ᠤ ᠡᠳᠦᠷ
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠣᠯᠠᠭ᠎ᠠ ᠶᠢᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号