︽ᠣᠷᠳᠣ ᠬᠤᠭᠤᠴᠠᠭᠠᠨ ᠪᠠᠷ ᠰᠤᠪᠢᠯᠠᠯᠲᠠ ᠶᠢᠨ ᠴᠢᠳᠠᠪᠤᠷᠢ ᠠᠯᠳᠠᠭᠰᠠᠳ ᠤᠨ ᠳᠡᠰ ᠦᠨᠡᠯᠡᠨ ᠵᠢᠱᠢᠬᠦ ᠪᠠᠷᠢᠮᠵᠢᠶ᠎ᠠ ︵ᠲᠤᠷᠰᠢᠨ ᠬᠡᠷᠡᠭᠵᠢᠭᠦᠯᠬᠦ︶︾ ᠶᠢ ᠳᠠᠷᠤᠮᠠᠯᠯᠠᠨ ᠲᠠᠷᠬᠠᠭᠠᠬᠤ ᠲᠤᠬᠠᠶ ᠤᠯᠤᠰ ᠤᠨ ᠡᠮᠴᠢᠯᠡᠭᠡ ᠶᠢᠨ ᠪᠠᠳᠤᠯᠠᠭ᠎ᠠ ᠶᠢᠨ ᠲᠣᠪᠴᠢᠶ᠎ᠠ ᠶᠢᠨ ᠠᠯᠪᠠᠨ ᠬᠡᠷ ᠠᠷᠠᠳ ᠤᠨ ᠶᠠᠪᠤᠳᠠᠯ ᠤᠨ ᠶᠠᠮᠤᠨ ᠤ ᠠᠯᠪᠠᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2021/9/2
      ︽ᠣᠷᠳᠣ ᠬᠤᠭᠤᠴᠠᠭᠠᠨ ᠪᠠᠷ ᠰᠤᠪᠢᠯᠠᠯᠲᠠ ᠶᠢᠨ ᠴᠢᠳᠠᠪᠤᠷᠢ ᠠᠯᠳᠠᠭᠰᠠᠳ ᠤᠨ ᠲᠡᠰ ᠦᠨᠡᠯᠡᠨ ᠵᠢᠱᠢᠬᠦ ᠪᠠᠷᠢᠮᠵᠢᠶ᠎ᠠ ︵ᠲᠤᠷᠰᠢᠨ ᠬᠡᠷᠡᠭᠵᠢᠭᠦᠯᠬᠦ︶︾ ᠶᠢ ᠳᠠᠷᠤᠮᠠᠯᠯᠠᠨ ᠲᠠᠷᠬᠠᠭᠠᠬᠤ ᠲᠤᠬᠠᠢ ᠤᠯᠤᠰ ᠤᠨ ᠡᠮᠴᠢᠯᠡᠭᠡ ᠶᠢᠨ ᠪᠠᠳᠤᠯᠠᠭ᠎ᠠ ᠶᠢᠨ ᠲᠣᠪᠴᠢᠶ᠎ᠠ ᠶᠢᠨ ᠠᠯᠪᠠᠨ ᠬᠡᠷ ᠠᠷᠠᠳ ᠤᠨ ᠶᠠᠪᠤᠳᠠᠯ ᠤᠨ ᠶᠠᠮᠤᠨ ᠤ ᠠᠯᠪᠠᠨ ᠲᠢᠩᠬᠢᠮ   ᠤᠨ ᠮᠡᠳᠡᠭᠳᠡᠯ       ᠡᠮᠴᠢᠯᠡᠭᠡ ᠪᠠᠳᠤᠯᠠᠭ᠎ᠠ ᠠᠯᠪᠠᠨ ᠲᠠᠷᠬᠠᠭᠠᠭᠰᠠᠨ ﹇2021﹈  37 ᠳ᠋ᠤᠭᠠᠷ ᠲᠣᠭᠠᠲᠤ ᠬᠤᠯᠪᠣᠭᠳᠠᠯ ᠪᠥᠬᠦᠶ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠵᠢᠴᠢ ᠰᠢᠨᠵᠢᠶᠠᠩ ᠤᠨ ᠦᠢᠯᠡᠳᠪᠦᠷᠢᠯᠡᠯ ᠪᠥᠲᠥᠭᠡᠨ ᠪᠠᠶᠢᠭᠤᠯᠤᠯᠲᠠ ᠶᠢᠨ ᠪᠢᠩᠲ᠋ᠤᠸᠠᠨ ᠤ ᠡᠮᠴᠢᠯᠡᠭᠡ ᠶᠢᠨ ᠪᠠᠳᠤᠯᠠᠭ᠎ᠠ ᠶᠢᠨ ᠲᠣᠪᠴᠢᠶ᠎ᠠ᠂ ᠠᠷᠠᠳ ᠤᠨ ᠶᠠᠪᠤᠳᠠᠯ ᠤᠨ ᠲᠢᠩᠬᠢᠮ ︵ᠲᠣᠪᠴᠢᠶ᠎ᠠ︶ ᠳᠤ᠄      ︽ᠣᠷᠳᠣ ᠬᠤᠭᠤᠴᠠᠭᠠᠨ ᠪᠠᠷ ᠰᠤᠪᠢᠯᠠᠯᠲᠠ ᠶᠢᠨ ᠳᠠᠭᠠᠳᠬᠠᠯ ᠤᠨ ᠲᠦᠷᠢᠮ ᠤᠨ ᠲᠤᠷᠰᠢᠯᠲᠠ ᠶᠢ ᠥᠷᠭᠡᠳᠬᠡᠬᠦ ᠲᠤᠬᠠᠶ ᠤᠯᠤᠰ ᠤᠨ ᠡᠮᠴᠢᠯᠡᠭᠡ ᠶᠢᠨ ᠪᠠᠳᠤᠯᠠᠭ᠎ᠠ ᠶᠢᠨ ᠲᠣᠪᠴᠢᠶ᠎ᠠ ᠡᠳ᠋ ᠤᠨ ᠵᠠᠰᠠᠭ ᠤᠨ ᠶᠠᠮᠤᠨ ᠤ ᠵᠢᠯᠣᠭᠤᠳᠬᠤ ᠰᠠᠨᠠᠯ︾ ︵ ᠡᠮᠴᠢᠯᠡᠭᠡ ᠪᠠᠳᠤᠯᠠᠭ᠎ᠠ ᠲᠠᠷᠬᠠᠭᠠᠭᠰᠠᠨ ﹇2020﹈  37 ᠳ᠋ᠤᠭᠠᠷ ᠲᠣᠭᠠᠲᠤ᠂ ᠳᠣᠷᠣᠭᠰᠢ ︽37 ᠳ᠋ᠤᠭᠠᠷ ᠲᠣᠭᠠᠲᠤ ᠪᠢᠴᠢᠭ ᠮᠠᠲ᠋ᠧᠷᠢᠶᠠᠯ︾ ᠭᠡᠵᠦ ᠲᠣᠪᠴᠢᠯᠠᠨ᠎ᠠ︶ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠣᠷᠳᠣ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠲᠦᠷᠢᠮ ᠤᠨ ᠲᠤᠷᠰᠢᠯᠲᠠ ᠶᠢ ᠯᠠᠪᠳᠠᠭᠤᠨ ᠢᠶᠠᠷ ᠠᠬᠢᠭᠤᠯᠵᠤ᠂ ᠨᠠᠰᠤᠵᠢᠯ ᠤᠨ ᠠᠰᠠᠷᠠᠮᠵᠢ ᠶᠢᠨ  ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠬᠠᠮᠵᠢᠯᠴᠠᠨ ᠠᠬᠢᠭᠤᠯᠵᠤ᠂ ᠤᠯᠤᠰ ᠤᠨ ᠡᠮᠴᠢᠯᠡᠭᠡ ᠶᠢᠨ ᠪᠠᠳᠤᠯᠠᠭ᠎ᠠ ᠶᠢᠨ ᠲᠣᠪᠴᠢᠶ᠎ᠠ ᠨᠢ ᠠᠷᠠᠳ ᠤᠨ ᠶᠠᠪᠤᠳᠠᠯ ᠤᠨ ᠶᠠᠮᠤᠨ ᠲᠠᠢ ᠬᠠᠮᠲᠤᠷᠠᠨ ︽ᠣᠷᠳᠣ ᠬᠤᠭᠤᠴᠠᠭᠠᠨ ᠪᠠᠷ ᠰᠤᠪᠢᠯᠠᠯᠲᠠ ᠶᠢᠨ ᠴᠢᠳᠠᠪᠤᠷᠢ ᠪᠠᠨ ᠠᠯᠳᠠᠭᠰᠠᠳ ᠤᠨ ᠲᠠᠰ ᠦᠨᠡᠯᠡᠨ ᠵᠢᠱᠢᠬᠦ ᠪᠠᠷᠢᠮᠵᠢᠶ᠎ᠠ ︵ᠲᠤᠷᠰᠢᠨ ᠬᠡᠷᠡᠭᠵᠢᠭᠦᠯᠬᠦ︶︾ ︵ᠳᠣᠷᠣᠭᠰᠢ ︽ᠦᠨᠡᠯᠡᠨ ᠵᠢᠱᠢᠬᠦ ᠪᠠᠷᠢᠮᠵᠢᠶ᠎ᠠ ︵ᠲᠤᠷᠰᠢᠨ ᠬᠡᠷᠡᠭᠵᠢᠭᠦᠯᠬᠦ︶︾ ᠭᠡᠵᠦ ᠲᠣᠪᠴᠢᠯᠠᠨ᠎ᠠ︶ ᠶᠢ ᠲᠤᠭᠤᠷᠪᠢᠵᠤ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠱᠠᠭᠠᠷᠳᠠᠯᠭ᠎ᠠ ᠶᠣᠰᠣᠭᠠᠷ ᠣᠷᠳᠣ ᠬᠤᠭᠤᠴᠠᠭᠠᠨ ᠪᠠᠷ ᠰᠤᠪᠢᠯᠠᠯᠲᠠ ᠶᠢᠨ ᠳᠠᠭᠠᠳᠬᠠᠯ ᠤᠨ ᠲᠦᠷᠢᠮ ᠤᠨ ᠲᠤᠷᠰᠢᠯᠲᠠ ᠶᠢᠨ ᠬᠤᠲᠠ ᠶᠢᠨ ᠲᠤᠷᠰᠢᠨ ᠬᠡᠷᠡᠭᠵᠢᠭᠦᠯᠬᠦ ᠠᠵᠢᠯ ᠢ ᠰᠠᠶᠢᠲᠤᠷ ᠬᠢᠬᠦ   ᠳᠤ ᠵᠢᠯᠤᠭᠤᠳᠤᠯᠭ᠎ᠠ ᠪᠤᠯᠭᠠᠪᠠ᠃      ᠡᠯ᠎ᠡ ᠲᠤᠷᠰᠢᠯᠲᠠ ᠶᠢᠨ ᠴᠢᠭ ᠤᠨ ᠭᠠᠵᠠᠷ ᠣᠷᠣᠨ ᠨᠤᠭᠤᠳ ᠪᠠᠷᠢᠮᠵᠢᠶ᠎ᠠ ᠶᠢᠨ ᠨᠢᠭᠡᠳᠦᠯᠲᠦ ᠴᠢᠨᠠᠷ᠂ ᠣᠯᠭᠤᠮᠵᠢ ᠶᠢᠨ ᠲᠡᠩᠴᠡᠭᠦᠷᠢᠲᠦ ᠴᠢᠨᠠᠷ᠂ ᠲᠦᠷᠢᠮ ᠤᠨ ᠲᠥᠪ ᠭᠤᠤᠯᠴᠢ ᠴᠢᠨᠠᠷ ᠢ ᠠᠬᠢᠭᠤᠯᠬᠤ ᠲᠠᠯ᠎ᠠ ᠪᠠᠷ ᠣᠷᠳᠣ ᠬᠤᠭᠤᠴᠠᠭᠠᠨ ᠪᠠᠷ ᠰᠤᠪᠢᠯᠠᠯᠲᠠ ᠶᠢᠨ ᠴᠢᠳᠠᠪᠤᠷᠢ ᠪᠠᠨ ᠠᠯᠳᠠᠭᠰᠠᠳ ᠤᠨ ᠳᠡᠰ ᠦᠨᠡᠯᠡᠨ ᠵᠢᠱᠢᠬᠦ ᠠᠵᠢᠯ ᠢ ᠨᠢᠭᠡᠳᠦᠯᠲᠡᠶ ᠵᠢᠷᠤᠮᠵᠢᠭᠤᠯᠬᠤ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ ︽ᠦᠨᠡᠯᠡᠨ ᠵᠢᠱᠢᠬᠦ ᠪᠠᠷᠢᠮᠵᠢᠶ᠎ᠠ ︵ᠲᠤᠷᠰᠢᠨ ᠬᠡᠷᠡᠭᠵᠢᠭᠦᠯᠬᠦ︶︾ ᠶᠢ  ᠬᠡᠷᠡᠭᠵᠢᠭᠦᠯᠬᠦ ᠶᠢ ᠴᠢᠩᠭᠠᠳᠬᠠᠬᠤ ᠬᠡᠷᠡᠭᠲᠡᠶ᠃ 37 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠳᠤ ᠲᠣᠳᠣᠷᠬᠠᠶᠢᠯᠠᠭᠰᠠᠨ ᠰᠢᠨ᠎ᠡ ᠪᠠᠷ ᠨᠡᠮᠡᠭᠳᠡᠭᠰᠡᠨ 14 ᠲᠤᠷᠰᠢᠯᠲᠠ ᠶᠢᠨ ᠴᠢᠭ ᠪᠣᠯᠬᠤ ᠬᠤᠲᠠ ᠳᠤ ︽ᠦᠨᠡᠯᠡᠨ ᠵᠢᠱᠢᠬᠦ ᠪᠠᠷᠢᠮᠵᠢᠶ᠎ᠠ ︵ᠲᠤᠷᠰᠢᠨ ᠬᠡᠷᠡᠭᠵᠢᠭᠦᠯᠬᠦ︶︾ ᠶᠢ ᠯᠠᠪᠯᠠᠯᠲᠠ ᠪᠣᠯᠭᠠᠨ ᠬᠡᠷᠡᠭᠵᠢᠭᠦᠯᠵᠦ᠂ ᠤᠤᠯ ᠤᠨ ᠲᠤᠷᠰᠢᠯᠲᠠ ᠶᠢᠨ ᠴᠢᠭ ᠪᠣᠯᠬᠤ ᠬᠤᠲᠠ ᠳᠤ ᠣᠷᠣᠨ ᠨᠤᠲᠤᠭ ᠤᠨ ᠪᠠᠷᠢᠮᠵᠢᠶ᠎ᠠ ᠪᠠᠷ ᠯᠠᠪᠯᠠᠯᠲᠠ ᠪᠣᠯᠭᠠᠨ ᠲᠡᠭᠦᠯᠳᠡᠷᠵᠢᠭᠦᠯᠵᠦ᠂ ᠵᠠᠷᠴᠢᠮ ᠳᠡᠭᠡᠷ᠎ᠡ ᠪᠠᠨ ᠲᠣᠰ ᠮᠡᠳᠡᠭᠳᠡᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ ᠬᠤᠶᠠᠷ ᠵᠢᠯ ᠤᠨ ᠳᠣᠲᠣᠷ᠎ᠠ ︽ᠦᠨᠡᠯᠡᠨ ᠵᠢᠱᠢᠬᠦ ᠪᠠᠷᠢᠮᠵᠢᠶ᠎ᠠ ︵ᠲᠤᠷᠰᠢᠨ ᠬᠡᠷᠡᠭᠵᠢᠭᠦᠯᠬᠦ︶︾ ᠳᠡᠭᠡᠷ᠎ᠡ ᠨᠢᠭᠡᠳᠬᠡᠨ᠎ᠡ᠃ ᠲᠤᠷᠰᠢᠯᠲᠠ ᠶᠢᠨ ᠴᠢᠭ ᠪᠣᠯᠬᠤ ᠬᠤᠲᠠ ᠨᠢ ᠲᠤᠷᠰᠢᠯᠲᠠ ᠶᠢᠨ ᠴᠢᠭ ᠤᠨ ᠪᠣᠳᠠᠲᠤ ᠪᠠᠶᠢᠳᠠᠯ ᠢᠶᠠᠨ ᠦᠨᠳᠦᠰᠦᠯᠡᠨ᠂ ︽ᠦᠨᠡᠯᠡᠨ ᠵᠢᠱᠢᠬᠦ ᠪᠠᠷᠢᠮᠵᠢᠶ᠎ᠠ ︵ᠲᠤᠷᠰᠢᠨ ᠬᠡᠷᠡᠭᠵᠢᠭᠦᠯᠬᠦ︶︾ ᠶᠢ ᠨᠠᠷᠢᠯᠢᠬᠵᠢᠭᠤᠯᠤᠨ ᠲᠡᠭᠦᠯᠳᠡᠷᠵᠢᠭᠦᠯᠵᠦ ᠪᠣᠯᠤᠨ᠎ᠠ᠃      ᠲᠤᠷᠰᠢᠯᠲᠠ ᠶᠢᠨ ᠭᠠᠵᠠᠷ ᠣᠷᠣᠨ ᠤ ᠡᠯ᠎ᠡ ᠱᠠᠲᠤᠨ ᠤ ᠡᠮᠴᠢᠯᠡᠭᠡᠨ ᠤ ᠪᠠᠳᠤᠯᠠᠭ᠎ᠠ ᠶᠢᠨ ᠰᠠᠯᠠᠭ᠎ᠠ ᠮᠥᠴᠢᠷ ᠪᠣᠯᠤᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠳ ᠬᠠᠮᠵᠢᠯᠴᠠᠬᠤ ᠲᠣᠭᠲᠠᠴᠠ ᠶᠢ ᠪᠠᠶᠢᠭᠤᠯᠵᠤ᠂ ᠵᠣᠬᠢᠴᠠᠭᠤᠯᠤᠨ ᠬᠠᠮᠵᠢᠯᠴᠠᠬᠤ ᠪᠠᠨ ᠴᠢᠩᠭᠠᠳᠬᠠᠬᠤ ᠦᠨᠡᠯᠡᠨ ᠵᠢᠱᠢᠭᠰᠡᠨ ᠦᠷ᠎ᠡ ᠳ᠋ᠦᠩ ᠢ ᠰᠠᠯᠠᠭ᠎ᠠ ᠮᠥᠴᠢᠷ ᠠᠯᠤᠰᠯᠠᠨ ᠬᠠᠷᠢᠯᠴᠠᠨ ᠮᠡᠳᠡᠷᠡᠬᠦ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠡᠮᠴᠢᠯᠡᠭᠡᠨ ᠤ ᠪᠠᠳᠤᠯᠠᠭ᠎ᠠ ᠶᠢᠨ ᠰᠠᠯᠠᠭ᠎ᠠ ᠮᠥᠴᠢᠷ ᠤᠨ ᠦᠨᠡᠯᠡᠨ ᠵᠢᠱᠢᠭᠰᠡᠨ ᠣᠷᠳᠣ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠣᠯᠭᠤᠮᠵᠢ ᠭᠥᠷᠳᠡᠬᠦ ᠨᠥᠬᠦᠴᠡᠯ ᠳᠤ ᠨᠡᠶᠢᠴᠡᠬᠦ ᠴᠢᠳᠠᠪᠤᠷᠢ ᠪᠠᠨ ᠠᠯᠳᠠᠭᠰᠠᠨ ᠨᠠᠰᠤᠲᠠᠶᠢᠴᠤᠳ ᠲᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠠᠴᠠ ᠰᠤᠪᠢᠯᠠᠯᠲᠠ ᠶᠢᠨ ᠨᠥᠬᠦᠪᠥᠷᠢ ᠥᠭᠬᠦ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢ ᠵᠢᠯᠣᠭᠤᠳᠤᠨ ᠡᠮᠨᠡᠯᠭᠡ ᠳᠤ ᠣᠷᠣᠬᠤ ᠶᠢ ᠦᠨᠡᠯᠡᠨ ᠵᠢᠱᠢᠬᠦ ᠠᠵᠢᠯ ᠥᠷᠨᠢᠭᠦᠯᠬᠦ ᠳᠡᠭᠡᠨ᠂ ᠡᠮᠴᠢᠯᠡᠭᠡᠨ ᠤ ᠪᠠᠳᠤᠯᠠᠭ᠎ᠠ  ᠶᠢᠨ ᠰᠠᠯᠠᠭ᠎ᠠ ᠮᠥᠴᠢᠷ ᠤᠨ ᠦᠨᠡᠯᠡᠨ ᠲᠣᠭᠲᠠᠭᠠᠭᠰᠠᠨ ᠦᠷ᠎ᠡ ᠳ᠋ᠦᠩ ᠢ ᠢᠲᠡᠭᠡᠮᠵᠢ ᠲᠠᠢ ᠪᠣᠯᠭᠠᠬᠤ ᠶᠢ ᠬᠠᠶᠢᠨ ᠰᠦᠪᠡᠭᠴᠢᠯᠡᠨ᠎ᠡ᠃ ᠦᠨᠡᠯᠡᠨ ᠵᠢᠱᠢᠭᠰᠡᠨ ᠲᠤᠭ᠎ᠠ ᠪᠠᠷᠢᠮᠲᠠ ᠶᠢ ᠬᠠᠮᠲᠤᠪᠠᠷ ᠭᠥᠷᠳᠡᠬᠦ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠦᠨᠡᠯᠡᠨ ᠵᠢᠱᠢᠭᠳᠡᠬᠦ ᠡᠲᠡᠭᠡᠳ ᠤᠨ ᠬᠤᠪᠢ ᠬᠥᠮᠦᠨ ᠤ ᠮᠡᠳᠡᠭᠡ ᠵᠠᠩᠭᠢ ᠵᠡᠷᠭᠡ ᠲᠤᠭ᠎ᠠ ᠪᠠᠷᠢᠮᠲᠠ ᠶᠢᠨ ᠠᠮᠤᠷ ᠲᠦᠪᠰᠢᠨ ᠢ ᠦᠨᠡᠨᠬᠦ ᠪᠠᠲᠤᠯᠠᠭᠰᠠᠨ ᠤᠷᠢᠲᠠᠯ ᠳᠣᠤᠷ᠎ᠠ᠂ ᠲᠣᠭᠲᠠᠮᠠᠯ ᠬᠤᠭᠤᠴᠠᠭ᠎ᠠ ᠲᠠᠢ ᠪᠠᠷ ᠨᠡᠪᠲᠡᠷᠡᠯᠴᠡᠨ ᠳᠣᠭᠢᠷᠠᠭᠤᠯᠵᠤ᠂ ᠦᠨᠡᠯᠡᠨ ᠵᠢᠱᠢᠭᠰᠡᠨ ᠲᠤᠭ᠎ᠠ ᠪᠠᠷᠢᠮᠲᠠ ᠶᠢ ᠬᠠᠮᠲᠤᠪᠠᠷ ᠭᠥᠷᠳᠡᠬᠦ ᠶᠢ ᠪᠡᠶᠡᠯᠡᠭᠦᠯᠦᠨ᠎ᠡ᠃ ᠦᠨᠡᠯᠡᠨ ᠵᠢᠱᠢᠭᠰᠡᠨ ᠦᠷ᠎ᠡ ᠪᠦᠲᠦᠮᠵᠢ ᠶᠢ ᠦᠨᠡᠯᠡᠬᠦ ᠲᠣᠭᠲᠠᠴᠠ ᠶᠢ ᠬᠠᠮᠵᠢᠯᠴᠠᠨ ᠰᠦᠪᠡᠭᠴᠢᠯᠡᠨ ᠪᠠᠶᠢᠭᠤᠯᠵᠤ᠂ ᠰᠢᠨ᠎ᠡ ᠪᠠᠶᠢᠳᠠᠯ ᠰᠢᠨ᠎ᠡ ᠠᠰᠠᠭᠤᠳᠠᠯ ᠢ ᠰᠤᠳᠤᠯᠤᠨ᠂ ᠰᠠᠶᠢᠨ ᠲᠤᠷᠰᠢᠯᠭ᠎ᠠ ᠰᠠᠶᠢᠨ ᠠᠷᠭ᠎ᠠ ᠬᠢᠳᠡᠯ ᠢ ᠳ᠋ᠦᠩᠨᠡᠵᠦ᠂ ᠦᠨᠡᠯᠡᠨ ᠵᠢᠱᠢᠬᠦ ᠶᠠᠪᠤᠴᠠ ᠳᠤ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠴᠠᠭ ᠲᠤᠬᠠᠶ ᠳᠤᠨᠢ ᠬᠠᠷᠢᠭᠤ ᠲᠤᠰᠬᠠᠬᠤ ᠬᠡᠷᠡᠭᠲᠡᠶ᠃      ᠣᠨᠴᠠᠭᠠᠶᠢᠯᠠᠨ ᠮᠡᠳᠡᠭᠳᠡᠪᠡ᠃      ᠤᠯᠤᠰ ᠤᠨ ᠡᠮᠴᠢᠯᠡᠭᠡᠨ ᠤ ᠪᠠᠳᠤᠯᠠᠭ᠎ᠠ ᠶᠢᠨ ᠲᠣᠪᠴᠢᠶ᠎ᠠ ᠶᠢᠨ ᠠᠯᠪᠠᠨ ᠬᠡᠷ        ᠠᠷᠠᠳ ᠤᠨ ᠶᠠᠪᠤᠳᠠᠯ ᠤᠨ ᠶᠠᠮᠤᠨ ᠤ ᠠᠯᠪᠠᠨ ᠲᠢᠩᠬᠢᠮ      2021 ᠣᠨ ᠤ 7 ᠳ᠋ᠤᠭᠠᠷ ᠰᠠᠷ᠎ᠠ ᠶᠢᠨ 16 ᠤ ᠡᠳᠦᠷ
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠣᠯᠠᠭ᠎ᠠ ᠶᠢᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号