ᠰᠢᠨ᠎ᠡ ᠲᠢᠲᠢᠮᠯᠢᠭ ᠸᠢᠷᠦ᠋ᠰ ᠢ ᠪᠠᠶᠢᠴᠠᠭᠠᠨ ᠰᠢᠯᠭᠠᠬᠤ ᠤᠷᠪᠠᠯᠵᠢ ᠵᠢᠴᠢ ᠢᠵᠢ ᠪᠦᠷᠢᠳᠦᠭᠦᠯᠬᠦ ᠬᠤᠷᠣᠭᠳᠠᠯ ᠮᠠᠲ᠋ᠧᠷᠢᠶᠠᠯ ᠢ ᠲᠦᠪᠯᠡᠷᠡᠩᠭᠦᠢ ᠬᠡᠮᠵᠢᠶ᠎ᠡ ᠪᠠᠷ ᠬᠤᠳᠠᠯᠳᠤᠨ ᠠᠪᠬᠤ ᠠᠵᠢᠯ ᠢ ᠥᠷᠨᠢᠭᠦᠯᠬᠦ ᠲᠤᠬᠠᠶ ᠠᠯᠪᠠᠨ ᠵᠠᠷ
ᠨᠡᠶᠢᠲᠡᠯᠡᠭᠰᠡᠨ ᠴᠠᠭ᠄
2021/9/28
      ︽ᠡᠮᠴᠢᠯᠡᠭᠡᠨ ᠤ ᠪᠠᠲᠤᠯᠠᠭ᠎ᠠ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ᠢ ᠨᠠᠶᠢᠳᠠᠪᠦᠷᠢᠵᠢᠭᠤᠯᠤᠨ ᠲᠤᠤᠱᠯᠠᠭᠤᠯᠵᠦ᠂ ︽ᠲᠠᠭᠠᠭᠠᠴᠢᠯᠠᠯᠳᠠ ᠵᠠᠷᠯᠠᠬᠤ ᠬᠤᠳᠠᠯᠳᠤᠨ ᠠᠪᠬᠤ ᠶᠢ ᠨᠢᠭᠡᠳᠬᠡᠬᠦ᠂ ᠬᠡᠮᠵᠢᠶ᠎ᠡ ᠪᠠ ᠦᠨ᠎ᠡ ᠬᠠᠩᠰᠢ ᠶᠢ ᠬᠤᠯᠪᠣᠭᠳᠠᠭᠤᠯᠬᠤ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠦᠪᠯᠡᠷᠡᠩᠭᠦᠢ ᠬᠡᠮᠵᠢᠶ᠎ᠡ ᠪᠠᠷ ᠬᠤᠳᠠᠯᠳᠤᠨ ᠠᠪᠬᠤ︾ ᠵᠠᠷᠴᠢᠮ ᠢ ᠪᠥᠬᠦ ᠲᠠᠯ᠎ᠠ ᠪᠠᠷ ᠬᠡᠷᠡᠭᠵᠢᠭᠦᠯᠵᠦ᠂ ᠬᠡᠮᠵᠢᠶ᠎ᠡ ᠲᠠᠢ ᠬᠤᠳᠠᠯᠳᠤᠨ ᠠᠪᠬᠤ ᠠᠵᠢᠯ ᠢ ᠢᠳᠡᠪᠬᠢᠲᠡᠶ ᠠᠬᠢᠭᠤᠯᠤᠨ᠂ ᠡᠪᠡᠳᠴᠢᠲᠡᠨ ᠤ ᠳᠠᠷᠤᠭᠠᠰᠤ ᠶᠢ ᠦᠨᠡᠨᠬᠦ ᠬᠦᠩᠭᠡᠷᠡᠭᠦᠯᠬᠦ  ᠶᠢᠨ ᠲᠦᠯᠦᠭᠡ᠂ ᠰᠢᠨ᠎ᠡ ᠲᠢᠲᠢᠮᠯᠢᠭ ᠸᠢᠷᠦ᠋ᠰ ᠢ ᠪᠠᠶᠢᠴᠠᠭᠠᠨ ᠰᠢᠯᠭᠠᠬᠤ ᠤᠷᠪᠠᠯᠵᠢ ᠵᠢᠴᠢ ᠢᠵᠢ ᠪᠥᠷᠢᠳᠦᠭᠦᠯᠦᠭᠰᠡᠨ ᠬᠤᠷᠣᠭᠳᠠᠯ ᠮᠠᠲ᠋ᠧᠷᠢᠶᠠᠯ ᠢ ᠲᠦᠪᠯᠡᠷᠡᠩᠭᠦᠢ ᠬᠡᠮᠵᠢᠶ᠎ᠡ ᠪᠠᠷ ᠬᠤᠳᠠᠯᠳᠤᠨ ᠠᠪᠬᠤ ᠠᠵᠢᠯ ᠢ ᠥᠷᠨᠢᠭᠦᠯᠬᠦ ᠪᠠᠷ ᠲᠣᠭᠲᠠᠪᠠ᠂ ᠡᠳᠦᠭᠡ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠵᠠᠷᠯᠠᠶ᠎ᠠ᠄      ᠨᠢᠭᠡ᠂ ᠡᠮᠴᠢᠯᠡᠭᠡᠨ ᠤ ᠪᠠᠶᠢᠭᠤᠯᠤᠮᠵᠢ ᠶᠢᠨ ᠬᠦᠷᠢᠶ᠎ᠡ ᠬᠡᠪᠴᠢᠶ᠎ᠡ      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠨᠡᠶᠢᠲᠡᠯᠡᠭᠰᠡᠨ ᠪᠠᠶᠢᠴᠠᠭᠠᠨ ᠰᠢᠯᠭᠠᠬᠤ ᠬᠢᠷᠢ ᠬᠡᠮ ᠲᠠᠢ ᠡᠮᠴᠢᠯᠡᠭᠡᠨ ᠤ ᠳᠠᠭᠠᠳᠬᠠᠯ ᠤᠨ ᠴᠢᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ᠃      ᠬᠤᠶᠠᠷ᠂ ᠬᠤᠳᠠᠯᠳᠤᠨ ᠠᠪᠬᠤ ᠬᠡᠪᠴᠢᠶ᠎ᠡ      ᠳᠣᠣᠷᠠᠬᠢ ᠦᠢᠯᠡᠳᠬᠦᠨ ᠢ ᠬᠤᠳᠠᠯᠳᠤᠨ ᠠᠪᠬᠤ ᠪᠠᠷ ᠲᠥᠯᠥᠪᠯᠡᠵᠦ ᠪᠤᠢ᠄      1᠂ ᠤᠷᠪᠠᠯᠵᠢ᠄ ᠰᠢᠨ᠎ᠡ ᠲᠢᠲᠢᠮᠯᠢᠭ ᠸᠢᠷᠦ᠋ᠰ ︵2019-nCoV︶ ᠤᠨ ᠪᠥᠭᠡᠮ ᠬᠦᠴᠢᠯ ᠢ ᠪᠠᠶᠢᠴᠠᠭᠠᠨ ᠰᠢᠯᠭᠠᠬᠤ ᠤᠷᠪᠠᠯᠵᠢ ᠶᠢᠨ ᠬᠠᠶᠢᠷᠴᠠᠭ ︵ᠴᠡᠭᠡᠨ ᠬᠡᠷᠡᠯ ᠤᠨ PCR ᠤᠨ ᠠᠷᠭ᠎ᠠ︶᠂ ᠪᠥᠭᠡᠮ ᠬᠦᠴᠢᠯ ᠢ ᠭᠠᠷᠭᠠᠨ ᠠᠪᠬᠤ ᠤᠷᠪᠠᠯᠵᠢ᠃      2᠂ ᠥᠯᠢᠭᠡᠷ ᠡᠳ᠋ ᠴᠤᠭᠯᠠᠭᠤᠯᠬᠤ ᠬᠤᠷᠣᠭᠳᠠᠯ ᠮᠠᠲ᠋ᠧᠷᠢᠶᠠᠯ᠄ ᠨᠢᠭᠡ ᠯᠡ ᠤᠳᠠᠭ᠎ᠠ ᠶᠢᠨ ᠴᠢᠨᠠᠷᠲᠠᠶ ᠸᠢᠷᠦ᠋ᠰ ᠤᠨ ᠥᠯᠢᠭᠡᠷ ᠠᠪᠬᠤ ᠬᠤᠭᠤᠯᠠᠶ᠂ ᠨᠢᠭᠡ ᠯᠡ ᠤᠳᠠᠭ᠎ᠠ ᠶᠢᠨ ᠴᠢᠨᠠᠷᠲᠠᠶ ᠥᠯᠢᠭᠡᠷ ᠠᠪᠬᠤ ᠵᠦᠯᠭᠦᠭᠦᠷ ︵ᠵᠠᠯᠭᠢᠭᠤᠷ / ᠬᠠᠮᠠᠷ ᠤᠨ ᠵᠦᠯᠭᠦᠭᠦᠷ︶᠃      3᠂ ᠬᠠᠮᠠᠭᠠᠯᠠᠯᠲᠠ ᠶᠢᠨ ᠬᠡᠷᠡᠭᠰᠡᠯ᠄ ᠨᠢᠭᠡ ᠯᠡ ᠤᠳᠠᠭ᠎ᠠ ᠬᠡᠷᠡᠭᠯᠡᠬᠦ ᠬᠠᠮᠠᠭᠠᠯᠠᠯᠲᠠ ᠶᠢᠨ ᠬᠤᠪᠴᠠᠰᠤ᠂ ᠨᠢᠭᠡ ᠯᠡ ᠤᠳᠠᠭ᠎ᠠ ᠬᠡᠷᠡᠭᠯᠡᠬᠦ ᠲᠤᠰᠠᠭᠠᠷᠯᠠᠬᠤ ᠬᠤᠪᠴᠠᠰᠤ᠂ ᠲᠤᠰᠠᠭᠠᠷᠯᠠᠬᠤ ᠨᠢᠳᠦᠠ ᠤ ᠪᠦᠷᠬᠦᠭᠦᠯ᠂ ᠨᠢᠳᠦ ᠬᠠᠮᠠᠭᠠᠯᠠᠬᠤ ᠰᠢᠯ᠃      4᠂ ᠶᠠᠰᠤ ᠴᠢᠨᠠᠷ ᠢ ᠡᠵᠡᠮᠳᠡᠬᠦ ᠡᠳ᠋᠃      ᠭᠤᠷᠪᠠ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ      ᠲᠣᠰ ᠤᠳᠠᠭᠠᠨ ᠤ ᠰᠢᠨ᠎ᠡ ᠲᠢᠲᠢᠮᠯᠢᠭ ᠸᠢᠷᠦ᠋ᠰ ᠢ ᠪᠠᠶᠢᠴᠠᠭᠠᠨ ᠰᠢᠯᠭᠠᠬᠤ ᠤᠷᠪᠠᠯᠵᠢ ᠵᠢᠴᠢ ᠢᠵᠢ ᠪᠥᠷᠢᠳᠦᠭᠦᠯᠦᠭᠰᠡᠨ ᠬᠤᠷᠣᠭᠳᠠᠯ ᠮᠠᠲ᠋ᠧᠷᠢᠶᠠᠯ ᠢ ᠲᠦᠪᠯᠡᠷᠡᠩᠭᠦᠢ ᠬᠡᠮᠵᠢᠶ᠎ᠡ ᠪᠠᠷ ᠬᠤᠳᠠᠯᠳᠤᠨ ᠠᠪᠬᠤ ᠠᠵᠢᠯ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠠᠴᠠ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠬᠤᠳᠠᠯᠳᠤᠨ ᠠᠪᠬᠤ ᠲᠥᠪ ᠠᠴᠠ ᠲᠠᠪᠴᠠᠩ ᠤᠨ ᠠᠵᠢᠯᠯᠠᠭᠠᠨ ᠳᠤ ᠬᠠᠷᠢᠭᠤᠴᠠᠨ᠎ᠠ᠃      ᠪᠣᠳᠠᠲᠠᠶ ᠲᠥᠷᠥᠯ ᠵᠦᠢᠯ᠂ ᠪᠣᠯᠵᠣᠨ ᠲᠣᠭᠲᠠᠭᠰᠠᠨ ᠬᠤᠳᠠᠯᠳᠤᠨ ᠠᠪᠬᠤ ᠬᠡᠮᠵᠢᠶ᠎ᠡ᠂ ᠬᠤᠳᠠᠯᠳᠤᠨ ᠠᠪᠬᠤ ᠠᠷᠭ᠎ᠠ ᠮᠠᠶ᠋ᠢᠭ᠂ ᠬᠤᠳᠠᠯᠳᠤᠨ ᠠᠪᠬᠤ ᠱᠠᠭᠠᠷᠳᠠᠯᠭ᠎ᠠ ᠵᠡᠷᠭᠡ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠠᠯᠪᠠᠨ ᠰᠦᠯᠵᠢᠶ᠎ᠡ ︵ᠰᠦᠯᠵᠢᠶᠡᠨ ᠤ ᠬᠠᠶ᠋ᠢᠭ http://ylbzj.nmg.gov.cn︶ ᠪᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠬᠤᠳᠠᠯᠳᠤᠨ ᠠᠪᠬᠤ ᠰᠦᠯᠵᠢᠶ᠎ᠡ ︵ᠰᠦᠯᠵᠢᠶᠡᠨ ᠤ ᠬᠠᠶ᠋ᠢᠭ http://ylbzj.nmg.gov.cn/yycgw/ ᠪᠠᠷ ᠳᠠᠮᠵᠢᠭᠤᠯᠤᠨ ᠠᠰ ᠲᠤᠨᠢ ᠮᠡᠳᠡᠭᠳᠡᠨ᠎ᠡ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ      2021 ᠣᠨ ᠤ 9  ᠳ᠋ᠤᠭᠡᠷ ᠰᠠᠷ᠎ᠠ ᠶᠢᠨ 26 ᠤ ᠡᠳᠦᠷ
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠣᠯᠠᠭ᠎ᠠ ᠶᠢᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号