ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠠᠴᠠ ᠳᠣᠪᠴᠢᠶᠠᠨ ᠤ ᠰᠢᠰᠲ᠋ᠧᠮ ᠤᠨ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷᠴᠤᠳ ᠤᠨ ᠴᠠᠭᠠᠨ ᠰᠠᠷ᠎ᠠ ᠪᠠᠨ ᠤᠭᠲᠤᠬᠤ ᠰᠠᠭᠤᠳᠠᠯ ᠤᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/1/26
     2022 ᠣᠨ ᠤ 1 ᠳ᠋ᠦ᠋ᠭᠡᠷ ᠰᠠᠷ᠎ᠠ ᠶᠢᠨ 20 ᠤ ᠡᠳᠦᠷ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠠᠴᠠ ᠳᠣᠪᠴᠢᠶᠠᠨ ᠤ ᠰᠢᠰᠲ᠋ᠧᠮ ᠤᠨ ᠬᠥᠬᠡᠬᠤᠲᠠ ᠳᠤ ᠪᠠᠶᠢᠭ᠎ᠠ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷᠴᠤᠳ ᠤᠨ ᠴᠠᠭᠠᠨ ᠰᠠᠷ᠎ᠠ ᠪᠠᠨ ᠤᠭᠲᠤᠬᠤ ᠰᠠᠭᠤᠳᠠᠯ ᠤᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠳᠣᠪᠴᠢᠶᠠᠨ ᠳᠠᠷᠤᠭ᠎ᠠ ᠶᠢᠨ ᠮᠠᠨ ᠢ᠂ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠡᠰᠢᠭᠦᠨ᠂ ᠲᠣᠪᠴᠢᠶ᠎ᠠ ᠶᠢᠨ ᠳᠡᠳ᠋ ᠳᠠᠷᠤᠭ᠎ᠠ ᠬᠤᠤ ᠮᠧᠩ᠂ ᠽᠧᠩ ᠵᠣᠣ ᠰᠢᠶᠠᠩ ᠰᠠᠭᠤᠳᠠᠯ ᠤᠨ ᠬᠤᠷᠠᠯ ᠳᠤ ᠣᠷᠣᠯᠴᠠᠭᠰᠠᠨ ᠪᠥᠭᠡᠳ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷᠴᠤᠳ ᠲᠠᠢ ᠳᠣᠲᠣᠨᠣ ᠪᠠᠷ ᠶᠠᠷᠢᠯᠴᠠᠵᠤ ᠰᠠᠨᠠᠯ ᠢᠶᠠᠨ ᠰᠣᠯᠢᠯᠴᠠᠪᠠ᠃
     ᠰᠠᠭᠤᠳᠠᠯ ᠤᠨ ᠬᠤᠷᠠᠯ ᠳᠡᠭᠡᠷ᠎ᠡ᠂ ᠶᠡᠷᠦᠩᠬᠡᠶ ᠱᠦᠵᠢ ᠰᠢ ᠶᠢᠨ ᠫᠢᠩ ᠤᠨ ᠪᠥᠬᠦ ᠤᠯᠤᠰ ᠤᠨ ᠠᠬᠠᠮᠠᠳ ᠺᠠᠳ᠋ᠷᠴᠤᠳ ᠤᠨ ᠠᠵᠢᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠭᠰᠠᠨ ᠪᠥᠭᠡᠳ ᠬᠤᠷᠠᠯ ᠳᠤ ᠣᠷᠣᠯᠴᠠᠭᠰᠠᠨ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷᠴᠤᠳ ᠲᠤ 2021 ᠣᠨ ᠤ ᠪᠥᠬᠦ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠠᠵᠢᠯ ᠤᠨ ᠪᠠᠶᠢᠳᠠᠯ ᠵᠢᠴᠢ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷᠴᠤᠳ ᠤᠨ ᠠᠩᠬᠠᠷᠴᠤ ᠪᠠᠶᠢᠭ᠎ᠠ ᠠᠰᠠᠭᠤᠳᠠᠯ ᠢ ᠲᠥᠬᠦᠮ ᠢᠶᠠᠷ ᠲᠠᠨᠢᠯᠴᠠᠭᠤᠯᠪᠠ᠃
     ᠲᠣᠪᠴᠢᠶᠠᠨ ᠳᠠᠷᠤᠭ᠎ᠠ ᠶᠢᠨ ᠮᠠᠨ ᠢ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠡᠮᠦᠨ᠎ᠡ ᠠᠴᠠ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷᠴᠤᠳ ᠲᠤ ᠴᠠᠭᠠᠨ ᠰᠠᠷ᠎ᠠ ᠶᠢᠨ ᠮᠡᠨᠳᠦᠴᠢᠯᠡᠯ  ᠳᠡᠪᠰᠢᠭᠦᠯᠦᠭᠰᠡᠨ ᠪᠥᠭᠡᠳ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷᠴᠤᠳ ᠲᠤ ᠲᠣᠬᠤᠨᠢᠭᠤᠯᠬᠤ ᠮᠥᠩᠭᠦ ᠭᠠᠷᠳᠠᠭᠤᠯᠪᠠ᠃ ᠲᠡᠷᠡ᠂ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷᠴᠤᠳ ᠪᠣᠯ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠡᠷᠬᠢᠮ ᠨᠠᠨᠳᠢᠨ ᠥᠪ ᠬᠥᠷᠥᠩᠭᠡ ᠮᠥᠨ᠂ ᠶᠡᠷᠦᠩᠬᠡᠶ ᠱᠦᠵᠢ ᠰᠢ ᠶᠢᠨ ᠫᠢᠩ ᠤᠨ ᠪᠥᠬᠦ ᠤᠯᠤᠰ ᠤᠨ ᠠᠬᠠᠮᠠᠳ ᠺᠠᠳ᠋ᠷᠴᠤᠳ ᠤᠨ ᠠᠵᠢᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ ᠣᠶᠢᠯᠠᠭᠠᠵᠤ᠂ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷᠴᠤᠳ ᠲᠤ ᠰᠡᠳᠬᠢᠯ ᠳᠡᠯᠪᠢᠨ ᠦᠢᠯᠡᠴᠢᠯᠡᠵᠦ᠂ ᠨᠠᠷᠢᠯᠢᠭ ᠣᠨᠣᠴᠠᠲᠠᠢ ᠦᠢᠯᠡᠴᠢᠯᠡᠵᠦ᠂ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷᠴᠤᠳ ᠤᠨ ᠠᠩᠬᠠᠷᠴᠤ ᠪᠠᠶᠢᠭ᠎ᠠ ᠪᠣᠳᠠᠲᠠᠶ ᠠᠰᠠᠭᠤᠳᠠᠯ ᠢ ᠳᠠᠷᠦ᠋ᠢᠬᠠᠨ ᠰᠢᠢᠳᠪᠦᠷᠢᠯᠡᠨ ᠥᠭᠴᠦ᠂ ᠰᠤᠳᠤᠯᠤᠨ ᠲᠣᠭᠲᠠᠭᠠᠬᠤ ᠴᠢᠬᠤᠯᠠᠲᠠᠶ ᠶᠢ  ᠳᠠᠷᠤᠶ ᠲᠦᠷᠭᠡᠨ ᠰᠤᠳᠤᠯᠵᠤ᠂ ᠤᠴᠢᠷ ᠶᠠᠪᠤᠳᠠᠯ ᠪᠦᠬᠦᠨ ᠳᠤ ᠬᠠᠷᠢᠭᠤᠯᠲᠠ ᠥᠭᠴᠦ᠂ ᠤᠴᠢᠷ ᠶᠠᠪᠤᠳᠠᠯ ᠪᠦᠬᠦᠨ ᠢ ᠨᠠᠶᠢᠳᠠᠪᠤᠷᠢᠵᠢᠭᠤᠯᠵᠤ᠂ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷᠴᠤᠳ ᠢ ᠦᠨᠡᠨ ᠬᠦ ᠭᠦᠷᠳᠡᠭᠡᠮᠵᠢ ᠶᠢᠨ ᠲᠥᠷᠥᠭᠳᠡᠯ ᠪᠠ ᠵᠣᠯ ᠵᠢᠷᠭᠠᠯᠲᠤ ᠲᠥᠷᠥᠭᠳᠡᠯ ᠲᠠᠢ ᠪᠣᠯᠭᠠᠬᠤ ᠬᠡᠷᠡᠭᠲᠡᠶ ᠭᠡᠪᠡ᠃
     ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷᠴᠤᠳ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠢᠨ ᠬᠦᠨᠳᠦᠳᠬᠡᠵᠦ᠂ ᠬᠠᠯᠠᠮᠵᠢᠯᠠᠵᠤ᠂ ᠳᠤᠰᠠᠯᠠᠭᠰᠠᠭᠠᠷ ᠢᠷᠡᠭᠰᠡᠨ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠬᠤ ᠪᠠᠨ ᠢᠯᠡᠳᠬᠡᠪᠡ᠃ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷᠴᠤᠳ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷᠴᠤᠳ ᠢ ᠬᠠᠯᠠᠮᠵᠢᠯᠠᠬᠤ ᠲᠠᠯ᠎ᠠ ᠪᠠᠷ ᠠᠷᠭ᠎ᠠ ᠬᠡᠮᠵᠢᠶ᠎ᠡ ᠪᠦᠷᠢᠨ ᠭᠦᠢᠴᠡᠳ᠂ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷᠴᠤᠳ ᠲᠤ ᠦᠢᠯᠡᠴᠢᠯᠡᠬᠦ ᠲᠠᠯ᠎ᠠ ᠪᠠᠷ ᠬᠠᠯᠠᠭᠤᠮᠰᠤᠭ ᠲᠣᠲᠤᠨᠤ ᠪᠠᠶᠢᠵᠤ᠂ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷᠴᠤᠳ ᠤᠨ ᠪᠥᠬᠦ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠦᠢᠯᠡᠰ ᠢ ᠬᠠᠯᠠᠮᠵᠢᠯᠠᠨ ᠳᠡᠮᠵᠢᠬᠦ ᠢᠳᠡᠪᠬᠢᠵᠢᠯ ᠢ ᠭᠦᠢᠴᠡᠳ ᠳᠠᠶᠢᠴᠢᠯᠠᠪᠠ᠃ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠨᠢᠭᠡᠨ ᠭᠡᠰᠢᠭᠦᠨ ᠪᠣᠯᠤᠭᠰᠠᠨ ᠤ ᠬᠤᠪᠢ ᠳᠤ ᠤᠬᠠᠮᠰᠠᠷ  ᠠᠴᠠ ᠪᠠᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠨᠠᠮ ᠤᠨ ᠦᠭᠡ ᠶᠢ ᠡᠷᠡᠰ ᠰᠣᠨᠣᠰᠴᠤ᠂ ᠨᠠᠮ ᠢᠶᠠᠨ ᠳᠠᠭᠠᠵᠤ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠦᠢᠯᠡᠰ ᠤᠨ ᠴᠢᠨᠠᠷᠯᠢᠭ ᠬᠥᠭᠵᠢᠯᠲᠡ ᠳᠤ ᠥᠪᠡᠷ ᠤᠨ ᠬᠤᠪᠢ ᠨᠡᠮᠡᠷᠢ ᠪᠠᠨ ᠦᠵᠡᠭᠦᠯᠦᠨ᠎ᠡ ᠭᠡᠵᠡᠭᠡᠪᠡ᠃
     ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠪᠠᠶᠢᠭᠤᠯᠭ᠎ᠠ ᠶᠢᠨ ᠨᠠᠮ ᠤᠨ ᠬᠤᠷᠢᠶ᠎ᠠ ︵ᠠᠵᠢᠯᠲᠠᠨ ᠤ ᠭᠠᠵᠠᠷ︶ ᠶᠢᠨ ᠬᠠᠷᠢᠭᠤᠴᠠᠯᠭᠠᠲᠠᠨ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡ ᠶᠢᠨ ᠳᠠᠭᠠᠳᠬᠠᠯ ᠤᠨ ᠦᠢᠯᠡᠴᠢᠯᠡᠭᠡᠨ ᠤ ᠲᠥᠪ ᠤᠨ ᠪᠠᠭ ᠤᠨ ᠬᠡᠰᠢᠭᠦᠳ ᠵᠢᠴᠢ ᠳᠣᠪᠴᠢᠶᠠᠨ ᠤ ᠰᠢᠰᠲ᠋ᠧᠮ ᠤᠨ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷ ᠤᠨ ᠠᠵᠢᠯᠲᠠᠳ ᠰᠠᠭᠤᠳᠠᠯ ᠤᠨ ᠬᠤᠷᠠᠯ ᠳᠤ ᠣᠷᠣᠯᠴᠠᠪᠠ᠃
                       
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号