︽ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ︾ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠦᠨᠳᠦ ᠡᠪᠡᠳᠴᠢᠨ ᠤ ᠳᠠᠭᠠᠳᠬᠠᠯ ᠤᠨ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2022/1/3
ᠡᠯ᠎ᠡ ᠠᠶᠢᠮᠠᠭ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠮᠠᠨᠵᠤᠤᠷ ᠬᠤᠲᠠ᠂ ᠡᠷᠢᠶᠡᠨ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠳᠤ᠄      ︽ᠡᠮᠴᠢᠯᠡᠭᠡ ᠶᠢᠨ ᠪᠠᠲᠤᠯᠠᠭ᠎ᠠ ᠶᠢᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ︾ ︽ᠡᠮᠴᠢᠯᠡᠭᠡ ᠶᠢᠨ ᠪᠠᠲᠤᠯᠠᠭ᠎ᠠ ᠶᠢᠨ ᠬᠠᠷᠠᠭᠠᠯᠵᠠᠯ ᠤᠨ ᠨᠠᠷᠢᠨ ᠲᠠᠩᠰᠠ ᠶᠢᠨ ᠲᠦᠷᠢᠮ ᠢ ᠪᠠᠶᠢᠭᠤᠯᠬᠤ ᠲᠤᠬᠠᠶ ᠤᠯᠤᠰ ᠤᠨ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ ᠡᠳ᠋ ᠤᠨ ᠵᠠᠰᠠᠭ ᠤᠨ ᠶᠠᠮᠤᠨ ᠤ ᠰᠠᠨᠠᠯ︾ ︽︿ᠬᠥᠬᠡᠬᠤᠲᠠ ᠪᠤᠭᠤᠲᠤ ᠣᠷᠳᠣᠰ ᠤᠠᠯᠭᠠᠨᠴᠠᠪ ᠤᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠨᠢᠭᠡ ᠴᠤᠭᠴᠠᠵᠢᠭᠤᠯᠤᠨ ᠬᠥᠭᠵᠢᠭᠦᠯᠬᠦ ᠲᠥᠯᠥᠪᠵᠢᠭᠦᠯᠭᠡ ᠶᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠦᠷᠢᠵᠢᠭᠤᠯᠬᠤ ᠶᠢᠨ ᠲᠦᠯᠦᠭᠡ᠂ ᠡᠮᠴᠢᠯᠡᠭᠡᠨ ᠤ ᠪᠠᠲᠤᠯᠠᠭ᠎ᠠ ᠶᠢᠨ ᠬᠠᠷᠠᠭᠠᠯᠵᠠᠯ ᠤᠨ ᠨᠠᠷᠢᠨ ᠳᠠᠩᠰᠠ ᠶᠢᠨ ᠳᠦᠷᠢᠮ ᠢ ᠴᠢᠩᠭ᠎ᠠ ᠬᠡᠷᠡᠭᠵᠢᠭᠦᠯᠵᠦ᠂ ᠡᠮᠴᠢᠯᠡᠭᠡ ᠶᠢᠨ ᠪᠠᠲᠤᠯᠠᠭ᠎ᠠ ᠶᠢᠨ ᠰᠠᠭᠤᠷᠢ ᠮᠥᠩᠭᠦ ᠶᠢᠨ ᠲᠣᠭᠠᠴᠠᠭ᠎ᠠ ᠬᠢᠬᠦ ᠬᠡᠪᠴᠢᠶ᠎ᠡ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠠᠷᠠᠳ ᠣᠯᠠᠨ ᠤ ᠦᠨᠳᠦᠰᠦᠨ ᠡᠮᠴᠢᠯᠡᠭᠡᠨ ᠤ ᠪᠠᠲᠤᠯᠠᠭ᠎ᠠ ᠶᠢᠨ ᠡᠷᠬᠡ ᠠᠰᠢᠭ ᠢ ᠡᠷᠬᠡ ᠲᠡᠭᠰᠢ ᠵᠤᠬᠢᠰᠳᠠᠢ ᠪᠠᠲᠤᠯᠠᠭᠰᠠᠨ ᠰᠠᠭᠤᠷᠢᠨ ᠳᠡᠭᠡᠷ᠎ᠡ᠂ ᠬᠥᠬᠡᠬᠤᠲᠠ᠂ ᠪᠤᠭᠤᠲᠤ ᠬᠤᠲᠠ᠂ ᠣᠷᠳᠣᠰ ᠬᠤᠲᠠ᠂ ᠤᠯᠠᠭᠠᠨᠴᠠᠪ ᠬᠤᠲᠠ ︵ᠳᠣᠷᠣᠭᠰᠢ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠭᠡᠵᠦ ᠲᠣᠪᠴᠢᠯᠠᠨ᠎ᠠ︶ ᠶᠢᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠦᠨᠳᠦ ᠡᠪᠡᠳᠴᠢᠨ ᠤ ᠳᠠᠭᠠᠳᠬᠠᠯ ︵ᠳᠣᠷᠣᠭᠰᠢ ᠬᠦᠨᠳᠦ ᠡᠪᠡᠳᠴᠢᠨ ᠤ ᠳᠠᠭᠠᠳᠬᠠᠯ ᠭᠡᠵᠦ ᠲᠣᠪᠴᠢᠯᠠᠨ᠎ᠠ︶ ᠤᠨ ᠲᠥᠷᠥ ᠶᠢᠨ ᠪᠣᠳᠣᠯᠭ᠎ᠠ ᠶᠢᠨ ᠪᠠᠷᠢᠮᠵᠢᠶ᠎ᠠ ᠶᠢ ᠨᠢᠭᠡᠳᠦᠯᠲᠡᠶ ᠪᠠᠶᠢᠯᠭᠠᠬᠤ ᠶᠢ ᠪᠡᠶᠡᠯᠡᠭᠦᠯᠵᠦ᠂ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ᠨᠢᠭᠡ ᠴᠤᠭᠴᠠᠵᠢᠭᠰᠠᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃ ᠡᠳᠦᠭᠡ ᠬᠤᠯᠪᠣᠭᠳᠠᠯ ᠪᠦᠬᠦᠢ ᠵᠦᠢᠯ ᠢ ᠳᠣᠣᠷᠠᠬᠢ ᠮᠡᠲᠦ ᠮᠡᠳᠡᠭᠳᠡᠶ᠎ᠡ᠄      ᠨᠢᠭᠡ᠂ ᠪᠠᠯᠠ ᠴᠤᠭᠯᠠᠭᠤᠯᠬᠤ ᠪᠠᠷᠢᠮᠵᠢᠶ᠎ᠠ ᠶᠢ ᠨᠢᠭᠡᠳᠬᠡᠨ᠎ᠡ      ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ᠡᠮᠦᠨᠡᠬᠢ ᠭᠤᠷᠪᠠᠨ ᠵᠢᠯ ᠤᠨ ᠬᠦᠨᠳᠦ ᠡᠪᠡᠳᠴᠢᠨ ᠤ ᠳᠠᠭᠠᠳᠬᠠᠯ ᠤᠨ ᠪᠠᠯᠠ ᠴᠤᠭᠯᠠᠭᠤᠯᠬᠤ ᠶᠡᠷᠦᠩᠬᠡᠶ ᠲᠤᠭ᠎ᠠ᠂ ᠰᠠᠭᠤᠷᠢ ᠮᠥᠩᠭᠦᠨ ᠤ ᠵᠠᠷᠤᠯᠭ᠎ᠠ᠂ ᠰᠠᠭᠤᠷᠢ ᠮᠥᠩᠭᠦᠨ ᠤ ᠦᠯᠡᠳᠡᠪᠦᠷᠢ ᠵᠡᠷᠭᠡ ᠪᠠᠶᠢᠳᠠᠯ ᠢ ᠦᠨᠳᠦᠰᠦᠯᠡᠨ ᠪᠠᠯᠠ ᠴᠤᠭᠯᠠᠭᠤᠯᠬᠤ ᠪᠠᠷᠢᠮᠵᠢᠶ᠎ᠠ ᠶᠢ ᠲᠣᠭᠲᠠᠭᠠᠵᠤ᠂ 2022 ᠣᠨ ᠤ ᠬᠦᠨᠳᠦ ᠡᠪᠡᠳᠴᠢᠨ ᠤ ᠳᠠᠭᠠᠳᠬᠠᠯ ᠤᠨ ᠪᠠᠯᠠ ᠴᠤᠭᠯᠠᠭᠤᠯᠬᠤ ᠪᠠᠷᠢᠮᠵᠢᠶ᠎ᠠ ᠶᠢ ᠬᠥᠮᠦᠨ ᠪᠦᠷᠢ ᠵᠢᠯ ᠳᠤ 50 ᠲᠥᠭᠦᠷᠢᠭ ᠪᠣᠯᠭᠠᠨ᠎ᠠ᠃      ᠬᠤᠶᠠᠷ᠂ ᠲᠦᠷᠦ ᠶᠢᠨ ᠪᠤᠳᠤᠯᠭ᠎ᠠ ᠶᠢᠨ ᠪᠠᠷᠢᠮᠵᠢᠶ᠎ᠠ ᠶᠢ ᠨᠢᠭᠡᠳᠬᠡᠨ᠎ᠡ      ︵ᠨᠢᠭᠡ︶ ᠡᠬᠢᠯᠡᠵᠦ ᠥᠭᠬᠦ ᠱᠤᠭᠤᠮ᠃ 2022 ᠣᠨ ᠤ ᠬᠦᠨᠳᠦ ᠡᠪᠡᠳᠴᠢᠨ ᠤ ᠳᠠᠭᠠᠳᠬᠠᠯ ᠤᠨ ᠡᠬᠢᠯᠡᠵᠦ ᠳᠥᠯᠥᠬᠦ ᠱᠤᠭᠤᠮ ᠢ ᠬᠤᠪᠢ ᠬᠥᠮᠦᠨ ᠤ ᠵᠢᠯ ᠳᠤ ᠨᠡᠶᠢᠲᠡ 1.4 ᠲᠦᠮᠡᠨ ᠲᠥᠭᠦᠷᠢᠭ ᠪᠤᠯᠭᠠᠨ᠎ᠠ᠃      ︵ᠬᠤᠶᠠᠷ︶ ᠲᠠᠩᠰᠠ ᠲᠠᠶᠢᠯᠬᠤ ᠬᠠᠷᠢᠴᠠᠯ ᠵᠢᠴᠢ ᠳᠥᠯᠥᠬᠦ ᠬᠡᠪᠴᠢᠶ᠎ᠡ᠃ ᠳᠠᠭᠠᠳᠬᠠᠯ ᠳᠤ ᠣᠷᠣᠯᠴᠠᠭᠰᠠᠳ ᠤᠨ ᠡᠮᠨᠡᠯᠭᠡ ᠳᠤ ᠰᠠᠭᠤᠭᠰᠠᠨ ᠡᠮᠴᠢᠯᠡᠭᠡᠨ ᠤ ᠵᠠᠷᠤᠳᠠᠯ ︵ᠲᠥᠷᠥ ᠶᠢᠨ ᠪᠣᠳᠣᠯᠭ᠎ᠠ ᠳᠤ ᠨᠡᠶᠢᠴᠡᠬᠦ ᠣᠨᠴᠠ ᠤᠳᠠᠭᠠᠨ ᠴᠢᠨᠠᠷᠲᠠᠶ ᠡᠪᠡᠳᠴᠢᠨ ᠤ ᠡᠭᠦᠳᠡᠨ ᠡᠮᠨᠡᠯᠭᠡ ᠶᠢᠨ ᠵᠠᠷᠤᠳᠠᠯ ᠪᠠᠭᠲᠠᠨ᠎ᠠ︶ ᠢ ᠦᠨᠳᠦᠰᠦᠨ ᠡᠮᠴᠢᠯᠡᠭᠡᠨ ᠤ ᠪᠠᠳᠤᠯᠠᠭ᠎ᠠ ᠠᠴᠠ ᠲᠠᠩᠰᠠ ᠲᠠᠶᠢᠯᠤᠭᠰᠠᠨ ᠤ ᠳᠠᠷᠠᠭ᠎ᠠ᠂ ᠦᠯᠡᠳᠡᠭᠰᠡᠨ ᠡᠬᠢᠯᠡᠵᠦ ᠳᠥᠯᠥᠬᠦ ᠱᠤᠭᠤᠮ ᠠᠴᠠ ᠳᠡᠭᠡᠭᠰᠢᠬᠢ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠠᠬᠢ ᠵᠠᠷᠤᠳᠠᠯ ᠤᠨ ᠬᠡᠰᠡᠭ ᠢ ᠬᠦᠨᠳᠦ ᠡᠪᠡᠳᠴᠢᠨ ᠤ ᠳᠠᠭᠠᠳᠬᠠᠯ ᠠᠴᠠ 60% ᠶᠢᠨ ᠬᠠᠷᠢᠴᠠᠯ ᠢᠶᠠᠷ ᠳᠥᠯᠥᠨ᠎ᠡ᠃      ︵ᠭᠤᠷᠪᠠ︶ ᠲᠦᠯᠦᠬᠦ ᠬᠠᠮᠤᠭ ᠤᠨ ᠥᠨᠳᠥᠷ ᠬᠢᠵᠠᠭᠠᠷ ᠲᠤᠭ᠎ᠠ᠃ ᠬᠦᠨᠳᠦ ᠡᠪᠡᠳᠴᠢᠨ ᠤ ᠳᠠᠭᠠᠳᠬᠠᠯ ᠤᠨ ᠬᠠᠮᠤᠭ ᠤᠨ ᠥᠨᠳᠥᠷ ᠳᠥᠯᠥᠬᠦ ᠬᠢᠵᠠᠭᠠᠷ ᠲᠤᠭ᠎ᠠ ᠶᠢ ᠪᠥᠬᠦ ᠲᠠᠯ᠎ᠠ ᠪᠠᠷ ᠬᠦᠴᠦᠨ ᠥᠬᠡᠶ ᠪᠣᠯᠭᠠᠨ᠎ᠠ᠃      ︵ᠳᠥᠷᠪᠡ︶ ᠣᠨᠴᠠ ᠬᠦᠴᠢᠷᠳᠡᠯᠲᠡᠶ ᠬᠥᠮᠦᠰ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠡᠲᠡᠭᠡᠳ ᠪᠠ ᠳᠠᠬᠢᠨ ᠶᠠᠳᠠᠭᠤᠷᠠᠭᠰᠠᠨ ᠠᠴᠠ ᠪᠣᠯᠵᠣ ᠶᠠᠳᠠᠭᠤᠷᠠᠭᠰᠠᠨ ᠬᠥᠮᠦᠨ ᠠᠮᠠ ᠶᠢᠨ ᠡᠬᠢᠯᠡᠵᠦ ᠳᠥᠯᠥᠬᠦ ᠪᠠᠷᠢᠮᠵᠢᠶ᠎ᠠ ᠶᠢ 50% ᠪᠠᠷ ᠪᠠᠭᠤᠷᠠᠭᠤᠯᠵᠤ᠂ ᠳᠥᠯᠥᠬᠦ ᠬᠠᠷᠢᠴᠠᠯ ᠢ 5 ᠵᠠᠭᠤᠨ ᠤ ᠨᠢᠭᠡᠴᠢ ᠪᠠᠷ ᠳᠡᠭᠡᠭᠰᠢᠯᠡᠭᠦᠯᠦᠨ᠎ᠡ᠃      ᠭᠤᠷᠪᠠ᠂ ᠬᠤᠯᠪᠣᠭᠳᠠᠯ ᠪᠦᠬᠦᠢ ᠱᠠᠭᠠᠷᠳᠠᠯᠭ᠎ᠠ      ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠡᠯ᠎ᠡ ᠭᠠᠵᠠᠷ ᠤᠨ ᠬᠢᠨ ᠬᠦᠨᠳᠦ ᠡᠪᠡᠳᠴᠢᠨ ᠤ ᠳᠠᠭᠠᠳᠬᠠᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠢᠨᠠᠮᠠᠭᠠᠶ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠯ᠎ᠡ ᠭᠠᠵᠠᠷ ᠣᠷᠣᠨ ᠢ ᠵᠢᠯᠣᠭᠤᠳᠤᠨ ᠲᠥᠷᠥ ᠶᠢᠨ ᠪᠣᠳᠣᠯᠭ᠎ᠠ ᠶᠢᠨ ᠵᠣᠯᠭᠠᠭᠤᠯᠤᠯᠲᠠ ᠶᠢ ᠵᠢᠷᠤᠮᠵᠢᠭᠤᠯᠵᠤ᠂ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠵᠣᠬᠢᠰᠲᠠᠶ ᠲᠣᠭᠲᠠᠭᠠᠬᠤ ᠬᠡᠷᠡᠭᠲᠡᠶ᠃ ᠭᠠᠷᠲᠠᠨ ᠭᠦᠢᠴᠡᠳᠭᠡᠬᠦ ᠪᠠᠶᠢᠭᠤᠯᠤᠮᠵᠢ ᠶᠢ ᠵᠢᠯᠣᠭᠤᠳᠤᠨ ᠠᠵᠢᠯ ᠶᠠᠪᠤᠳᠠᠯ ᠭᠦᠢᠴᠡᠳᠭᠡᠬᠦ ᠴᠤᠪᠤᠷᠠᠯ ᠢ ᠰᠢᠯᠢᠳᠡᠭᠵᠢᠭᠦᠯᠵᠦ᠂ ᠠᠵᠢᠯ ᠶᠠᠪᠤᠳᠠᠯ ᠭᠦᠢᠴᠡᠳᠭᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠭᠠᠷᠲᠠᠨ ᠭᠦᠢᠴᠡᠳᠭᠡᠬᠦ ᠦᠢᠯᠡᠴᠢᠯᠡᠭᠡ ᠶᠢ ᠲᠡᠭᠦᠯᠳᠡᠷᠵᠢᠭᠦᠯᠵᠦ᠂ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃      ︵ᠬᠤᠶᠠᠷ︶ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ᠃ ᠡᠯ᠎ᠡ ᠭᠠᠵᠠᠷ ᠤᠨ ᠬᠢᠨ ᠦᠨᠳᠦᠰᠦᠨ ᠡᠮ ᠡᠮᠨᠡᠯᠭᠡ ᠶᠢᠨ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ᠂ ᠡᠮ ᠡᠮᠨᠡᠯᠭᠡ ᠶᠢᠨ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠪᠠ ᠦᠢᠯᠡᠴᠢᠯᠡᠭᠡᠨ ᠤ ᠤᠬᠠᠭᠤᠯᠭ᠎ᠠ ᠪᠠᠨ ᠴᠢᠩᠭᠠᠳᠬᠠᠵᠤ᠂ ᠬᠠᠷᠢᠭᠤᠴᠠᠯᠭ᠎ᠠ ᠶᠢᠨ ᠤᠬᠠᠮᠰᠠᠷ ᠢᠶᠠᠨ ᠨᠡᠮᠡᠭᠳᠡᠭᠦᠯᠦᠨ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠨᠢᠭᠲᠠ ᠮᠥᠷᠳᠡᠨ ᠵᠠᠳᠠᠯᠵᠤ᠂ ᠨᠡᠶᠢᠭᠡᠮ ᠤᠨ ᠠᠩᠬᠠᠷᠤᠯ ᠳᠤ ᠴᠠᠭ ᠲᠤᠬᠠᠶ ᠳᠤᠨᠢ ᠬᠠᠷᠢᠭᠤ ᠥᠭᠴᠦ᠂ ᠵᠢᠱᠢᠯᠲᠡ ᠶᠢ ᠵᠦᠶ ᠵᠣᠬᠢᠰᠲᠠᠶ ᠬᠥᠲᠥᠯᠦᠨ ᠵᠢᠯᠣᠭᠤᠳᠴᠤ᠂ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠬᠥᠮᠦᠰ ᠤᠨ ᠰᠡᠳᠬᠢᠯ ᠳᠤ ᠬᠠᠳᠠᠩᠰᠢᠭᠤᠯᠵᠤ᠂ ᠳᠠᠭᠠᠳᠬᠠᠯ ᠳᠤ ᠣᠷᠣᠯᠴᠠᠭᠰᠠᠳ ᠤᠨ ᠬᠦᠷᠲᠡᠮᠵᠢ ᠶᠢᠨ ᠲᠥᠷᠥᠭᠳᠡᠯ ᠪᠠ ᠵᠣᠯ ᠵᠢᠷᠭᠠᠯᠲᠤ ᠲᠥᠷᠥᠭᠳᠡᠯ ᠢ ᠲᠠᠰᠤᠷᠠᠯᠲᠠ ᠥᠬᠡᠶ ᠲᠡᠭᠡᠭᠰᠢᠯᠡᠭᠦᠯᠢᠨ᠎ᠡ᠃      ᠲᠣᠰ ᠮᠡᠳᠡᠭᠳᠡᠯ ᠢ 2022 ᠣᠨ ᠤ 1 ᠳ᠋ᠤᠭᠡᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠂ ᠪᠤᠰᠤᠳ ᠠᠶᠢᠮᠠᠭ ᠬᠤᠲᠠ ᠨᠤᠭᠤᠳ ᠯᠠᠪᠯᠠᠯᠲᠠ ᠪᠣᠯᠭᠠᠨ ᠬᠡᠷᠡᠭᠵᠢᠭᠦᠯᠵᠦ ᠪᠣᠯᠤᠨ᠎ᠠ᠃ ᠬᠤᠶᠢᠰᠢᠳᠠ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠦᠨᠳᠦ ᠡᠪᠡᠳᠴᠢᠨ ᠤ ᠳᠠᠭᠠᠳᠬᠠᠯ ᠤᠨ ᠪᠠᠯᠠ ᠴᠤᠭᠯᠠᠭᠤᠯᠬᠤ ᠵᠢᠴᠢ ᠬᠠᠷᠠᠭᠠᠯᠵᠠᠯ ᠤᠨ ᠪᠠᠷᠢᠮᠵᠢᠶ᠎ᠠ ᠳᠤ ᠰᠠᠭᠤᠷᠢ ᠮᠥᠩᠭᠦᠨ ᠤ ᠠᠵᠢᠯᠯᠠᠭᠠᠨ ᠤ ᠪᠠᠶᠢᠳᠠᠯ ᠢ ᠦᠨᠳᠦᠰᠦᠯᠡᠨ ᠴᠠᠭ ᠲᠤᠨᠢ ᠲᠣᠬᠢᠷᠠᠭᠤᠯᠤᠯᠲᠠ ᠬᠢᠨ᠎ᠠ᠃ ᠤᠤᠯ ᠤᠨ ︽ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠦᠨᠳᠦ ᠡᠪᠡᠳᠴᠢᠨ ᠤ ᠳᠠᠭᠠᠳᠬᠠᠯ ᠤᠨ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ︵ᠥᠪᠥᠷ ᠡᠮᠴᠢᠯᠡᠭᠡ ᠪᠠᠳᠤᠯᠠᠭ᠎ᠠ ᠠᠯᠪᠠᠨ ᠥᠰᠥᠭ ﹇2020﹈  122 ᠳ᠋ᠤᠭᠠᠷ ᠲᠣᠭᠠᠲᠤ︶ ᠢ ᠳᠠᠭᠠᠤ ᠳᠤᠨᠢ ᠬᠦᠴᠦᠨ ᠥᠬᠡᠶ ᠪᠣᠯᠭᠠᠨ᠎ᠠ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ  ᠡᠮᠴᠢᠯᠡᠭᠡ ᠶᠢᠨ ᠪᠠᠳᠤᠯᠠᠭ᠎ᠠ ᠶᠢᠨ ᠲᠤᠪᠴᠢᠶ᠎ᠠ      2021 ᠣᠨ ᠤ 12  ᠳ᠋ᠤᠭᠠᠷ ᠰᠠᠷ᠎ᠠ ᠶᠢᠨ 26 ᠤ ᠡᠳᠦᠷ
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠣᠯᠠᠭ᠎ᠠ ᠶᠢᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号