ᠵᠢᠷᠦᠬᠡᠨ ᠤ ᠴᠠᠬᠢᠯᠭᠠᠨ ᠹᠢᠽᠢᠣᠯᠣᠭᠢ ᠶᠢᠨ ᠲᠥᠷᠥᠯ ᠤᠨ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠮᠤᠵᠢ ᠶᠢᠨ ᠬᠤᠭᠤᠷᠣᠨᠳᠣᠬᠢ ᠬᠤᠯᠪᠤᠭ᠎ᠠ ᠲᠥᠪᠯᠡᠷᠡᠭᠦᠯᠦᠨ ᠬᠡᠮᠵᠢᠶ᠎ᠡ ᠲᠠᠢ ᠬᠤᠳᠠᠯᠳᠤᠨ ᠠᠪᠬᠤ ᠠᠯᠪᠠᠨ ᠵᠠᠷᠯᠠᠯ ︵1 ᠳ᠋ᠦ᠋ᠭᠡᠷ ᠲᠣᠭᠠᠲᠤ︶
ᠨᠡᠶᠢᠲᠡᠯᠡᠭᠰᠡᠨ ᠴᠠᠭ᠄
2022/10/14
ᠬᠤᠯᠪᠣᠭᠳᠠᠯ ᠪᠦᠬᠦᠢ ᠠᠵᠤ ᠠᠬᠤᠶᠢᠯᠠᠯ ᠳᠤ᠄   ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠡᠮᠴᠢᠯᠡᠭᠡᠨ ᠤ ᠪᠠᠲᠤᠯᠠᠭ᠎ᠠ ᠶᠢᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ ᠰᠠᠨᠠᠯ︾᠂            ︽ᠤᠯᠤᠰ ᠠᠴᠠ ᠵᠣᠬᠢᠶᠠᠨ ᠪᠠᠶᠢᠭᠤᠯᠤᠭᠰᠠᠨ ᠡᠮᠴᠢᠯᠡᠭᠡᠨ ᠳᠤ ᠬᠡᠷᠡᠭᠯᠡᠬᠦ ᠥᠨᠳᠥᠷ ᠥᠷᠲᠡᠭᠲᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠡᠮᠵᠢᠶ᠎ᠡ ᠲᠠᠢ ᠬᠤᠳᠠᠯᠳᠤᠨ ᠠᠪᠬᠤ ᠪᠠ ᠬᠡᠷᠡᠭᠯᠡᠬᠦ ᠲᠤᠬᠠᠶ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠵᠡᠷᠭᠡ 8 ᠰᠠᠯᠠᠭ᠎ᠠ ᠮᠥᠴᠢᠷ ᠤᠨ ᠵᠢᠯᠣᠭᠤᠳᠬᠤ ᠰᠠᠨᠠᠯ︾ ︵ᠡᠮᠴᠢᠯᠡᠭᠡᠨ ᠤ ᠪᠠᠲᠤᠯᠠᠭ᠎ᠠ ᠲᠠᠷᠬᠠᠭᠠᠭᠰᠠᠨ ﹇2021﹈ 31 ᠳ᠋ᠦ᠋ᠭᠡᠷ        ᠲᠣᠭᠠᠲᠤ︶ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠮᠴᠢᠯᠡᠭᠡᠨ ᠳᠤ ᠬᠡᠷᠡᠭᠯᠡᠬᠦ ᠥᠨᠳᠥᠷ ᠥᠷᠲᠡᠭᠲᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠡᠮᠵᠢᠶ᠎ᠡ ᠲᠠᠢ ᠬᠤᠳᠠᠯᠳᠤᠨ ᠠᠪᠬᠤ ᠥᠭᠡᠷᠡᠴᠢᠯᠡᠯᠲᠡ ᠶᠢ ᠭᠦᠨᠵᠡᠭᠡᠶ ᠠᠬᠢᠭᠤᠯᠬᠤ ᠶᠢᠨ ᠲᠥᠯᠦᠭᠡ᠂ ᠹᠦᠵᠢᠶᠠᠨ᠂ ᠾᠧᠪᠧᠢ᠂ ᠱᠠᠨ ᠰᠢ᠂ ᠥᠪᠥᠷ ᠮᠣᠩᠭᠤᠯ᠂ ᠯᠢᠶᠣᠤᠨᠢᠩ᠂ ᠬᠢᠷᠢᠨ᠂ ᠬᠠᠷᠠᠮᠦ᠋ᠷᠡᠨ᠂ ᠵᠢᠶᠠᠩᠰᠦ᠂ ᠵᠧᠵᠢᠶᠠᠩ᠂ ᠠᠨᠾᠦ᠋ᠢ᠂ ᠵᠢᠶᠠᠩᠰᠢ᠂ ᠱᠠᠨᠳᠦ᠋ᠩ᠂ ᠾᠧᠨᠠᠨ᠂ ᠬᠤᠨᠠᠨ᠂ ᠭᠤᠸᠠᠩᠳᠦ᠋ᠩ᠂ ᠭᠤᠸᠠᠩᠰᠢ᠂ ᠬᠠᠶᠢᠨᠠᠨ᠂ ᠴᠦᠩᠴᠢᠩ᠂ ᠭᠦᠢᠵᠧᠦ᠂ ᠶᠦᠨᠨᠠᠨ᠂ ᠲᠥᠪᠡᠳ᠂ ᠱᠠᠨᠰᠢ᠂ ᠭᠠᠨᠰᠦ᠂ ᠬᠥᠬᠡᠨᠠᠭᠤᠷ᠂ ᠨᠢᠩᠰᠢᠶᠠ᠂ ᠰᠢᠨᠵᠢᠶᠠᠩ᠂ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠵᠡᠷᠭᠡ ᠮᠤᠵᠢ ︵ᠣᠷᠣᠨ᠂ ᠬᠤᠲᠠ︶ ᠬᠤᠳᠠᠯᠳᠤᠨ ᠠᠪᠬᠤ ᠬᠤᠯᠪᠣᠭ᠎ᠠ ᠪᠠᠶᠢᠭᠤᠯᠵᠤ᠂ ᠡᠯ᠎ᠡ ᠭᠠᠵᠠᠷ ᠣᠷᠣᠨ ᠤ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ︵ᠴᠡᠷᠢᠭ ᠠᠩᠭᠢ ᠶᠢᠨ ᠡᠮᠴᠢᠯᠡᠭᠡᠨ ᠤ ᠪᠠᠶᠢᠭᠤᠯᠤᠮᠵᠢ ᠶᠢ ᠪᠠᠭᠲᠠᠭᠠᠨ᠎ᠠ︶ ᠵᠢᠴᠢ ᠰᠠᠶᠢᠨ ᠳᠤᠷ᠎ᠠ ᠠᠴᠠ ᠪᠠᠨ ᠣᠷᠣᠯᠴᠠᠭᠰᠠᠨ ᠡᠮᠴᠢᠯᠡᠭᠡᠨ ᠤ ᠪᠠᠲᠤᠯᠠᠭ᠎ᠠ ᠶᠢᠨ ᠴᠡᠭ ᠲᠣᠭᠲᠠᠭᠠᠭᠰᠠᠨ ᠨᠡᠶᠢᠭᠡᠮ ᠠᠴᠠ ᠡᠷᠭᠢᠯᠡᠭᠰᠡᠨ ᠡᠮᠴᠢᠯᠡᠭᠡᠨ ᠤ ᠪᠠᠶᠢᠭᠤᠯᠤᠮᠵᠢ ᠵᠡᠷᠭᠡ ᠶᠢ ᠲᠥᠯᠥᠭᠡᠯᠡᠨ ᠵᠢᠷᠦᠬᠡᠨ ᠤ ᠴᠠᠬᠢᠯᠭᠠᠨ ᠹᠢᠽᠢᠣᠯᠣᠭᠢ ᠶᠢᠨ ᠲᠥᠷᠥᠯ ᠤᠨ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠮᠤᠵᠢ ᠶᠢᠨ ᠬᠤᠭᠤᠷᠣᠨᠳᠣᠬᠢ ᠬᠤᠯᠪᠣᠭ᠎ᠠ ᠲᠥᠪᠯᠡᠷᠡᠭᠦᠯᠦᠨ ᠬᠡᠮᠵᠢᠶ᠎ᠡ ᠲᠠᠢ ᠬᠤᠳᠠᠯᠳᠤᠨ ᠠᠪᠬᠤ ᠶᠢ ᠥᠷᠨᠢᠭᠦᠯᠪᠡ᠃ ᠵᠢᠷᠦᠬᠡᠨ ᠤ ᠴᠠᠬᠢᠯᠭᠠᠨ ᠹᠢᠽᠢᠣᠯᠣᠭᠢ ᠶᠢᠨ ᠮᠤᠵᠢ ᠶᠢᠨ ᠬᠤᠭᠤᠷᠣᠨᠳᠣᠬᠢ ᠬᠤᠯᠪᠣᠭᠠᠨ ᠤ ᠲᠥᠪᠯᠡᠷᠡᠭᠦᠯᠦᠨ ᠬᠡᠮᠵᠢᠶ᠎ᠡ ᠲᠠᠢ ᠬᠤᠳᠠᠯᠳᠤᠨ ᠠᠪᠬᠤ ᠠᠵᠢᠯ ᠢ ᠤᠳᠤᠷᠢᠳᠬᠤ ᠳᠤᠭᠤᠶᠢᠯᠠᠩ ᠤᠨ ᠠᠯᠪᠠᠨ ᠭᠡᠷ ᠢ ᠹᠦᠵᠢᠶᠠᠨ ᠮᠤᠵᠢ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠳᠤ ᠳᠣᠬᠢᠷᠠᠭᠤᠯᠵᠤ᠂ ᠡᠳᠦᠷ ᠲᠤᠲᠤᠮ ᠤᠨ ᠠᠵᠢᠯ ᠪᠠ ᠪᠣᠳᠠᠲᠠᠶ ᠬᠡᠷᠡᠭᠵᠢᠭᠦᠯᠬᠦ ᠶᠢ ᠹᠦᠵᠢᠶᠠᠨ ᠮᠤᠵᠢ ᠶᠢᠨ ᠡᠮ ᠤᠨ ᠵᠦᠢᠯ ᠪᠠ ᠪᠠᠭᠠᠵᠢ ᠬᠡᠷᠡᠭᠰᠡᠯ ᠢ ᠬᠤᠯᠪᠤᠭᠠᠯᠠᠨ ᠬᠤᠳᠠᠯᠳᠤᠨ ᠠᠪᠬᠤ ᠲᠥᠪ ᠠᠴᠠ ᠡᠭᠦᠷᠭᠡᠯᠡᠨ᠎ᠡ᠃   ᠡᠳᠦᠭᠡ ︽ᠵᠢᠷᠦᠬᠡᠨ ᠤ ᠴᠠᠬᠢᠯᠭᠠᠨ ᠹᠢᠽᠢᠣᠯᠣᠭᠢ ᠶᠢᠨ ᠲᠥᠷᠥᠯ ᠤᠨ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠮᠤᠵᠢ ᠶᠢᠨ ᠬᠤᠭᠤᠷᠣᠨᠳᠣᠬᠢ ᠬᠤᠯᠪᠣᠭ᠎ᠠ ᠶᠢᠨ ᠲᠥᠪᠯᠡᠷᠡᠭᠦᠯᠦᠨ ᠬᠡᠮᠵᠢᠶ᠎ᠡ ᠲᠠᠢ ᠬᠤᠳᠠᠯᠳᠤᠨ ᠠᠪᠬᠤ ᠪᠢᠴᠢᠭ ᠮᠠᠲ᠋ᠧᠷᠢᠶᠠᠯ ︵DSLLC-2022-1︶︾ ᠢ ᠨᠡᠶᠢᠲᠡᠯᠡᠪᠡ᠂ ᠱᠠᠭᠠᠷᠳᠠᠯᠭ᠎ᠠ ᠳᠤ ᠨᠡᠶᠢᠴᠡᠭᠰᠡᠨ ᠠᠵᠤ ᠠᠬᠤᠶᠢᠯᠠᠯ ᠤᠨ ᠣᠷᠣᠯᠴᠠᠬᠤ ᠶᠢ ᠪᠠᠶᠠᠷᠯᠠᠨ ᠤᠭᠲᠤᠵᠤ ᠪᠠᠶᠢᠨ᠎ᠠ᠃     ᠵᠢᠷᠤᠬᠡᠨ ᠤ ᠴᠠᠬᠢᠯᠭᠠᠨ ᠹᠢᠽᠢᠣᠯᠣᠭᠢ ᠶᠢᠨ ᠮᠤᠵᠢ ᠶᠢᠨ ᠬᠤᠭᠤᠷᠣᠨᠳᠣᠬᠢ ᠬᠤᠯᠪᠣᠭᠠᠨ ᠤ ᠲᠥᠪᠯᠡᠷᠡᠭᠦᠯᠦᠨ    ᠬᠡᠮᠵᠢᠶ᠎ᠡ ᠲᠠᠢ ᠬᠤᠳᠠᠯᠳᠤᠨ ᠠᠪᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ        2022 ᠣᠨ ᠤ 10 ᠳ᠋ᠤᠭᠠᠷ ᠰᠠᠷ᠎ᠠ ᠶᠢᠨ 14 ᠤ ᠡᠳᠦᠷ    ᠳᠠᠭᠠᠯᠳᠤᠭᠤᠯᠤᠯ᠄   ᠵᠢᠷᠦᠬᠡᠨ ᠤ ᠴᠠᠬᠢᠯᠭᠠᠨ ᠹᠢᠽᠢᠣᠯᠣᠭᠢ ᠶᠢᠨ ᠲᠥᠷᠥᠯ ᠤᠨ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠮᠤᠵᠢ ᠶᠢᠨ ᠬᠤᠭᠤᠷᠣᠨᠳᠣᠬᠢ ᠬᠤᠯᠪᠣᠭ᠎ᠠ ᠶᠢᠨ ᠲᠥᠪᠯᠡᠷᠡᠭᠦᠯᠦᠨ ᠬᠡᠮᠵᠢᠶ᠎ᠡ ᠲᠠᠢ ᠬᠤᠳᠠᠯᠳᠤᠨ ᠠᠪᠬᠤ ᠪᠢᠴᠢᠭ ᠮᠠᠲ᠋ᠧᠷᠢᠶᠠᠯ(DSLLC-2022-1︶ .pdf

 

 

 
ᠢᠷᠡᠯᠲᠡ᠄ ᠵᠢᠷᠦᠬᠡᠨ ᠤ ᠴᠠᠬᠢᠯᠭᠠᠨ ᠹᠢᠽᠢᠣᠯᠣᠭᠢ ᠶᠢᠨ ᠮᠤᠵᠢ ᠶᠢᠨ ᠬᠤᠭᠤᠷᠣᠨᠳᠣᠬᠢ ᠬᠤᠯᠪᠣᠭᠠᠨ ᠤ ᠲᠥᠪᠯᠡᠷᠡᠭᠦᠯᠦᠨ ᠬᠡᠮᠵᠢᠶ᠎ᠡ ᠲᠠᠢ ᠬᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号