ᠤᠳᠤ ᠶᠢᠨ ᠬᠦᠮᠦᠰ ᠶᠡᠷᠦᠨᠢ ᠸᠢᠴᠠᠲ᠂ ᡁᠢ ᠹᠦ᠋ ᠪᠤᠤ ᠪᠠᠷ ᠲᠤᠭᠠᠴᠠᠭ᠎ᠠ ᠬᠢᠳᠡᠭ ᠪᠤᠯᠤᠯ᠎ᠠ᠃ ᠬᠡᠷᠪᠡ ᠲᠠᠨ ᠤ | ᠸᠢᠴᠠᠲ ᠤᠨ ᠶᠠᠷᠢᠯᠴᠠᠭᠠᠨ ᠤ ᠳᠣᠮᠳᠠ ᠭᠡᠨᠡᠳᠲᠡ ᠡᠶᠢᠮᠦ ᠵᠦᠢᠯ ᠢᠯᠡᠷᠡᠪᠡᠯ ᠪᠤᠯᠭᠤᠮᠵᠢᠯᠠᠬᠤ ᠬᠡᠷᠡᠭᠲᠡᠢ ᠶᠤᠮ ᠪᠠᠶᠢᠨ᠎ᠠ᠃ | | ᠰᠢᠶᠣᠣ ᠴᠧᠨ ᠥᠨᠥᠬᠡᠨ ᠥᠲᠥᠨ ᠪᠥᠮᠪᠦᠭᠡ ᠶᠢᠨ QQ ᠶᠢᠨ ᠬᠤᠯᠪᠤᠭᠠᠨ ᠳᠤ ᠣᠷᠣᠵᠦ᠂ ᠰᠢᠨ᠎ᠡ | ᠪᠥᠮᠪᠦᠭᠡ ᠶᠢᠨ ᠫᠠᠶᠢᠰᠠ ᠬᠤᠳᠠᠯᠳᠤᠨ ᠠᠪᠬᠤ ᠬᠡᠰᠡᠨ ᠳᠤ ᠵᠠᠷᠢᠮ ᠬᠦᠮᠦᠰ ᠳᠡᠬᠦᠨ ᠢ ᠪᠦᠷᠢᠳᠬᠡᠵᠦ ᠠᠪᠤᠭᠠᠳ | ᠪᠦᠳᠦᠬᠡᠭᠳᠡᠬᠦᠨ ᠢᠶᠠᠨ ᠳᠠᠨᠢᠯᠴᠠᠭᠤᠯᠤᠬᠰᠠᠨ ᠪᠠᠶᠢᠪᠠ᠃ ᠶᠠᠭᠠᠬᠢᠭᠠᠳ ᠬᠤᠳᠠᠯᠳᠣᠭᠠᠨ ᠤ ᠲᠠᠪᠴᠠᠩ ᠳᠤ ᠠᠷᠠᠯᠵᠢᠶ᠎ᠠ | ᠬᠢᠬᠦ ᠦᠬᠡᠢ ᠢᠩᠬᠢᠵᠦ ᠳᠠᠯᠳᠠᠭᠤᠷ ᠪᠤᠷᠤᠯᠠᠭᠤᠯᠵᠦ ᠪᠠᠶᠢᠭ᠎ᠠ ᠳᠣᠬᠠᠢ ᠰᠣᠨᠢᠷᠬᠠᠬᠰᠠᠨ ᠳᠤ ᠨᠦᠬᠦᠬᠡ ᠡᠳᠡᠭᠡᠳ ᠨᠢ | ᠨᠠᠰᠦ ᠪᠠᠭ᠎ᠠ ᠣᠴᠢᠷ ᠲᠠᠪᠴᠠᠩ ᠳᠤ ᠪᠦᠷᠢᠳᠬᠡᠬᠦᠯᠵᠦ ᠴᠢᠳᠠᠬᠤ ᠦᠬᠡᠢ ᠬᠡᠳ QR ᠺᠤᠳ᠋ ᠶᠠᠪᠤᠭᠤᠯᠵᠦ ᠲᠤᠭᠠᠴᠠᠭ᠎ᠠ | ᠬᠢᠬᠦ ᠶᠢ ᠱᠠᠭᠠᠷᠳᠠᠪᠠ᠃ ᠰᠢᠶᠣᠣ ᠴᠧᠨ ᠮᠦᠩᠬᠦ ᠰᠢᠯᠵᠢᠭᠦᠯᠬᠦ ᠦᠶ᠎ᠡ ᠳᠤ ᠸᠢᠴᠠᠲ ᠨᠢ ᠨᠥᠭᠦᠭᠡ ᠡᠲᠡᠭᠡᠳ ᠤᠨ | ᠮᠦᠩᠬᠦᠨ ᠤ ᠳᠠᠩᠰᠠ ᠳᠤ ᠬᠡᠪ ᠤᠨ ᠪᠤᠰᠤ ᠦᠢᠯᠡ ᠠᠵᠢᠯᠯᠠᠭ᠎ᠠ ᠣᠷᠣᠰᠢᠵᠦ ᠪᠠᠶᠢᠭ᠎ᠠ ᠲᠤᠯᠠ᠂ ᠵᠣᠭᠤᠰ | ᠬᠤᠷᠢᠶᠠᠬᠤ ᠶᠢ ᠬᠢᠵᠠᠭᠠᠷᠯᠠᠯ᠎ᠠ ᠭᠡᠰᠡᠨ ᠰᠠᠨᠠᠭᠤᠯᠭ᠎ᠠ ᠢᠯᠡᠷᠡᠭᠰᠡᠨ ᠪᠠᠶᠢᠨ᠎ᠠ᠃ ᠡᠬᠢᠨ ᠳᠡᠭᠡᠨ ᠲᠡᠷᠡ ᠡᠭᠦᠨ ᠳᠤ | ᠰᠡᠵᠢᠭ ᠲᠠᠢ ᠪᠠᠶᠢᠬᠰᠠᠨ ᠴᠦ ᠨᠥᠭᠦᠭᠡ ᠡᠲᠡᠭᠡᠳ ᠨᠢ ᠰᠢᠶᠣᠣ ᠴᠧᠨ ᠳᠤ ᠪᠡᠶ᠎ᠡ ᠶᠢᠨ ᠦᠨᠡᠮᠯᠡᠯ᠂ ᠭᠡᠷᠡᠴᠢ ᠪᠢᠴᠢᠭ᠂ | ᠱᠠᠩᠨᠠᠯ ᠤᠨ ᠫᠠᠶᠢᠰᠠ ᠪᠠᠨ ᠬᠠᠷᠠᠭᠤᠯᠤᠬᠰᠠᠨ ᠳᠤ ᠳᠡᠬᠦᠨ ᠤ ᠰᠡᠵᠢᠭ ᠡᠷᠡᠭᠡᠯᠵᠡᠭᠡ ᠠᠯᠳᠠᠷᠠᠵᠦ᠂ 930 ᠲᠥᠭᠦᠷᠢᠭ | ᠳᠣᠰᠢᠶᠠᠬᠰᠠᠨ ᠪᠠᠶᠢᠨ᠎ᠠ᠃ ᠳᠡᠮᠡᠢ ᠤᠳᠠᠬᠰᠠᠨ ᠦᠬᠡᠢ ᠨᠦᠬᠦᠬᠡ ᠬᠦᠮᠦᠨ ᠶᠠᠷᠢᠯᠴᠠᠭᠠᠨ ᠤ ᠬᠠᠭᠠᠯᠭ᠎ᠠ ᠪᠠᠨ | ᠬᠠᠭᠠᠬᠰᠠᠨ ᠢ ᠬᠠᠷᠠᠭᠠᠳ ᠰᠠᠶ᠋ᠢ ᠮᠡᠬᠡᠯᠡᠭᠳᠡᠭᠰᠡᠨ ᠢᠶᠠᠨ ᠮᠡᠳᠡᠭᠰᠡᠨ ᠪᠠᠶᠢᠨ᠎ᠠ᠃ | ᠴᠠᠭᠳᠠᠭᠠᠨ ᠤ ᠲᠠᠯ᠎ᠠ ᠶᠢᠨ ᠰᠠᠨᠠᠭᠤᠯᠤᠮᠵᠢ᠄ ᠸᠢᠴᠠᠲ ᠢᠶᠠᠷ ᠮᠦᠩᠬᠦ ᠰᠢᠯᠵᠢᠭᠦᠯᠬᠦ ᠦᠶᠡᠰ᠂ ᠳᠠᠷᠠᠭᠠᠬᠢ | ᠵᠦᠢᠯᠡᠰ ᠠᠴᠠ ᠪᠤᠯᠭᠤᠮᠵᠢᠯᠠᠬᠤ ᠬᠡᠷᠡᠭᠳᠡᠢ ᠶᠤᠮ ᠪᠠᠶᠢᠨ᠎ᠠ᠃ ︵ᠵᠢᠷᠤᠭ ᠠᠴᠠ ᠬᠠᠷᠠᠭᠠᠷᠠᠢ︶ |