︽ᠮᠣᠨᠣᠫᠣᠯᠢᠴᠢᠯᠠᠯ ᠢ ᠡᠰᠡᠷᠭᠦᠴᠡᠬᠦ ᠬᠠᠤᠯᠢ︾ ᠶᠢᠨ ᠬᠤᠯᠪᠣᠭᠳᠠᠯ ᠪᠦᠬᠦᠢ ᠮᠡᠳᠡᠯᠭᠡ ᠶᠢᠨ ᠤᠬᠠᠭᠤᠯᠭ᠎ᠠ
ᠨᠡᠶᠢᠲᠡᠯᠡᠭᠰᠡᠨ ᠴᠠᠭ᠄
2022/11/14
   ᠨᠢᠭᠡ᠂ ᠮᠠᠨ ᠤ ᠤᠯᠤᠰ ᠤᠨ ︽ᠮᠣᠨᠣᠫᠣᠯᠢᠴᠢᠯᠠᠯ ᠢ ᠡᠰᠡᠷᠭᠦᠴᠡᠬᠦ ᠬᠠᠤᠯᠢ︾ ᠶᠢᠨ ᠬᠠᠤᠯᠢ ᠳᠣᠭᠲᠠᠭᠠᠭᠰᠠᠨ ᠵᠣᠷᠢᠯᠭ᠎ᠠ ᠨᠢ ᠶᠠᠭᠤ ᠪᠤᠢ︖   ︽ᠮᠣᠨᠣᠫᠣᠯᠢᠴᠢᠯᠠᠯ ᠢ ᠡᠰᠡᠷᠭᠦᠴᠡᠬᠦ ᠬᠠᠤᠯᠢ︾ ᠶᠢᠨ ᠨᠢᠭᠡᠳᠦᠭᠡᠷ ᠵᠦᠢᠯ ᠳᠤ᠄ ︽ᠮᠣᠨᠣᠫᠣᠯᠢᠴᠢᠯᠠᠯ ᠢ ᠡᠰᠡᠷᠭᠦᠴᠡᠬᠦ ᠬᠠᠤᠯᠢ︾ ᠶᠢ ᠳᠣᠭᠲᠠᠭᠠᠭᠰᠠᠨ ᠵᠣᠷᠢᠯᠭ᠎ᠠ ᠪᠣᠯ᠄ ︽ᠮᠣᠨᠣᠫᠣᠯᠢᠴᠢᠯᠠᠯ ᠤᠨ ᠠᠵᠢᠯᠯᠠᠭ᠎ᠠ ᠶᠢ ᠰᠡᠷᠭᠡᠶᠢᠯᠡᠨ ᠬᠤᠷᠢᠭᠯᠠᠵᠤ᠂ ᠵᠠᠬ᠎ᠠ ᠳᠡᠯᠭᠡᠭᠦᠷ ᠤᠨ ᠭᠤᠣᠯᠴᠢ ᠥᠷᠢᠰᠥᠯᠳᠦᠭᠡᠨ ᠢ ᠬᠠᠮᠠᠭᠠᠯᠠᠨ᠂ ᠠᠵᠤ ᠠᠬᠤᠢ ᠶᠢᠨ ᠠᠵᠢᠯᠯᠠᠭᠠᠨ ᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠬᠡᠷᠡᠭᠯᠡᠭᠴᠢᠳ ᠤᠨ ᠠᠰᠢᠭ ᠲᠤᠰᠠ ᠪᠠ ᠨᠡᠶᠢᠭᠡᠮ ᠨᠡᠶᠢᠲᠡ ᠶᠢᠨ ᠠᠰᠢᠭ ᠲᠤᠰᠠ ᠶᠢ ᠬᠠᠮᠠᠭᠠᠯᠠᠨ᠂ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠶᠢᠨ ᠲᠥᠯᠥᠭᠡ ᠶᠤᠮ︾ ᠭᠡᠵᠦ ᠲᠣᠭᠲᠠᠭᠠᠵᠠᠢ᠃   1 . ᠬᠡᠷᠡᠭᠯᠡᠭᠴᠢᠳ ᠤᠨ ᠠᠰᠢᠭ ᠲᠤᠰᠠ ᠶᠢ ᠬᠠᠮᠠᠭᠠᠯᠠᠨ᠎ᠠ᠃ ︽ᠮᠣᠨᠣᠫᠣᠯᠢᠴᠢᠯᠠᠯ ᠢ ᠡᠰᠡᠷᠭᠦᠴᠡᠬᠦ ᠬᠠᠤᠯᠢ︾ ᠨᠢ ᠥᠷᠢᠰᠥᠯᠳᠦᠭᠡᠨ ᠤ ᠲᠣᠭᠲᠠᠴᠠ ᠶᠢ ᠬᠠᠮᠠᠭᠠᠯᠠᠬᠤ ᠪᠠᠷ ᠳᠠᠮᠵᠢᠭᠤᠯᠤᠨ ᠮᠣᠨᠣᠫᠣᠯᠢᠴᠢᠯᠠᠯ ᠤᠨ ᠠᠵᠢᠯᠯᠠᠭ᠎ᠠ ᠶᠢ ᠬᠤᠷᠢᠭᠯᠠᠵᠤ᠂ ᠵᠠᠬ᠎ᠠ ᠳᠡᠯᠭᠡᠭᠦᠷ ᠢ ᠢᠮᠠᠭᠲᠠ ︽ᠥᠷᠢᠰᠥᠯᠳᠦᠭᠡᠨ ᠲᠠᠢ︾ ᠪᠠᠶᠢᠳᠠᠯ ᠳᠤ ᠪᠠᠶᠢᠯᠭᠠᠵᠤ᠂ ᠥᠷᠢᠰᠥᠯᠳᠦᠭᠡᠨ ᠤ ᠦᠢᠯᠡᠳᠦᠯ ᠢᠶᠠᠷ ᠡᠵᠡᠩᠨᠡᠭᠴᠢ ᠶᠢ ᠠᠯᠪᠠᠳᠠᠵᠤ ᠬᠠᠮᠤᠭ ᠤᠨ ᠳᠣᠣᠷ᠎ᠠ ᠥᠪᠡᠷ ᠤᠨ ᠦᠷᠳᠡᠭ ᠢᠶᠠᠷ ᠬᠠᠮᠤᠭ ᠤᠨ ᠳᠡᠭᠡᠳᠦ ᠴᠢᠨᠠᠷ ᠴᠢᠨᠰᠠᠭ᠎ᠠ ᠲᠠᠢ ᠲᠠᠸᠠᠷ ᠢ ᠦᠢᠯᠡᠳᠪᠦᠷᠢᠯᠡᠭᠦᠯᠬᠦ ᠶᠢᠨ ᠬᠠᠮᠲᠤ ᠬᠡᠷᠡᠭᠯᠡᠭᠴᠢᠳ ᠢ ᠬᠠᠮᠤᠭ ᠤᠨ ᠳᠣᠣᠷ᠎ᠠ ᠦᠨ᠎ᠡ ᠪᠠᠷ ᠡᠳᠡᠭᠡᠷ ᠲᠠᠸᠠᠷ ᠢ ᠬᠤᠳᠠᠯᠳᠤᠨ ᠠᠪᠴᠤ ᠴᠢᠳᠠᠬᠤ ᠪᠣᠯᠭᠠᠨ᠎ᠠ᠃ ᠡᠶᠢᠮᠦ ᠠᠴᠠ ᠬᠡᠷᠡᠭᠯᠡᠭᠴᠢᠳ ᠤᠨ ᠠᠰᠠᠷᠠᠮᠵᠢ ᠶᠢ ᠳᠡᠭᠡᠭᠰᠢᠯᠡᠭᠦᠯᠵᠦ᠂ ᠬᠡᠷᠡᠭᠯᠡᠭᠴᠢᠳ ᠤᠨ ᠪᠦᠬᠦᠯᠢ ᠴᠣᠭᠴᠠ ᠶᠢᠨ ᠠᠰᠢᠭ ᠲᠤᠰᠠ ᠶᠢ ᠬᠠᠮᠠᠭᠠᠯᠠᠬᠤ ᠪᠣᠯ ᠪᠠᠰᠠ ᠴᠤ ︽ᠮᠣᠨᠣᠫᠣᠯᠢᠴᠢᠯᠠᠯ ᠢ ᠡᠰᠡᠷᠭᠦᠴᠡᠬᠦ ᠬᠠᠤᠯᠢ︾ ᠶᠢᠨ ᠴᠢᠬᠤᠯᠠ ᠬᠠᠷᠠᠯᠲᠠ ᠮᠥᠨ᠃   2 . ᠨᠡᠶᠢᠭᠡᠮ ᠨᠡᠶᠢᠲᠡ ᠶᠢᠨ ᠠᠰᠢᠭ ᠲᠤᠰᠠ ᠶᠢ ᠬᠠᠮᠠᠭᠠᠯᠠᠨ᠎ᠠ᠃ ︽ᠮᠣᠨᠣᠫᠣᠯᠢᠴᠢᠯᠠᠯ ᠢ ᠡᠰᠡᠷᠭᠦᠴᠡᠬᠦ ᠬᠠᠤᠯᠢ︾ ᠨᠢ ᠳᠤᠮᠳᠠᠳᠤ ᠤᠯᠤᠰ ᠤᠨ ᠪᠣᠳᠠᠲᠤ ᠪᠠᠶᠢᠳᠠᠯ ᠠᠴᠠ ᠡᠭᠦᠰᠴᠦ᠂ ᠨᠡᠶᠢᠭᠡᠮ ᠨᠡᠶᠢᠲᠡ ᠶᠢᠨ ᠠᠰᠢᠭ ᠲᠤᠰᠠ ᠶᠢ ᠬᠠᠮᠠᠭᠠᠯᠠᠬᠤ ᠶᠠᠪᠤᠳᠠᠯ ᠢ ᠬᠠᠤᠯᠢ ᠲᠣᠭᠲᠠᠭᠠᠬᠤ ᠬᠠᠷᠠᠯᠲᠠ ᠶᠢᠨ ᠨᠢᠭᠡ ᠪᠣᠯᠭᠠᠵᠤ᠂ ᠪᠣᠳᠠᠲᠠᠢ ᠲᠣᠭᠲᠠᠭᠠᠯ ᠤᠨ ᠲᠠᠯ᠎ᠠ ᠪᠠᠷ ᠨᠡᠶᠢᠭᠡᠮ ᠨᠡᠶᠢᠲᠡ ᠶᠢᠨ ᠠᠰᠢᠭ ᠲᠤᠰᠠ ᠶᠢ ᠬᠠᠮᠠᠭᠠᠯᠠᠬᠤ ᠶᠢ ᠢᠯᠡᠷᠡᠭᠦᠯᠦᠭᠰᠡᠨ ᠪᠠᠶᠢᠨ᠎ᠠ᠃   ᠬᠤᠶᠠᠷ᠂ ︽ᠮᠣᠨᠣᠫᠣᠯᠢᠴᠢᠯᠠᠯ ᠢ ᠡᠰᠡᠷᠭᠦᠴᠡᠬᠦ ᠬᠠᠤᠯᠢ︾ ᠶᠢ ᠬᠡᠷᠡᠭᠯᠡᠬᠦ ᠳᠤ ᠲᠣᠬᠢᠷᠠᠬᠤ ᠬᠡᠪᠴᠢᠶ᠎ᠡ ᠶᠠᠭᠤ ᠪᠤᠢ︖   ︽ᠮᠣᠨᠣᠫᠣᠯᠢᠴᠢᠯᠠᠯ ᠢ ᠡᠰᠡᠷᠭᠦᠴᠡᠬᠦ ᠬᠠᠤᠯᠢ︾ ᠶᠢᠨ ᠬᠤᠶᠠᠳᠤᠭᠠᠷ ᠵᠦᠢᠯ ᠳᠤ᠄ ︽ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠯᠢ ᠶᠢᠨ ᠳᠣᠲᠣᠷᠠᠬᠢ ᠠᠵᠤ ᠠᠬᠤᠢ ᠶᠢᠨ ᠠᠵᠢᠯᠯᠠᠭᠠᠨ ᠤ ᠳᠤᠮᠳᠠᠬᠢ ᠮᠣᠨᠣᠫᠣᠯᠢᠴᠢᠯᠠᠯ ᠤᠨ ᠠᠵᠢᠯᠯᠠᠭ᠎ᠠ ᠳᠤ ᠲᠤᠰ ᠬᠠᠤᠯᠢ ᠶᠢ ᠬᠡᠷᠡᠭᠯᠡᠨ᠎ᠡ︔ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠯᠢ ᠶᠢᠨ ᠭᠠᠳᠠᠨᠠᠬᠢ ᠮᠣᠨᠣᠫᠣᠯᠢᠴᠢᠯᠠᠯ ᠤᠨ ᠠᠵᠢᠯᠯᠠᠭ᠎ᠠ ᠨᠢ ᠬᠢᠯᠢ ᠶᠢᠨ ᠳᠣᠲᠣᠷᠠᠬᠢ ᠵᠠᠬ᠎ᠠ ᠳᠡᠯᠭᠡᠭᠦᠷ ᠤᠨ ᠥᠷᠢᠰᠥᠯᠳᠦᠭᠡᠨ ᠢ ᠭᠠᠳᠠᠭᠤᠷᠴᠢᠯᠠᠬᠤ᠂ ᠬᠢᠵᠠᠭᠠᠷᠯᠠᠬᠤ ᠨᠥᠯᠥᠭᠡ ᠲᠠᠢ ᠪᠠᠶᠢᠪᠠᠯ᠂ ᠲᠤᠰ ᠬᠠᠤᠯᠢ ᠶᠢ ᠬᠡᠷᠡᠭᠯᠡᠨ᠎ᠡ︾ ᠭᠡᠵᠦ ᠳᠣᠭᠲᠠᠭᠠᠪᠠ᠃ ᠨᠠᠢᠮᠠᠳᠤᠭᠠᠷ ᠵᠦᠢᠯ ᠳᠤ ︽ᠵᠠᠰᠠᠭ ᠵᠠᠬᠢᠷᠭᠠᠨ ᠤ ᠪᠠᠶᠢᠭᠤᠯᠭ᠎ᠠ ᠪᠠ ᠬᠠᠤᠯᠢ ᠴᠠᠭᠠᠵᠠ᠂ ᠬᠠᠤᠯᠢ ᠴᠠᠭᠠᠵᠠ ᠠᠴᠠ ᠡᠷᠬᠡ ᠣᠯᠭᠤᠭᠰᠠᠨ ᠤᠯᠠᠨ ᠨᠡᠶᠢᠲᠡ ᠶᠢᠨ ᠬᠡᠷᠡᠭ ᠶᠠᠪᠤᠳᠠᠯ ᠢ ᠬᠠᠮᠢᠶᠠᠷᠬᠤ ᠡᠭᠦᠷᠭᠡ ᠲᠤᠰᠢᠶᠠᠯ ᠲᠠᠢ ᠵᠣᠬᠢᠶᠠᠨ ᠪᠠᠶᠢᠭᠤᠯᠤᠯᠲᠠ ᠵᠠᠰᠠᠭ ᠵᠠᠬᠢᠷᠭᠠᠨ ᠤ ᠡᠷᠬᠡ ᠪᠠᠨ ᠳᠤᠷ᠎ᠠ ᠪᠠᠷ ᠢᠶᠠᠨ ᠬᠡᠷᠡᠭᠯᠡᠵᠦ᠂ ᠥᠷᠢᠰᠥᠯᠳᠦᠭᠡᠨ ᠢ ᠭᠠᠳᠠᠭᠤᠷᠴᠢᠯᠠᠵᠤ᠂ ᠬᠢᠵᠠᠭᠠᠷᠯᠠᠵᠤ ᠪᠣᠯᠬᠤ ᠦᠭᠡᠢ︾ ᠭᠡᠵᠦ ᠲᠣᠭᠲᠠᠭᠠᠪᠠ᠃ ᠳᠡᠭᠡᠷ᠎ᠡ ᠳᠤᠷᠠᠳᠤᠭᠰᠠᠨ ᠲᠣᠭᠲᠠᠭᠠᠯ ᠢ ᠦᠨᠳᠦᠰᠦᠯᠡᠪᠡᠯ᠂ ᠮᠠᠨ ᠤ ᠤᠯᠤᠰ ᠤᠨ ︽ᠮᠣᠨᠣᠫᠣᠯᠢᠴᠢᠯᠠᠯ ᠢ ᠡᠰᠡᠷᠭᠦᠴᠡᠬᠦ ᠬᠠᠤᠯᠢ︾ ᠶᠢ ᠬᠤᠶᠠᠷ ᠲᠦᠷᠦᠯ ᠤᠨ ᠠᠵᠢᠯᠯᠠᠭ᠎ᠠ ᠳᠤ ᠬᠡᠷᠡᠭᠯᠡᠨ᠎ᠡ᠂ ᠨᠢᠭᠡ ᠳᠤ ᠡᠵᠡᠩᠨᠡᠭᠴᠢ ᠶᠢᠨ ᠠᠵᠤ ᠠᠬᠤᠢ ᠶᠢᠨ ᠴᠢᠨᠠᠷᠲᠠᠢ ᠮᠣᠨᠣᠫᠣᠯᠢᠴᠢᠯᠠᠯ ᠤᠨ ᠠᠵᠢᠯᠯᠠᠭ᠎ᠠ᠂ ᠬᠤᠶᠠᠷ ᠲᠤ ᠵᠠᠰᠠᠭ ᠵᠠᠬᠢᠷᠭᠠᠨ ᠤ ᠪᠠᠶᠢᠭᠤᠯᠭ᠎ᠠ ᠵᠠᠰᠠᠭ ᠵᠠᠬᠢᠷᠭᠠᠨ ᠤ ᠡᠷᠬᠡ ᠪᠠᠨ ᠳᠤᠷ᠎ᠠ ᠪᠠᠷ ᠢᠶᠠᠨ ᠬᠡᠷᠡᠭᠯᠡᠨ ᠥᠷᠢᠰᠥᠯᠳᠦᠭᠡᠨ ᠢ ᠭᠠᠳᠠᠭᠤᠷᠴᠢᠯᠠᠵᠤ ᠬᠢᠵᠠᠭᠠᠷᠯᠠᠬᠤ ᠠᠵᠢᠯᠯᠠᠭ᠎ᠠ ᠪᠣᠯᠤᠨ᠎ᠠ᠃   ᠭᠤᠷᠪᠠ᠂ ᠮᠣᠨᠣᠫᠣᠯᠢᠴᠢᠯᠠᠯ ᠤᠨ ᠠᠵᠢᠯᠯᠠᠭ᠎ᠠ ᠳᠤ ᠶᠠᠮᠠᠷ ᠲᠦᠷᠦᠯ ᠵᠦᠢᠯ ᠪᠠᠭᠲᠠᠬᠤ ᠪᠤᠢ︖   ︽ᠮᠣᠨᠣᠫᠣᠯᠢᠴᠢᠯᠠᠯ ᠢ ᠡᠰᠡᠷᠭᠦᠴᠡᠬᠦ ᠬᠠᠤᠯᠢ︾ ᠳᠤ ᠬᠡᠯᠡᠵᠦ ᠪᠠᠶᠢᠭ᠎ᠠ ᠮᠣᠨᠣᠫᠣᠯᠢᠴᠢᠯᠠᠯ ᠤᠨ ᠠᠵᠢᠯᠯᠠᠭ᠎ᠠ ᠳᠤ ᠭᠤᠷᠪᠠᠨ ᠵᠦᠢᠯ ᠤᠨ ᠠᠵᠢᠯᠯᠠᠭ᠎ᠠ ᠶᠢ ᠪᠠᠭᠲᠠᠭᠠᠨ᠎ᠠ᠂ ᠨᠢᠭᠡ ᠳᠤ᠂ ᠡᠵᠡᠩᠨᠡᠭᠴᠢ ᠮᠣᠨᠣᠫᠣᠯᠢᠴᠢᠯᠠᠯ ᠤᠨ ᠬᠡᠯᠡᠯᠴᠡᠭᠡᠷ ᠳᠣᠭᠲᠠᠬᠤ ᠠᠵᠢᠯᠯᠠᠭ᠎ᠠ᠂ ᠬᠤᠶᠠᠷ ᠲᠤ᠂ ᠡᠵᠡᠩᠨᠡᠭᠴᠢ ᠵᠠᠬ᠎ᠠ ᠳᠡᠯᠭᠡᠭᠦᠷ ᠢ ᠵᠠᠬᠢᠷᠬᠤ ᠪᠠᠶᠢᠷᠢ ᠰᠠᠭᠤᠷᠢ ᠪᠠᠨ ᠳᠤᠷ᠎ᠠ ᠪᠠᠷ ᠢᠶᠠᠨ ᠬᠡᠷᠡᠭᠯᠡᠬᠦ ᠠᠵᠢᠯᠯᠠᠭ᠎ᠠ᠂ ᠭᠤᠷᠪᠠ ᠳᠤ᠂ ᠥᠷᠢᠰᠥᠯᠳᠦᠭᠡᠨ ᠢ ᠭᠠᠳᠠᠭᠤᠷᠴᠢᠯᠠᠬᠤ᠂ ᠬᠢᠵᠠᠭᠠᠷᠯᠠᠬᠤ ᠦᠷ᠎ᠡ ᠳ᠋ᠦᠩ ᠲᠠᠢ ᠪᠤᠶᠤ ᠡᠰᠡᠭᠦᠯ᠎ᠡ ᠡᠶᠢᠮᠦ ᠦᠷ᠎ᠡ ᠳ᠋ᠦᠩ ᠭᠠᠷᠴᠤ ᠮᠡᠳᠡᠬᠦ ᠪᠠᠶᠢᠳᠠᠯ ᠲᠠᠢ ᠡᠵᠡᠩᠨᠡᠭᠴᠢ ᠶᠢ ᠲᠥᠪᠯᠡᠷᠡᠭᠦᠯᠬᠦ ᠠᠵᠢᠯᠯᠠᠭ᠎ᠠ ᠪᠣᠯᠤᠨ᠎ᠠ᠃ ︽ᠮᠣᠨᠣᠫᠣᠯᠢᠴᠢᠯᠠᠯ ᠢ ᠡᠰᠡᠷᠭᠦᠴᠡᠬᠦ ᠬᠠᠤᠯᠢ︾ ᠳᠤ ᠠᠰ ᠲᠤ ᠨᠢ ᠲᠣᠭᠲᠠᠭᠠᠯ ᠲᠠᠢ ᠪᠠᠶᠢᠬᠤ ᠶᠢ ᠭᠠᠷᠭᠠᠪᠠᠯ᠂ ᠳᠡᠭᠡᠷ᠎ᠡ ᠳᠤᠷᠠᠳᠤᠭᠰᠠᠨ ᠭᠤᠷᠪᠠᠨ ᠵᠦᠢᠯ ᠤᠨ ᠠᠵᠢᠯᠯᠠᠭ᠎ᠠ ᠶᠢ ᠬᠤᠷᠢᠭᠯᠠᠨ᠎ᠠ᠃   ᠲᠦᠷᠪᠡ᠂ ᠶᠠᠭᠤ ᠶᠢ ᠮᠣᠨᠣᠫᠣᠯᠢᠴᠢᠯᠠᠯ ᠤᠨ ᠬᠡᠯᠡᠯᠴᠡᠭᠡᠷ ᠭᠡᠬᠦ ᠪᠤᠢ︖ ᠭᠤᠤᠯᠳᠠᠭᠤ ᠶᠠᠮᠠᠷ ᠠᠵᠢᠯᠯᠠᠭ᠎ᠠ ᠶᠢ ᠪᠠᠭᠲᠠᠭᠠᠬᠤ ᠪᠣᠶ︖  ᠮᠣᠨᠣᠫᠣᠯᠢᠴᠢᠯᠠᠯ ᠤᠨ ᠬᠡᠯᠡᠯᠴᠡᠭᠡᠷ ᠭᠡᠳᠡᠭ ᠪᠣᠯ ᠬᠤᠶᠠᠷ ᠠᠴᠠ ᠳᠡᠭᠡᠭᠰᠢ ᠡᠵᠡᠩᠨᠡᠭᠴᠢ ᠶᠢᠨ ᠬᠤᠭᠤᠷᠣᠨᠳᠣ ᠪᠠᠨ ᠲᠣᠭᠲᠠᠭᠠᠭᠰᠠᠨ ᠥᠷᠢᠰᠥᠯᠳᠦᠭᠡᠨ ᠢ ᠭᠠᠳᠠᠭᠤᠷᠴᠢᠯᠠᠬᠤ᠂ ᠬᠢᠵᠠᠭᠠᠷᠯᠠᠬᠤ ᠬᠡᠯᠡᠯᠴᠡᠭᠡᠷ᠂ ᠲᠣᠭᠲᠠᠭᠠᠯ ᠪᠤᠶᠤ ᠪᠤᠰᠤᠳ ᠬᠠᠮᠵᠢᠯᠴᠠᠬᠤ ᠠᠵᠢᠯᠯᠠᠭ᠎ᠠ ᠶᠢ ᠵᠢᠭᠠᠵᠤ ᠪᠠᠶᠢᠨ᠎ᠠ᠃ ᠡᠭᠦᠨ ᠳᠤ ᠬᠥᠨᠳᠡᠯᠡᠨ ᠮᠣᠨᠣᠫᠣᠯᠢᠴᠢᠯᠠᠯ ᠤᠨ ᠬᠡᠯᠡᠯᠴᠡᠭᠡᠷ ᠪᠠ ᠭᠤᠯᠳᠤ ᠮᠣᠨᠣᠫᠣᠯᠢᠴᠢᠯᠠᠯ ᠤᠨ ᠬᠡᠯᠡᠯᠴᠡᠭᠡᠷ ᠢ ᠪᠠᠭᠲᠠᠭᠠᠨ᠎ᠠ᠃  ᠬᠥᠨᠳᠡᠯᠡᠨ ᠮᠣᠨᠣᠫᠣᠯᠢᠴᠢᠯᠠᠯ ᠤᠨ ᠬᠡᠯᠡᠯᠴᠡᠭᠡᠷ ᠭᠡᠳᠡᠭ ᠪᠣᠯ ᠥᠷᠢᠰᠥᠯᠳᠦᠭᠡᠨ ᠤ ᠬᠠᠷᠢᠴᠠᠭ᠎ᠠ ᠲᠠᠢ ᠡᠵᠡᠩᠨᠡᠭᠴᠢᠳ ᠤᠨ ᠬᠤᠭᠤᠷᠣᠨᠳᠣ ᠪᠠᠨ ᠲᠣᠭᠲᠠᠭᠠᠭᠰᠠᠨ ᠥᠷᠢᠰᠥᠯᠳᠦᠭᠡᠨ ᠢ ᠭᠠᠳᠠᠭᠤᠷᠴᠢᠯᠠᠬᠤ᠂ ᠬᠢᠵᠠᠭᠠᠷᠯᠠᠬᠤ ᠬᠡᠯᠡᠯᠴᠡᠭᠡᠷ ᠢ ᠬᠡᠯᠡᠵᠦ ᠪᠠᠶᠢᠨ᠎ᠠ᠂ ᠡᠭᠦᠨ ᠳᠤ ᠭᠤᠣᠯᠳᠠᠭᠤ ᠳᠣᠣᠷᠠᠬᠢ ᠮᠡᠲᠦ ᠲᠦᠷᠦᠯ ᠬᠡᠯᠪᠡᠷᠢ ᠶᠢᠨ ᠬᠡᠯᠡᠯᠴᠡᠭᠡᠷ ᠤᠨ ᠠᠵᠢᠯᠯᠠᠭ᠎ᠠ᠄ ᠨᠢᠭᠡ ᠳᠤ᠂ ᠲᠠᠸᠠᠷ ᠤᠨ ᠦᠨ᠎ᠡ ᠶᠢ ᠲᠣᠭᠲᠠᠪᠤᠷᠢᠵᠢᠭᠤᠯᠬᠤ ᠪᠤᠶᠤ ᠬᠤᠪᠢᠷᠠᠭᠤᠯᠬᠤ︔ ᠬᠤᠶᠠᠷ ᠲᠤ᠂ ᠲᠠᠸᠠᠷ ᠤᠨ ᠦᠢᠯᠡᠳᠪᠦᠷᠢᠯᠡᠬᠦ ᠲᠤᠭ᠎ᠠ ᠬᠡᠮᠵᠢᠶ᠎ᠡ ᠪᠤᠶᠤ ᠪᠣᠷᠣᠯᠠᠭᠤᠯᠬᠤ ᠲᠤᠭ᠎ᠠ ᠬᠡᠮᠵᠢᠶ᠎ᠡ ᠶᠢ ᠬᠢᠵᠠᠭᠠᠷᠯᠠᠬᠤ︔ ᠭᠤᠷᠪᠠ ᠳᠤ᠂ ᠪᠣᠷᠣᠯᠠᠭᠤᠯᠬᠤ ᠵᠠᠬ᠎ᠠ ᠳᠡᠯᠭᠡᠭᠦᠷ ᠪᠤᠶᠤ ᠲᠦᠭᠦᠬᠡᠢ ᠮᠠᠲ᠋ᠧᠷᠢᠶᠠᠯ ᠢ ᠬᠤᠳᠠᠯᠳᠤᠨ ᠠᠪᠬᠤ ᠵᠠᠬ᠎ᠠ ᠳᠡᠯᠭᠡᠭᠦᠷ ᠢ ᠬᠤᠪᠢᠳᠠᠨ ᠬᠤᠪᠢᠶᠠᠬᠤ︔ ᠲᠦᠷᠪᠡ ᠳᠤ᠂ ᠰᠢᠨ᠎ᠡ ᠮᠡᠷᠭᠡᠵᠢᠯ᠂ ᠰᠢᠨ᠎ᠡ ᠲᠤᠨᠤᠭ ᠲᠥᠬᠦᠭᠡᠷᠦᠮᠵᠢ ᠬᠤᠳᠠᠯᠳᠤᠨ ᠠᠪᠬᠤ ᠶᠢ ᠬᠢᠵᠠᠭᠠᠷᠯᠠᠬᠤ ᠪᠤᠶᠤ ᠰᠢᠨ᠎ᠡ ᠮᠡᠷᠭᠡᠵᠢᠯ᠂ ᠰᠢᠨ᠎ᠡ ᠦᠢᠯᠡᠳᠬᠦᠨ ᠢ ᠨᠡᠭᠡᠭᠡᠨ ᠠᠰᠢᠭᠯᠠᠬᠤ ᠶᠢ ᠬᠢᠵᠠᠭᠠᠷᠯᠠᠬᠤ︔ ᠲᠠᠪᠤ ᠳᠤ᠂ ᠠᠷᠠᠯᠵᠢᠶᠠᠯᠠᠬᠤ ᠬᠠᠮᠲᠤᠷᠠᠨ ᠬᠤᠷᠢᠭᠯᠠᠬᠤ ᠶᠢ ᠪᠠᠭᠲᠠᠭᠠᠨ᠎ᠠ᠃   ᠭᠤᠯᠳᠤ ᠮᠣᠨᠣᠫᠣᠯᠢᠴᠢᠯᠠᠯ ᠤᠨ ᠬᠡᠯᠡᠯᠴᠡᠭᠡᠷ ᠭᠡᠳᠡᠭ ᠪᠣᠯ ᠡᠵᠡᠩᠨᠡᠭᠴᠢ ᠪᠣᠯᠤᠨ ᠠᠷᠠᠯᠵᠢᠶᠠᠨ ᠤ ᠬᠠᠷᠢᠴᠠᠩᠭᠤᠢ ᠬᠥᠮᠦᠰ ︵ᠡᠩ ᠤᠨ ᠪᠠᠶᠢᠳᠠᠯ ᠳᠤ ᠥᠷᠢᠰᠥᠯᠳᠦᠭᠡᠨ ᠤ ᠬᠠᠷᠢᠴᠠᠭ᠎ᠠ ᠦᠭᠡᠢ︶ ‍ᠦᠨ‌ᠬᠤᠭᠤᠷᠣᠨᠳᠣ ᠲᠣᠭᠲᠠᠭᠠᠭᠰᠠᠨ ᠥᠷᠢᠰᠥᠯᠳᠦᠭᠡᠨ ᠢ ᠭᠠᠳᠠᠭᠤᠷᠴᠢᠯᠠᠬᠤ ᠪᠠ ᠬᠢᠵᠠᠭᠠᠷᠯᠠᠬᠤ ᠬᠡᠯᠡᠯᠴᠡᠭᠡᠷ ᠢ ᠵᠢᠭᠠᠵᠤ ᠪᠠᠶᠢᠨ᠎ᠠ᠂ ᠡᠭᠦᠨ ᠳᠤ ᠭᠤᠣᠯᠳᠠᠭᠤ ᠭᠤᠷᠪᠠᠳᠠᠬᠢ ᠬᠥᠮᠦᠨ ᠳᠤ ᠲᠣᠭᠲᠠᠮᠠᠯ ᠰᠢᠯᠵᠢᠭᠦᠯᠦᠨ ᠬᠤᠳᠠᠯᠳᠤᠬᠤ ᠲᠠᠸᠠᠷ ᠤᠨ ᠬᠠᠮᠤᠭ ᠤᠨ ᠳᠣᠣᠷ᠎ᠠ ᠦᠨ᠎ᠡ ᠶᠢᠨ ᠬᠡᠯᠡᠯᠴᠡᠭᠡᠷ ᠢ ᠪᠠᠭᠲᠠᠭᠠᠨ᠎ᠠ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号