ᠡᠮᠴᠢᠯᠡᠭᠡᠨ ᠤ ᠪᠠᠲᠤᠯᠠᠭ᠎ᠠ ᠶᠢᠨ ᠠᠷᠠᠳ ᠤᠨ ᠲᠥᠯᠥᠭᠡ ᠵᠢᠳᠬᠦᠬᠦ ᠰᠡᠳᠬᠢᠯᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠠᠶᠢᠯᠠᠯᠳᠤᠭᠠᠨ ᠤ ᠲᠤᠭ ᠢ ᠮᠠᠨᠳᠤᠭᠤᠯᠪᠠ
ᠨᠡᠶᠢᠲᠡᠯᠡᠭᠰᠡᠨ ᠴᠠᠭ᠄
2022/11/23
   ︽ᠨᠠᠮ ᠤᠨ ᠭᠡᠰᠢᠭᠦᠨ ᠪᠣᠯᠤᠭᠰᠠᠨ ᠤ ᠬᠤᠪᠢ ᠳᠤ ᠪᠢᠳᠡ ᠨᠠᠮ ᠤᠨ ᠵᠣᠬᠢᠶᠠᠨ ᠪᠠᠶᠢᠭᠤᠯᠤᠯᠲᠠ ᠶᠢᠨ ᠤᠷᠢᠶᠠᠯᠠᠭ᠎ᠠ ᠶᠢ ᠡᠷᠡᠰ ᠴᠤᠤᠷᠢᠶᠠᠳᠤᠨ ᠳᠠᠭᠠᠨ᠎ᠠ︕︾   ︽ᠪᠢ ᠠᠨᠠᠭᠠᠬᠤ ᠤᠬᠠᠭᠠᠨ ᠰᠤᠷᠤᠭᠰᠠᠨ ᠪᠣᠯᠬᠤᠷ ᠬᠢᠵᠢᠭ ᠢ ᠰᠡᠷᠭᠡᠶᠢᠯᠡᠬᠦ ᠠᠵᠢᠯ ᠢ ᠰᠠᠶᠢᠨ ᠮᠡᠳᠡᠨ᠎ᠡ᠂ ᠪᠢ ᠣᠴᠢᠶ᠎ᠠ︕︾   ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠤᠷᠢᠳ ᠬᠤᠵᠢᠳ ᠬᠤᠶᠠᠷ ᠤᠳᠠᠭ᠎ᠠ ᠺᠠᠳ᠋ᠷ ᠢ ᠰᠣᠩᠭᠤᠨ ᠲᠣᠮᠢᠯᠠᠵᠤ ᠬᠤᠯᠪᠤᠭᠠᠯᠠᠨ ᠳᠠᠭᠠᠭᠠᠴᠢᠯᠠᠭᠰᠠᠨ ᠨᠡᠶᠢᠭᠡᠮ ᠲᠣᠭᠤᠷᠢᠭ ᠲᠤ ᠣᠴᠢᠭᠤᠯᠤᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠬᠠᠮᠵᠢᠨ ᠥᠷᠨᠢᠭᠦᠯᠪᠡ᠃   ᠨᠢᠭᠡᠳᠦᠭᠡᠷ ᠪᠦᠯᠦᠭ ᠰᠣᠩᠭᠤᠨ ᠲᠣᠮᠢᠯᠠᠭᠰᠠᠨ ᠺᠠᠳ᠋ᠷ ᠬᠤᠯᠪᠤᠭᠠᠯᠠᠨ ᠳᠠᠭᠠᠭᠠᠴᠢᠯᠠᠭᠰᠠᠨ ᠰᠠᠭᠤᠭᠠᠯᠢ ᠠᠷᠠᠳ ᠤᠨ ᠲᠣᠭᠤᠷᠢᠭ ᠲᠤ ᠣᠴᠢᠭᠰᠠᠨ ᠤ ᠳᠠᠷᠠᠭ᠎ᠠ᠂  ᠨᠡᠶᠢᠭᠡᠮ ᠲᠣᠭᠤᠷᠢᠭ ᠤᠨ ᠱᠦᠵᠢ᠂ ᠣᠷᠣᠨ ᠪᠠᠶᠢᠷᠢ ᠶᠢᠨ ᠳᠠᠷᠤᠭ᠎ᠠ ᠵᠢᠴᠢ ᠰᠦᠯᠵᠢᠶᠡᠵᠢᠭᠦᠯᠦᠭᠰᠡᠨ ᠬᠠᠮᠢᠶᠠᠷᠤᠯᠲᠠ ᠶᠢᠨ ᠠᠵᠢᠯᠲᠠᠨ ᠲᠠᠢ ᠳᠠᠷᠤᠢ ᠳᠤ ᠨᠢ ᠨᠡᠪᠲᠡᠷᠡᠯᠴᠡᠵᠦ᠂ ᠡᠬᠡ ᠲᠠᠩᠰᠠ ᠶᠢᠨ ᠰᠠᠭᠤᠷᠢ ᠲᠤᠭ᠎ᠠ ᠶᠢ ᠲᠣᠳᠤᠷᠬᠠᠶᠢᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠠᠪᠤᠴᠠ ᠳᠤ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠣᠶᠢᠯᠠᠭᠠᠪᠠ᠃ ᠰᠠᠭᠤᠭᠠᠯᠢ ᠠᠷᠠᠳ ᠤᠨ ᠲᠣᠭᠤᠷᠢᠭ ᠤᠨ ᠠᠷᠢᠭᠤᠳᠬᠠᠬᠤ ᠡᠳ᠋ ᠪᠤᠳᠠᠰ ᠬᠦᠷᠦᠯᠴᠡᠬᠦ ᠦᠭᠡᠶ ᠪᠠᠶᠢᠭ᠎ᠠ ᠪᠠᠶᠢᠳᠠᠯ ᠢ ᠮᠡᠳᠡᠭᠰᠡᠨ ᠤ ᠳᠠᠷᠠᠭ᠎ᠠ ᠳᠠᠷᠤᠢ ᠳᠤ ᠨᠢ ᠨᠢᠭᠡᠴᠢ ᠯᠦᠭᠡ ᠬᠠᠷᠢᠯᠴᠠᠵᠤ᠂ ᠠᠷᠢᠭᠤᠳᠬᠠᠬᠤ ᠡᠳ᠋ ᠪᠠᠷᠠᠭ᠎ᠠ ᠬᠤᠳᠠᠯᠳᠤᠨ ᠠᠪᠴᠤ᠂ ᠰᠠᠶᠢᠨ ᠳᠤᠷᠠᠴᠤᠤᠯ ᠢ ᠵᠣᠬᠢᠶᠠᠨ ᠪᠠᠶᠢᠭᠤᠯᠤᠨ ᠰᠠᠭᠤᠭᠠᠯᠢ ᠠᠷᠠᠳ ᠤᠨ ᠲᠣᠭᠤᠷᠢᠭ ᠤᠨ ᠣᠯᠠᠨ ᠨᠡᠶᠢᠲᠡ ᠶᠢᠨ ᠣᠷᠣᠨ ᠪᠦᠰᠡ ᠪᠣᠯᠤᠨ ᠣᠷᠣᠴᠠᠲᠤ ᠠᠰᠠᠷ ᠤᠨ ᠬᠤᠩᠬᠢᠯ ᠢ ᠠᠷᠢᠭᠤᠳᠬᠠᠪᠠ᠃  ᠡᠭᠦᠳᠡᠨ ᠳᠤ ᠵᠢᠵᠢᠭᠦᠷᠯᠡᠨ ᠰᠠᠬᠢᠬᠤ ᠦᠶ᠎ᠡ ᠳᠤ ᠬᠤᠶᠠᠷ ᠺᠠᠳ᠋ᠷ ᠬᠥᠬᠡᠬᠤᠲᠠ ᠺᠣᠳ᠋᠂ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠪᠠᠶᠢᠳᠠᠯ ᠵᠢᠴᠢ ᠣᠷᠣᠵᠤ ᠭᠠᠷᠬᠤ ᠺᠠᠷᠲ ᠢ ᠨᠠᠷᠢᠨ ᠬᠢᠨᠠᠮᠠᠭᠠᠢ ᠪᠠᠶᠢᠴᠠᠭᠠᠨ ᠰᠢᠯᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠲᠠᠶᠢᠯᠪᠤᠷᠢᠯᠠᠬᠤ ᠠᠵᠢᠯ ᠢ ᠬᠦᠯᠢᠴᠡᠩᠭᠦᠢ ᠰᠠᠶᠢᠲᠤᠷ ᠬᠢᠵᠦ᠂ ᠤᠯᠠᠨ ᠲᠦᠮᠡᠨ ᠨᠡᠶᠢᠳᠡᠮ ᠣᠶᠢᠯᠠᠭᠠᠵᠤ ᠳᠡᠮᠵᠢᠪᠡ᠃
W020221123378524912476.png
   ᠬᠤᠯᠪᠤᠭᠠᠯᠠᠨ ᠳᠠᠭᠠᠭᠠᠴᠢᠯᠠᠭᠰᠠᠨ ᠨᠥᠭᠦᠭᠡ ᠨᠢᠭᠡ ᠰᠠᠭᠤᠭᠠᠯᠢ ᠠᠷᠠᠳ ᠤᠨ ᠲᠣᠭᠤᠷᠢᠭ ᠲᠤ ᠠᠷᠭ᠎ᠠ ᠴᠢᠨᠠᠷᠲᠠᠶ ᠡᠪᠡᠳᠴᠢᠨ ᠤ ᠵᠢᠱᠢᠶ᠎ᠡ ᠭᠠᠷᠤᠭᠰᠠᠨ ᠢ ᠮᠡᠳᠡᠭᠰᠡᠨ ᠤ ᠳᠠᠷᠠᠭ᠎ᠠ ᠮᠠᠨ ᠤ ᠲᠣᠪᠴᠢᠶ᠎ᠠ ᠳᠠᠷᠤᠶ ᠳᠤ ᠨᠢ ᠬᠤᠶᠠᠳᠤᠭᠠᠷ ᠪᠦᠯᠦᠭ ᠺᠠᠳ᠋ᠷ ᠢ ᠨᠠᠮᠠᠨ ᠲᠣᠮᠢᠯᠠᠵᠤ ᠲᠦᠷᠭᠡᠨ ᠲᠤᠰᠠᠯᠠᠵᠤ᠂ ᠨᠡᠶᠢᠭᠡᠮ ᠲᠣᠭᠤᠷᠢᠭ ᠲᠤ ᠬᠦᠷᠦᠮᠡᠭᠴᠡ ᠠᠵᠢᠯᠲᠠᠨ ᠲᠠᠢ ᠲᠦᠷ ᠴᠠᠭ ᠤᠨ ᠨᠠᠮ ᠤᠨ ᠡᠭᠦᠷ ᠢ ᠪᠠᠶᠢᠭᠤᠯᠵᠤ᠂ ᠲᠦᠭᠰᠢᠭᠦᠷᠢ ᠶᠡᠬᠡᠲᠡᠶ ᠠᠰᠠᠷ ᠢ ᠵᠢᠵᠢᠭᠦᠷᠯᠡᠨ ᠰᠠᠬᠢᠵᠤ᠂ ᠪᠤᠰᠤᠳ ᠨᠠᠮ ᠤᠨ ᠭᠡᠰᠢᠭᠦᠨ ᠲᠠᠢ ᠬᠠᠮᠲᠤ ᠪᠠᠷ ᠪᠥᠭᠡᠮ ᠬᠦᠴᠢᠯ ᠢᠶᠠᠷ ᠰᠢᠯᠭᠠᠨ ᠪᠠᠶᠢᠴᠠᠭᠠᠬᠤ ᠡᠳ᠋ ᠪᠣᠳᠠᠰ ᠢ ᠪᠡᠯᠡᠳᠭᠡᠵᠦ᠂ ᠡᠮᠴᠢ ᠰᠤᠪᠢᠯᠠᠭᠴᠢ ᠶᠢ ᠬᠠᠪᠰᠤᠷᠤᠨ ᠬᠡᠷ ᠲᠤ ᠨᠢ ᠬᠦᠷᠴᠦ ᠪᠥᠭᠡᠮ ᠬᠦᠴᠢᠯ ᠢᠶᠠᠷ ᠰᠢᠯᠭᠠᠨ ᠪᠠᠶᠢᠴᠠᠭᠠᠬᠤ᠂ ᠬᠤᠭ ᠨᠣᠪᠰᠢ ᠶᠢ ᠴᠡᠪᠡᠷᠯᠡᠬᠦ᠂ ᠣᠷᠴᠢᠨ ᠲᠣᠭᠤᠷᠢᠨ ᠢ ᠠᠷᠢᠭᠤᠳᠬᠠᠬᠤ᠂ ᠰᠠᠭᠤᠭᠠᠯᠢ ᠠᠷᠠᠳ ᠲᠤ ᠡᠮ ᠤᠨ ᠵᠦᠢᠯ ᠪᠠ ᠠᠮᠢᠳᠤᠷᠠᠯ ᠤᠨ ᠡᠳ᠋ ᠪᠣᠳᠠᠰ ᠬᠦᠷᠭᠡᠬᠦ ᠵᠡᠷᠭᠡ ᠡᠯ᠎ᠡ ᠵᠦᠢᠯ ᠤᠨ ᠠᠵᠢᠯ ᠢ ᠥᠷᠨᠢᠭᠦᠯᠪᠡ᠃
W020221123379659983980.png
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号