11 ᠳ᠋ᠦ᠋ᠭᠡᠷ ᠰᠠᠷ᠎ᠠ ᠶᠢᠨ 22 ᠤᠨ ᠡᠳᠦᠷ ᠤᠨ 0 ᠴᠠᠭ ᠠᠴᠠ 24 ᠴᠠᠭ ᠪᠤᠯᠲᠠᠯ᠎ᠠ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠳᠤ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ 124 | ᠨᠡᠮᠡᠭᠳᠡᠵᠦ᠂ ᠡᠭᠦᠨ ᠳᠤ ᠬᠥᠬᠡᠬᠤᠲᠠ ᠳᠤ 105 ︵ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠠᠴᠠ | ᠲᠣᠳᠣᠯᠠᠭᠰᠠᠨ ᠡᠪᠡᠳᠴᠢᠨ ᠤ ᠵᠢᠱᠢᠶ᠎ᠡ ᠪᠣᠯᠤᠭᠰᠠᠨ 4 ᠵᠢᠱᠢᠶ᠎ᠡ ᠪᠠᠭᠲᠠᠨ᠎ᠠ︶᠂ ᠬᠥᠯᠥᠨ ᠪᠤᠶᠢᠷ ᠬᠤᠲᠠ ᠳᠤ 1 ︵ | ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠠᠴᠠ ᠲᠣᠳᠣᠯᠠᠭᠰᠠᠨ ᠡᠪᠡᠳᠴᠢᠨ ᠤ ᠵᠢᠱᠢᠶ᠎ᠡ ᠪᠣᠯᠤᠭᠰᠠᠨ︶᠂ | ᠤᠯᠠᠭᠠᠨᠬᠠᠳᠠ ᠬᠤᠲᠠ ᠳᠤ 7᠂ ᠣᠷᠳᠣᠰ ᠬᠤᠲᠠ ᠳᠤ 11 ᠪᠣᠶ᠃ | ᠲᠤᠬᠠᠢ ᠶᠢᠨ ᠡᠳᠦᠷ ᠢᠯᠠᠷᠢᠰᠢᠵᠤ ᠡᠮᠨᠡᠯᠭᠡ ᠠᠴᠠ ᠭᠠᠷᠤᠭᠰᠠᠨ ᠲᠤᠬᠠᠢ ᠶᠢᠨ ᠭᠠᠵᠠᠷ ᠤᠨ ᠲᠣᠳᠣᠯᠠᠭᠰᠠᠨ | ᠡᠪᠡᠳᠴᠢᠨ ᠤ ᠵᠢᠱᠢᠶ᠎ᠡ 139 ᠨᠡᠮᠡᠭᠳᠡᠵᠦ᠂ ᠡᠭᠦᠨ ᠳᠤ ᠬᠥᠬᠡᠬᠤᠲᠠ ᠳᠤ 131᠂ ᠬᠢᠩᠭᠠᠨ ᠠᠶᠢᠮᠠᠭ ᠲᠤ 1᠂ | ᠰᠢᠯᠢ ᠶᠢᠨ ᠭᠤᠣᠯ ᠠᠶᠢᠮᠠᠭ ᠲᠤ 1᠂ ᠣᠷᠳᠣᠰ ᠬᠤᠲᠠ ᠳᠤ 6 ᠪᠣᠶ᠃ | 11 ᠳ᠋ᠦ᠋ᠭᠡᠷ ᠰᠠᠷ᠎ᠠ ᠶᠢᠨ 22 ᠤᠨ ᠡᠳᠦᠷ ᠤᠨ 24 ᠴᠠᠭ ᠪᠤᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠳᠤ ᠣᠲᠣ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ 1072 ᠪᠠᠶᠢᠵᠤ᠂ | ᠡᠭᠦᠨ ᠳᠤ ᠬᠥᠬᠡᠬᠤᠲᠠ ᠳᠤ 868᠂ ᠪᠤᠭᠤᠲᠤ ᠬᠤᠲᠠ ᠳᠤ 1᠂ ᠬᠥᠯᠥᠨ ᠪᠤᠶᠢᠷ ᠬᠤᠲᠠ ᠳᠤ 6᠂ ᠬᠢᠩᠭᠠᠨ | ᠠᠶᠢᠮᠠᠭ ᠲᠤ 7᠂ ᠲᠦᠩᠯᠢᠶᠣᠣ ᠬᠤᠲᠠ ᠳᠤ 2᠂ ᠤᠯᠠᠭᠠᠨᠬᠠᠳᠠ ᠬᠤᠲᠠ ᠳᠤ 37᠂ ᠰᠢᠯᠢ ᠶᠢᠨ ᠭᠤᠣᠯ | ᠠᠶᠢᠮᠠᠭ ᠲᠤ 1᠂ ᠤᠯᠠᠭᠠᠨᠴᠠᠪ ᠬᠤᠲᠠ ᠳᠤ 4᠂ ᠣᠷᠳᠣᠰ ᠬᠤᠲᠠ ᠳᠤ 146 ᠪᠣᠶ᠃ | ᠲᠤᠬᠠᠢ ᠶᠢᠨ ᠡᠳᠦᠷ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ | ᠪᠣᠯᠣᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠰᠢᠨ᠎ᠡ ᠪᠠᠷ ᠨᠡᠮᠡᠭᠳᠡᠭᠰᠡᠨ ᠦᠭᠡᠢ᠂ ᠡᠳᠡᠭᠡᠷᠡᠨ | ᠡᠮᠨᠡᠯᠭᠡ ᠠᠴᠠ ᠭᠠᠷᠤᠭᠰᠠᠨ ᠲᠣᠳᠣᠯᠠᠭᠰᠠᠨ ᠡᠪᠡᠳᠴᠢᠨ ᠤ ᠵᠢᠱᠢᠶ᠎ᠡ 6 ᠪᠠᠶᠢᠵᠤ᠂ ᠲᠡᠳᠡᠭᠡᠷ ᠨᠢ ᠴᠥᠮ ᠨᠡᠶᠢᠰᠯᠡᠯ ᠤᠨ | ᠨᠢᠰᠬᠡᠯ ᠤᠨ ᠪᠠᠭᠤᠳᠠᠯ ᠤᠨ ᠤᠯᠠᠨ ᠤᠯᠤᠰ ᠤᠨ ᠡᠭᠡᠯᠵᠢ ᠶᠢᠨ ᠨᠢᠰᠬᠡᠯ ᠤᠨ ᠬᠤᠪᠢᠶᠠᠷᠢᠯᠠᠯᠲᠠ ᠪᠠᠷ ᠭᠦᠭᠡᠬᠤᠳᠠ ᠶᠢᠨ | ᠴᠠᠭᠠᠨ ᠰᠤᠪᠤᠷᠭ᠎ᠠ ᠤᠯᠠᠨ ᠤᠯᠤᠰ ᠤᠨ ᠨᠢᠰᠬᠡᠯ ᠤᠨ ᠪᠠᠭᠤᠳᠠᠯ ᠳᠤ ᠪᠠᠭᠤᠭᠰᠠᠳ ᠪᠣᠯᠣᠨ᠎ᠠ᠃ ᠤᠳᠤ ᠬᠢᠯᠢ ᠶᠢᠨ | ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 3᠂ ᠡᠪᠡᠳᠴᠢᠨ ᠤ ᠢᠯᠡᠷᠡᠯ ᠦᠭᠡᠢ | ᠬᠠᠯᠳᠠᠪᠤᠷᠢᠯᠠᠭᠳᠠᠭᠴᠢ 4 ᠪᠤᠢ᠃ | ᠲᠤᠬᠠᠢ ᠶᠢᠨ ᠡᠳᠦᠷ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 526 | ᠨᠡᠮᠡᠭᠳᠡᠵᠦ᠂ ᠡᠭᠦᠨ ᠳᠤ ᠬᠥᠬᠡᠬᠤᠲᠠ ᠳᠤ 315᠂ ᠪᠤᠭᠤᠲᠤ ᠬᠤᠲᠠ ᠳᠤ 32᠂ ᠬᠥᠯᠥᠨ ᠪᠤᠶᠢᠷ ᠬᠤᠲᠠ ᠳᠤ 1᠂ | ᠬᠢᠩᠭᠠᠨ ᠠᠶᠢᠮᠠᠭ ᠲᠤ 11᠂ ᠲᠦᠩᠯᠢᠶᠣᠣ ᠬᠤᠲᠠ ᠳᠤ 87᠂ ᠤᠯᠠᠭᠠᠨᠬᠠᠳᠠ ᠬᠤᠲᠠ ᠳᠤ 28᠂ ᠰᠢᠯᠢ ᠶᠢᠨ | ᠭᠤᠣᠯ ᠠᠶᠢᠮᠠᠭ ᠲᠤ 5᠂ ᠤᠯᠠᠭᠠᠨᠴᠠᠪ ᠬᠤᠲᠠ ᠳᠤ 28᠂ ᠣᠷᠳᠣᠰ ᠬᠤᠲᠠ ᠳᠤ 2᠂ ᠪᠠᠶᠠᠨᠨᠠᠭᠤᠷ ᠬᠤᠲᠠ ᠳᠤ | 11᠂ ᠦᠬᠠᠢ ᠬᠤᠲᠠ ᠳᠤ 6 ᠪᠣᠶ᠃ | ᠲᠤᠬᠠᠢ ᠶᠢᠨ ᠡᠳᠦᠷ ᠠᠨᠠᠭᠠᠬᠤ ᠤᠬᠠᠭᠠᠨ ᠤ ᠠᠵᠢᠭᠯᠠᠯᠲᠠ ᠠᠴᠠ ᠭᠠᠷᠭᠠᠭᠰᠠᠨ ᠲᠤᠬᠠᠢ ᠶᠢᠨ ᠭᠠᠵᠠᠷ ᠤᠨ | ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 1427 ᠪᠠᠶᠢᠵᠤ᠂ ᠡᠭᠦᠨ ᠳᠤ ᠬᠥᠬᠡᠬᠤᠲᠠ ᠳᠤ 1382᠂ | ᠪᠤᠭᠤᠲᠤ ᠬᠤᠲᠠ ᠳᠤ 1᠂ ᠲᠦᠩᠯᠢᠶᠣᠣ ᠬᠤᠲᠠ ᠳᠤ 10᠂ ᠤᠯᠠᠭᠠᠨᠬᠠᠳᠠ ᠬᠤᠲᠠ ᠳᠤ 1᠂ ᠰᠢᠯᠢ ᠶᠢᠨ ᠭᠤᠣᠯ | ᠠᠶᠢᠮᠠᠭ ᠲᠤ 5᠂ ᠤᠯᠠᠭᠠᠨᠴᠠᠪ ᠬᠤᠲᠠ ᠳᠤ 11᠂ ᠣᠷᠳᠣᠰ ᠲᠤ 1᠂ ᠪᠠᠶᠠᠨᠨᠠᠭᠤᠷ ᠬᠤᠲᠠ ᠳᠤ 13᠂ ᠠᠯᠠᠱᠠ | ᠠᠶᠢᠮᠠᠭ ᠲᠤ 3 ᠪᠣᠶ᠃ | 11 ᠳ᠋ᠦ᠋ᠭᠡᠷ ᠰᠠᠷ᠎ᠠ ᠶᠢᠨ 22 ᠤᠨ ᠡᠳᠦᠷ ᠤᠨ 24 ᠴᠠᠭ ᠪᠤᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠳᠤ ᠣᠲᠣ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 8540 | ᠪᠠᠶᠢᠵᠤ᠂ ᠡᠭᠦᠨ ᠳᠤ ᠬᠥᠬᠡᠬᠤᠲᠠ ᠳᠤ 6431᠂ ᠪᠤᠭᠤᠲᠤ ᠬᠤᠲᠠ ᠳᠤ 249᠂ ᠬᠥᠯᠥᠨ ᠪᠤᠶᠢᠷ ᠬᠤᠲᠠ ᠳᠤ 1᠂ | ᠬᠢᠩᠭᠠᠨ ᠠᠶᠢᠮᠠᠭ ᠲᠤ 81᠂ ᠲᠦᠩᠯᠢᠶᠣᠣ ᠬᠤᠲᠠ ᠳᠤ 1005᠂ ᠤᠯᠠᠭᠠᠨᠬᠠᠳᠠ ᠬᠤᠲᠠ ᠳᠤ 210᠂ | ᠰᠢᠯᠢ ᠶᠢᠨ ᠭᠤᠣᠯ ᠠᠶᠢᠮᠠᠭ ᠲᠤ 53᠂ ᠤᠯᠠᠭᠠᠨᠴᠠᠪ ᠬᠤᠲᠠ ᠳᠤ 301᠂ ᠣᠷᠳᠣᠰ ᠬᠤᠲᠠ ᠳᠤ 7᠂ ᠪᠠᠶᠠᠨᠨᠠᠭᠤᠷ | ᠬᠤᠲᠠ ᠳᠤ 121᠂ ᠦᠬᠠᠢ ᠬᠤᠲᠠ ᠳᠤ 23᠂ ᠠᠯᠠᠱᠠ ᠠᠶᠢᠮᠠᠭ ᠲᠤ 58 ᠪᠣᠶ᠃ | ᠳᠡᠭᠡᠷ᠎ᠡ ᠳᠤᠷᠠᠳᠤᠭᠰᠠᠨ ᠬᠥᠮᠥᠰ ᠢ ᠪᠦᠭᠦᠨ ᠢ ᠴᠡᠭ ᠲᠣᠭᠲᠠᠭᠠᠭᠰᠠᠨ ᠡᠮᠨᠡᠯᠭᠡ ᠶᠢᠨ ᠬᠤᠷᠢᠶ᠎ᠠ ᠳᠤ | ᠲᠤᠰᠠᠭᠠᠷᠯᠠᠨ ᠡᠮᠴᠢᠯᠡᠬᠦ ᠪᠤᠶᠤ ᠴᠢᠩᠭᠡᠯᠢᠭᠲᠦ ᠡᠮᠨᠡᠯᠭᠡ ᠶᠢᠨ ᠬᠤᠷᠢᠶᠠᠨ ᠳᠤ ᠠᠨᠠᠭᠠᠬᠤ ᠤᠬᠠᠭᠠᠨ ᠤ ᠠᠵᠢᠭᠯᠠᠯᠲᠠ | ᠬᠢᠵᠦ᠂ ᠨᠢᠭᠲᠠ ᠣᠶᠢᠷᠠᠲᠤᠭᠰᠠᠳ ᠢ ᠨᠢ ᠴᠥᠮ ᠲᠣᠭᠲᠠᠭᠰᠠᠨ ᠭᠠᠵᠠᠷ ᠲᠤ ᠲᠥᠪᠯᠡᠷᠡᠭᠦᠯᠦᠨ ᠠᠨᠠᠭᠠᠬᠤ ᠤᠬᠠᠭᠠᠨ ᠤ | ᠠᠵᠢᠭᠯᠠᠯᠲᠠ ᠬᠢᠵᠦ᠂ ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠡᠵᠦ ᠪᠤᠶ᠃ | |