ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠬᠤᠯᠪᠤᠭᠠᠯᠠᠨ ᠳᠠᠭᠠᠭᠠᠴᠢᠯᠠᠭᠰᠠᠨ ᠨᠡᠶᠢᠭᠡᠮ ᠲᠣᠭᠤᠷᠢᠭ ᠲᠤ ᠭᠦᠨᠵᠡᠭᠡᠶᠢᠷᠡᠨ ᠳᠣᠷᠣᠭᠰᠢ ᠪᠠᠭᠤᠭᠰᠠᠨ ᠺᠠᠳ᠋ᠷ ᠢ ᠲᠣᠬᠤᠨᠢᠭᠤᠯᠪᠠ
ᠨᠡᠶᠢᠲᠡᠯᠡᠭᠰᠡᠨ ᠴᠠᠭ᠄
2022/11/24
   2022 ᠣᠨ ᠤ 11 ᠳ᠋ᠦ᠋ᠭᠡᠷ ᠰᠠᠷ᠎ᠠ ᠶᠢᠨ 23 ᠤ ᠡᠳᠦᠷ ᠤᠨ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠶᠢᠨ ᠮᠠᠨ ᠢ ᠬᠤᠯᠪᠤᠭᠠᠯᠠᠨ ᠳᠠᠭᠠᠭᠠᠴᠢᠯᠠᠭᠰᠠᠨ ᠨᠡᠶᠢᠭᠡᠮ ᠲᠣᠭᠤᠷᠢᠭ ᠲᠤ ᠭᠦᠨᠵᠡᠭᠡᠶᠢᠷᠡᠨ ᠦᠨᠳᠦᠰᠦᠨ ᠱᠠᠲᠤᠨ ᠳᠤ ᠪᠠᠭᠤᠭᠰᠠᠨ ᠺᠠᠳ᠋ᠷᠴᠤᠳ ᠢ ᠲᠣᠬᠤᠨᠢᠭᠤᠯᠵᠤ᠂ ᠰᠠᠭᠤᠭᠠᠯᠢ ᠠᠷᠠᠳ ᠤᠨ ᠲᠣᠭᠤᠷᠢᠭ ᠤᠨ ᠣᠷᠣᠵᠤ ᠭᠠᠷᠬᠤ ᠬᠥᠮᠦᠰ ᠤᠨ ᠬᠠᠮᠢᠶᠠᠷᠤᠯᠲᠠ ᠪᠠ ᠨᠡᠶᠢᠭᠡᠮ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠭᠰᠠᠨ ᠪᠥᠭᠡᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠠᠪᠤᠴᠠ ᠳᠤ ᠲᠤᠯᠭᠠᠷᠠᠭᠰᠠᠨ ᠠᠰᠠᠭᠤᠳᠠᠯ ᠪᠠ ᠬᠦᠴᠢᠷᠳᠡᠯ ᠢ ᠬᠠᠪᠰᠤᠷᠤᠨ ᠰᠢᠢᠳᠪᠦᠷᠢᠯᠡᠬᠦ ᠲᠤᠬᠠᠶ ᠨᠡᠶᠢᠭᠡᠮ ᠲᠣᠭᠤᠷᠢᠭ ᠤᠨ ᠠᠵᠢᠯᠲᠠᠳ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠪᠠ᠃
W020221124385586516006.jpg
    ᠶᠢᠨ ᠮᠠᠨ ᠢ ᠦᠨᠳᠦᠰᠦᠨ ᠱᠠᠲᠤᠨ ᠳᠤ ᠪᠠᠭᠤᠭᠰᠠᠨ ᠺᠠᠳ᠋ᠷᠴᠤᠳ ᠤᠨ ᠰᠢᠷᠭᠠᠭᠤ ᠬᠥᠳᠡᠯᠮᠦᠷᠢ ᠪᠠ ᠣᠯᠤᠭᠰᠠᠨ ᠠᠵᠢᠯ ᠤᠨ ᠠᠮᠵᠢᠯᠲᠠ ᠶᠢ ᠨᠤᠲᠠᠯᠠᠵᠤ᠂ ᠥᠪᠡᠷᠲᠡᠭᠡᠨ ᠵᠠᠰᠠᠬᠤ ᠣᠷᠣᠨ ᠪᠠ ᠬᠥᠬᠡᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠬᠤᠯᠪᠤᠭᠠᠯᠠᠨ ᠳᠠᠭᠠᠭᠠᠴᠢᠯᠠᠭᠰᠠᠨ ᠨᠡᠶᠢᠭᠡᠮ ᠲᠣᠭᠤᠷᠢᠭ ᠤᠨ ᠨᠢᠭᠡᠳᠦᠯᠲᠡᠶ ᠲᠣᠬᠢᠷᠠᠭᠤᠯᠤᠯᠲᠠ ᠶᠢ ᠳᠠᠭᠠᠵᠤ᠂ ᠵᠢᠯᠣᠭᠤᠳᠣᠭᠴᠢ ᠮᠥᠷᠲᠡᠭᠡᠨ ᠪᠠᠶᠢᠯᠳᠤᠭᠴᠢ ᠶᠢᠨ ᠱᠠᠭᠠᠷᠳᠠᠯᠭ᠎ᠠ ᠶᠣᠰᠣᠭᠠᠷ ᠨᠡᠶᠢᠭᠡᠮ ᠲᠣᠭᠤᠷᠢᠭ ᠤᠨ ᠠᠵᠢᠯᠲᠠᠳ ᠲᠠᠢ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠬᠢᠵᠢᠭ ᠤᠨ ᠪᠠᠶᠢᠳᠠᠯ ᠢ ᠬᠥᠳᠡᠯᠦᠩᠭᠦᠶ ᠪᠠᠷ ᠠᠷᠢᠯᠭᠠᠬᠤ ᠪᠠ ᠣᠨᠣᠴᠠᠲᠠᠶ ᠪᠠᠷ ᠰᠡᠷᠭᠡᠶᠢᠯᠡᠨ ᠡᠵᠡᠮᠳᠡᠬᠦ ᠶᠢ ᠠᠬᠢᠭᠤᠯᠬᠤ ᠬᠡᠷᠡᠭᠲᠡᠶ᠃ ᠡᠪ ᠬᠠᠮᠲᠤ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠢ ᠭᠦᠢᠴᠡᠳ ᠪᠠᠳᠠᠷᠠᠭᠤᠯᠵᠤ᠂ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠡᠭᠦᠳᠡ ᠶᠢ ᠵᠢᠵᠢᠭᠦᠷᠯᠡᠨ ᠰᠠᠬᠢᠬᠤ᠂ ᠣᠷᠴᠢᠨ ᠲᠣᠭᠤᠷᠢᠨ ᠢ ᠠᠷᠢᠭᠤᠳᠬᠠᠬᠤ᠂ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠬᠦ ᠵᠡᠷᠭᠡ ᠡᠯ᠎ᠡ ᠵᠦᠢᠯ ᠤᠨ ᠠᠵᠢᠯ ᠢ ᠢᠳᠡᠪᠬᠢᠲᠡᠢ ᠬᠠᠮᠵᠢᠯᠴᠠᠨ ᠥᠷᠨᠢᠭᠦᠯᠬᠦ ᠬᠡᠷᠡᠭᠲᠡᠢ᠃ ᠵᠥᠪ ᠴᠢᠭᠯᠡᠯ ᠢᠶᠠᠷ ᠤᠬᠠᠭᠤᠯᠬᠤ᠂ ᠵᠥᠪ ᠲᠠᠯ᠎ᠠ ᠪᠠᠷ ᠬᠥᠲᠥᠯᠥᠨ ᠵᠢᠯᠣᠭᠤᠳᠬᠤ ᠶᠢ ᠴᠢᠩᠭᠠᠳᠬᠠᠵᠤ᠂ ᠬᠢᠵᠢᠭ ᠢ ᠰᠡᠷᠭᠡᠶᠢᠯᠡᠬᠦ ᠲᠥᠷᠥ ᠶᠢᠨ ᠪᠣᠳᠣᠯᠭ᠎ᠠ ᠶᠢ ᠤᠬᠠᠭᠤᠯᠬᠤ ᠪᠠ ᠲᠠᠶᠢᠯᠪᠤᠷᠢᠯᠠᠬᠤ ᠠᠵᠢᠯ ᠢ ᠬᠦᠯᠢᠴᠡᠩᠭᠦᠶ ᠨᠠᠷᠢᠯᠢᠭ ᠰᠠᠶᠢᠲᠤᠷ ᠬᠢᠬᠦ ᠬᠡᠷᠡᠭᠲᠡᠶ᠃ ︽ᠠᠷᠠᠳ ᠲᠦᠮᠡᠨ ᠢᠶᠠᠷ ᠭᠤᠣᠯᠯᠠᠭᠤᠯᠬᠤ︾ ᠬᠥᠭᠵᠢᠯᠲᠡ ᠶᠢᠨ ᠦᠵᠡᠯ ᠰᠠᠨᠠᠭ᠎ᠠ ᠶᠢ ᠢᠮᠠᠭᠲᠠ ᠪᠠᠷᠢᠮᠲᠠᠯᠠᠵᠤ᠂ ᠨᠡᠶᠢᠭᠡᠮ ᠲᠣᠭᠤᠷᠢᠭ ᠤᠨ ᠤᠯᠠᠨ ᠲᠦᠮᠡᠨ ᠳᠤ ᠴᠢᠩ ᠰᠡᠳᠬᠢᠯ ᠠᠴᠠ ᠪᠠᠨ ᠬᠦᠴᠦ ᠣᠷᠣᠭᠤᠯᠤᠨ ᠦᠢᠯᠡᠴᠢᠯᠡᠵᠦ᠂ ᠤᠯᠠᠨ ᠢᠶᠠᠷ ᠢᠶᠠᠨ ᠰᠡᠷᠭᠡᠶᠢᠯᠡᠨ ᠡᠵᠡᠮᠳᠡᠵᠦ᠂ ᠴᠠᠭ ᠤᠨ ᠪᠡᠷᠬᠡ ᠶᠢ ᠬᠠᠮᠲᠤ ᠪᠠᠷ ᠲᠤᠭᠤᠯᠬᠤ ᠰᠠᠶᠢᠨ ᠰᠠᠶᠢᠬᠠᠨ ᠪᠠᠶᠢᠳᠠᠯ ᠢ ᠴᠢᠷᠮᠠᠶᠢᠨ ᠪᠠᠲᠤᠯᠠᠵᠤ᠂ ᠬᠠᠮᠤᠭ ᠤᠨ ᠣᠬᠤᠷ ᠬᠤᠭᠤᠴᠠᠭᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠯᠲᠠ ᠶᠢᠨ ᠳᠠᠶᠢᠯᠠᠯᠳᠤᠭᠠᠨ ᠤ ᠢᠯᠠᠯᠲᠠ ᠶᠢ ᠲᠡᠮᠡᠴᠡᠨ ᠤᠯᠬᠤ ᠬᠡᠷᠡᠭᠲᠡᠢ ᠭᠡᠵᠦ ᠵᠠᠬᠢᠪᠡ᠃ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号