ᠥᠪᠡᠷᠲᠡᠭᠡᠨ ᠵᠠᠰᠠᠬᠤ ᠣᠷᠣᠨ ᠤ ᠡᠮᠴᠢᠯᠡᠭᠡ ᠶᠢᠨ ᠳᠠᠭᠠᠳᠬᠠᠯ ᠤᠨ ᠦᠢᠯᠡᠴᠢᠯᠡᠭᠡᠨ ᠤ ᠲᠥᠪ ᠤᠨ ᠨᠠᠮ ᠤᠨ ᠡᠭᠦᠷ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ︽ᠰᠢᠨ᠎ᠡ ᠴᠠᠭ ᠦᠶ᠎ᠡ ᠳᠤ ᠡᠷᠴᠢ ᠵᠣᠷᠢᠭ ᠢᠶᠠᠨ ᠬᠥᠪᠴᠢᠯᠡᠨ ᠡᠷᠡᠮᠡᠬᠡᠶᠢᠯᠡᠨ ᠤᠷᠤᠭᠰᠢᠯᠠᠵᠤ ᠬᠠᠷᠢᠭᠤᠴᠠᠯᠭ᠎ᠠ ᠡᠭᠦᠷᠭᠡᠯᠡᠰᠦᠭᠡᠢ︾ ᠭᠡᠬᠦ ᠵᠠᠯᠠᠭᠤ ᠺᠠᠳ᠋ᠷᠴᠤᠳ ᠤᠨ ᠶᠠᠷᠢᠶ᠎ᠠ ᠢᠯᠡᠳᠬᠡᠯ ᠤᠨ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2022/11/28
   ︽ᠴᠠᠭ ᠤᠨ ᠰᠠᠶᠢᠬᠠᠨ ᠳᠤ ᠴᠣᠴᠠᠯᠲᠠ ᠦᠭᠡᠢ ᠤᠷᠤᠭᠰᠢᠯᠠᠶ᠎ᠠ᠂ ᠴᠠᠭ ᠦᠶ᠎ᠡ ᠶᠢᠨ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ ᠪᠠᠶᠢᠭ᠎ᠠ ᠮᠠᠨ ᠤ ᠵᠠᠯᠠᠭᠤ ᠨᠢᠭᠡ ᠦᠶ᠎ᠡ ᠶᠢᠨ ᠬᠢᠨ ᠡᠷᠡᠰ ᠭᠤᠶᠢᠪᠢᠰᠢ ᠦᠭᠡᠢ ᠨᠠᠮ ᠤᠨ ᠦᠭᠡ ᠶᠢ ᠰᠣᠨᠣᠰᠴᠤ᠂ ᠡᠷᠡᠰ ᠭᠤᠶᠢᠪᠢᠰᠢ ᠦᠭᠡᠢ ᠨᠠᠮ ᠢᠶᠠᠨ ᠳᠠᠭᠠᠵᠤ᠂ ᠤᠭ ᠰᠠᠨᠠᠭ᠎ᠠ ᠪᠣᠯᠤᠨ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠲᠤᠰᠬᠠᠢ ᠮᠡᠷᠭᠡᠵᠢᠯ ᠤᠨ ᠤᠷ᠎ᠠ ᠴᠢᠳᠠᠪᠤᠷᠢ ᠶᠢ ᠴᠢᠷᠮᠠᠶᠢᠨ ᠰᠤᠷᠤᠯᠴᠠᠵᠤ᠂ ᠰᠢᠷᠭᠠᠭᠤ ᠰᠤᠳᠤᠯᠵᠤ᠂ ︿ᠨᠠᠮ ᠮᠢᠨᠢ ᠰᠠᠨᠠᠭ᠎ᠠ ᠠᠮᠤᠷ ᠪᠠᠶᠢᠭᠠᠷᠠᠢ᠂ ᠤᠯᠤᠰ ᠢᠶᠠᠨ ᠬᠦᠴᠦᠷᠬᠡᠭᠵᠢᠭᠦᠯᠬᠦ ᠳᠤ ᠪᠢ ᠪᠣᠢ﹀ ᠭᠡᠬᠦ ᠪᠠᠲᠤ ᠴᠢᠩᠭ᠎ᠠ ᠲᠠᠩᠭᠠᠷᠢᠭ ᠢᠶᠠᠨ ᠢᠳᠡᠪᠬᠢᠲᠡᠢ ᠦᠢᠯᠡᠳᠦᠯᠭᠡᠵᠢᠭᠦᠯᠬᠦ ᠬᠡᠷᠡᠭᠲᠡᠢ︕︾᠂ ︽ᠪᠢᠳᠡ ᠶᠡᠷᠦᠩᠬᠡᠢ ᠱᠦᠵᠢ ᠰᠢ ᠶᠢᠨ ᠫᠢᠩ ᠤᠨ ᠰᠤᠷᠭᠠᠯ ᠢ ᠪᠠᠲᠤ ᠴᠡᠭᠡᠵᠢᠯᠡᠵᠦ᠂ ᠢᠮᠠᠭᠲᠠ ︿ᠠᠮᠢ ᠬᠤᠪᠢ ᠪᠠᠨ ᠪᠣᠳᠤᠬᠤ ᠦᠭᠡᠢ ᠪᠠᠷ ᠠᠷᠠᠳ ᠲᠦᠮᠡᠨ ᠳᠤ ᠬᠠᠷᠢᠭᠤᠴᠠᠬᠤ﹀ ᠬᠠᠶᠢᠷ᠎ᠠ ᠰᠡᠳᠬᠢᠯᠭᠡ ᠪᠣᠯᠤᠨ ᠡᠭᠦᠷᠭᠡᠯᠡᠯ ᠢᠶᠠᠷ ᠨᠠᠮ ᠪᠣᠯᠤᠨ ᠠᠷᠠᠳ ᠲᠦᠮᠡᠨ ᠳᠤ ᠪᠠᠨ ᠬᠠᠨᠤᠮᠵᠢᠲᠠᠢ ᠰᠢᠯᠢᠳᠡᠭ ᠬᠠᠷᠢᠭᠤᠯᠲᠠ ᠶᠢᠨ ᠬᠠᠭᠤᠳᠠᠰᠤ ᠶᠢ ᠲᠤᠰᠢᠶᠠᠬᠤ ᠬᠡᠷᠡᠭᠲᠡᠢ︾ ᠭᠡᠬᠦ ᠡᠶᠡᠯᠳᠡᠭ ᠢᠷᠠᠭᠤ ᠦᠭᠡ ᠶᠠᠷᠢᠶ᠎ᠠ᠂ ᠦᠨᠡᠨᠴᠢ ᠬᠠᠯᠠᠭᠤᠨ ᠬᠠᠶᠢᠷ᠎ᠠ ᠰᠡᠳᠬᠢᠯ ᠨᠢ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠭᠰᠠᠨ ᠭᠡᠷᠡᠯ ᠰᠠᠴᠤᠷᠠᠩᠭᠤᠢ ᠴᠠᠭ ᠮᠥᠴᠡ ᠳᠤ ᠥᠪᠡᠷᠲᠡᠭᠡᠨ ᠵᠠᠰᠠᠬᠤ ᠣᠷᠣᠨ ᠤ ᠡᠮᠴᠢᠯᠡᠭᠡ ᠶᠢᠨ ᠳᠠᠭᠠᠳᠬᠠᠯ ᠤᠨ ᠦᠢᠯᠡᠴᠢᠯᠡᠭᠡᠨ ᠤ ᠲᠥᠪ ᠤᠨ ᠨᠠᠮ ᠤᠨ ᠡᠭᠦᠷ ᠠᠴᠠ ᠡᠷᠬᠢᠯᠡᠭᠰᠡᠨ ᠨᠢᠭᠡ ᠤᠳᠠᠭᠠᠨ ᠤ ᠡᠮᠴᠢᠯᠡᠭᠡᠨ ᠤ ᠪᠠᠲᠤᠯᠠᠭ᠎ᠠ ᠶᠢᠨ ᠵᠠᠯᠠᠭᠤᠴᠤᠳ ᠤᠨ ᠡᠷᠡᠮᠡᠬᠡᠶᠢᠯᠡᠨ ᠤᠷᠤᠭᠰᠢᠯᠠᠬᠤ ᠰᠡᠳᠬᠢᠯ ᠤᠨ ᠳᠠᠭᠤᠨ ᠢ ᠴᠤᠤᠷᠢᠶᠠᠳᠤᠭᠤᠯᠤᠭᠰᠠᠨ ᠶᠠᠷᠢᠶ᠎ᠠ ᠢᠯᠡᠳᠬᠡᠯ ᠤᠨ ᠬᠤᠷᠠᠯ᠂ ᠨᠢᠭᠡ ᠤᠳᠠᠭᠠᠨ ᠤ ᠵᠠᠯᠠᠭᠤ ᠨᠠᠰᠤ ᠪᠣᠯᠤᠨ ᠴᠠᠭ ᠦᠶ᠎ᠡ ᠶᠢᠨ ᠬᠤᠣᠰ ᠴᠢᠭᠯᠡᠯ ᠢᠶᠠᠷ ᠤᠷᠤᠭᠰᠢᠯᠠᠬᠤ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠪᠣᠯᠤᠨ᠎ᠠ᠃
W020221128747148329840.png
   ᠵᠠᠯᠠᠭᠤ ᠨᠠᠰᠤᠨ ᠤ ᠴᠤᠭ ᠵᠢᠪᠬᠤᠭ᠎ᠠ ᠪᠠᠨ ᠪᠠᠳᠠᠷᠠᠭᠤᠯᠪᠠ᠃ ᠴᠢᠷᠮᠠᠶᠢᠯᠭ᠎ᠠ ᠪᠣᠯ ᠵᠠᠯᠠᠭᠤ ᠨᠠᠰᠤᠨ ᠤ ᠬᠠᠮᠤᠭ ᠤᠨ ᠭᠤᠶᠤ ᠳᠡᠪᠢᠰᠬᠡᠷ ᠦᠩᠭᠡ ᠮᠥᠨ᠃ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠤᠬᠠᠭᠤᠯᠵᠤ᠂ ᠵᠠᠯᠠᠭᠤ ᠺᠠᠳ᠋ᠷᠴᠤᠳ ᠤᠨ ᠠᠵᠢᠯ ᠬᠢᠵᠦ ᠦᠢᠯᠡᠰ ᠪᠣᠰᠬᠠᠬᠤ ᠬᠠᠯᠠᠭᠤᠨ ᠰᠡᠳᠬᠢᠯᠭᠡ ᠶᠢ ᠬᠥᠭᠵᠢᠭᠡᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡ ᠶᠢᠨ ᠳᠠᠭᠠᠳᠬᠠᠯ ᠤᠨ ᠦᠢᠯᠡᠴᠢᠯᠡᠭᠡᠨ ᠤ ᠲᠥᠪ ᠤᠨ ᠨᠠᠮ ᠤᠨ ᠡᠭᠦᠷ ᠰᠦᠯᠵᠢᠶᠡᠨ ᠳᠤ ︽ᠰᠢᠨ᠎ᠡ ᠴᠠᠭ ᠦᠶ᠎ᠡ ᠳᠤ ᠡᠷᠡᠮᠡᠬᠡᠶᠢᠯᠡᠨ ᠤᠷᠤᠭᠰᠢᠯᠠᠵᠤ ᠬᠠᠷᠢᠭᠤᠴᠠᠯᠭ᠎ᠠ ᠡᠭᠦᠷᠭᠡᠯᠡᠰᠦᠭᠡᠢ︾ ᠭᠡᠬᠦ ᠵᠠᠯᠠᠭᠤ ᠺᠠᠳ᠋ᠷᠴᠤᠳ ᠤᠨ ᠨᠠᠮ ᠤᠨ ᠡᠳᠦᠷ ᠤᠨ ᠭᠤᠤᠯ ᠰᠡᠳᠦᠪᠲᠦ ᠠᠵᠢᠯᠯᠠᠭ᠎ᠠ ᠶᠢ ᠥᠷᠨᠢᠭᠦᠯᠪᠡ᠃ ᠡᠮᠴᠢᠯᠡᠭᠡ ᠶᠢᠨ ᠳᠠᠭᠠᠳᠬᠠᠯ ᠤᠨ ᠦᠢᠯᠡᠴᠢᠯᠡᠭᠡᠨ ᠤ ᠲᠥᠪ ᠤᠨ 5 ᠵᠠᠯᠠᠭᠤ ᠺᠠᠳ᠋ᠷ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠲᠣᠭᠤᠷᠢᠨ ᠳᠤ ᠶᠠᠷᠢᠶ᠎ᠠ ᠢᠯᠡᠳᠬᠡᠯ ᠬᠢᠵᠦ᠂ ᠠᠵᠢᠯ ᠤᠨ ᠪᠠᠶᠢᠷᠢ ᠪᠠ ᠠᠵᠢᠯ ᠤᠨ ᠪᠣᠳᠠᠲᠤ ᠪᠠᠶᠢᠳᠠᠯ ᠳᠤ ᠪᠠᠨ ᠰᠠᠭᠤᠷᠢᠯᠠᠨ᠂ ᠥᠪᠡᠷ ᠤᠨ ᠲᠦᠷᠦᠭᠳᠡᠯ ᠪᠠ ᠣᠶᠢᠯᠠᠭᠠᠯᠲᠠ ᠲᠠᠢ ᠪᠠᠨ ᠤᠶᠠᠯᠳᠤᠭᠤᠯᠵᠤ᠂ ᠠᠮᠢᠳᠤ ᠰᠣᠷᠭᠤᠭ ᠦᠭᠡ ᠶᠠᠷᠢᠶ᠎ᠠ ᠪᠠ ᠴᠢᠩ ᠦᠨᠡᠨᠴᠢ ᠬᠠᠶᠢᠷ᠎ᠠ ᠰᠡᠳᠬᠢᠯᠭᠡ ᠪᠠᠷ ᠡᠮᠴᠢᠯᠡᠭᠡᠨ ᠤ ᠪᠠᠲᠤᠯᠠᠭ᠎ᠠ ᠶᠢᠨ ᠵᠠᠯᠠᠭᠤᠴᠤᠳ ᠤᠨ ᠨᠠᠮ ᠢᠶᠠᠨ ᠬᠠᠶᠢᠷᠠᠯᠠᠬᠤ ᠡᠬᠡ ᠣᠷᠣᠨᠴᠢ ᠴᠢᠩ ᠦᠨᠡᠨᠴᠢ ᠰᠡᠳᠬᠢᠯᠭᠡ ᠪᠠ ᠬᠠᠮᠲᠤ ᠶᠢᠨ ᠰᠡᠳᠬᠢᠯ ᠤᠨ ᠳᠠᠭᠤᠨ ᠢ ᠢᠯᠡᠳᠬᠡᠵᠦ᠂ ᠤᠯᠤᠰ ᠢᠶᠠᠨ ᠬᠦᠴᠦᠷᠬᠡᠭᠵᠢᠭᠦᠯᠬᠦ ᠰᠡᠷᠭᠦᠨ ᠮᠠᠨᠳᠤᠯᠲᠠ ᠶᠢᠨ ᠵᠠᠮ ᠳᠠᠬᠢ ︽ᠮᠠᠨ ᠤ ᠦᠶ᠎ᠡ ᠶᠢᠨ ᠬᠢᠨ ᠥᠪᠡᠷ ᠢ ᠪᠠᠨ ᠬᠦᠴᠦᠷᠬᠡᠭᠵᠢᠭᠦᠯᠬᠦ︾ ᠡᠭᠦᠷᠭᠡ ᠬᠠᠷᠢᠭᠤᠴᠠᠯᠭ᠎ᠠ ᠶᠢ ᠲᠠᠶᠢᠯᠪᠤᠷᠢᠯᠠᠵᠤ᠂ ᠰᠢᠨ᠎ᠡ ᠴᠠᠭ ᠦᠶ᠎ᠡ ᠶᠢᠨ ᠡᠮᠴᠢᠯᠡᠭᠡᠨ ᠤ ᠪᠠᠲᠤᠯᠠᠭ᠎ᠠ ᠶᠢᠨ ᠵᠠᠯᠠᠭᠤ ᠺᠠᠳ᠋ᠷ ᠤᠨ ᠴᠤᠭ ᠪᠠᠳᠠᠷᠠᠩᠭᠤᠢ᠂ ᠡᠷᠡᠮᠡᠬᠡᠶᠢᠯᠡᠨ ᠲᠡᠮᠡᠴᠡᠵᠦ ᠵᠢᠳᠬᠦᠯ ᠴᠢᠷᠮᠠᠶᠢᠯᠭ᠎ᠠ ᠭᠠᠷᠭᠠᠬᠤ ᠤᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠪᠡ᠃   ᠱᠦᠵᠢ ᠠᠴᠠ ᠬᠦᠰᠡᠯ ᠨᠠᠶᠢᠳᠠᠯᠭ᠎ᠠ ᠲᠠᠯᠪᠢᠪᠠ᠃ ᠶᠠᠷᠢᠶ᠎ᠠ ᠢᠯᠡᠳᠬᠡᠯ ᠳᠠᠭᠤᠰᠤᠭᠰᠠᠨ ᠤ ᠳᠠᠷᠠᠭ᠎ᠠ᠂ ᠭᠤᠣᠯ ᠨᠠᠮ ᠤᠨ ᠡᠭᠦᠷ ᠤᠨ ᠱᠦᠵᠢ ᠹᠦ᠋ ᠺᠦᠢ ᠱᠧᠩ ᠪᠦᠬᠦ ᠵᠠᠯᠠᠭᠤ ᠺᠠᠳ᠋ᠷ ᠲᠤ ᠬᠦᠰᠡᠯ ᠨᠠᠶᠢᠳᠠᠯᠭ᠎ᠠ ᠲᠠᠯᠪᠢᠵᠤ᠂ ᠵᠠᠯᠠᠭᠤ ᠺᠠᠳ᠋ᠷᠴᠤᠳ ᠢ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠤᠯᠤᠰ ᠭᠡᠷ ᠤᠨ ᠬᠠᠶᠢᠷ᠎ᠠ ᠰᠡᠳᠬᠢᠯᠭᠡ ᠶᠢ ᠵᠤᠵᠠᠭᠠᠳᠬᠠᠵᠤ᠂ ᠠᠭᠤᠤ ᠶᠡᠭᠡ ᠨᠠᠮ ᠪᠠᠶᠢᠭᠤᠯᠬᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠢᠲᠡᠭᠡᠯ ᠵᠣᠷᠢᠭ ᠢᠶᠠᠨ ᠪᠠᠲᠤᠳᠬᠠᠵᠤ᠂ ᠨᠢᠭᠡ ᠰᠡᠳᠬᠢᠯ ᠨᠢᠭᠡ ᠵᠣᠷᠢᠭ ᠢᠶᠠᠷ ᠰᠢᠷᠭᠠᠭᠤ ᠬᠠᠲᠠᠭᠤᠵᠢᠯᠲᠠᠢ ᠠᠵᠢᠯᠯᠠᠵᠤ᠂ ᠡᠷᠡᠯᠬᠡᠭᠯᠡᠨ ᠤᠷᠤᠭᠰᠢᠯᠠᠵᠤ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠶᠡᠭᠡ ᠡᠭᠦᠷᠭᠡ ᠶᠢ ᠡᠭᠦᠷᠭᠡᠯᠡᠬᠦ ᠴᠠᠭ ᠦᠶ᠎ᠡ ᠶᠢᠨ ᠰᠢᠨ᠎ᠡ ᠬᠥᠮᠦᠨ ᠪᠣᠯᠬᠤ ᠪᠠᠷ ᠴᠢᠷᠮᠠᠶᠢᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠡᠮᠴᠢᠯᠡᠭᠡᠨ ᠤ ᠪᠠᠲᠤᠯᠠᠭ᠎ᠠ ᠶᠢᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠵᠣᠷᠢᠭᠵᠢᠭᠤᠯᠪᠠ︕   ᠺᠠᠳ᠋ᠷ ᠵᠣᠷᠢᠭ ᠢᠶᠠᠨ ᠢᠯᠡᠳᠭᠡᠪᠡ᠃ ᠵᠠᠯᠠᠭᠤ ᠺᠠᠳ᠋ᠷᠴᠤᠳ᠂ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠪᠠᠷ ᠳᠠᠮᠵᠢᠭᠤᠯᠤᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭᠠᠨ ᠤ ᠮᠥᠨ ᠴᠢᠨᠠᠷ ᠢ ᠨᠡᠩ ᠭᠦᠨᠵᠡᠭᠡᠢ ᠣᠶᠢᠯᠠᠭᠠᠵᠤ᠂ ᠡᠭᠦᠷᠭᠡ ᠬᠠᠷᠢᠭᠤᠴᠠᠯᠭ᠎ᠠ ᠪᠠᠨ ᠤᠯᠠᠮ ᠴᠠᠭᠠᠰᠢᠲᠠ ᠲᠣᠳᠣᠷᠬᠠᠶᠢᠯᠠᠵᠤ᠂ ᠨᠠᠮ ᠤᠨ ᠦᠭᠡ ᠶᠢ ᠰᠣᠨᠣᠰᠴᠤ ᠨᠠᠮ ᠢᠶᠠᠨ ᠲᠠᠭᠠᠬᠤ ᠢᠲᠡᠭᠡᠯ ᠵᠣᠷᠢᠭ ᠢᠶᠠᠨ ᠨᠡᠩ ᠪᠠᠲᠤᠳᠬᠠᠵᠤ᠂ ︽ᠬᠦᠰᠡᠯᠡᠩ ᠲᠠᠢ᠂ ᠡᠭᠦᠷᠭᠡᠯᠡᠯ ᠲᠠᠢ᠂ ᠬᠦᠴᠢᠷ ᠢ ᠳᠠᠭᠠᠭᠠᠵᠤ ᠳᠡᠶᠢᠯᠬᠦ᠂ ᠵᠣᠷᠢᠭᠲᠠᠢ ᠲᠡᠮᠡᠴᠡᠬᠦ︾ ᠰᠢᠨ᠎ᠡ ᠴᠠᠭ ᠦᠶ᠎ᠡ ᠶᠢᠨ ᠰᠠᠶᠢᠨ ᠵᠠᠯᠠᠭᠤ ᠪᠣᠯᠬᠤ ᠪᠠᠷ ᠵᠣᠷᠢᠭ ᠰᠢᠭᠤᠳᠴᠤ᠂ ᠡᠮᠴᠢᠯᠡᠭᠡᠨ ᠤ ᠪᠠᠲᠤᠯᠠᠭ᠎ᠠ ᠠᠷᠠᠳ ᠤᠨ ᠠᠮᠢᠳᠤᠷᠠᠯ ᠤᠨ ᠰᠢᠨ᠎ᠡ ᠬᠠᠭᠤᠳᠠᠰᠤ ᠶᠢᠨ ᠤᠴᠢ ᠪᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠤᠯᠠᠨ ᠲᠦᠮᠡᠨ ᠤ ᠪᠠᠴᠢᠮᠳᠠᠯ ᠬᠦᠴᠢᠷᠳᠡᠯ ᠵᠣᠪᠠᠨᠢᠯ ᠡᠷᠡᠮᠡᠯᠵᠡᠯ ᠢ ᠰᠠᠶᠢᠲᠤᠷ ᠰᠢᠢᠳᠪᠦᠷᠢᠯᠡᠵᠦ᠂ ᠴᠢᠷᠮᠠᠶᠢᠯᠭ᠎ᠠ ᠪᠠᠷ ᠴᠠᠭ ᠦᠶ᠎ᠡ ᠶᠢ ᠬᠥᠰᠡᠷᠳᠡᠭᠦᠯᠬᠦ ᠦᠭᠡᠢ᠂ ᠨᠠᠮ ᠢᠶᠠᠨ ᠬᠥᠰᠡᠷᠳᠡᠭᠦᠯᠬᠦ ᠦᠭᠡᠢ᠂ ᠵᠠᠯᠠᠭᠤ ᠨᠠᠰᠤ ᠪᠠᠨ ᠬᠥᠰᠡᠷᠳᠡᠭᠦᠯᠬᠦ ᠦᠭᠡᠢ᠂ ᠥᠪᠡᠷ ᠢ ᠪᠠᠨ ᠬᠥᠰᠡᠷᠳᠡᠭᠦᠯᠬᠦ ᠦᠭᠡᠢ ᠭᠤᠶᠢᠳᠠ ᠰᠠᠶᠢᠬᠠᠨ ᠬᠠᠷᠢᠭᠤᠯᠲᠠ ᠶᠢᠨ ᠬᠠᠭᠤᠳᠠᠰᠤ ᠶᠢ ᠪᠢᠴᠢᠭᠯᠡᠨ᠎ᠡ ᠭᠡᠵᠦ ᠢᠯᠡᠳᠬᠡᠵᠡᠭᠡᠪᠡ᠃   ᠰᠢᠨ᠎ᠡ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠪᠠ᠃ ᠥᠪᠡᠷᠲᠡᠭᠡᠨ ᠵᠠᠰᠠᠬᠤ ᠣᠷᠣᠨ ᠤ ᠡᠮᠴᠢᠯᠡᠭᠡ ᠶᠢᠨ ᠳᠠᠭᠠᠳᠬᠠᠯ ᠤᠨ ᠦᠢᠯᠡᠴᠢᠯᠡᠭᠡᠨ ᠤ ᠲᠥᠪ ᠤᠨ ᠨᠠᠮ ᠤᠨ ᠡᠭᠦᠷ ᠡᠨᠡ ᠤᠳᠠᠭᠠᠨ ᠤ ᠶᠠᠷᠢᠶ᠎ᠠ ᠢᠯᠡᠳᠬᠡᠯ ᠤᠨ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠵᠠᠯᠠᠭᠤ ᠺᠠᠳ᠋ᠷᠴᠤᠳ ᠲᠤ ᠨᠠᠩ ᠣᠯᠠᠨ ᠬᠡᠯᠪᠡᠷᠢ ᠶᠢᠨ ᠰᠣᠯᠢᠯᠴᠠᠨ ᠰᠤᠷᠤᠯᠴᠠᠬᠤ ᠲᠠᠪᠴᠠᠩ ᠢ ᠬᠠᠩᠭᠠᠵᠤ᠂ ᠵᠠᠯᠠᠭᠤ ᠺᠠᠳ᠋ᠷᠴᠤᠳ ᠤᠨ ᠰᠤᠷᠤᠯᠴᠠᠭᠰᠠᠨ ᠣᠶᠢᠯᠠᠭᠠᠭᠰᠠᠨ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠠᠮᠢᠳᠤᠯᠢᠭ ᠦᠢᠯᠡᠳᠦᠯᠭᠡ ᠪᠣᠯᠭᠠᠨ ᠬᠤᠪᠢᠷᠠᠭᠤᠯᠬᠤ ᠶᠢ ᠦᠨᠡᠨ ᠬᠦ ᠬᠥᠲᠥᠯᠥᠨ ᠵᠢᠯᠣᠭᠤᠳᠴᠤ᠂ ᠡᠷᠴᠢ ᠵᠣᠷᠢᠭ ᠢᠶᠠᠨ ᠬᠥᠪᠴᠢᠯᠡᠨ᠂ ᠴᠥᠬᠦᠷᠡᠰᠢ ᠥᠬᠡᠶ ᠴᠢᠷᠮᠠᠶᠢᠵᠤ᠂ ᠴᠢᠷᠮᠠᠶᠢᠯᠭ᠎ᠠ ᠶᠢᠨ ᠳᠦᠷᠢ ᠳᠥᠷᠬᠦ ᠬᠠᠮᠤᠭ ᠤᠨ ᠭᠤᠶᠣ ᠰᠠᠶᠢᠬᠠᠨ ᠵᠠᠯᠠᠭᠤ ᠨᠠᠰᠤᠨ ᠳᠤ ᠪᠠᠨ ᠬᠦᠨᠳᠦᠳᠬᠡᠯ ᠳᠡᠪᠰᠢᠭᠦᠯᠵᠦ᠂ ᠡᠮᠴᠢᠯᠡᠭᠡᠨ ᠤ ᠪᠠᠲᠤᠯᠠᠭ᠎ᠠ ᠶᠢᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠵᠠᠯᠠᠭᠤ ᠨᠠᠰᠤᠨ ᠤ ᠬᠦᠴᠦᠨ ᠴᠢᠳᠠᠯ ᠢᠶᠠᠨ ᠡᠷᠭᠦᠨ᠎ᠡ ᠭᠡᠪᠡ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号