ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠤᠬᠠᠭᠤᠯᠤᠨ | ᠲᠤᠭᠤᠰᠢᠯᠠᠭᠤᠯᠵᠤ᠂ ᠨᠠᠮ ᠤᠨ ᠪᠠᠶᠢᠭᠤᠯᠤᠯᠲᠠ ᠶᠢᠨ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ | ᠪᠠᠳᠠᠷᠠᠭᠤᠯᠤᠨ᠂ ᠨᠠᠮ ᠤᠨ ᠡᠭᠦᠷ ᠤᠨ ᠤᠯᠤᠰ ᠲᠥᠷᠥ ᠪᠠᠷ ᠬᠥᠲᠥᠯᠥᠨ ᠳᠠᠭᠠᠭᠤᠯᠬᠤ ᠪᠠ ᠣᠯᠠᠨ ᠲᠦᠮᠡᠨ ᠳᠤ | ᠦᠢᠯᠡᠴᠢᠯᠡᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠷᠠᠳ ᠣᠯᠠᠨ ᠳᠤ ᠲᠥᠪᠯᠡᠷᠡᠭᠦᠯᠦᠨ | ᠬᠤᠳᠠᠯᠳᠤᠨ ᠠᠪᠬᠤ ᠶᠢᠨ ︽ᠲᠥᠷᠥ ᠶᠢᠨ ᠪᠣᠳᠣᠯᠭ᠎ᠠ ᠶᠢᠨ ᠠᠰᠢᠭ︾ ᠢ ᠦᠨᠡᠨ ᠬᠦ ᠮᠡᠳᠡᠷᠡᠭᠦᠯᠬᠦ ᠶᠢᠨ ᠲᠥᠯᠥᠭᠡ᠂ | 11 ᠰᠠᠷ᠎ᠠ ᠶᠢᠨ 28 ᠤ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠡᠮ ᠬᠤᠳᠠᠯᠳᠤᠨ ᠠᠪᠬᠤ | ᠲᠥᠪ ᠤᠨ ᠨᠠᠮ ᠤᠨ ᠡᠭᠦᠷ ᠪᠣᠯᠤᠨ ᠰᠧ ᠯᠢ ᠶᠢᠩ ᠵᠡᠭᠦᠨ ᠰᠢᠩ ᠹᠦ᠋ ᠰᠠᠭᠤᠭᠠᠯᠢ ᠲᠣᠭᠤᠷᠢᠭ ᠤᠨ ᠬᠢᠵᠢᠭ ᠲᠠᠢ | ᠲᠡᠮᠡᠴᠡᠬᠦ ᠲᠦᠷ ᠴᠠᠭ ᠤᠨ ᠨᠠᠮ ᠤᠨ ᠡᠭᠦᠷ ᠲᠣᠰ ᠲᠣᠰ ᠬᠤᠶᠠᠷ ᠬᠤᠷᠠᠯ ᠤᠨ ᠲᠠᠯᠠᠪᠠᠶ ᠬᠤᠪᠢᠶᠠᠵᠤ ︽ | ᠰᠦᠯᠵᠢᠶᠡᠨ ᠳᠠᠬᠢ + ᠰᠦᠯᠵᠢᠶᠡᠨ ᠭᠠᠳᠠᠨ᠎ᠠ︾ ᠶᠢ ᠤᠶᠠᠯᠳᠤᠭᠤᠯᠬᠤ ᠠᠷᠭ᠎ᠠ ᠬᠡᠯᠪᠡᠷᠢ ᠪᠠᠷ ᠨᠠᠮ ᠤᠨ ᠬᠤᠷᠢᠳᠤᠭᠠᠷ | ᠶᠡᠭᠡ ᠬᠤᠷᠠᠯ ᠤᠨ ᠵᠣᠷᠢᠭ ᠰᠠᠨᠠᠭ᠎ᠠ ᠶᠢ ᠬᠤᠯᠪᠣᠭᠠᠯᠠᠨ ᠪᠠᠶᠢᠭᠤᠯᠵᠤ ᠬᠠᠮᠲᠤ ᠪᠠᠷ ᠰᠤᠷᠤᠯᠴᠠᠬᠤ ᠵᠢᠴᠢ ᠳᠣᠯᠣᠳᠤᠭᠠᠷ | ᠪᠦᠯᠦᠭ ᠤᠯᠤᠰ ᠤᠨ ᠡᠮ ᠤᠨ ᠵᠦᠢᠯ ᠢ ᠲᠥᠪᠯᠡᠷᠡᠭᠦᠯᠦᠨ ᠬᠤᠳᠠᠯᠳᠤᠨ ᠠᠪᠬᠤ ᠶᠢ ᠨᠠᠶᠢᠳᠠᠪᠤᠷᠢᠵᠢᠭᠤᠯᠬᠤ ᠭᠤᠤᠯ | ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠥᠷᠨᠢᠭᠦᠯᠪᠡ᠃ | | | | | | ᠠᠵᠢᠯᠯᠠᠭᠠᠨ ᠤ ᠶᠠᠪᠤᠴᠠ ᠳᠤ᠂ ︽ᠠᠷᠠᠳ ᠲᠦᠮᠡᠨ ᠤ ᠲᠥᠯᠥᠭᠡ︾ ᠭᠡᠬᠦ ᠣᠬᠤᠷ ᠹᠢᠯᠢᠮ ᠢ ᠬᠠᠮᠲᠤ ᠪᠠᠷ | ᠦᠵᠡᠵᠦ᠂ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠲᠦᠮᠡᠨ ᠢᠶᠠᠨ ᠭᠡᠰᠡᠨ ᠭᠦᠨ ᠵᠤᠵᠠᠭᠠᠨ ᠬᠠᠶᠢᠷ᠎ᠠ | ᠰᠡᠳᠬᠢᠯᠭᠡ ᠶᠢ ᠭᠦᠨᠵᠡᠭᠡᠢ ᠣᠶᠢᠯᠠᠭᠠᠪᠠ᠃ ᠥᠪᠡᠷᠲᠡᠭᠡᠨ ᠵᠠᠰᠠᠬᠤ ᠣᠷᠣᠨ ᠤ ᠡᠮ ᠬᠤᠳᠠᠯᠳᠤᠨ ᠠᠪᠬᠤ ᠲᠥᠪ ᠠᠴᠠ | ᠳᠣᠯᠣᠳᠤᠭᠠᠷ ᠪᠦᠯᠦᠭ ᠤᠯᠤᠰ ᠠᠴᠠ ᠲᠥᠪᠯᠡᠷᠡᠭᠦᠯᠦᠨ ᠬᠤᠳᠠᠯᠳᠤᠨ ᠠᠪᠬᠤ ᠡᠮ ᠤᠨ ᠵᠦᠢᠯ ᠢ ᠮᠠᠨ ᠤ ᠣᠷᠣᠨ ᠳᠤ | ᠨᠠᠶᠢᠳᠠᠪᠤᠷᠢᠵᠢᠭᠤᠯᠤᠭᠰᠠᠨ ᠬᠠᠮᠢᠶ᠎ᠠ ᠪᠥᠬᠦᠶ ᠪᠠᠶᠢᠳᠠᠯ ᠢ ᠤᠬᠠᠭᠤᠯᠤᠨ ᠲᠠᠶᠢᠯᠪᠤᠷᠢᠯᠠᠪᠠ᠃ | | | | | | ᠬᠤᠯᠪᠤᠭᠠᠯᠠᠨ ᠳᠠᠭᠠᠭᠠᠴᠢᠯᠠᠭᠰᠠᠨ ᠨᠡᠶᠢᠭᠡᠮ ᠲᠣᠭᠤᠷᠢᠭ ᠤᠨ ᠲᠦᠷ ᠴᠠᠭ ᠤᠨ ᠨᠠᠮ ᠤᠨ ᠡᠭᠦᠷ ᠠᠴᠠ ᠨᠡᠶᠢᠭᠡᠮ | ᠲᠣᠭᠤᠷᠢᠭ ᠤᠨ ᠬᠢᠵᠢᠭ ᠲᠠᠢ ᠲᠡᠮᠡᠴᠡᠬᠦ ᠪᠢᠲᠡᠭᠦᠦ ᠴᠠᠭᠠᠷᠢᠭᠲᠤ ᠵᠢᠵᠢᠭᠦᠷᠯᠡᠨ ᠰᠠᠬᠢᠬᠤ ᠬᠤᠭᠤᠴᠠᠭᠠᠨ ᠳᠤ ᠪᠥᠭᠡᠮ | ᠬᠦᠴᠢᠯ ᠤᠨ ᠪᠠᠢᠴᠠᠭᠠᠯᠲᠠ ᠳᠤ ᠣᠷᠣᠯᠴᠠᠬᠤ᠂ ᠰᠠᠭᠤᠭᠠᠯᠢ ᠠᠷᠠᠳ ᠤᠨ ᠲᠣᠭᠤᠷᠢᠭ ᠲᠤ ᠠᠮᠢᠳᠤᠷᠠᠯ ᠤᠨ ᠡᠳ᠋ ᠪᠣᠳᠠᠰ | ᠲᠠᠷᠬᠠᠭᠠᠬᠤ᠂ ᠰᠠᠭᠤᠭᠠᠯᠢ ᠠᠷᠠᠳ ᠤᠨ ᠲᠣᠭᠤᠷᠢᠭ ᠤᠨ ᠰᠠᠭᠤᠭᠠᠯᠢ ᠠᠷᠠᠳ ᠢ ᠬᠠᠪᠰᠤᠷᠴᠤ ᠡᠮ ᠪᠠ ᠢᠳᠡᠰᠢᠨ | ᠨᠣᠭᠤᠭ᠎ᠠ ᠬᠤᠳᠠᠯᠳᠤᠨ ᠠᠪᠴᠤ ᠥᠭᠬᠦ᠂ ᠰᠠᠭᠤᠭᠠᠯᠢ ᠠᠷᠠᠳ ᠤᠨ ᠲᠣᠭᠤᠷᠢᠭ ᠢ ᠠᠷᠢᠭᠤᠳᠬᠠᠬᠤ ᠵᠡᠷᠭᠡ ᠠᠵᠢᠯ ᠢ | ᠬᠠᠪᠰᠤᠷᠤᠨ ᠰᠠᠶᠢᠲᠤᠷ ᠬᠢᠭᠰᠡᠨ ᠪᠠᠶᠢᠳᠠᠯ ᠢ ᠲᠠᠨᠢᠯᠴᠠᠭᠤᠯᠤᠭᠰᠠᠨ ᠤ ᠬᠠᠮᠲᠤ ᠣᠨᠴᠠᠭᠠᠢ ᠴᠠᠭ ᠣᠶᠢᠶ᠎ᠠ ᠳᠤ᠂ ᠥᠷᠭᠡᠨ | ᠣᠯᠠᠨ ᠨᠠᠮ ᠤᠨ ᠭᠡᠰᠢᠭᠦᠨ ᠺᠠᠳ᠋ᠷ ᠰᠠᠶᠢᠨ ᠳᠤᠷ᠎ᠠ ᠶᠢᠨ ᠦᠢᠯᠡᠴᠢᠯᠡᠭᠡᠨ ᠤ ᠬᠤᠰᠢᠭᠤᠴᠢᠯᠠᠭᠴᠢ ᠡᠩᠨᠡᠭᠡ ᠪᠣᠯᠵᠤ᠂ | ᠠᠷᠠᠳ ᠣᠯᠠᠨ ᠤ ᠠᠮᠢ ᠨᠠᠰᠤ ᠡᠷᠡᠭᠦᠯ ᠮᠡᠨᠳᠦ ᠶᠢ ᠪᠠᠲᠤᠯᠠᠬᠤ ︽ᠡᠭᠦᠳᠡ ᠰᠠᠬᠢᠭᠴᠢ︾ ᠪᠣᠯᠤᠨ᠂ ᠲᠤᠬᠠᠢ ᠶᠢᠨ | ᠭᠠᠵᠠᠷ ᠤᠨ ᠤᠯᠠᠨ ᠲᠦᠮᠡᠨ ᠺᠠᠳ᠋ᠷ ᠲᠠᠢ ᠬᠠᠮᠲᠤ ᠪᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ︽ | ᠬᠠᠮᠠᠭᠠᠯᠠᠯᠲᠠ ᠶᠢᠨ ᠲᠣᠣᠷ︾ ᠢ ᠨᠢᠭᠲᠠ ᠰᠦᠯᠵᠢᠵᠦ᠂ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ | ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ ᠵᠢᠭᠠᠵᠤ ᠭᠠᠷᠭᠠᠭᠰᠠᠨ᠂ ᠤᠷᠤᠭᠰᠢᠯᠠᠯᠲᠠ ᠶᠢᠨ ᠵᠠᠮ ᠳᠤ ᠪᠢᠳᠡ | ᠡᠷᠬᠡᠪᠰᠢ ᠠᠷᠠᠳ ᠲᠦᠮᠡᠨ ᠢᠶᠠᠷ ᠭᠤᠣᠯᠯᠠᠭᠤᠯᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠦᠲᠦᠮᠵᠢᠲᠡᠢ | ᠦᠢᠯᠡᠳᠦᠯᠭᠡᠵᠢᠭᠦᠯᠬᠦ ᠶᠢ ᠪᠠᠷᠢᠮᠲᠠᠯᠠᠬᠤ ᠬᠡᠷᠡᠭᠲᠡᠢ ᠭᠡᠪᠡ᠃ | | | | | | ᠥᠪᠡᠷᠲᠡᠭᠡᠨ ᠵᠠᠰᠠᠬᠤ ᠣᠷᠣᠨ ᠤ ᠡᠮ ᠬᠤᠳᠠᠯᠳᠤᠨ ᠠᠪᠬᠤ ᠲᠥᠪ ᠤᠨ ᠨᠠᠮ ᠤᠨ ᠡᠭᠦᠷ ᠤᠨ ᠱᠦᠵᠢ᠂ | ᠡᠷᠬᠢᠯᠡᠭᠴᠢ ᠯᠢᠦ ᠵᠢᠶᠦ᠋ᠨ᠂ ᠲᠦᠷ ᠴᠠᠭ ᠤᠨ ᠨᠠᠮ ᠤᠨ ᠡᠭᠦᠷ ᠤᠨ ᠨᠠᠮ ᠤᠨ ᠭᠡᠰᠢᠭᠦᠨ ᠤ ᠨᠠᠮᠴᠢ ᠴᠢᠨᠠᠷ ᠪᠣᠯ ᠲᠦᠷ | ᠴᠠᠭ ᠪᠢᠰᠢ᠂ ᠬᠠᠷᠢᠭᠤᠴᠠᠯᠭ᠎ᠠ ᠪᠣᠯ ᠲᠦᠷ ᠴᠠᠭ ᠪᠢᠰᠢ᠂ ᠬᠠᠷᠢᠭᠤᠴᠠᠯᠭ᠎ᠠ ᠡᠭᠦᠷᠭᠡᠯᠡᠵᠦ ᠵᠢᠳᠬᠦᠯ ᠴᠢᠷᠮᠠᠶᠢᠯᠭ᠎ᠠ | ᠭᠠᠷᠭᠠᠬᠤ ᠪᠣᠯ ᠨᠠᠩ ᠴᠤ ᠲᠦᠷ ᠴᠠᠭ ᠪᠢᠰᠢ᠂ ᠨᠠᠮ ᠤᠨ ᠭᠡᠰᠢᠭᠦᠳ ᠪᠣᠳᠠᠲᠤ ᠠᠵᠢᠯᠯᠠᠭ᠎ᠠ ᠪᠠᠷ ᠢᠶᠠᠨ ᠡᠪ ᠬᠠᠮᠲᠤ | ᠨᠠᠮ ᠤᠨ ᠭᠡᠰᠢᠭᠦᠨ ᠤ ᠣᠭ ᠰᠠᠨᠠᠭ᠎ᠠ ᠪᠣᠯᠤᠨ ᠡᠭᠦᠷᠭᠡ ᠬᠠᠷᠢᠭᠤᠴᠠᠯᠭ᠎ᠠ ᠶᠢ ᠲᠠᠶᠢᠯᠪᠤᠷᠢᠯᠠᠵᠤ᠂ ᠪᠣᠳᠠᠲᠤ | ᠠᠵᠢᠯᠯᠠᠭ᠎ᠠ ᠪᠠᠷ ᠢᠶᠠᠨ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠪᠣᠯᠤᠨ ᠪᠡᠶ᠎ᠡ ᠮᠠᠬᠠᠪᠣᠳ ᠤᠨ ᠡᠷᠡᠭᠦᠯ | ᠮᠡᠨᠳᠦ ᠶᠢ ᠰᠠᠬᠢᠨ ᠬᠠᠮᠠᠭᠠᠯᠠᠬᠤ ᠬᠡᠷᠡᠭᠲᠡᠶ᠃ ᠨᠡᠶᠢᠭᠡᠮ ᠲᠣᠭᠤᠷᠢᠭ ᠤᠨ ᠬᠢᠵᠢᠭ ᠲᠠᠢ ᠲᠡᠮᠡᠴᠡᠬᠦ ᠡᠮᠦᠨ᠎ᠡ ᠹᠷᠣᠨᠲ ᠲᠤ | ᠳᠣᠷᠤᠭᠰᠢ ᠪᠠᠭᠤᠭᠰᠠᠨ ᠨᠠᠮ ᠤᠨ ᠭᠡᠰᠢᠭᠦᠨ ᠺᠠᠳ᠋ᠷ ᠪᠣᠯᠤᠨ ᠲᠤᠬᠠᠶᠢᠯᠠᠭᠰᠠᠨ ᠠᠵᠢᠯ ᠤᠨ ᠪᠠᠶᠢᠷᠢ ᠪᠠᠨ ᠪᠠᠲᠤ ᠰᠠᠬᠢᠵᠤ | ᠪᠠᠶᠢᠭ᠎ᠠ ᠨᠠᠮ ᠤᠨ ᠭᠡᠰᠢᠭᠦᠨ ᠺᠠᠳ᠋ᠷ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ | ᠵᠢᠯᠣᠭᠤᠳᠤᠭᠤᠯᠵᠤ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠲᠦᠷᠦᠭᠦᠯᠡᠨ | ᠳᠠᠭᠤᠷᠢᠶᠠᠯ ᠦᠵᠡᠭᠦᠯᠬᠦ ᠦᠢᠯᠡᠳᠦᠯ ᠢᠶᠠᠨ ᠰᠠᠶᠢᠲᠤᠷ ᠪᠠᠳᠠᠷᠠᠭᠤᠯᠵᠤ᠂ ᠰᠢᠳᠤ ᠵᠠᠭᠤᠨ ᠬᠦᠴᠢᠷ ᠪᠡᠷᠬᠡᠰᠢᠶᠡᠯ ᠢ ᠢᠯᠠᠨ | ᠳᠠᠪᠠᠵᠤ᠂ ᠬᠢᠵᠢᠭ ᠢ ᠰᠡᠷᠭᠡᠶᠢᠯᠡᠬᠦ ᠠᠵᠢᠯ ᠪᠣᠯᠤᠨ ᠲᠤᠬᠠᠶᠢᠯᠠᠭᠰᠠᠨ ᠠᠵᠢᠯ ᠢᠶᠠᠨ ᠡᠮᠬᠢ ᠵᠢᠷᠤᠮ ᠲᠠᠢ ᠥᠷᠨᠢᠭᠦᠯᠬᠦ ᠶᠢ | ᠦᠨᠡᠨ ᠬᠦ ᠪᠠᠲᠤᠯᠠᠵᠤ᠂ ᠨᠢᠭᠡ ᠰᠡᠳᠬᠢᠯ ᠢᠶᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠬᠤᠷᠢᠭᠯᠠᠨ | ᠠᠷᠢᠯᠭᠠᠬᠤ ᠳᠠᠶᠢᠯᠠᠯᠳᠤᠭᠠᠨ᠂ ᠰᠥᠨᠥᠭᠡᠬᠦ ᠳᠠᠶᠢᠯᠠᠯᠳᠤᠭᠠᠨ ᠤ ᠢᠯᠠᠯᠲᠠ ᠶᠢ ᠤᠯᠬᠤ ᠬᠡᠷᠡᠭᠲᠡᠢ ᠭᠡᠵᠦ ᠵᠢᠭᠠᠵᠤ | ᠭᠠᠷᠭᠠᠪᠠ᠃ | | | | | | ᠡᠨᠡ ᠤᠳᠠᠭᠠᠨ ᠤ ᠨᠠᠮ ᠤᠨ ᠡᠭᠦᠷ ᠤᠨ ᠬᠤᠯᠪᠤᠭᠠᠯᠠᠨ ᠪᠠᠶᠢᠭᠤᠯᠬᠤ ᠠᠵᠢᠯᠯᠠᠭ᠎ᠠ ᠨᠢ ᠨᠠᠮ ᠤᠨ | ᠪᠠᠶᠢᠭᠤᠯᠤᠯᠲᠠ ᠠᠴᠠ ᠭᠠᠷᠳᠠᠵᠤ᠂ ᠲᠥᠪᠯᠡᠷᠡᠭᠦᠯᠦᠨ ᠬᠤᠳᠠᠯᠳᠤᠨ ᠠᠪᠬᠤ ᠲᠥᠷᠥ ᠶᠢᠨ ᠪᠣᠳᠣᠯᠭ᠎ᠠ ᠶᠢ | ᠤᠬᠠᠭᠤᠯᠬᠤ ᠲᠠᠢ ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ ᠤ ᠡᠮ ᠬᠤᠳᠠᠯᠳᠤᠨ ᠠᠪᠬᠤ ᠲᠥᠪ ᠪᠣᠯᠤᠨ | ᠨᠡᠶᠢᠭᠡᠮ ᠲᠣᠭᠤᠷᠢᠭ ᠤᠨ ᠰᠣᠯᠢᠯᠴᠠᠭᠠᠨ ᠤ ᠲᠠᠪᠴᠠᠩ ᠢ ᠪᠠᠶᠢᠭᠤᠯᠵᠤ᠂ ᠮᠠᠨ ᠤ ᠣᠷᠣᠨ ᠤ ᠡᠮᠴᠢᠯᠡᠭᠡᠨ ᠤ | ᠪᠠᠲᠤᠯᠠᠭ᠎ᠠ ᠶᠢᠨ ᠰᠢᠰᠲ᠋ᠧᠮ ᠤᠨ ᠬᠢᠨ ᠲᠥᠪᠯᠡᠷᠡᠭᠦᠯᠦᠨ ᠬᠤᠳᠠᠯᠳᠤᠨ ᠠᠪᠬᠤ ᠠᠵᠢᠯ ᠢ ᠠᠬᠢᠭᠤᠯᠬᠤ ᠶᠠᠪᠤᠴᠠ ᠳᠤ | ᠵᠣᠷᠢᠭᠲᠠᠶ ᠪᠠᠷ ᠥᠭᠡᠷᠡᠴᠢᠯᠡᠵᠦ ᠵᠥᠪ ᠲᠠᠯ᠎ᠠ ᠶᠢᠨ ᠳᠦᠷᠢ ᠶᠢ ᠤᠬᠠᠭᠤᠯᠤᠨ ᠢᠯᠡᠷᠡᠭᠦᠯᠵᠦ᠂ ᠨᠠᠮ ᠤᠨ ᠬᠤᠷᠢᠳᠤᠭᠠᠷ | ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠪᠣᠳᠠᠲᠠᠶᠢᠵᠢᠭᠤᠯᠬᠤ ᠶᠢ ᠤᠯᠠᠮ ᠨᠢᠭᠡ ᠠᠯᠬᠤᠮ | ᠠᠬᠢᠭᠤᠯᠪᠠ᠃ | | |