ᠡᠯ᠎ᠡ ᠠᠶᠢᠮᠠᠭ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ ᠵᠢᠴᠢ ᠮᠠᠨᠵᠤᠤᠷ ᠬᠤᠲᠠ᠂ ᠡᠷᠢᠶᠡᠨ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ ᠳᠤ᠄ | ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ | ᠤᠯᠠᠮ ᠨᠢᠭᠡ ᠠᠯᠬᠤᠮ ᠬᠦᠴᠦ ᠨᠡᠮᠡᠷᠢᠯᠡᠵᠦ᠂ ᠣᠯᠠᠨ ᠲᠦᠮᠡᠨ ᠤ ᠳᠠᠷᠤᠭᠠᠰᠤ ᠶᠢ ᠬᠥᠩᠭᠡᠷᠡᠭᠦᠯᠬᠦ ᠶᠢᠨ ᠲᠥᠯᠥᠭᠡ᠂ | ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠪᠦᠭᠡᠮ ᠬᠦᠴᠢᠯ ᠤᠨ ᠪᠠᠶᠢᠴᠠᠭᠠᠯᠲᠠ ᠶᠢᠨ ᠦᠨ᠎ᠡ ᠬᠠᠩᠰᠢ ᠶᠢᠨ | ᠲᠥᠷᠥ ᠶᠢᠨ ᠪᠣᠳᠣᠯᠭ᠎ᠠ ᠳᠤ ᠲᠣᠬᠢᠷᠠᠭᠤᠯᠤᠯᠲᠠ ᠬᠢᠬᠦ ᠪᠠᠷ ᠲᠣᠭᠲᠠᠪᠠ᠂ ᠡᠳᠦᠭᠡ ᠬᠤᠯᠪᠣᠭᠳᠠᠯ ᠪᠦᠬᠦᠢ ᠵᠦᠢᠯᠡᠰ ᠢ | ᠳᠣᠣᠷᠠᠬᠢ ᠮᠡᠲᠦ ᠮᠡᠳᠡᠭᠳᠡᠶ᠎ᠡ᠄ | ᠨᠢᠭᠡ᠂ ᠪᠥᠬᠦ ᠣᠷᠣᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠪᠥᠭᠡᠮ ᠬᠦᠴᠢᠯ ᠤᠨ ᠪᠠᠶᠢᠴᠠᠭᠠᠯᠲᠠ | ᠶᠢᠨ ᠦᠨ᠎ᠡ ᠶᠢ ᠲᠠᠬᠢᠨᠲᠠ ᠪᠠᠭᠤᠷᠠᠭᠤᠯᠵᠤ᠂ ᠲᠠᠩ ᠢᠶᠠᠷ ᠪᠠᠶᠢᠴᠠᠭᠠᠬᠤ ᠳᠤ ᠣᠳᠠᠭ᠎ᠠ ᠪᠦᠷᠢ 13 ᠲᠥᠭᠦᠷᠢᠭ ᠂ | ᠬᠤᠯᠢᠯᠳᠤᠭᠤᠯᠤᠨ ᠪᠠᠶᠢᠴᠠᠭᠠᠬᠤ ᠳᠤ ᠤᠳᠠᠭ᠎ᠠ ᠪᠦᠷᠢ 2.5 ᠲᠥᠭᠦᠷᠢᠭ ᠪᠤᠯᠭᠠᠨ ᠲᠤᠬᠢᠷᠠᠭᠤᠯᠵᠤ᠂ ᠰᠦᠢᠳᠭᠡᠯ | ᠬᠤᠷᠢᠶᠠᠬᠤ ᠪᠠᠷᠢᠮᠵᠢᠶᠠᠨ ᠳᠤ ᠬᠤᠷᠤᠭᠳᠠᠯ ᠮᠠᠲ᠋ᠧᠷᠢᠶᠠᠯ᠂ ᠤᠷᠪᠠᠯᠵᠢ ᠡᠳ᠋᠂ ᠥᠯᠢᠭᠡᠷ ᠡᠳ᠋ ᠠᠪᠬᠤ ᠭᠤᠤᠷᠰᠤ᠂ | ᠵᠦᠯᠭᠦᠭᠦᠷ ᠵᠡᠷᠭᠡ ᠶᠢᠨ ᠰᠦᠢᠳᠬᠡᠯ ᠪᠠᠭᠲᠠᠨ᠎ᠠ᠃ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠥᠳᠥᠭᠡᠭᠴᠢ ᠶᠢ | ᠪᠠᠶᠢᠴᠠᠭᠠᠨ ᠰᠢᠯᠭᠠᠬᠤ ᠲᠥᠷᠥᠯ ᠵᠦᠢᠯ ᠤᠨ ᠦᠨ᠎ᠡ ᠬᠠᠩᠰᠢ᠂ ᠡᠰᠡᠷᠭᠦᠴᠡᠭᠴᠢ ᠶᠢ ᠪᠠᠶᠢᠴᠠᠭᠠᠨ ᠰᠢᠯᠭᠠᠬᠤ ᠲᠥᠷᠥᠯ | ᠵᠦᠢᠯ ᠤᠨ ᠦᠨ᠎ᠡ ᠬᠠᠩᠰᠢ ᠪᠠ ᠠᠭᠤᠯᠭ᠎ᠠ ᠶᠢ ᠬᠤᠪᠢᠷᠠᠭᠤᠯᠬᠤ ᠦᠭᠡᠢ᠃ ᠳᠡᠭᠡᠷᠡᠬᠢ ᠲᠥᠷᠥᠯ ᠵᠦᠢᠯ ᠤᠨ ᠦᠨ᠎ᠡ | ᠬᠠᠩᠰᠢ ᠪᠣᠯ ᠬᠠᠮᠤᠭ ᠤᠨ ᠥᠨᠳᠥᠷ ᠬᠢᠵᠠᠭᠠᠷ ᠪᠣᠯᠣᠨ᠎ᠠ᠂ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ | ᠪᠠᠶᠢᠭᠤᠯᠤᠮᠵᠢ ᠶᠢᠨ ᠰᠦᠢᠳᠬᠡᠯ ᠬᠤᠷᠢᠶᠠᠬᠤ ᠪᠠᠷᠢᠮᠵᠢᠶ᠎ᠠ ᠶᠢ ᠥᠰᠬᠡᠵᠦ ᠪᠣᠯᠬᠤ ᠦᠭᠡᠢ᠃ | ᠬᠤᠶᠠᠷ᠂ ᠠᠯᠪᠠᠨ ᠠᠴᠠ ᠪᠠᠶᠢᠭᠤᠯᠤᠭᠰᠠᠨ ᠪᠤᠰᠤ ᠡᠮᠴᠢᠯᠡᠭᠡᠨ ᠤ ᠪᠠᠶᠢᠭᠤᠯᠤᠮᠵᠢ ᠵᠢᠴᠢ ᠠᠨᠠᠭᠠᠬᠤ ᠤᠬᠠᠭᠠᠨ ᠤ | ᠰᠢᠯᠭᠠᠨ ᠪᠠᠶᠢᠴᠠᠭᠠᠬᠤ ᠲᠤᠷᠰᠢᠯᠲᠠ ᠶᠢᠨ ᠲᠠᠰᠤᠭ ᠵᠡᠷᠭᠡ ᠨᠡᠶᠢᠭᠡᠮ ᠤᠨ ᠪᠠᠶᠢᠴᠠᠭᠠᠨ ᠰᠢᠯᠭᠠᠬᠤ ᠪᠠᠶᠢᠭᠤᠯᠤᠮᠵᠢ ᠨᠢ | ᠪᠥᠭᠡᠮ ᠬᠦᠴᠢᠯ ᠤᠨ ᠪᠠᠶᠢᠴᠠᠭᠠᠨ ᠰᠢᠯᠭᠠᠬᠤ ᠦᠢᠯᠡᠴᠢᠯᠡᠭᠡ ᠬᠠᠩᠭᠠᠬᠤ ᠳᠤ᠂ ᠦᠨ᠎ᠡ ᠲᠣᠭᠲᠠᠭᠠᠬᠤ ᠳᠠᠭᠠᠨ ︽ᠲᠥᠪ | ᠭᠤᠥᠯᠴᠢ᠂ ᠬᠠᠤᠯᠢ ᠳᠤ ᠨᠡᠶᠢᠴᠡᠬᠦ ᠪᠠ ᠦᠨᠡᠨᠴᠢ ᠢᠲᠡᠭᠡᠮᠵᠢᠲᠡᠢ ᠪᠠᠶᠢᠬᠤ︾ ᠵᠠᠷᠴᠢᠮ ᠢ ᠵᠢᠷᠤᠮᠯᠠᠵᠤ᠂ ᠪᠡᠯᠡ ᠪᠠᠨ | ᠪᠠᠲᠤᠯᠠᠨ ᠪᠠᠭ᠎ᠠ ᠠᠰᠢᠭ ᠣᠯᠬᠤ ᠂ ᠶᠠᠰᠤ ᠴᠢᠨᠠᠷ ᠦᠨ᠎ᠡ ᠬᠠᠩᠰᠢ ᠨᠢ ᠬᠠᠷᠠᠯᠴᠠᠨ ᠨᠡᠶᠢᠴᠡᠬᠦ ᠶᠢ ᠢᠯᠡᠷᠡᠬᠦᠯᠬᠦ᠂ | ᠲᠤᠬᠠᠢ ᠶᠢᠨ ᠭᠠᠵᠠᠷ ᠤᠨ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠪᠥᠭᠡᠮ ᠬᠦᠴᠢᠯ ᠤᠨ | ᠪᠠᠶᠢᠴᠠᠭᠠᠯᠲᠠ ᠶᠢᠨ ᠦᠨ᠎ᠡ ᠬᠠᠩᠰᠢ ᠪᠠᠷ ᠯᠠᠪᠯᠠᠯᠲᠠ ᠪᠣᠯᠭᠠᠬᠤ ᠶᠢ ᠰᠠᠨᠠᠭᠠᠴᠢᠯᠠᠨ᠎ᠠ ᠃ | ᠭᠤᠷᠪᠠ᠂ ᠡᠪᠡᠳᠴᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ ᠶᠢᠨ ᠬᠤᠷᠢᠶᠠᠭᠰᠠᠨ ᠰᠢᠨ᠎ᠡ | ᠬᠡᠯᠪᠡᠷᠢ ᠶᠢᠨ ᠲᠢᠲᠢᠮᠯᠢᠭ ᠸᠢᠷᠦ᠋ᠰ ᠤᠨ ᠪᠥᠭᠡᠮ ᠬᠦᠴᠢᠯ ᠤᠨ ᠪᠠᠶᠢᠴᠠᠭᠠᠨ ᠰᠢᠯᠭᠠᠬᠤ ᠵᠠᠷᠤᠳᠠᠯ ᠢ ᠵᠠᠰᠠᠭ ᠵᠠᠬᠢᠷᠭ᠎ᠠ | ᠠᠵᠢᠯ ᠦᠢᠯᠡᠰ ᠤᠨ ᠴᠢᠨᠠᠷᠲᠠᠢ ᠰᠦᠢᠳᠬᠡᠯ ᠬᠤᠷᠢᠶᠠᠬᠤ ᠲᠤᠭᠲᠠᠭᠠᠯ ᠶᠣᠰᠣᠭᠠᠷ ᠬᠠᠮᠢᠶᠠᠷᠴᠤ᠂ ᠣᠷᠣᠯᠭ᠎ᠠ | ᠵᠠᠷᠤᠯᠭ᠎ᠠ ᠶᠢ ᠠᠰ ᠲᠤᠨᠢ ᠪᠠᠶᠢᠯᠭᠠᠵᠤ ᠂ ᠰᠦᠢᠳᠬᠡᠯ ᠬᠤᠷᠢᠶᠠᠬᠤ ᠳᠤ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ | ᠲᠣᠭᠲᠠᠭᠠᠭᠰᠠᠨ ᠭᠠᠶᠢᠯᠢ ᠶᠢᠨ ᠪᠤᠰᠤ ᠭᠡᠷᠡᠴᠢ ᠪᠠᠷᠢᠮᠲᠠ ᠶᠢ ᠬᠡᠷᠡᠭᠯᠡᠵᠦ᠂ ᠣᠷᠣᠯᠭ᠎ᠠ ᠶᠢ ᠪᠥᠬᠦ ᠲᠤᠭ᠎ᠠ ᠪᠠᠷ | ᠤᠯᠤᠰ ᠤᠨ ᠬᠥᠮᠥᠷᠭᠡ ᠳᠤ ᠲᠤᠰᠢᠶᠠᠵᠤ᠂ ᠵᠠᠷᠤᠯᠭ᠎ᠠ ᠶᠢ ᠤᠷᠢᠳᠴᠢᠯᠠᠭᠰᠠᠨ ᠲᠥᠰᠥᠪ ᠤᠨ ᠲᠣᠬᠢᠷᠠᠭᠤᠯᠤᠯᠲᠠ | ᠶᠤᠰᠤᠭᠠᠷ ᠬᠡᠷᠡᠭᠯᠡᠨ᠎ᠡ᠃ | ᠳᠥᠷᠪᠡ᠂ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠨᠤᠭᠤᠳ ᠪᠥᠭᠡᠮ ᠬᠦᠴᠢᠯ ᠤᠨ | ᠪᠠᠶᠢᠴᠠᠭᠠᠯᠲᠠ ᠶᠢᠨ ᠦᠢᠯᠡᠴᠢᠯᠡᠭᠡ ᠥᠷᠨᠢᠬᠦᠯᠬᠦ ᠳᠡᠭᠡᠨ ᠲᠠᠩ ᠢᠶᠠᠷ ᠪᠠᠶᠢᠴᠠᠭᠠᠬᠤ ᠪᠠ ᠬᠤᠯᠢᠯᠳᠤᠭᠤᠯᠤᠨ | ᠪᠠᠶᠢᠴᠠᠭᠠᠬᠤ ᠬᠤᠶᠠᠷ ᠵᠦᠢᠯ ᠤᠨ ᠦᠢᠯᠡᠴᠢᠯᠡᠭᠡ ᠶᠢ ᠬᠠᠮᠲᠤ ᠳᠤᠨᠢ ᠬᠠᠩᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠲᠣᠭᠲᠠᠭᠠᠯ ᠳᠤ ᠨᠡᠶᠢᠴᠡᠭᠰᠡᠨ ᠤᠷᠢᠲᠠᠯ ᠳᠣᠣᠷ᠎ᠠ᠂ ᠣᠯᠠᠨ ᠲᠦᠮᠡᠨ ᠤ ᠰᠠᠶᠢᠨ ᠳᠤᠷ᠎ᠠ ᠠᠴᠠ ᠪᠠᠨ | ᠰᠣᠩᠭᠤᠬᠤ ᠶᠢ ᠵᠥᠪᠰᠢᠶᠡᠷᠡᠬᠦ ᠬᠡᠷᠡᠭᠲᠡᠢ᠃ ᠳᠠᠩ ᠭᠠᠭᠴᠠ ᠬᠦᠮᠦᠨ ᠤ ᠪᠦᠭᠡᠮ ᠬᠦᠴᠢᠯ ᠤᠨ ᠪᠠᠶᠢᠴᠠᠭᠠᠯᠲᠠ ᠬᠢᠭᠰᠡᠨ | ᠪᠣᠯ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠨᠢ ᠲᠠᠬᠢᠭᠠᠳ ᠡᠭᠦᠳᠡᠨ ᠡᠮᠨᠡᠯᠭᠡ ᠶᠢᠨ | ᠤᠨᠤᠰᠢᠯᠠᠨ ᠪᠠᠶᠢᠴᠠᠭᠠᠯᠲᠠ ᠶᠢᠨ ᠰᠦᠢᠳᠭᠡᠯ ᠬᠤᠷᠢᠶᠠᠵᠤ ᠪᠣᠯᠬᠤ ᠦᠭᠡᠢ᠃ ᠡᠪᠡᠳᠴᠢᠲᠡᠨ ᠦᠪᠡᠷ ᠢᠶᠠᠨ | ᠦᠲᠦᠭᠡᠭᠴᠢ ᠶᠢᠨ ᠪᠠᠶᠢᠴᠠᠭᠠᠯᠲᠠ ᠬᠢᠭᠰᠡᠨ ᠪᠠᠶᠢᠪᠠᠯ᠂ ᠡᠮᠴᠢᠯᠡᠭᠡᠨ ᠤ ᠪᠠᠶᠢᠭᠤᠯᠤᠮᠵᠢ ᠠᠴᠠ ︽ᠰᠢᠨ᠎ᠡ ᠬᠡᠯᠪᠡᠷᠢ ᠶᠢᠨ | ᠲᠢᠲᠢᠮᠯᠢᠭ ᠸᠢᠷᠦ᠋ᠰ ᠤᠨ ᠦᠳᠦᠭᠡᠭᠴᠢ ᠶᠢ ᠪᠠᠶᠢᠴᠠᠭᠠᠨ ᠰᠢᠯᠭᠠᠬᠤ ᠵᠠᠷᠤᠳᠠᠯ︾ ᠬᠤᠷᠢᠶᠠᠵᠤ ᠪᠣᠯᠬᠤ ᠦᠭᠡᠢ᠃ | ᠲᠠᠪᠤ᠂ ᠠᠯᠪᠠᠨ ᠠᠴᠠ ᠡᠷᠬᠢᠯᠡᠭᠰᠡᠨ ᠡᠮᠴᠢᠯᠡᠭᠡᠨ ᠤ ᠪᠠᠶᠢᠭᠤᠯᠤᠮᠵᠢ ᠨᠢ ᠪᠦᠭᠡᠮ ᠬᠦᠴᠢᠯ ᠤᠨ ᠪᠠᠶᠢᠴᠠᠭᠠᠯᠲᠠ | ᠶᠢᠨ ᠦᠢᠯᠡᠴᠢᠯᠡᠭᠡ ᠬᠠᠩᠭᠠᠵᠤ᠂ ᠲᠤᠰᠬᠠᠢ ᠴᠤᠩᠬᠤ ᠲᠤᠬᠢᠷᠠᠭᠤᠯᠤᠨ᠂ ᠲᠤᠰᠠᠭᠠᠷ ᠤᠷᠤᠨ ᠪᠦᠰᠡ ᠶᠢ ᠨᠡᠭᠡᠭᠡᠨ᠎ᠡ᠃ | ᠲᠤᠲᠤᠭᠠᠲᠤ ᠬᠠᠮᠢᠶᠠᠷᠤᠯᠲᠠ ᠶᠢᠨ ᠶᠠᠪᠤᠴᠠ ᠶᠢ ᠰᠢᠯᠢᠳᠡᠭᠵᠢᠬᠦᠯᠵᠦ᠂ ᠡᠯᠧᠺᠲ᠋ᠤᠨᠴᠢᠯᠡᠭᠰᠡᠨ᠂ ᠰᠤᠷᠠᠭ ᠵᠠᠩᠭᠢᠴᠢᠯᠠᠯᠲᠠ | ᠶᠢᠨ ᠠᠷᠭ᠎ᠠ ᠮᠠᠶ᠋ᠢᠭ ᠢ ᠠᠪᠴᠤ᠂ ᠤᠯᠠᠨ ᠲᠥᠮᠡᠨ ᠳᠤ ᠪᠦᠭᠡᠮ ᠬᠦᠴᠢᠯ ᠤᠨ ᠪᠠᠶᠢᠴᠠᠭᠠᠯᠲᠠ ᠶᠢᠨ ᠦᠷ᠎ᠡ ᠳ᠋ᠦᠩ ᠢ | ᠬᠦᠷᠭᠡᠬᠦ ᠦᠢᠯᠡᠴᠢᠯᠡᠭᠡ ᠬᠠᠩᠭᠠᠬᠤ ᠬᠡᠷᠡᠭᠲᠡᠢ᠃ | ᠵᠢᠷᠭᠤᠭ᠎ᠠ᠂ ᠡᠮᠴᠢᠯᠡᠭᠡᠨ ᠤ ᠪᠠᠶᠢᠭᠤᠯᠤᠮᠵᠢ ᠨᠤᠭᠤᠳ ᠲᠤᠭᠲᠠᠭᠠᠯ ᠶᠤᠰᠤᠭᠠᠷ ᠦᠢᠯᠡᠴᠢᠯᠡᠭᠡ ᠬᠠᠩᠭᠠᠬᠤ ᠶᠢᠨ | ᠬᠠᠮᠲᠤ ᠰᠦᠢᠳᠭᠡᠯ ᠬᠤᠷᠢᠶᠠᠵᠤ᠂ ᠲᠣᠰ ᠪᠡᠶ᠎ᠡ ᠶᠢᠨ ᠦᠨ᠎ᠡ ᠬᠠᠩᠰᠢ ᠪᠠᠨ ᠲᠥᠷᠢᠮᠵᠢᠬᠦᠯᠦᠨ᠂ ᠰᠤᠷᠠᠭ ᠵᠠᠩᠭᠢ ᠶᠢᠨ | ᠰᠢᠰᠲ᠋ᠧᠮ ᠢᠶᠠᠨ ᠰᠢᠨᠡᠴᠢᠯᠡᠨ ᠬᠠᠮᠠᠭᠠᠯᠠᠬᠤ ᠪᠠ ᠦᠨ᠎ᠡ ᠬᠠᠩᠰᠢ ᠶᠢ ᠢᠯᠡ ᠨᠡᠶᠢᠲᠡᠯᠡᠬᠦ ᠵᠡᠷᠭᠡ ᠬᠠᠮᠢᠶ᠎ᠠ ᠪᠦᠬᠦᠢ | ᠠᠵᠢᠯ ᠢ ᠴᠠᠭ ᠲᠤᠬᠠᠢ ᠳᠤ ᠨᠢ ᠰᠠᠶᠢᠲᠤᠷ ᠬᠢᠵᠦ᠂ ᠨᠡᠶᠢᠭᠡᠮ ᠤᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠬᠦ | ᠬᠡᠷᠡᠭᠲᠡᠢ᠃ | ᠲᠣᠰ ᠮᠡᠳᠡᠭᠳᠡᠯ ᠢ 2022 ᠣᠨ ᠤ 12 ᠳ᠋ᠤᠭᠠᠷ ᠰᠠᠷ᠎ᠠ ᠶᠢᠨ 16 ᠤ ᠡᠳᠦᠷ ᠠᠴᠠ ᠡᠬᠢᠯᠡᠨ | ᠬᠡᠷᠡᠭᠵᠢᠭᠦᠯᠦᠨ᠎ᠡ᠃ ᠤᠤᠯ ᠤᠨ ᠲᠦᠷᠦ ᠶᠢᠨ ᠪᠣᠳᠣᠯᠭ᠎ᠠ ᠶᠢᠨ ᠲᠣᠭᠲᠠᠭᠠᠯ ᠨᠢ ᠲᠤᠰ ᠮᠡᠳᠡᠭᠳᠡᠯ ᠲᠠᠢ ᠨᠢᠭᠡᠳᠦᠯ ᠦᠭᠡᠢ | ᠪᠠᠶᠢᠪᠠᠯ᠂ ᠲᠤᠰ ᠮᠡᠳᠡᠭᠳᠡᠯ ᠢᠶᠠᠷ ᠪᠠᠷᠢᠮᠵᠢᠶ᠎ᠠ ᠪᠣᠯᠭᠠᠨ᠎ᠠ᠃ | ᠳᠠᠭᠠᠯᠳᠤᠭᠤᠯᠤᠯ᠄ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠪᠦᠭᠡᠮ ᠬᠦᠴᠢᠯ ᠤᠨ ᠪᠠᠶᠢᠴᠠᠭᠠᠯᠲᠠ ᠶᠢᠨ | ᠦᠨ᠎ᠡ ᠬᠠᠩᠰᠢ ᠶᠢᠨ ᠬᠦᠰᠦᠨᠦᠭᠲᠦ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠤᠪᠴᠢᠶ᠎ᠠ | ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ | ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ | ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ | 2022 ᠣᠨ ᠤ 12 ᠳ᠋ᠤᠭᠠᠷ ᠰᠠᠷ᠎ᠠ ᠶᠢᠨ 6 ᠤ ᠡᠳᠦᠷ | |