12 ᠳ᠋ᠤᠭᠠᠷ ᠰᠠᠷ᠎ᠠ ᠶᠢᠨ 13 ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ | ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ | ᠳᠠᠷᠤᠭ᠎ᠠ ᠶᠢᠨ ᠮᠠᠨ ᠢ ᠨᠥᠬᠦᠷ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ | ᠤᠬᠠᠭᠤᠯᠵᠤ ᠲᠤᠭᠤᠰᠢᠯᠠᠭᠤᠯᠬᠤ ᠲᠣᠭᠤᠷᠢᠨ ᠳᠤ ︽ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ | ᠨᠠᠮ ᠤᠨ ᠬᠤᠷᠢᠳᠤᠭᠠᠷ ᠶᠡᠭᠡ ᠬᠤᠷᠠᠯ ᠤᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠡᠷᠡᠮᠡᠬᠡᠶᠢᠯᠡᠨ ᠤᠷᠤᠭᠰᠢᠯᠠᠵᠤ ᠰᠢᠨ᠎ᠡ ᠠᠶᠠᠨ ᠵᠠᠮ ᠳᠤ ᠡᠮᠴᠢᠯᠡᠭᠡᠨ ᠤ ᠪᠠᠲᠤᠯᠠᠭ᠎ᠠ ᠶᠢᠨ | ᠦᠢᠯᠡᠰ ᠢ ᠬᠥᠭᠵᠢᠭᠦᠯᠬᠦ ᠰᠢᠨ᠎ᠡ ᠬᠠᠭᠤᠳᠠᠰᠤ ᠶᠢ ᠪᠢᠴᠢᠭᠯᠡᠰᠦᠭᠡᠢ︾ ᠭᠡᠬᠦ ᠰᠡᠳᠦᠪ ᠢᠶᠠᠷ ᠲᠣᠪᠴᠢᠶᠠᠨ ᠤ | ᠰᠢᠰᠲ᠋ᠧᠮ ᠤᠨ ᠪᠥᠬᠦ ᠨᠠᠮ ᠤᠨ ᠭᠡᠰᠢᠭᠦᠨ ᠺᠠᠳ᠋ᠷ ᠠᠵᠢᠯᠲᠠᠨ ᠳᠤ ᠲᠤᠰᠬᠠᠶ ᠰᠡᠳᠦᠪᠲᠦ ᠨᠠᠮ ᠤᠨ ᠬᠢᠴᠢᠶᠡᠯ ᠣᠷᠣᠪᠠ᠃ | | | | | | ᠶᠢᠨ ᠮᠠᠨ ᠢ ᠲᠡᠦᠬᠡ ᠶᠢᠨ ᠰᠠᠨᠠᠭᠠᠴᠢᠯᠠᠭ᠎ᠠ ᠶᠢ ᠴᠢᠩᠭᠠᠳᠬᠠᠵᠤ᠂ ᠥᠩᠭᠡᠷᠡᠭᠰᠡᠨ ᠲᠠᠪᠤᠨ ᠵᠢᠯ ᠤᠨ ᠠᠵᠢᠯ ᠪᠣᠯᠤᠨ | ᠰᠢᠨ᠎ᠡ ᠴᠠᠭ ᠦᠶ᠎ᠡ ᠶᠢᠨ ᠠᠷᠪᠠᠨ ᠵᠢᠯ ᠤᠨ ᠠᠭᠤᠤ ᠶᠡᠭᠡ ᠬᠤᠪᠢᠰᠤᠯᠲᠠ ᠠᠴᠠ ᠤᠶᠤᠨ ᠤᠬᠠᠭᠠᠨ ᠪᠠ ᠬᠦᠴᠦᠨ | ᠴᠢᠳᠠᠯ ᠢ ᠣᠯᠬᠤ︔ ᠤᠨᠤᠯ ᠢᠶᠠᠷ ᠵᠡᠪᠰᠡᠭᠯᠡᠬᠦ ᠶᠢ ᠴᠢᠩᠭᠠᠳᠬᠠᠵᠤ᠂ ᠳᠤᠮᠳᠠᠳᠤ ᠤᠯᠤᠰᠴᠢᠯᠠᠭᠰᠠᠨ ᠴᠠᠭ | ᠦᠶᠡᠴᠢᠯᠡᠭᠰᠡᠨ ᠮᠠᠷᠺᠰ ᠤᠨ ᠦᠵᠡᠯ ᠢᠶᠠᠷ ᠦᠵᠡᠯ ᠰᠠᠨᠠᠭ᠎ᠠ ᠪᠠ ᠦᠢᠯᠡᠳᠦᠯᠭᠡ ᠶᠢ ᠵᠢᠯᠣᠭᠤᠳᠤᠭᠤᠯᠬᠤ ᠶᠢ | ᠪᠠᠷᠢᠮᠲᠠᠯᠠᠬᠤ︔ ᠬᠦᠰᠡᠯᠡᠩ ᠢᠲᠡᠭᠡᠯ ᠪᠢᠰᠢᠷᠡᠯ ᠢᠶᠠᠨ ᠲᠣᠭᠲᠠᠭᠠᠵᠤ᠂ ᠰᠢᠨ᠎ᠡ ᠴᠠᠭ ᠦᠶ᠎ᠡ ᠰᠢᠨ᠎ᠡ ᠠᠶᠠᠨ ᠳᠤ | ᠳᠤᠮᠳᠠᠳᠤ ᠤᠯᠤᠰ ᠤᠨ ᠡᠪ ᠬᠠᠮᠲᠤ ᠨᠠᠮ ᠤᠨ ᠡᠭᠦᠷᠭᠡ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠤᠢᠢᠯᠠᠭᠠᠨ ᠡᠵᠡᠮᠳᠡᠬᠦ︔ | ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠨᠡᠶᠢᠭᠡᠮ ᠵᠢᠷᠤᠮᠲᠤ ᠣᠳᠣᠬᠢᠴᠢᠯᠠᠭᠰᠠᠨ | ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ ᠡᠭᠦᠷᠭᠡ ᠪᠠ | ᠪᠠᠶᠢᠷᠢᠯᠠᠭᠤᠯᠤᠯᠲᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ︔ ᠬᠠᠷᠢᠭᠤᠴᠠᠯᠭ᠎ᠠ ᠡᠭᠦᠷᠭᠡᠯᠡᠯ ᠢᠶᠠᠨ | ᠴᠢᠩᠭᠠᠳᠬᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ | ᠡᠮᠴᠢᠯᠡᠭᠡᠨ ᠤ ᠪᠠᠲᠤᠯᠠᠭ᠎ᠠ ᠶᠢᠨ ᠠᠵᠢᠯ ᠤᠨ ᠴᠢᠨᠠᠷᠯᠢᠭ ᠬᠥᠭᠵᠢᠯᠲᠡ ᠶᠢ ᠠᠬᠢᠭᠤᠯᠬᠤ ᠠᠮᠢᠳᠤᠯᠢᠭ ᠦᠢᠯᠡᠳᠦᠯᠭᠡ | ᠪᠣᠯᠭᠠᠨ ᠬᠦᠴᠦᠯᠡᠨ ᠬᠤᠪᠢᠷᠠᠭᠤᠯᠬᠤ ᠵᠡᠷᠭᠡ ᠲᠠᠪᠤᠨ ᠲᠠᠯ᠎ᠠ ᠠᠴᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ | ᠰᠠᠨᠠᠭ᠎ᠠ ᠶᠢ ᠭᠦᠨᠵᠡᠭᠡᠶ ᠪᠥᠭᠡᠳ ᠨᠠᠷᠢᠯᠢᠭ ᠤᠬᠠᠭᠤᠯᠤᠨ ᠲᠠᠶᠢᠯᠪᠤᠷᠢᠯᠠᠪᠠ᠃ | | | | | | ᠶᠢᠨ ᠮᠠᠨ ᠢ᠂ ᠳᠣᠪᠴᠢᠶᠠᠨ ᠤ ᠪᠦᠬᠦ ᠨᠠᠮ ᠤᠨ ᠭᠡᠰᠢᠭᠦᠨ ᠺᠠᠳ᠋ᠷ ᠠᠵᠢᠯᠳᠠᠨ ᠨᠠᠮ ᠤᠨ ᠬᠤᠷᠢᠳᠤᠭᠠᠷ ᠶᠡᠭᠡ | ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠵᠤ ᠲᠤᠭᠤᠰᠢᠯᠠᠭᠤᠯᠤᠨ᠂ ︽ᠬᠤᠶᠠᠷ ᠢ | ᠳᠣᠭᠲᠠᠭᠠᠭᠰᠠᠨ︾ ᠢ ᠡᠷᠡᠰ ᠬᠠᠮᠠᠭᠠᠯᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠢ᠃ | ᠤᠯᠤᠰ ᠲᠦᠷᠦ ᠶᠢᠨ ᠪᠠᠶᠢᠭᠤᠯᠭ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ | ᠵᠣᠷᠢᠭ ᠰᠠᠨᠠᠭ᠎ᠠ ᠶᠢ ᠡᠮᠴᠢᠯᠡᠭᠡᠨ ᠤ ᠪᠠᠲᠤᠯᠠᠭ᠎ᠠ ᠶᠢᠨ ᠠᠵᠢᠯ ᠤᠨ ᠡᠯ᠎ᠡ ᠲᠠᠯ᠎ᠠ ᠪᠦᠬᠦ ᠶᠠᠪᠤᠴᠠ ᠳᠤ ᠴᠢᠷᠮᠠᠶᠢᠨ | ᠨᠠᠶᠢᠳᠠᠪᠤᠷᠢᠵᠢᠭᠤᠯᠵᠤ᠂ ︽ᠨᠢᠭᠡᠳᠦᠭᠡᠷ ᠵᠢᠭᠰᠠᠭᠠᠯ︾ ᠤᠨ ᠠᠵᠢᠯ ᠢ ᠦᠨᠡᠨ ᠬᠦ ᠰᠠᠶᠢᠲᠤᠷ ᠬᠢᠵᠦ᠂ ︽ᠭᠤᠷᠪᠠᠨ | ᠦᠯᠢᠭᠡᠷ ᠳᠠᠭᠤᠷᠢᠶᠠᠯ︾ ᠪᠣᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠪᠣᠳᠠᠲᠤ ᠪᠠᠶᠢᠳᠠᠯ ᠳᠤ ᠰᠠᠭᠤᠷᠢᠯᠠᠨ᠂ | ᠪᠦᠬᠦ ᠠᠷᠠᠳ ᠢ ᠬᠠᠮᠤᠷᠤᠭᠰᠠᠨ᠂ ᠬᠤᠲᠠ ᠬᠥᠳᠡᠭᠡ ᠶᠢ ᠨᠢᠭᠡᠳᠦᠯᠲᠡᠶ ᠲᠥᠯᠦᠪᠵᠢᠭᠦᠯᠦᠭᠰᠡᠨ᠂ ᠭᠤᠣᠯᠴᠢ ᠪᠥᠭᠡᠳ | ᠨᠢᠭᠡᠳᠦᠯᠲᠡᠶ᠂ ᠠᠶᠤᠯ ᠦᠭᠡᠶ ᠪᠥᠭᠡᠳ ᠵᠢᠷᠤᠮᠵᠢᠯ ᠲᠠᠢ᠂ ᠦᠷᠭᠦᠯᠵᠢᠯᠡᠭᠰᠡᠨ ᠣᠯᠠᠨ ᠳᠡᠰ ᠳᠠᠪᠬᠤᠷᠭᠠᠲᠤ | ᠡᠮᠴᠢᠯᠡᠭᠡᠨ ᠤ ᠪᠠᠲᠤᠯᠠᠭ᠎ᠠ ᠶᠢᠨ ᠳᠣᠭᠲᠠᠯᠴᠠᠭ᠎ᠠ ᠶᠢ ᠥᠳᠲᠡᠷ ᠲᠦᠷᠭᠡᠨ ᠲᠡᠭᠦᠯᠳᠡᠷᠵᠢᠭᠦᠯᠬᠦ ᠬᠡᠷᠡᠭᠲᠡᠶ ᠭᠡᠵᠦ | ᠴᠢᠬᠤᠯᠠᠴᠢᠯᠠᠪᠠ᠃ | ᠶᠢᠨ ᠮᠠᠨ ᠢ᠂ ᠳᠣᠪᠴᠢᠶᠠᠨ ᠤ ᠪᠦᠬᠦ ᠨᠠᠮ ᠤᠨ ᠭᠡᠰᠢᠭᠦᠨ ᠺᠠᠳ᠋ᠷ ᠠᠵᠢᠯᠲᠠᠨ ᠡᠷᠬᠡᠪᠰᠢ ᠨᠠᠮ ᠤᠨ ᠬᠤᠷᠢᠳᠤᠭᠠᠷ | ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠶᠢ ᠲᠡᠷᠢᠭᠦᠨ ᠴᠢᠬᠤᠯᠠ ᠤᠯᠤᠰ | ᠲᠥᠷᠥ ᠶᠢᠨ ᠡᠭᠦᠷᠭᠡ ᠪᠠ ᠲᠡᠷᠢᠭᠦᠨ ᠴᠢᠬᠤᠯᠠ ᠶᠡᠭᠡ ᠶᠠᠪᠤᠳᠠᠯ ᠪᠣᠯᠭᠠᠵᠤ᠂ ᠲᠠᠨᠢᠯᠲᠠ ᠢᠶᠠᠨ ᠳᠠᠬᠢᠨ | ᠳᠡᠭᠡᠭᠰᠢᠯᠡᠭᠦᠯᠵᠦ᠂ ᠰᠤᠷᠤᠯᠴᠠᠯᠭ᠎ᠠ ᠢᠶᠠᠨ ᠳᠠᠬᠢᠨ ᠭᠦᠨᠵᠡᠭᠡᠶᠢᠷᠡᠭᠦᠯᠵᠦ᠂ ᠤᠬᠠᠭᠤᠯᠭ᠎ᠠ ᠳᠤ ᠳᠠᠬᠢᠨ ᠰᠡᠳᠬᠢᠯ | ᠲᠠᠯᠪᠢᠵᠤ᠂ ᠨᠠᠶᠢᠳᠠᠪᠤᠷᠢᠵᠢᠭᠤᠯᠬᠤ ᠪᠠᠷ ᠳᠠᠬᠢᠨ ᠬᠦᠴᠦᠯᠡᠵᠦ᠂ ᠢᠲᠡᠭᠡᠯ ᠵᠣᠷᠢᠭ ᠢᠶᠠᠨ ᠪᠠᠲᠤᠳᠬᠠᠵᠤ᠂ ᠨᠢᠭᠡ | ᠰᠡᠳᠬᠢᠯ ᠨᠢᠭᠡ ᠵᠣᠷᠢᠭ ᠢᠶᠠᠷ ᠴᠢᠷᠮᠠᠶᠢᠨ ᠰᠢᠨ᠎ᠡ ᠴᠠᠭ ᠦᠶ᠎ᠡ ᠶᠢᠨ ᠰᠢᠯᠭᠠᠯᠲᠠ ᠳᠤ ᠣᠷᠣᠯᠴᠠᠬᠤ ᠵᠠᠮ ᠢᠶᠠᠷ ᠰᠠᠶᠢᠲᠤᠷ | ᠵᠠᠮᠨᠠᠵᠤ᠂ ᠨᠠᠩ ᠰᠢᠯᠢᠳᠡᠭ ᠠᠵᠢᠯ ᠤᠨ ᠬᠢᠷᠢ ᠪᠦᠲᠦᠮᠵᠢ ᠪᠠᠷ ᠨᠠᠮ ᠪᠠ ᠠᠷᠠᠳ ᠲᠦᠮᠡᠨ ᠳᠤ ᠨᠢᠭᠡᠨ ᠬᠤᠪᠢ | ᠡᠮᠴᠢᠯᠡᠭᠡᠨ ᠤ ᠪᠠᠲᠤᠯᠠᠭ᠎ᠠ ᠶᠢᠨ ᠬᠠᠨᠤᠮᠵᠢᠲᠠᠶ ᠬᠠᠷᠢᠭᠤᠯᠲᠠ ᠶᠢᠨ ᠬᠠᠭᠤᠳᠠᠰᠤ ᠶᠢ ᠲᠤᠰᠢᠶᠠᠬᠤ ᠬᠡᠷᠡᠭᠲᠡᠶ ᠭᠡᠵᠦ | ᠱᠠᠭᠠᠷᠳᠠᠪᠠ᠃ | |