2022 ᠣᠨ ᠤ 12 ᠳ᠋ᠤᠭᠠᠷ ᠰᠠᠷ᠎ᠠ ᠶᠢᠨ 13 ᠤ ᠡᠳᠦᠷ ᠤᠨ 0 ᠴᠠᠭ ᠠᠴᠠ 24 ᠴᠠᠭ ᠪᠤᠯᠲᠠᠯᠠᠭᠢ ᠥᠪᠥᠷ ᠮᠣᠩᠭᠤᠯ ᠣᠷᠣᠨ ᠳᠠᠬᠢ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ
ᠨᠡᠶᠢᠲᠡᠯᠡᠭᠰᠡᠨ ᠴᠠᠭ᠄
2022/12/14
    2022 ᠣᠨ ᠤ 12 ᠳ᠋ᠤᠭᠠᠷ ᠰᠠᠷ᠎ᠠ ᠶᠢᠨ 13 ᠤ ᠡᠳᠦᠷ ᠤᠨ 0 ᠴᠠᠭ ᠠᠴᠠ 24 ᠴᠠᠭ ᠪᠤᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ 13 ᠨᠡᠮᠡᠭᠳᠡᠨ ︵ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠠᠴᠠ ᠲᠣᠳᠣᠯᠠᠭᠰᠠᠨ ᠡᠪᠡᠳᠴᠢᠨ ᠤ ᠵᠢᠱᠢᠶ᠎ᠡ ᠪᠣᠯᠤᠭᠰᠠᠨ 1 ᠡᠪᠡᠳᠴᠢᠲᠡᠨ ᠪᠠᠭᠲᠠᠨ᠎ᠠ︶᠂ ᠢᠯᠠᠷᠢᠰᠢᠵᠤ ᠡᠮᠨᠡᠯᠭᠡ ᠠᠴᠠ ᠭᠠᠷᠤᠭᠰᠠᠨ ᠡᠪᠡᠳᠴᠢᠨ ᠤ ᠵᠢᠱᠢᠶ᠎ᠡ 67 ᠨᠡᠮᠡᠭᠳᠡᠵᠦ᠂ ᠣᠲᠣ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ 257 ᠪᠣᠢ᠃ ᠲᠤᠬᠠᠢ ᠶᠢᠨ ᠡᠳᠦᠷ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 16 ᠨᠡᠮᠡᠭᠳᠡᠵᠦ᠂ ᠠᠨᠠᠭᠠᠬᠤ ᠤᠬᠠᠭᠠᠨ ᠤ ᠠᠵᠢᠭᠯᠠᠯᠲᠠ ᠠᠴᠠ ᠭᠠᠷᠭᠠᠭᠰᠠᠨ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 333 ᠪᠣᠢ᠃    ᠲᠤᠬᠠᠢ ᠶᠢᠨ ᠡᠳᠦᠷ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠰᠢᠨ᠎ᠡ ᠪᠠᠷ ᠨᠡᠮᠡᠭᠳᠡᠭᠰᠡᠨ ᠦᠭᠡᠢ᠂ ᠲᠣᠳᠣᠯᠠᠭᠰᠠᠨ ᠡᠪᠡᠳᠴᠢᠨ ᠤ ᠵᠢᠱᠢᠶ᠎ᠡ 2 ᠨᠡᠮᠡᠭᠳᠡᠵᠦ ︵ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠠᠴᠠ ᠲᠣᠳᠣᠯᠠᠭᠰᠠᠨ ᠡᠪᠡᠳᠴᠢᠨ ᠤ ᠵᠢᠱᠢᠶ᠎ᠡ ᠪᠣᠯᠤᠭᠰᠠᠨ 1 ᠡᠪᠡᠳᠴᠢᠲᠡᠨ ᠪᠠᠭᠲᠠᠨ᠎ᠠ︶᠂ ᠴᠥᠮ ᠨᠡᠶᠢᠰᠯᠡᠯ ᠤᠨ ᠨᠢᠰᠬᠡᠯ ᠤᠨ ᠪᠠᠭᠤᠳᠠᠯ ᠤᠨ ᠤᠯᠠᠨ ᠤᠯᠤᠰ ᠤᠨ ᠡᠭᠡᠯᠵᠢ ᠶᠢᠨ ᠨᠢᠰᠬᠡᠯ ᠤᠨ ᠬᠤᠪᠢᠶᠠᠷᠢᠯᠠᠯᠲᠠ ᠪᠠᠷ ᠭᠦᠭᠡᠬᠤᠳᠠ  ᠶᠢᠨ ᠴᠠᠭᠠᠨ ᠰᠤᠪᠤᠷᠭ᠎ᠠ ᠤᠯᠠᠨ ᠤᠯᠤᠰ ᠤᠨ ᠨᠢᠰᠬᠡᠯ ᠤᠨ ᠪᠠᠭᠤᠳᠠᠯ ᠳᠤ ᠪᠠᠭᠤᠭᠰᠠᠳ ᠪᠣᠯᠣᠨ᠎ᠠ᠃ 
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号