ᠮᠡᠳᠡᠭᠳᠡᠯ
ᠨᠡᠶᠢᠲᠡᠯᠡᠭᠰᠡᠨ ᠴᠠᠭ᠄
2022/12/22
  ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠵᠠᠷᠯᠢᠭ ᠪᠣᠯᠬᠤ 2 ᠳ᠋ᠤᠭᠠᠷ ᠲᠣᠭᠠᠲᠤ ︽ᠡᠮᠴᠢᠯᠡᠭᠡᠨ ᠤ ᠪᠠᠶᠢᠭᠤᠯᠤᠮᠵᠢ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠭᠲᠠᠭᠰᠠᠨ ᠴᠡᠭ ᠤᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾᠂ 3 ᠳ᠋ᠤᠭᠠᠷ ᠲᠣᠭᠠᠲᠤ ︽ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠤᠨ ᠡᠮᠴᠢᠯᠡᠭᠡᠨ ᠤ ᠪᠠᠲᠤᠯᠠᠭ᠎ᠠ ᠶᠢᠨ ᠲᠣᠭᠲᠠᠭᠰᠠᠨ ᠴᠡᠭ ᠤᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ᠶᠢᠨ ᠲᠣᠭᠲᠠᠭᠠᠯ ᠶᠣᠰᠣᠭᠠᠷ᠂ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ︵ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ︶ ᠨᠢ ︽ᠡᠮ ᠡᠮᠨᠡᠯᠭᠡ ᠶᠢᠨ ᠳᠠᠭᠠᠳᠬᠠᠯ ᠤᠨ ᠭᠡᠷ᠎ᠡ ᠶᠢᠨ ᠬᠠᠮᠢᠶᠠᠷᠤᠯᠲᠠ ᠶᠢᠨ ᠱᠠᠭᠠᠷᠳᠠᠯᠭ᠎ᠠ ᠳᠤ ᠨᠡᠶᠢᠴᠡᠭᠰᠡᠨ ᠰᠤᠷᠠᠭ ᠵᠠᠩᠭᠢ ᠶᠢᠨ ᠰᠢᠰᠲ᠋ᠧᠮ ᠤᠨ ᠮᠡᠷᠭᠡᠵᠢᠯ ᠪᠠ ᠬᠤᠯᠪᠤᠭᠠᠰᠤ ᠶᠢᠨ ᠪᠠᠷᠢᠮᠵᠢᠶ᠎ᠠ ᠶᠢ ᠪᠦᠷᠢᠳᠦᠭᠦᠯᠵᠦ᠂ ᠡᠮᠴᠢᠯᠡᠭᠡᠨ ᠤ ᠳᠠᠭᠠᠳᠬᠠᠯ ᠤᠨ ᠰᠤᠷᠠᠭ ᠵᠠᠩᠭᠢ ᠶᠢᠨ ᠰᠢᠰᠲ᠋ᠧᠮ ᠯᠦᠭᠡ ᠪᠦᠲᠦᠮᠵᠢᠲᠡᠶ ᠵᠣᠯᠭᠠᠭᠤᠯᠬᠤ ᠶᠢ ᠪᠡᠶᠡᠯᠡᠭᠦᠯᠦᠨ᠂ ᠳᠠᠭᠠᠳᠬᠠᠯ ᠳᠤ ᠪᠦᠷᠢᠳᠭᠡᠬᠦᠯᠦᠭᠰᠡᠳ ᠲᠤ ᠰᠢᠭᠤᠳ ᠰᠦᠯᠵᠢᠶ᠎ᠡ ᠪᠠᠷ ᠳ᠋ᠦᠩᠨᠡᠨ ᠪᠤᠳᠤᠬᠤ ᠶᠢ ᠪᠡᠶᠡᠯᠡᠬᠦᠯᠬᠦ ᠬᠡᠷᠡᠭᠲᠡᠢ︾ ︽ᠭᠠᠷᠲᠠᠨ ᠭᠦᠢᠴᠡᠳᠬᠡᠬᠦ ᠪᠠᠶᠢᠭᠤᠯᠤᠮᠵᠢ ᠨᠢ ᠨᠡᠶᠢᠭᠡᠮ ᠳᠤ ᠡᠮ ᠡᠮᠨᠡᠯᠭᠡ ᠶᠢᠨ ᠳᠠᠭᠠᠳᠬᠠᠯ ᠤᠨ ᠰᠤᠷᠠᠭ ᠵᠠᠩᠭᠢ ᠶᠢᠨ ᠰᠢᠰᠲ᠋ᠧᠮ ᠤᠨ ᠲᠤᠭ᠎ᠠ ᠪᠠᠷᠢᠮᠲᠠ ᠶᠢᠨ ᠴᠤᠭᠯᠠᠷᠠᠯ ᠪᠠ ᠬᠤᠯᠪᠤᠭᠠᠰᠤ ᠶᠢᠨ ᠪᠠᠷᠢᠮᠵᠢᠶ᠎ᠠ ᠶᠢ ᠢᠯᠡ ᠪᠣᠯᠭᠠᠨ᠎ᠠ᠃ ᠲᠣᠭᠲᠠᠭᠰᠠᠨ ᠴᠡᠭ ᠤᠨ ᠡᠮᠴᠢᠯᠡᠭᠡᠨ ᠤ ᠪᠠᠶᠢᠭᠤᠯᠤᠮᠵᠢ ︵ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ︶ ᠨᠢ ᠡᠮ ᠡᠮᠨᠡᠯᠭᠡ ᠶᠢᠨ ᠳᠠᠭᠠᠳᠬᠠᠯ ᠯᠤᠭ᠎ᠠ ᠵᠣᠯᠭᠠᠭᠤᠯᠤᠭᠰᠠᠨ ᠬᠤᠯᠪᠣᠭᠳᠠᠯ ᠪᠦᠬᠦᠢ ᠰᠤᠷᠠᠭ ᠵᠠᠩᠭᠢ ᠶᠢᠨ ᠰᠢᠰᠲ᠋ᠧᠮ ᠤᠨ ᠠᠵᠢᠯᠯᠠᠭ᠎ᠠ ᠪᠠ ᠬᠠᠩᠭᠠᠯᠭ᠎ᠠ ᠶᠢᠨ ᠬᠤᠳᠠᠯᠳᠤᠭᠠᠴᠢᠨ ᠢ ᠬᠠᠮᠠᠭᠠᠯᠠᠬᠤ ᠪᠠᠨ ᠦᠪᠡᠷᠲᠡᠭᠡᠨ ᠰᠣᠩᠭᠤᠨ᠎ᠠ᠃ ᠭᠠᠷᠳᠠᠨ ᠬᠢᠬᠦ ᠪᠠᠶᠢᠭᠤᠯᠤᠮᠵᠢ ᠶᠠᠮᠠᠷ ᠴᠤ ᠨᠡᠷ᠎ᠡ ᠪᠠᠷ ᠶᠠᠮᠠᠷ ᠨᠢᠭᠡᠨ ᠰᠦᠢᠳᠬᠡᠯ ᠬᠤᠷᠢᠶᠠᠬᠤ ᠪᠠ ᠬᠠᠩᠭᠠᠯᠭ᠎ᠠ ᠶᠢᠨ ᠬᠤᠳᠠᠯᠳᠤᠭᠠᠴᠢᠨ ᠢ ᠵᠢᠭᠠᠨ ᠲᠣᠭᠲᠠᠭᠠᠵᠤ ᠪᠣᠯᠬᠤ ᠦᠭᠡᠢ︾ ᠭᠡᠵᠦ ᠲᠣᠭᠲᠠᠭᠠᠵᠠᠢ᠃  ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠨᠢ 2021 ᠣᠨ ᠤ 11 ᠳ᠋ᠦ᠋ᠭᠡᠷ ᠰᠠᠷ᠎ᠠ ᠳᠤ ᠪᠥᠬᠦ ᠣᠷᠣᠨ ᠤ ᠬᠡᠪᠴᠢᠶᠡᠨ ᠳᠤ ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠰᠣᠷᠠᠭ ᠵᠠᠩᠭᠢ ᠶᠢᠨ ᠲᠠᠪᠴᠠᠩ ᠢ ᠰᠦᠯᠵᠢᠶᠡᠨ ᠳᠤ ᠤᠷᠤᠭᠤᠯᠵᠤ᠂ ᠲᠣᠭᠲᠠᠭᠰᠠᠨ ᠴᠡᠭ ᠤᠨ ᠡᠮᠴᠢᠯᠡᠭᠡᠨ ᠤ ᠪᠠᠶᠢᠭᠤᠯᠤᠮᠵᠢ ︵ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ︶ ᠳᠤ ᠡᠮ ᠡᠮᠨᠡᠯᠭᠡ ᠶᠢᠨ ᠳᠠᠭᠠᠳᠬᠠᠯ ᠤᠨ ᠰᠤᠷᠠᠭ ᠵᠠᠩᠭᠢ ᠶᠢᠨ ᠰᠢᠰᠲ᠋ᠧᠮ ᠤᠨ ᠲᠤᠭ᠎ᠠ ᠪᠠᠷᠢᠮᠲᠠ ᠶᠢᠨ ᠴᠤᠭᠯᠠᠷᠠᠯ ᠪᠠ ᠬᠤᠯᠪᠤᠭᠠᠰᠤ ᠶᠢᠨ ᠪᠠᠷᠢᠮᠵᠢᠶ᠎ᠠ ᠶᠢ ᠰᠦᠢᠳᠬᠡᠯ ᠬᠤᠷᠢᠶᠠᠬᠤ ᠦᠭᠡᠢ ᠪᠠᠷ ᠨᠡᠭᠡᠭᠡᠵᠦ᠂ ᠶᠠᠮᠠᠷᠪᠠ ᠠᠵᠤ ᠠᠬᠤᠶᠢᠯᠠᠯ ᠤᠨ ᠬᠤᠯᠪᠤᠭᠠᠰᠤ ᠶᠢ ᠵᠣᠯᠭᠠᠭᠤᠯᠬᠤ ᠨᠡᠷ᠎ᠡ ᠪᠠᠷ ᠲᠣᠭᠲᠠᠭᠰᠠᠨ ᠴᠡᠭ ᠤᠨ ᠡᠮᠴᠢᠯᠡᠭᠡᠨ ᠤ ᠪᠠᠶᠢᠭᠤᠯᠤᠮᠵᠢ ︵ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ︶ ᠠᠴᠠ ᠰᠦᠢᠳᠬᠡᠯ ᠬᠤᠷᠢᠶᠠᠬᠤ ᠶᠢ ᠵᠥᠪᠰᠢᠶᠡᠷᠡᠬᠦ ᠦᠭᠡᠢ᠃  ᠲᠣᠭᠲᠠᠭᠰᠠᠨ ᠴᠡᠭ ᠤᠨ ᠡᠮᠴᠢᠯᠡᠭᠡᠨ ᠤ ᠪᠠᠶᠢᠭᠤᠯᠤᠮᠵᠢ ︵ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ︶ ᠨᠢ ᠡᠮ ᠡᠮᠨᠡᠯᠭᠡ ᠶᠢᠨ ᠳᠠᠭᠠᠳᠬᠠᠯ ᠯᠤᠭ᠎ᠠ ᠵᠣᠯᠭᠠᠭᠤᠯᠤᠭᠰᠠᠨ ᠬᠤᠯᠪᠣᠭᠳᠠᠯ ᠪᠦᠬᠦᠢ ᠰᠤᠷᠠᠭ ᠵᠠᠩᠭᠢ ᠶᠢᠨ ᠰᠢᠰᠲ᠋ᠧᠮ ᠤᠨ ᠠᠵᠢᠯᠯᠠᠭᠠᠨ ᠢ ᠡᠵᠡᠨ ᠮᠡᠳᠡᠵᠦ ᠰᠣᠩᠭᠤᠬᠤ ᠪᠠ ᠬᠠᠩᠭᠠᠯᠭ᠎ᠠ ᠶᠢᠨ ᠬᠤᠳᠠᠯᠳᠤᠭᠠᠴᠢᠨ ᠢ ᠬᠠᠮᠠᠭᠠᠯᠠᠬᠤ ᠪᠣᠯ ᠵᠠᠬ᠎ᠠ ᠳᠡᠯᠭᠡᠭᠦᠷ ᠤᠨ ᠠᠵᠢᠯᠯᠠᠭ᠎ᠠ ᠳᠤ ᠬᠠᠷᠢᠶᠠᠯᠠᠭᠳᠠᠬᠤ ᠲᠤᠯᠠ᠂ ᠵᠠᠬ᠎ᠠ ᠳᠡᠯᠭᠡᠭᠦᠷ ᠤᠨ ᠳᠦᠷᠢᠮ ᠢ ᠵᠢᠷᠤᠮᠯᠠᠵᠤ᠂ ᠬᠤᠶᠠᠷ ᠲᠠᠯ᠎ᠠ ᠪᠠᠷ ᠢᠶᠠᠨ ᠡᠷᠬᠡ ᠪᠠ ᠡᠭᠦᠷᠭᠡ ᠪᠠᠨ ᠵᠥᠪᠳᠡᠯᠴᠡᠨ ᠲᠣᠭᠲᠠᠭᠠᠬᠤ ᠬᠡᠷᠡᠭᠲᠡᠢ᠃   ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠡᠮᠴᠢᠯᠡᠭᠡᠨ ᠤ ᠪᠠᠲᠤᠯᠠᠭ᠎ᠠ ᠶᠢᠨ ᠲᠤᠪᠴᠢᠶ᠎ᠠ  2022 ᠣᠨ ᠤ 12 ᠳ᠋ᠤᠭᠠᠷ ᠰᠠᠷ᠎ᠠ ᠶᠢᠨ 21 ᠤ ᠡᠳᠦᠷ 
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠡᠮᠴᠢᠯᠡᠭᠡᠨ ᠤ ᠪᠠᠲᠤᠯᠠᠭ᠎ᠠ ᠶᠢᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号