ᠥᠪᠡᠷᠲᠡᠭᠡᠨ ᠵᠠᠰᠠᠬᠤ ᠣᠷᠣᠨ ᠤ ᠳᠡᠰ ᠤᠨ ᠡᠮ ᠡᠮᠨᠡᠯᠭᠡ ᠶᠢᠨ ᠳᠠᠭᠠᠳᠬᠠᠯ ᠤᠨ ᠰᠦᠯᠵᠢᠶᠡᠨ ᠭᠠᠳᠠᠨᠠᠬᠢ ᠦᠢᠯᠡᠴᠢᠯᠡᠭᠡ ᠶᠢ ᠲᠦᠷ ᠵᠣᠭᠰᠤᠭᠠᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2022/12/23
  ᠥᠪᠡᠷᠲᠡᠭᠡᠨ ᠵᠠᠰᠠᠬᠤ ᠣᠷᠣᠨ ᠤ ᠳᠡᠰ ᠤᠨ ᠳᠠᠭᠠᠳᠬᠠᠯ ᠳᠤ ᠪᠦᠷᠢᠳᠭᠡᠬᠦᠯᠦᠭᠰᠡᠨ ᠪᠠᠶᠢᠭᠤᠯᠭ᠎ᠠ ᠨᠢᠭᠡᠴᠡ ᠵᠢᠴᠢ ᠳᠠᠭᠠᠳᠬᠠᠯ ᠳᠤ ᠪᠦᠷᠢᠳᠭᠡᠬᠦᠯᠦᠭᠰᠡᠨ ᠬᠤᠪᠢ ᠬᠦᠮᠦᠨ ᠳᠤ᠄  ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠤᠨ ᠡᠮ ᠡᠮᠨᠡᠯᠭᠡ ᠶᠢᠨ ᠳᠠᠭᠠᠳᠬᠠᠯ ᠤᠨ ᠭᠠᠷᠲᠠᠨ ᠭᠦᠢᠴᠡᠳᠬᠡᠬᠦ ᠦᠢᠯᠡᠴᠢᠯᠡᠭᠡᠨ ᠤ ᠴᠤᠩᠬᠤᠪᠴᠢ ᠨᠢ 12 ᠳ᠋ᠤᠭᠠᠷ ᠰᠠᠷ᠎ᠠ ᠶᠢᠨ 9 ᠤ ᠡᠳᠦᠷ ᠠᠴᠠ ᠡᠬᠢᠯᠡᠨ ᠰᠦᠯᠵᠢᠶᠡᠨ  ᠭᠠᠳᠠᠨᠠᠬᠢ ᠦᠢᠯᠡᠴᠢᠯᠡᠭᠡ ᠶᠢ ᠰᠡᠷᠭᠦᠭᠡᠭᠰᠡᠨ ᠠᠴᠠ ᠨᠠᠰᠢ᠂ ᠠᠵᠢᠯ ᠶᠠᠪᠤᠳᠠᠯ ᠬᠦᠢᠴᠡᠳᠭᠡᠬᠦ ᠪᠠᠷ ᠢᠷᠡᠬᠦ ᠬᠦᠮᠦᠨ ᠤ ᠲᠤᠭ᠎ᠠ ᠤᠯᠠᠰᠢᠷᠠᠵᠤ᠂ ᠡᠮ ᠡᠮᠨᠡᠯᠭᠡ ᠶᠢᠨ ᠳᠠᠭᠠᠳᠬᠠᠯ ᠤᠨ ᠴᠤᠬᠤᠪᠴᠢ ᠶᠢᠨ ᠠᠵᠢᠯᠲᠠᠳ ᠵᠠᠯᠭᠠᠭ᠎ᠠ ᠪᠠᠷ ᠬᠠᠯᠠᠭᠤᠷᠠᠬᠤ ᠪᠠᠶᠢᠳᠠᠯ ᠢᠯᠡᠷᠡᠨ᠂ ᠭᠡᠷ  ᠲᠤ ᠪᠠᠨ ᠲᠤᠰᠠᠭᠠᠷᠯᠠᠭᠰᠠᠨ ᠠᠴᠠ ᠠᠵᠢᠯ ᠤᠨ ᠪᠠᠶᠢᠷᠢᠨ ᠳᠤ ᠪᠠᠨ ᠬᠦᠷᠴᠦ ᠲᠤᠬᠠᠶᠢᠯᠠᠭᠰᠠᠨ ᠠᠵᠢᠯ ᠢᠶᠠᠨ ᠭᠦᠢᠴᠡᠳᠬᠡᠬᠦ ᠶᠢᠨ ᠠᠷᠭ᠎ᠠ ᠦᠭᠡᠢ ᠪᠣᠯᠪᠠ᠃  ᠥᠷᠭᠡᠨ ᠣᠯᠠᠨ ᠳᠠᠭᠠᠳᠬᠠᠯ ᠳᠤ ᠪᠦᠷᠢᠳᠭᠡᠬᠦᠯᠦᠭᠰᠡᠨ ᠣᠯᠠᠨ ᠲᠦᠮᠡᠨ ᠤ ᠡᠷᠡᠭᠦᠯ ᠮᠡᠨᠳᠦ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ ᠬᠠᠮᠲᠤ᠂ ᠣᠯᠠᠨ ᠲᠦᠮᠡᠨ ᠤ ᠡᠮ ᠡᠮᠨᠡᠯᠭᠡ ᠶᠢᠨ ᠳᠠᠭᠠᠳᠬᠠᠯ ᠤᠨ ᠲᠤᠬᠠᠶᠢᠯᠠᠭᠰᠠᠨ ᠠᠵᠢᠯ ᠢ ᠭᠦᠢᠴᠡᠳᠬᠡᠬᠦ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠶᠢᠨ ᠲᠥᠯᠦᠭᠡ᠂ ᠲᠣᠰ ᠱᠠᠲᠤᠨ ᠤ ᠡᠮ ᠡᠮᠨᠡᠯᠭᠡ ᠶᠢᠨ ᠳᠠᠭᠠᠳᠬᠠᠯ ᠤᠨ ᠰᠦᠯᠵᠢᠶᠡᠨ ᠭᠠᠳᠠᠨᠠᠬᠢ ᠦᠢᠯᠡᠴᠢᠯᠡᠭᠡ ᠶᠢ ᠲᠦᠷ ᠵᠣᠭᠰᠤᠭᠠᠬᠤ ᠬᠤᠯᠪᠣᠭᠳᠠᠯ ᠪᠦᠬᠦᠢ ᠵᠦᠢᠯᠡᠰ ᠢ ᠡᠳᠦᠭᠡ ᠳᠣᠣᠷᠠᠬᠢ ᠮᠡᠲᠦ ᠮᠡᠳᠡᠭᠳᠡᠶ᠎ᠡ᠄  ᠨᠢᠭᠡ᠂ ᠲᠦᠷ ᠵᠤᠭᠰᠤᠭᠠᠬᠤ ᠴᠠᠭ  2022 ᠣᠨ ᠤ 12 ᠳ᠋ᠤᠭᠠᠷ ᠰᠠᠷ᠎ᠠ ᠶᠢᠨ 23 ᠤ ᠡᠳᠦᠷ ᠠᠴᠠ 12 ᠳ᠋ᠤᠭᠠᠷ ᠰᠠᠷ᠎ᠠ ᠶᠢᠨ 30 ᠤ ᠡᠳᠦᠷ ᠪᠤᠯᠲᠠᠯ᠎ᠠ ᠰᠦᠯᠵᠢᠶᠡᠨ ᠭᠠᠳᠠᠨᠠᠬᠢ ᠦᠢᠯᠡᠴᠢᠯᠡᠭᠡ ᠶᠢ ᠲᠦᠷ ᠵᠤᠭᠰᠤᠭᠠᠵᠤ᠂ 2022 ᠣᠨ ᠤ 12 ᠳ᠋ᠤᠭᠠᠷ ᠰᠠᠷ᠎ᠠ  ᠶᠢᠨ 31 ᠤ ᠡᠳᠦᠷ ᠠᠴᠠ 2023 ᠣᠨ ᠤ 1 ᠳ᠋ᠦ᠋ᠭᠡᠷ ᠰᠠᠷ᠎ᠠ ᠶᠢᠨ 2 ᠤᠨ ᠡᠳᠦᠷ ᠪᠤᠯᠲᠠᠯ᠎ᠠ ᠰᠢᠨ᠎ᠡ ᠣᠨ ᠤ ᠠᠮᠠᠷᠠᠯᠲᠠ ᠪᠠᠶᠢᠵᠤ᠂ 2023 ᠣᠨ ᠤ 1 ᠳ᠋ᠦ᠋ᠭᠡᠷ ᠰᠠᠷ᠎ᠠ ᠶᠢᠨ 3 ᠤ ᠡᠳᠦᠷ ᠠᠴᠠ ᠬᠡᠪ ᠤᠨ ᠪᠠᠶᠢᠳᠠᠯ ᠢᠶᠠᠨ ᠰᠡᠷᠬᠦᠭᠡᠨ᠎ᠡ᠃  ᠬᠤᠶᠠᠷ᠂ ᠰᠦᠯᠵᠢᠶ᠎ᠡ ᠪᠠᠷ ᠠᠵᠢᠯᠯᠠᠬᠤ ᠠᠷᠭ᠎ᠠ ᠪᠠᠷᠢᠯ  ︵ᠨᠢᠭᠡ︶ ᠰᠦᠯᠵᠢᠶᠡᠨ ᠭᠠᠳᠠᠨᠠᠬᠢ ᠦᠢᠯᠡᠴᠢᠯᠡᠭᠡ ᠶᠢ ᠲᠦᠷ ᠵᠤᠭᠰᠤᠭᠠᠭᠰᠠᠨ ᠤ ᠳᠠᠷᠠᠭ᠎ᠠ᠂ ᠳᠠᠭᠠᠳᠬᠠᠯ ᠳᠤ ᠪᠦᠷᠢᠳᠭᠡᠬᠦᠯᠦᠭᠰᠡᠨ ᠪᠠᠶᠢᠭᠤᠯᠭ᠎ᠠ ᠨᠢᠭᠡᠴᠡ ᠪᠣᠯᠤᠨ ᠬᠤᠪᠢ ᠬᠦᠮᠦᠨ ︽ᠦᠪᠦᠷ ᠮᠤᠩᠭᠤᠯ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠤᠯᠠᠨ ᠨᠡᠶᠢᠲᠡ ᠶᠢᠨ ᠦᠢᠯᠡᠴᠢᠯᠡᠭᠡ︾  ᠶᠢᠨ ᠰᠦᠯᠵᠢᠶ᠎ᠡ ᠪᠠᠷ ᠬᠦᠢᠴᠡᠳᠭᠡᠬᠦ ᠲᠢᠩᠬᠢᠮ ᠪᠣᠯᠣᠨ ︽ᠦᠪᠦᠷ ᠮᠣᠩᠭᠤᠯ ᠤᠨ ᠡᠮ ᠡᠮᠨᠡᠯᠭᠡ ᠶᠢᠨ ᠪᠠᠲᠤᠯᠠᠭ᠎ᠠ︾ APP᠂ ︽ ᠮᠥᠩᠬᠡ ᠰᠤᠪᠠᠭ︾ APP᠂ ︽ ᠤᠯᠤᠰ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠦᠢᠯᠡᠴᠢᠯᠡᠭᠡᠨ ᠤ ᠲᠠᠪᠴᠠᠩ︾ APP ᠤᠨ ᠭᠠᠵᠠᠷ ᠣᠷᠤᠨ ᠤ ᠲᠤᠰᠬᠠᠢ ᠪᠤᠯᠤᠩ᠂ ︽ ᠦᠪᠦᠷ ᠮᠣᠩᠭᠤᠯ ᠤᠨ ᠡᠮ ᠡᠮᠨᠡᠯᠭᠡ ᠶᠢᠨ ᠪᠠᠲᠤᠯᠠᠭ᠎ᠠ︾ ᠸᠢᠴᠠᠲ ᠵᠢᠵᠢᠭ ᠫᠷᠦᠭᠷᠡᠮ᠂ ᡁᠢ ᠹᠦ᠋ ᠪᠤᠣ ᠶᠢᠨ ᠵᠢᠵᠢᠭ ᠫᠷᠦᠭᠷᠡᠮ ᠵᠡᠷᠭᠡ ᠪᠠᠷ ᠳᠠᠮᠵᠢᠨ ᠠᠰᠠᠭᠤᠨ ᠯᠠᠪᠯᠠᠵᠤ᠂ ᠭᠤᠶᠤᠴᠢᠯᠠᠨ ᠮᠡᠳᠡᠬᠦᠯᠵᠦ ᠪᠤᠯᠤᠨ᠎ᠠ ︵ ᠲᠠᠭᠠᠯᠳᠤᠭᠤᠯᠤᠯ ᠢ ᠨᠠᠷᠢᠨ ᠦᠵᠡ︶᠃ ᠪᠣᠶ ᠪᠦᠬᠦᠢ ᠰᠦᠯᠵᠢᠶᠡᠨ ᠳᠡᠭᠡᠷᠡᠬᠢ ᠠᠷᠭ᠎ᠠ ᠵᠠᠮ ᠨᠢ ᠴᠥᠮ 7×24 ᠴᠠᠭ ᠢᠶᠠᠷ ︽ᠠᠮᠠᠷᠠᠯᠲᠠ ᠦᠭᠡᠢ︾ ᠲᠤᠬᠠᠶᠢᠯᠠᠭᠰᠠᠨ ᠠᠵᠢᠯ ᠤᠨ ᠦᠢᠯᠡᠴᠢᠯᠡᠭᠡ ᠬᠠᠩᠭᠠᠨ᠎ᠠ᠃  ︵ᠬᠤᠶᠠᠷ︶ ᠰᠦᠯᠵᠢᠶᠡᠨ ᠭᠠᠳᠠᠨᠠᠬᠢ ᠦᠢᠯᠡᠴᠢᠯᠡᠭᠡ ᠶᠢ ᠲᠦᠷ ᠵᠣᠭᠰᠤᠭᠠᠬᠤ ᠬᠤᠭᠤᠴᠠᠭᠠᠨ ᠳᠤ᠂ ᠡᠮ ᠡᠮᠨᠡᠯᠭᠡ ᠶᠢᠨ ᠳᠠᠭᠠᠳᠬᠠᠯ ᠤᠨ ᠴᠤᠩᠬᠤᠪᠴᠢ ᠶᠢᠨ ᠠᠵᠢᠯᠲᠠᠨ ᠨᠢ ᠰᠦᠯᠵᠢᠶ᠎ᠡ ᠪᠠᠷ ᠳᠠᠮᠵᠢᠭᠤᠯᠤᠨ ᠡᠯ᠎ᠡ ᠳᠠᠭᠠᠳᠬᠠᠯ ᠳᠤ ᠪᠦᠷᠢᠳᠭᠡᠬᠦᠯᠦᠭᠰᠡᠨ ᠪᠠᠶᠢᠭᠤᠯᠭ᠎ᠠ ᠨᠢᠭᠡᠴᠡ ᠶᠢᠨ ᠡᠮ ᠡᠮᠨᠡᠯᠭᠡ ᠶᠢᠨ ᠳᠠᠭᠠᠳᠬᠠᠯ ᠤᠨ ᠲᠤᠰᠬᠠᠢ ᠬᠠᠮᠢᠶᠠᠷᠤᠭᠴᠢ ᠠᠴᠠ ᠨᠢᠭᠡᠳ ᠨᠢᠭᠡ ᠪᠠᠷ ᠲᠦᠷᠥ ᠶᠢᠨ ᠪᠤᠳᠤᠯᠭ᠎ᠠ ᠶᠢᠨ ᠲᠠᠶᠢᠯᠤᠮᠵᠢ ᠬᠢᠬᠦ ᠦᠢᠯᠡᠴᠢᠯᠡᠭᠡ ᠬᠠᠩᠭᠠᠵᠤ᠂ ᠥᠷᠭᠡᠨ ᠤᠯᠠᠨ ᠲᠠᠭᠠᠳᠬᠠᠯ ᠳᠤ ᠪᠦᠷᠢᠳᠭᠡᠬᠦᠯᠦᠭᠰᠡᠳ ᠡᠮ ᠡᠮᠨᠡᠯᠭᠡ ᠶᠢᠨ ᠲᠠᠭᠠᠳᠬᠠᠯ ᠤᠨ ᠠᠰᠠᠭᠤᠳᠠᠯ ᠠᠴᠠ ᠪᠤᠯᠵᠣ ᠡᠮᠴᠢᠯᠡᠬᠦᠯᠬᠦ ᠪᠤᠶᠤ ᠡᠮ ᠬᠤᠳᠠᠯᠳᠤᠨ ᠠᠪᠬᠤ ᠶᠢ ᠨᠦᠯᠦᠭᠡᠯᠡᠬᠦ ᠦᠭᠡᠢ ᠪᠠᠶᠢᠬᠤ ᠶᠢ ᠪᠠᠲᠤᠯᠠᠵᠤ ᠪᠠᠶᠢᠨ᠎ᠠ᠃ ᠡᠭᠦᠨ ᠠᠴᠠ ᠪᠤᠯᠤᠭᠰᠠᠨ ᠶᠠᠷᠰᠢᠭ ᠲᠦᠪᠡᠭ ᠢ ᠠᠭᠤᠴᠢᠯᠠᠬᠤ ᠪᠤᠯᠪᠠᠤ᠃   ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠤᠪᠴᠢᠶ᠎ᠠ  2022 ᠣᠨ ᠤ 12 ᠳ᠋ᠤᠭᠠᠷ ᠰᠠᠷ᠎ᠠ ᠶᠢᠨ 22  ᠤᠨ ᠡᠳᠦᠷ 
 
ᠢᠷᠡᠯᠲᠡ᠄ ᠥᠪᠥᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠡᠮᠴᠢᠯᠡᠭᠡᠨ ᠤ ᠪᠠᠲᠤᠯᠠᠭ᠎ᠠ ᠶᠢᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号