2022 ᠣᠨ ᠤ ᠪᠥᠬᠦ ᠣᠷᠣᠨ ᠤ ᠡᠮ ᠡᠮᠨᠡᠯᠭᠡ ᠶᠢᠨ ᠳᠠᠭᠠᠳᠬᠠᠯ ᠤᠨ ᠵᠢᠯ ᠤᠨ ᠡᠴᠦᠰ ᠤᠨ ᠲᠤᠭ᠎ᠠ ᠪᠠᠷᠢᠮᠲᠠ ᠶᠢ ᠳ᠋ᠦᠩᠨᠡᠨ ᠰᠢᠯᠵᠢᠭᠦᠯᠬᠦ ᠠᠵᠢᠯ ᠢ ᠶᠠᠪᠤᠭᠳᠠᠭᠤᠯᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2022/12/27
  ᠪᠦᠬᠦ ᠣᠷᠣᠨ ᠤ ᠡᠯ᠎ᠡ ᠳᠠᠭᠠᠳᠬᠠᠯ ᠳᠤ ᠣᠷᠣᠯᠴᠠᠭᠰᠠᠨ ᠨᠢᠭᠡᠴᠡ᠂ ᠳᠠᠭᠠᠳᠬᠠᠯ ᠳᠤ ᠣᠷᠣᠯᠴᠠᠭᠰᠠᠳ᠂ ᠲᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠳᠤ᠄  2022 ᠣᠨ ᠤ ᠪᠥᠬᠦ ᠣᠷᠣᠨ ᠤ ᠡᠮ ᠡᠮᠨᠡᠯᠭᠡ ᠶᠢᠨ ᠳᠠᠭᠠᠳᠬᠠᠯ ᠤᠨ ᠵᠢᠯ ᠤᠨ ᠡᠴᠦᠰ ᠤᠨ ᠲᠤᠭ᠎ᠠ ᠪᠠᠷᠢᠮᠲᠠ ᠶᠢ ᠳ᠋ᠦᠩᠨᠡᠨ ᠰᠢᠯᠵᠢᠭᠦᠯᠬᠦ ᠠᠵᠢᠯ ᠢ ᠰᠠᠶᠢᠲᠤᠷ ᠬᠢᠬᠦ ᠶᠢᠨ ᠲᠥᠯᠥᠭᠡ᠂ 2022 ᠣᠨ ᠤ 12 ᠳ᠋ᠤᠭᠠᠷ ᠰᠠᠷ᠎ᠠ ᠶᠢᠨ 31 ᠤ ᠡᠳᠦᠷ ᠤᠨ 18᠄ 00 ᠠᠴᠠ 2023 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠤᠨ 8᠄ 00 ᠪᠣᠯᠲᠠᠯ᠎ᠠ ᠡᠮ ᠡᠮᠨᠡᠯᠭᠡ ᠶᠢᠨ ᠳᠠᠭᠠᠳᠬᠠᠯ ᠤᠨ ᠮᠡᠳᠡᠭᠡ ᠵᠠᠩᠭᠢ ᠶᠢᠨ ᠰᠢᠰᠲ᠋ᠧᠮ ᠤᠨ ᠠᠵᠢᠯᠯᠠᠭᠠᠨ ᠢ ᠲᠦᠷ ᠵᠣᠭᠰᠣᠭᠠᠬᠤ ᠪᠠᠷ ᠲᠥᠯᠥᠪᠯᠡᠵᠦ ᠪᠠᠶᠢᠨ᠎ᠠ᠂ ᠲᠤᠬᠠᠶ ᠶᠢᠨ ᠦᠶ᠎ᠡ ᠳᠤ ᠪᠣᠶ ᠪᠥᠬᠦᠶ ᠡᠮ ᠡᠮᠨᠡᠯᠭᠡ ᠶᠢᠨ ᠳᠠᠭᠠᠳᠬᠠᠯ  ᠤᠨ ᠲᠤᠬᠠᠶᠢᠯᠠᠭᠰᠠᠨ ᠠᠵᠢᠯ ︵ᠪᠥᠬᠦ ᠣᠷᠣᠨ ᠤ ᠪᠣᠶ ᠪᠥᠬᠦᠶ ᠡᠮ ᠡᠮᠨᠡᠯᠭᠡ ᠶᠢᠨ ᠳᠠᠭᠠᠳᠬᠠᠯ ᠤᠨ ᠭᠠᠷᠲᠠᠨ ᠭᠦᠶᠴᠡᠳᠬᠡᠬᠦ ᠲᠤᠬᠠᠶᠢᠯᠠᠭᠰᠠᠨ ᠠᠵᠢᠯ᠂ ᠡᠮ ᠡᠮᠨᠡᠯᠭᠡ ᠶᠢᠨ ᠳᠠᠭᠠᠳᠬᠠᠯ ᠤᠨ ᠺᠠᠷᠲ ᠬᠡᠷᠡᠭᠯᠡᠬᠦ᠂ ᠡᠮ ᠡᠮᠨᠡᠯᠭᠡ ᠶᠢᠨ ᠡᠯᠧᠺᠲᠷᠣᠨ ᠳᠠᠭᠠᠳᠬᠠᠯ ᠤᠨ ᠭᠡᠷᠡᠴᠢ ᠪᠠᠷᠢᠮᠲᠠ ᠶᠢ ᠬᠡᠷᠡᠭᠯᠡᠬᠦ᠂ ᠡᠮᠨᠡᠯᠭᠡ ᠳᠤ ᠰᠠᠭᠤᠬᠤ ᠪᠠ ᠭᠠᠷᠬᠤ ᠶᠢ     ᠳᠠᠩᠰᠠᠯᠠᠬᠤ᠂ ᠣᠨᠳᠣᠤ ᠭᠠᠵᠠᠷ ᠲᠤ ᠡᠮᠨᠡᠭᠦᠯᠬᠦ ᠶᠢ ᠰᠦᠯᠵᠢᠶᠡᠵᠢᠭᠦᠯᠦᠨ ᠳ᠋ᠦᠩᠨᠡᠨ ᠪᠤᠳᠤᠬᠤ ᠵᠡᠷᠭᠡ︶ ᠳᠤ ᠦᠶᠯᠡᠴᠢᠯᠡᠭᠡ ᠶᠢ ᠲᠦᠷ ᠵᠣᠭᠰᠣᠭᠠᠨ᠎ᠠ᠃  2023 ᠣᠨ ᠤ 1ᠳ᠋ᠦ᠋ᠭᠡᠷ ᠰᠠᠷ᠎ᠠ ᠶᠢᠨ 1 ᠤ ᠡᠳᠦᠷ ᠤᠨ 8 ᠴᠠᠭ ᠠᠴᠠ ᠬᠤᠶᠢᠰᠢ᠂ ᠡᠮ ᠡᠮᠨᠡᠯᠭᠡ ᠶᠢᠨ ᠳᠠᠭᠠᠳᠬᠠᠯ ᠤᠨ ᠮᠡᠳᠡᠭᠡ ᠵᠠᠩᠭᠢ ᠶᠢᠨ ᠰᠢᠰᠲ᠋ᠧᠮ ᠬᠡᠪ ᠤᠨ ᠠᠵᠢᠯᠯᠠᠭ᠎ᠠ ᠪᠠᠨ ᠰᠡᠷᠭᠦᠭᠡᠵᠦ᠂ ᠡᠯ᠎ᠡ ᠵᠦᠶᠯ ᠤᠨ ᠲᠤᠬᠠᠶᠢᠯᠠᠭᠰᠠᠨ ᠠᠵᠢᠯ ᠢ ᠬᠡᠪ ᠤᠨ ᠶᠣᠰᠣᠭᠠᠷ ᠭᠦᠢᠴᠡᠳᠬᠡᠨ᠎ᠡ᠃ ᠦᠶᠯᠡᠴᠢᠯᠡᠭᠡ  ᠶᠢ ᠲᠦᠷ ᠵᠣᠭᠰᠣᠬᠤ ᠬᠤᠭᠤᠴᠠᠭᠠᠨ ᠳᠤ ᠠᠪᠴᠢᠷᠠᠭᠰᠠᠨ ᠳᠥᠭᠦᠮ ᠦᠭᠡᠢ ᠵᠦᠢᠯ ᠳᠤ ᠠᠭᠤᠴᠢᠯᠠᠭᠠᠷᠠᠶ᠃            ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡ ᠶᠢᠨ ᠲᠥᠪ       2022ᠣᠨ ᠤ12 ᠳ᠋ᠤᠭᠠᠷ ᠰᠠᠷ᠎ᠠ ᠶᠢᠨ27 ᠤ ᠡᠳᠦᠷ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡ ᠶᠢᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号