【ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠵᠤ ᠤᠬᠠᠭᠤᠯᠤᠨ ᠲᠤᠭᠤᠰᠢᠯᠠᠭᠤᠯᠤᠶ᠎ᠠ】 ᠥᠪᠡᠷᠲᠡᠭᠡᠨ ᠵᠠᠰᠠᠬᠤ ᠣᠷᠣᠨ ᠤ ᠡᠮᠴᠢᠯᠡᠭᠡ ᠶᠢᠨ ᠳᠠᠭᠠᠳᠬᠠᠯ ᠤᠨ ᠲᠥᠪ ᠤᠨ ᠨᠠᠮ ᠤᠨ ᠡᠭᠦᠷ ︽ᠨᠠᠮ ᠤᠨ ᠳᠦᠷᠢᠮ ᠢ ᠤᠩᠰᠢᠵᠤ ᠤᠭ ᠰᠠᠨᠠᠭ᠎ᠠ ᠪᠠᠨ ᠲᠣᠳᠣᠷᠬᠠᠶᠢᠯᠠᠨ ᠦᠨᠳᠦᠰᠦᠨ ᠱᠠᠲᠤᠨ ᠳᠤ ᠬᠦᠷᠴᠦ ᠰᠢᠨ᠎ᠡ ᠭᠠᠪᠢᠶ᠎ᠠ ᠪᠠᠶᠢᠭᠤᠯᠰᠤᠭᠠᠢ︾ ᠭᠡᠬᠦ ᠦᠨᠳᠦᠰᠦᠨ ᠱᠠᠲᠤᠨ ᠳᠤ ᠲᠤᠰᠢᠶᠠᠯ ᠡᠭᠦᠷᠭᠡᠯᠡᠭᠰᠡᠨ ᠺᠠᠳ᠋ᠷ ᠤᠨ ᠨᠠᠮ ᠤᠨ ᠳᠦᠷᠢᠮ ᠢ ᠤᠩᠰᠢᠵᠤ ᠬᠤᠪᠢᠶᠠᠯᠴᠠᠬᠤ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2022/12/6
   ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠤᠨ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠷᠢᠮ ︵ᠵᠠᠰᠠᠪᠤᠷᠢ ᠣᠷᠣᠭᠤᠯᠤᠭᠰᠠᠨ ᠲᠥᠰᠦᠯ︶︾ ᠤᠨ ᠠᠭᠤᠯᠭ᠎ᠠ ᠪᠠ ᠠᠴᠢ ᠬᠤᠯᠪᠣᠭᠳᠠᠯ ᠢ ᠭᠦᠨᠵᠡᠭᠡᠶ ᠣᠶᠢᠯᠠᠭᠠᠬᠤ ᠶᠢᠨ ᠲᠥᠯᠥᠭᠡ᠂ 11 ᠳ᠋ᠦ᠋ᠭᠡᠷ ᠰᠠᠷ᠎ᠠ ᠶᠢᠨ 30 ᠤ ᠡᠳᠦᠷ ᠥᠪᠡᠷᠲᠡᠭᠡᠨ ᠵᠠᠰᠠᠬᠤ ᠣᠷᠣᠨ ᠤ ᠡᠮᠴᠢᠯᠡᠭᠡ ᠶᠢᠨ ᠳᠠᠭᠠᠳᠬᠠᠯ ᠤᠨ ᠲᠥᠪ ᠤᠨ ᠨᠠᠮ ᠤᠨ ᠡᠭᠦᠷ ︽ᠨᠠᠮ ᠤᠨ ᠲᠦᠷᠢᠮ ᠢ ᠤᠩᠰᠢᠵᠤ ᠣᠭ ᠰᠠᠨᠠᠭ᠎ᠠ ᠪᠠᠨ ᠲᠣᠳᠣᠷᠬᠠᠶᠢᠯᠠᠨ ᠦᠨᠳᠦᠰᠦᠨ ᠱᠠᠲᠤᠨ ᠳᠤ ᠬᠦᠷᠴᠦ ᠰᠢᠨ᠎ᠡ ᠭᠠᠪᠢᠶ᠎ᠠ ᠪᠠᠶᠢᠭᠤᠯᠰᠤᠭᠠᠢ︾ ᠭᠡᠬᠦ ᠦᠨᠳᠦᠰᠦᠨ ᠱᠠᠲᠤᠨ ᠳᠤ ᠲᠤᠰᠢᠶᠠᠯ ᠡᠭᠦᠷᠭᠡᠯᠡᠭᠰᠡᠨ ᠺᠠᠳ᠋ᠷ ᠤᠨ ᠨᠠᠮ ᠤᠨ ᠲᠦᠷᠢᠮ ᠢ ᠤᠩᠰᠢᠵᠤ ᠬᠤᠪᠢᠶᠠᠯᠴᠠᠬᠤ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠪᠡ᠃
微信图片_20221209184432.png
   ᠰᠢᠨ᠎ᠡ ᠨᠠᠮ ᠤᠨ ᠳᠦᠷᠢᠮ ᠢ ᠵᠠᠯᠭᠠᠭᠤᠯᠤᠨ ᠤᠩᠰᠢᠵᠤ᠂ ᠨᠠᠮ ᠤᠨ ᠬᠤᠷᠢᠳᠤᠭᠠᠷ ᠶᠡᠭᠡ ᠬᠤᠷᠠᠯ ᠢ ᠭᠦᠨᠵᠡᠭᠡᠶ ᠰᠤᠷᠤᠯᠴᠠᠨ ᠨᠡᠪᠲᠡᠷᠡᠲᠡᠯ᠎ᠡ ᠣᠶᠢᠯᠠᠭᠠᠪᠠ᠃ ᠦᠨᠳᠦᠰᠦᠨ ᠱᠠᠲᠤᠨ ᠳᠤ ᠲᠤᠰᠢᠶᠠᠯ ᠡᠭᠦᠷᠭᠡᠯᠡᠭᠰᠡᠨ 4 ᠺᠠᠳ᠋ᠷ ᠰᠦᠯᠵᠢᠶᠡᠨ ᠳᠤ ᠵᠠᠯᠭᠠᠭᠤᠯᠤᠨ ᠣᠩᠰᠢᠬᠤ ᠬᠡᠯᠪᠡᠷᠢ ᠪᠠᠷ ᠳᠠᠮᠵᠢᠭᠤᠯᠤᠨ᠂ ᠨᠠᠮ ᠤᠨ ᠬᠤᠷᠢᠳᠤᠭᠠᠷ ᠶᠡᠭᠡ ᠬᠤᠷᠠᠯ ᠠᠴᠠ ᠪᠠᠲᠤᠯᠠᠭᠰᠠᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠷᠢᠮ︾ ᠢ ᠵᠤᠷᠪᠤᠰ ᠳᠠᠷᠠᠭᠠᠯᠠᠨ᠂ ᠦᠭᠡ ᠳᠠᠷᠠᠭᠠᠯᠠᠨ ᠤᠩᠰᠢᠵᠤ᠂ ᠪᠥᠬᠦ ᠨᠠᠮ ᠤᠨ ᠭᠡᠰᠢᠭᠦᠨ ᠤ ᠨᠠᠮ ᠤᠨ ᠰᠢᠨ᠎ᠡ ᠲᠦᠷᠢᠮ ᠤᠨ ᠲᠤᠬᠠᠶ ᠣᠶᠢᠯᠠᠭᠠᠯᠲᠠ ᠪᠠ ᠲᠠᠨᠢᠯᠲᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ᠂ ᠨᠠᠮ ᠤᠨ ᠭᠡᠰᠢᠭᠦᠨ ᠺᠠᠳ᠋ᠷᠴᠤᠳ ᠤᠨ ᠨᠠᠮ ᠤᠨ ᠰᠢᠨ᠎ᠡ ᠲᠦᠷᠢᠮ ᠢ ᠰᠤᠷᠤᠯᠴᠠᠬᠤ ᠬᠠᠯᠠᠭᠤᠨ ᠰᠡᠳᠬᠢᠯᠭᠡ ᠶᠢ ᠬᠥᠭᠵᠢᠭᠡᠵᠦ᠂ ᠪᠥᠬᠦ ᠨᠠᠮ ᠤᠨ ᠭᠡᠰᠢᠭᠦᠨ ᠢ ᠨᠠᠮ ᠤᠨ ᠲᠦᠷᠢᠮ ᠢ ᠬᠦᠨᠳᠦᠳᠬᠡᠬᠦ᠂ ᠨᠠᠮ ᠤᠨ ᠲᠦᠷᠢᠮ ᠢ ᠵᠢᠷᠤᠮᠯᠠᠬᠤ᠂ ᠨᠠᠮ ᠤᠨ ᠲᠦᠷᠢᠮ ᠢ ᠬᠠᠮᠠᠭᠠᠯᠠᠬᠤ ᠪᠠᠷ ᠬᠥᠲᠥᠯᠥᠨ ᠵᠢᠯᠣᠭᠤᠳᠴᠤ᠂ ᠨᠠᠮ ᠤᠨ ᠲᠦᠷᠢᠮ ᠢ ᠦᠢᠯᠡᠳᠦᠯᠭᠡᠵᠢᠭᠦᠯᠬᠦ ᠦᠵᠡᠯ ᠰᠠᠨᠠᠭᠠᠨ ᠤ ᠤᠬᠠᠮᠰᠠᠷ ᠪᠠ ᠦᠢᠯᠡ ᠠᠵᠢᠯᠯᠠᠭᠠᠨ ᠤ ᠤᠬᠠᠮᠰᠠᠷ ᠢ ᠲᠠᠰᠤᠷᠠᠯᠲᠠ ᠥᠬᠡᠶ ᠴᠢᠩᠭᠠᠷᠠᠭᠤᠯᠪᠠ᠃
微信图片_202212091844321.png
   ᠦᠨᠳᠦᠰᠦᠨ ᠱᠠᠲᠤᠨ ᠳᠤ ᠲᠤᠰᠢᠶᠠᠯ ᠡᠭᠦᠷᠭᠡᠯᠡᠭᠰᠡᠨ ᠦᠯᠢᠭᠡᠷ ᠢ ᠬᠤᠪᠢᠶᠠᠯᠴᠠᠵᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠨ ᠠᠮᠠᠯᠠᠯᠲᠠ ᠪᠠᠨ ᠦᠢᠯᠡᠳᠦᠯᠭᠡᠵᠢᠭᠦᠯᠵᠦ ᠡᠭᠦᠷᠭᠡᠯᠡᠯ ᠢᠶᠠᠨ ᠢᠯᠡᠷᠡᠭᠦᠯᠪᠡ᠃ ᠦᠨᠳᠦᠰᠦᠨ ᠱᠠᠲᠤᠨ ᠳᠤ ᠲᠤᠰᠢᠶᠠᠯ ᠡᠭᠦᠷᠭᠡᠯᠡᠭᠰᠡᠨ 4 ᠺᠠᠳ᠋ᠷ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠲᠠᠢ ᠤᠶᠠᠯᠳᠤᠭᠤᠯᠤᠨ᠂ ᠦᠨᠳᠦᠰᠦᠨ ᠱᠠᠲᠤᠨ ᠳᠤ ᠲᠤᠰᠢᠶᠠᠯ ᠡᠭᠦᠷᠭᠡᠯᠡᠭᠰᠡᠨ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠦᠨᠳᠦᠰᠦᠨ ᠱᠠᠲᠤᠨ ᠳᠤ ᠲᠤᠰᠢᠶᠠᠯ ᠡᠭᠦᠷᠭᠡᠯᠡᠭᠰᠡᠨ ᠥᠯᠢᠭᠡᠷ ᠢ ᠶᠠᠷᠢᠵᠤ᠂ ᠦᠨᠳᠦᠰᠦᠨ ᠱᠠᠲᠤᠨ ᠳᠤ ᠲᠤᠰᠢᠶᠠᠯ ᠡᠭᠦᠷᠭᠡᠯᠡᠭᠰᠡᠨ ᠲᠥᠷᠥᠭᠳᠡᠯ ᠢᠶᠠᠨ ᠬᠤᠪᠢᠶᠠᠯᠴᠠᠪᠠ᠃ ᠦᠨᠳᠦᠰᠦᠨ ᠱᠠᠲᠤᠨ ᠤ ᠨᠥᠬᠦᠴᠡᠯ ᠬᠠᠲᠠᠭᠤ ᠪᠡᠷᠬᠡᠰᠢᠶᠡᠯᠲᠡᠢ᠂ ᠦᠨᠳᠦᠰᠦᠨ ᠱᠠᠲᠤᠨ ᠳᠤ ᠲᠤᠰᠢᠶᠠᠯ ᠡᠭᠦᠷᠭᠡᠯᠡᠭᠰᠡᠨ4 ᠺᠠᠳ᠋ᠷ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠠᠷᠭ᠎ᠠ ᠤᠬᠠᠭᠠᠨ ᠰᠦᠪᠡᠭᠴᠢᠯᠡᠵᠦ᠂ ᠦᠨᠡᠨ ᠰᠡᠳᠬᠢᠯ ᠢᠶᠠᠷ ᠠᠵᠢᠯᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠲᠣᠰᠬᠤᠨ ᠤ ᠳᠦᠷᠰᠦ ᠪᠠᠶᠢᠳᠠᠯ ᠢ ᠰᠠᠶᠢᠵᠢᠷᠠᠭᠤᠯᠬᠤ᠂ ᠦᠶᠡᠷ ᠢ ᠰᠡᠷᠭᠡᠶᠢᠯᠡᠬᠦ ᠵᠢᠴᠢ ᠶᠠᠳᠠᠭᠤ ᠠᠴᠠ ᠠᠩᠭᠢᠵᠢᠷᠠᠭᠤᠯᠤᠨ ᠪᠣᠭᠤᠮᠲᠠ ᠰᠢᠪᠲᠤᠯᠬᠤ ᠦᠷ᠎ᠡ ᠪᠥᠲᠦᠮᠵᠢ ᠶᠢ ᠪᠠᠬᠢᠵᠢᠭᠦᠯᠦᠨ ᠥᠷᠭᠡᠳᠬᠡᠬᠦ ᠵᠡᠷᠭᠡ ᠲᠠᠯ᠎ᠠ ᠪᠠᠷ ᠦᠨᠳᠦᠰᠦᠨ ᠱᠠᠲᠤᠨ ᠳᠤ ᠮᠠᠰᠢ ᠤᠯᠠᠨ ᠪᠣᠳᠠᠲᠠᠢ ᠠᠵᠢᠯ ᠬᠢᠵᠦ᠂ ᠥᠪᠡᠷ ᠪᠡᠶ᠎ᠡ ᠶᠢᠨ ᠴᠢᠳᠠᠪᠤᠷᠢ ᠪᠠᠨ ᠳᠡᠭᠡᠭᠰᠢᠯᠡᠭᠦᠯᠦᠭᠰᠡᠨ ᠪᠥᠭᠡᠳ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠤᠪᠢ ᠨᠡᠮᠡᠷᠢ ᠦᠵᠡᠭᠦᠯᠪᠡ᠃ ᠲᠡᠳᠡ ᠦᠨᠳᠦᠰᠦᠨ ᠱᠠᠲᠤᠨ ᠳᠤ ᠲᠤᠰᠢᠶᠠᠯ ᠡᠭᠦᠷᠭᠡᠯᠡᠬᠦ ᠪᠠᠭ᠎ᠠ ᠶᠠᠪᠤᠳᠠᠯ ᠤᠳ ᠢᠶᠠᠷ ᠳᠠᠮᠵᠢᠭᠤᠯᠤᠨ᠂ ᠲᠤᠰᠢᠶᠠᠯ ᠡᠭᠦᠷᠭᠡᠯᠡᠭᠰᠡᠨ ᠺᠠᠳ᠋ᠷ ᠤᠨ ᠦᠨᠳᠦᠰᠦᠨ ᠱᠠᠲᠤᠨ ᠳᠤ ᠭᠦᠨᠵᠡᠭᠡᠶᠢᠷᠡᠨ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠭᠰᠡᠨ ᠴᠤᠭ ᠵᠢᠪᠬᠤᠭ᠎ᠠ ᠪᠠ ᠡᠭᠦᠷᠭᠡᠯᠡᠯ ᠢ ᠢᠯᠡᠷᠡᠭᠦᠯᠪᠡ᠃   ᠨᠠᠮ ᠤᠨ ᠡᠭᠦᠷ ᠤᠨ ᠱᠦᠵᠢ ᠳᠠᠶᠢᠴᠢᠯᠠᠵᠤ᠂ ᠠᠵᠢᠯ ᠤᠨ ᠪᠠᠶᠢᠷᠢ ᠳᠤ ᠪᠠᠨ ᠰᠠᠭᠤᠷᠢᠯᠠᠨ ᠰᠢᠨ᠎ᠡ ᠭᠠᠪᠢᠶ᠎ᠠ ᠪᠠᠶᠢᠭᠤᠯᠪᠠ᠃ ᠨᠠᠮ ᠤᠨ ᠡᠭᠦᠷ ᠤᠨ ᠱᠦᠵᠢ ᠹᠦ᠋ ᠺᠦᠢ ᠱᠧᠩ ᠨᠥᠬᠦᠷ ᠨᠠᠮ ᠤᠨ ᠳᠦᠷᠢᠮ ᠪᠣᠯ ᠨᠠᠮ ᠤᠨ ᠶᠡᠷᠦᠩᠬᠡᠢ ᠳᠦᠷᠢᠮ᠂ ᠨᠠᠮ ᠤᠨ ᠦᠨᠳᠦᠰᠦᠨ ᠶᠡᠭᠡ ᠬᠠᠤᠯᠢ᠂ ᠨᠠᠮ ᠤᠨ ᠤᠯᠤᠰ ᠲᠦᠷᠦ᠂ ᠵᠣᠬᠢᠶᠠᠨ ᠪᠠᠶᠢᠭᠤᠯᠤᠯᠲᠠ ᠶᠢᠨ ᠲᠠᠯ᠎ᠠ ᠪᠠᠷ ᠬᠢ ᠠᠷᠢᠭᠤᠨ ᠴᠢᠭᠴᠢ ᠴᠢᠨᠠᠷ᠂ ᠲᠡᠷᠢᠭᠦᠨ ᠤ ᠴᠢᠨᠠᠷ ᠢ ᠪᠠᠲᠤᠯᠠᠬᠤ ᠴᠢᠬᠤᠯᠠ ᠵᠡᠪᠰᠡᠭ ᠮᠥᠨ᠃ ᠲᠥᠪ ᠤᠨ ᠪᠦᠬᠦ ᠨᠠᠮ ᠤᠨ ᠭᠡᠰᠢᠭᠦᠨ ᠺᠠᠳ᠋ᠷ ᠤᠭ ᠵᠣᠬᠢᠶᠠᠯ ᠢ ᠤᠩᠰᠢᠬᠤ ᠪᠠᠷ ᠳᠠᠮᠵᠢᠨ᠂ ᠰᠤᠷᠤᠯᠴᠠᠨ ᠰᠡᠳᠬᠢᠵᠦ ᠦᠢᠯᠡᠳᠦᠯᠭᠡᠵᠢᠭᠦᠯᠦᠨ ᠣᠶᠢᠯᠠᠭᠠᠬᠤ ᠶᠢ ᠠᠬᠢᠭᠤᠯᠵᠤ᠂ ᠨᠠᠮᠴᠢ ᠴᠢᠨᠠᠷ ᠤᠨ ᠪᠣᠯᠪᠠᠰᠤᠷᠠᠯ ᠢᠶᠠᠨ ᠴᠢᠩᠭᠠᠳᠬᠠᠬᠤ ᠬᠡᠷᠡᠭᠲᠡᠢ᠃ ᠨᠠᠮ ᠤᠨ ᠲᠦᠷᠢᠮ ᠢ ᠨᠢᠭᠡ ᠲᠠᠯ᠎ᠠ ᠪᠠᠷ ᠣᠷᠣᠰᠢᠨ ᠲᠣᠭᠲᠠᠨᠢᠬᠤ ︽ᠲᠤᠯᠢ︾ ᠪᠣᠯᠭᠠᠵᠤ᠂ ᠦᠷᠭᠦᠯᠵᠢ ᠨᠠᠮ ᠤᠨ ᠲᠦᠷᠢᠮ ᠲᠠᠢ ᠬᠠᠷᠢᠴᠠᠭᠤᠯᠤᠨ ᠥᠪᠡᠷ ᠢ ᠪᠠᠨ ᠪᠠᠶᠢᠴᠠᠭᠠᠵᠤ ᠥᠪᠡᠰᠦᠪᠡᠨ ᠵᠠᠯᠠᠷᠠᠭᠤᠯᠵᠤ᠂ ᠠᠶᠤᠵᠤ       ᠡᠮᠢᠶᠡᠬᠦ᠂ ᠦᠭᠡ ᠶᠠᠷᠢᠶ᠎ᠠ ᠪᠠᠨ ᠴᠡᠭᠡᠷᠯᠡᠬᠦ᠂ ᠦᠢᠯᠡ ᠠᠵᠢᠯᠯᠠᠭ᠎ᠠ ᠪᠠᠨ ᠬᠤᠷᠢᠭᠯᠠᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ ᠲᠡᠷᠡ ᠪᠠᠷ ᠪᠦᠬᠦ ᠨᠠᠮ ᠤᠨ ᠭᠡᠰᠢᠭᠦᠨ ᠺᠠᠳ᠋ᠷ ᠢ ᠦᠨᠳᠦᠰᠦᠨ ᠱᠠᠲᠤᠨ ᠳᠤ ᠲᠤᠰᠢᠶᠠᠯ ᠡᠭᠦᠷᠭᠡᠯᠡᠵᠦ ᠪᠠᠶᠢᠭ᠎ᠠ ᠺᠠᠳ᠋ᠷᠴᠤᠳ ᠠᠴᠠ ᠰᠤᠷᠤᠯᠴᠠᠵᠤ᠂ ᠳᠡᠳᠡᠨ ᠤ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠬᠦ᠂ ᠲᠡᠰᠪᠦᠷᠢ ᠬᠠᠲᠠᠭᠤᠵᠢᠯᠲᠠᠢ ᠲᠡᠮᠡᠴᠡᠬᠦ᠂ ᠤᠯᠠᠨ ᠲᠦᠮᠡᠨ ᠲᠠᠢ ᠨᠢᠭᠲᠠ ᠬᠠᠷᠢᠯᠴᠠᠬᠤ ᠠᠵᠢᠯ ᠤᠨ ᠰᠤᠷᠲᠠᠯ ᠢ ᠰᠤᠷᠤᠯᠴᠠᠵᠤ᠂ ᠳᠡᠳᠡᠨ ᠤ ᠵᠣᠪᠠᠭᠤᠷᠢ ᠵᠦᠳᠡᠭᠦᠷᠢ ᠶᠢ ᠲᠡᠰᠪᠦᠷᠢᠯᠡᠬᠦ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ᠂ ᠵᠠᠮ ᠨᠡᠭᠡᠭᠡᠨ ᠰᠢᠨ᠎ᠡ ᠶᠢ ᠡᠭᠦᠳᠴᠦ ᠪᠣᠳᠠᠲᠠᠢ ᠠᠵᠢᠯᠯᠠᠬᠤ ᠵᠣᠷᠢᠭ ᠰᠠᠨᠠᠭ᠎ᠠ ᠶᠢ ᠰᠤᠷᠤᠯᠴᠠᠬᠤ ᠬᠡᠷᠡᠭᠲᠡᠢ᠃ ᠡᠭᠦᠨ ᠤ ᠬᠠᠮᠲᠤ ᠪᠥᠬᠦ ᠨᠠᠮ ᠤᠨ ᠭᠡᠰᠢᠭᠦᠨ ᠺᠠᠳ᠋ᠷ ᠠᠵᠢᠯᠲᠠᠨ ᠠᠵᠢᠯᠴᠢᠳ ᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠤᠬᠠᠭᠤᠯᠵᠤ᠂ ᠲᠤᠬᠠᠶᠢᠯᠠᠭᠰᠠᠨ ᠠᠵᠢᠯ ᠳᠤ ᠪᠠᠨ ᠰᠠᠭᠤᠷᠢᠯᠠᠨ᠂ ᠰᠤᠷᠤᠯᠴᠠᠬᠤ ᠰᠡᠳᠬᠢᠬᠦ ᠬᠡᠷᠡᠭᠯᠡᠬᠦ ᠶᠢ ᠤᠶᠠᠯᠳᠤᠭᠤᠯᠬᠤ᠂ ᠮᠡᠳᠡᠬᠦ ᠢᠲᠡᠭᠡᠬᠦ ᠬᠢᠬᠦ ᠶᠢ ᠨᠢᠭᠡᠳᠬᠡᠬᠦ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠡᠮᠴᠢᠯᠡᠭᠡᠨ ᠤ ᠪᠠᠲᠤᠯᠠᠭ᠎ᠠ ᠶᠢᠨ ᠭᠠᠷᠲᠠᠨ ᠭᠦᠢᠴᠡᠳᠭᠡᠬᠦ ᠠᠵᠢᠯ ᠤᠨ ᠪᠥᠬᠦ ᠶᠠᠪᠤᠴᠠ ᠡᠯ᠎ᠡ ᠲᠠᠯ᠎ᠠ ᠳᠤ ᠨᠠᠶᠢᠳᠠᠪᠤᠷᠢᠵᠢᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠠᠴᠠ ᠵᠢᠷᠤᠭᠯᠠᠭᠰᠠᠨ ᠠᠤᠭ᠎ᠠ ᠲᠥᠰᠦᠪ ᠢ ᠡᠮᠴᠢᠯᠡᠭᠡᠨ ᠤ ᠪᠠᠲᠤᠯᠠᠭ᠎ᠠ ᠶᠢᠨ ᠠᠷᠠᠳ ᠲᠤ ᠠᠰᠢᠭ ᠬᠦᠷᠲᠡᠭᠡᠬᠦ ᠠᠮᠢᠳᠤᠯᠢᠭ ᠦᠢᠯᠡᠳᠦᠯᠭᠡ ᠪᠣᠯᠭᠠᠨ ᠬᠤᠪᠢᠷᠠᠭᠤᠯᠬᠤ ᠬᠡᠷᠡᠭᠲᠡᠶ ᠭᠡᠵᠦ ᠤᠷᠢᠶᠠᠯᠠᠪᠠ᠃  ᠥᠪᠡᠷᠲᠡᠭᠡᠨ ᠵᠠᠰᠠᠬᠤ ᠣᠷᠣᠨ ᠤ ᠡᠮᠴᠢᠯᠡᠭᠡ ᠶᠢᠨ ᠳᠠᠭᠠᠳᠬᠠᠯ ᠤᠨ ᠲᠥᠪ ᠤᠨ ᠪᠥᠬᠦ ᠨᠠᠮ ᠤᠨ ᠭᠡᠰᠢᠭᠦᠨ ᠺᠠᠳ᠋ᠷ ᠠᠵᠢᠯᠲᠠᠨ ᠠᠵᠢᠯᠴᠢᠨ ᠠᠵᠢᠯᠯᠠᠭ᠎ᠠ ᠳᠤ ᠣᠷᠣᠯᠴᠠᠪᠠ᠃ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号