ᠥᠪᠥᠷ ᠡᠮᠴᠢᠯᠡᠭᠡᠨ ᠤ ᠪᠠᠲᠤᠯᠠᠭ᠎ᠠ ᠠᠯᠪᠠᠨ ᠥᠰᠥᠭ ﹇2022﹈ 220 ᠳ᠋ᠤᠭᠠᠷ ᠲᠣᠭᠠᠲᠤ | | ᠡᠯ᠎ᠡ ᠠᠶᠢᠮᠠᠭ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠮᠠᠨᠵᠤᠤᠷ ᠬᠤᠲᠠ᠂ ᠡᠷᠢᠶᠡᠨ ᠬᠤᠲᠠ ᠶᠢᠨ | ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠳᠤ᠄ | ︽ᠰᠢᠨ᠎ᠡ ᠲᠢᠲᠢᠮᠯᠢᠭ ᠸᠢᠷᠦ᠋ᠰ ᠤᠨ ᠥᠳᠥᠭᠡᠭᠴᠢ ᠤᠨ ᠪᠠᠶᠢᠴᠠᠭᠠᠯᠲᠠ ᠶᠢ ᠬᠡᠷᠡᠭᠯᠡᠬᠦ ᠲᠥᠰᠦᠯ ︵ᠲᠤᠷᠰᠢᠨ | ᠬᠡᠷᠡᠭᠵᠢᠭᠦᠯᠬᠦ︶︾ ︵ᠬᠠᠮᠲᠤᠷᠠᠨ ᠰᠡᠷᠭᠡᠶᠢᠯᠡᠵᠦ ᠬᠠᠮᠲᠤᠷᠠᠨ ᠡᠵᠡᠮᠳᠡᠬᠦ ᠲᠣᠭᠲᠠᠴᠠ ᠶᠢᠨ ᠶᠡᠷᠦᠩᠬᠡᠶᠢᠯᠡᠨ | ᠲᠠᠷᠬᠠᠭᠠᠭᠰᠠᠨ ﹇2022﹈ 21 ᠳ᠋ᠦ᠋ᠭᠡᠷ ᠲᠣᠭᠠᠲᠤ︶ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠰᠢᠨ᠎ᠡ ᠲᠢᠲᠢᠮᠯᠢᠭ ᠸᠢᠷᠦ᠋ᠰ ᠤᠨ ᠪᠥᠭᠡᠮ ᠬᠦᠴᠢᠯ ᠤᠨ ᠪᠠᠶᠢᠴᠠᠭᠠᠯᠲᠠ ᠶᠢᠨ ᠤᠷᠪᠠᠯᠵᠢ ᠵᠢᠴᠢ ᠢᠵᠢ | ᠪᠦᠷᠢᠳᠦᠭᠦᠯᠦᠭᠰᠡᠨ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠡᠮᠵᠢᠶ᠎ᠡ ᠲᠠᠢ ᠬᠤᠳᠠᠯᠳᠤᠨ ᠠᠪᠬᠤ ᠪᠢᠴᠢᠭ | ᠮᠠᠲ᠋ᠧᠷᠢᠶᠠᠯ ︵NMG-HC2021-2︶︾ ︵ᠳᠣᠷᠣᠭᠰᠢ ︽ᠬᠤᠳᠠᠯᠳᠤᠨ ᠠᠪᠬᠤ ᠪᠢᠴᠢᠭ ᠮᠠᠲ᠋ᠧᠷᠢᠶᠠᠯ︾ | ᠭᠡᠵᠦ ᠲᠣᠪᠴᠢᠯᠠᠨ᠎ᠠ︶ ᠤᠨ ᠲᠣᠭᠲᠠᠭᠠᠯ ᠶᠣᠰᠣᠭᠠᠷ᠂ ᠡᠳᠦᠭᠡ ᠪᠣᠳᠠᠲᠠᠶ ᠲᠠᠢ ᠤᠶᠠᠯᠳᠤᠭᠤᠯᠤᠨ᠂ ᠮᠠᠨ ᠤ ᠣᠷᠣᠨ ᠤ | ᠰᠢᠨ᠎ᠡ ᠲᠢᠲᠢᠮᠯᠢᠭ ᠸᠢᠷᠦ᠋ᠰ ᠤᠨ ᠪᠥᠭᠡᠮ ᠬᠦᠴᠢᠯ ᠤᠨ ᠪᠠᠶᠢᠴᠠᠭᠠᠯᠲᠠ ᠶᠢᠨ ᠤᠷᠪᠠᠯᠵᠢ᠂ ᠥᠳᠥᠭᠡᠭᠴᠢ ᠵᠢᠴᠢ ᠢᠵᠢ | ᠪᠦᠷᠢᠳᠦᠭᠦᠯᠦᠭᠰᠡᠨ ᠬᠤᠷᠣᠭᠳᠠᠯ ᠮᠠᠲ᠋ᠧᠷᠢᠶᠠᠯ ᠤᠨ ᠬᠢᠵᠠᠭᠠᠷᠯᠠᠭᠰᠠᠨ ᠦᠨ᠎ᠡ ᠶᠢᠨ ᠬᠤᠯᠪᠤᠯᠳᠤᠨ ᠬᠥᠳᠡᠯᠦᠯᠴᠡᠬᠦ | ᠠᠵᠢᠯ ᠢ ᠰᠠᠶᠢᠲᠤᠷ ᠬᠢᠬᠦ ᠲᠤᠬᠠᠶ ᠬᠤᠯᠪᠣᠭᠳᠠᠯ ᠪᠥᠬᠦᠶ ᠵᠦᠢᠯ ᠢ ᠳᠤᠤᠷᠠᠬᠢ ᠮᠡᠲᠦ ᠮᠡᠳᠡᠭᠳᠡᠪᠡ᠃ | ᠨᠢᠭᠡ᠂ ᠬᠡᠷᠡᠭᠵᠢᠭᠦᠯᠬᠦ ᠬᠡᠪᠴᠢᠶ᠎ᠡ | ᠦᠢᠯᠡᠳᠭᠦᠨ ᠤ ᠬᠡᠪᠴᠢᠶ᠎ᠡ᠄ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ︵2019-nCoV︶ ᠤᠨ ᠪᠥᠭᠡᠮ | ᠬᠦᠴᠢᠯ ᠤᠨ ᠪᠠᠶᠢᠴᠠᠭᠠᠯᠲᠠ ᠶᠢᠨ ᠤᠷᠪᠠᠯᠵᠢ᠂ ᠪᠣᠯᠪᠠᠰᠤᠷᠠᠭᠤᠯᠬᠤ ᠤᠷᠪᠠᠯᠵᠢ᠂ ᠥᠳᠥᠭᠡᠭᠴᠢ ᠪᠠ ᠨᠢᠭᠡ ᠯᠡ | ᠤᠳᠠᠭ᠎ᠠ ᠶᠢᠨ ᠴᠢᠨᠠᠷᠲᠠᠶ ᠸᠢᠷᠦ᠋ᠰ ᠤᠨ ᠥᠯᠢᠭᠡᠷ ᠠᠪᠬᠤ ᠬᠤᠷᠤᠭᠤ ᠰᠢᠯ᠃ | ᠡᠮᠴᠢᠯᠡᠭᠡᠨ ᠤ ᠪᠠᠶᠢᠭᠤᠯᠤᠮᠵᠢ ᠶᠢᠨ ᠬᠡᠪᠴᠢᠶ᠎ᠡ᠄ ᠪᠥᠬᠦ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ | ᠪᠠᠶᠢᠭᠤᠯᠤᠮᠵᠢ ︵ᠴᠡᠷᠢᠭ ᠠᠩᠭᠢ ᠶᠢᠨ ᠡᠮᠴᠢᠯᠡᠭᠡᠨ ᠤ ᠪᠠᠶᠢᠭᠤᠯᠤᠮᠵᠢ ᠶᠢ ᠪᠠᠭᠲᠠᠭᠠᠨ᠎ᠠ᠂ ᠳᠣᠷᠣᠭᠰᠢ ᠠᠳᠠᠯᠢ︶᠂ | ᠡᠮᠴᠢᠯᠡᠭᠡᠨ ᠤ ᠪᠠᠲᠤᠯᠠᠭ᠎ᠠ ᠶᠢᠨ ᠴᠡᠭ ᠲᠣᠭᠲᠠᠭᠠᠭᠰᠠᠨ ᠨᠡᠶᠢᠭᠡᠮ ᠠᠴᠠ ᠡᠷᠬᠢᠯᠡᠭᠰᠡᠨ ᠡᠮᠴᠢᠯᠡᠭᠡᠨ ᠤ ᠪᠠᠶᠢᠭᠤᠯᠤᠮᠵᠢ᠃ | ᠬᠤᠶᠠᠷ᠂ ᠭᠦᠢᠴᠡᠳᠬᠡᠬᠦ ᠴᠠᠭ | 2022 ᠣᠨ ᠤ 12 ᠰᠠᠷ᠎ᠠ ᠶᠢᠨ 16 ᠤ ᠡᠳᠦᠷ ᠤᠨ ᠲᠡᠭ ᠴᠠᠭ ᠠᠴᠠ ᠡᠬᠢᠯᠡᠵᠦ ᠬᠡᠷᠡᠭᠵᠢᠭᠦᠯᠦᠨ᠎ᠡ᠃ ︽ | ᠥᠪᠡᠷᠲᠡᠭᠡᠨ ᠵᠠᠰᠠᠬᠤ ᠣᠷᠣᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠪᠥᠭᠡᠮ ᠬᠦᠴᠢᠯ ᠤᠨ | ᠪᠠᠶᠢᠴᠠᠭᠠᠯᠲᠠ ᠶᠢᠨ ᠤᠷᠪᠠᠯᠵᠢ ᠵᠢᠴᠢ ᠢᠵᠢ ᠪᠦᠷᠢᠳᠦᠭᠦᠯᠦᠭᠰᠡᠨ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ | ᠬᠡᠮᠵᠢᠶ᠎ᠡ ᠲᠠᠢ ᠬᠤᠳᠠᠯᠳᠤᠨ ᠠᠪᠬᠤ ᠪᠠ ᠬᠡᠷᠡᠭᠯᠡᠬᠦ ᠠᠵᠢᠯ ᠢ ᠨᠠᠶᠢᠳᠠᠪᠤᠷᠢᠵᠢᠭᠤᠯᠬᠤ ᠲᠤᠬᠠᠶ ᠮᠡᠳᠡᠭᠳᠡᠯ︾ ︵ᠥᠪᠥᠷ | ᠡᠮᠴᠢᠯᠡᠭᠡᠨ ᠤ ᠪᠠᠲᠤᠯᠠᠭ᠎ᠠ ᠠᠯᠪᠠᠨ ᠲᠠᠷᠬᠠᠭᠠᠭᠰᠠᠨ ﹇2021﹈ 35 ᠳ᠋ᠤᠭᠠᠷ ᠲᠣᠭᠠᠲᠤ︶ ᠢ ᠵᠡᠷᠭᠡ ᠳᠤ ᠨᠢ ᠬᠦᠴᠦᠨ | ᠥᠬᠡᠶ ᠪᠣᠯᠭᠠᠨ᠎ᠠ᠃ | ᠭᠤᠷᠪᠠ᠂ ᠰᠦᠯᠵᠢᠶᠡᠨ ᠳᠤ ᠡᠯᠭᠦᠬᠦ ᠪᠠ ᠬᠤᠳᠠᠯᠳᠤᠨ ᠠᠪᠬᠤ | ᠡᠨᠡ ᠤᠳᠠᠭᠠᠨ ᠤ ᠦᠢᠯᠡᠳᠭᠦᠨ ᠤ ᠰᠦᠯᠵᠢᠶᠡᠨ ᠳᠤ ᠡᠯᠭᠦᠬᠦ ᠦᠨ᠎ᠡ ᠬᠠᠩᠰᠢ ᠶᠢ ᠪᠥᠬᠦ ᠤᠯᠤᠰ ᠤᠨ | ᠲᠥᠪᠯᠡᠷᠡᠭᠦᠯᠦᠨ ᠬᠤᠳᠠᠯᠳᠤᠨ ᠠᠪᠬᠤ ᠳᠤ ᠰᠣᠩᠭᠤᠭᠳᠠᠭᠰᠠᠨ ᠬᠠᠮᠤᠭ ᠤᠨ ᠳᠤᠤᠷ᠎ᠠ ᠦᠨ᠎ᠡ ᠬᠠᠩᠰᠢ ᠲᠠᠢ | ᠬᠤᠯᠪᠤᠭᠳᠠᠭᠤᠯᠤᠨ᠂ ᠥᠪᠡᠷᠲᠡᠭᠡᠨ ᠵᠠᠰᠠᠬᠤ ᠣᠷᠣᠨ ᠠᠴᠠ ᠦᠢᠯᠡᠳᠭᠦᠨ ᠢ ᠰᠦᠯᠵᠢᠶᠡᠨ ᠳᠤ ᠡᠯᠭᠦᠬᠦ ᠬᠠᠮᠤᠭ ᠤᠨ | ᠥᠨᠳᠥᠷ ᠪᠠᠷᠢᠮᠵᠢᠶ᠎ᠠ ᠶᠢ ᠲᠣᠭᠲᠠᠭᠠᠵᠤ᠂ ᠨᠥᠬᠦᠴᠡᠯ ᠳᠤ ᠨᠡᠶᠢᠴᠡᠭᠰᠡᠨ ᠠᠵᠤ ᠠᠬᠤᠶᠢᠯᠠᠯ ᠰᠠᠨᠠᠭᠠᠴᠢᠯᠠᠭ᠎ᠠ ᠠᠴᠠ ᠪᠠᠨ | ᠰᠦᠯᠵᠢᠶᠡᠨ ᠳᠤ ᠡᠯᠭᠦᠬᠦ ᠪᠠᠷ ᠭᠤᠶᠤᠴᠢᠯᠠᠵᠤ᠂ ᠨᠢᠭᠡᠨᠲᠡ ᠰᠦᠯᠵᠢᠶᠡᠨ ᠳᠤ ᠡᠯᠭᠦᠭᠰᠡᠨ ᠦᠢᠯᠡᠳᠭᠦᠨ ᠤ | ᠰᠦᠯᠵᠢᠶᠡᠨ ᠳᠤ ᠡᠯᠭᠦᠭᠰᠡᠨ ᠦᠨ᠎ᠡ ᠬᠠᠩᠰᠢ ᠶᠢ ᠲᠣᠬᠢᠷᠠᠭᠤᠯᠤᠨ᠎ᠠ᠃ ᠡᠮᠴᠢᠯᠡᠭᠡᠨ ᠤ ᠪᠠᠶᠢᠭᠤᠯᠤᠮᠵᠢ ᠨᠢ ᠠᠵᠤ | ᠠᠬᠤᠶᠢᠯᠠᠯ ᠤᠨ ᠰᠦᠯᠵᠢᠶᠡᠨ ᠳᠤ ᠡᠯᠭᠦᠭᠰᠡᠨ ᠦᠨ᠎ᠡ ᠠᠴᠠ ᠥᠨᠳᠥᠷ ᠪᠣᠰᠤ ᠦᠨ᠎ᠡ ᠪᠠᠷ ᠬᠤᠳᠠᠯᠳᠤᠨ ᠠᠪᠴᠤ | ᠬᠡᠷᠡᠭᠯᠡᠨ᠂ ᠬᠤᠳᠠᠯᠳᠤᠨ ᠠᠪᠤᠭᠰᠠᠨ ᠨᠠᠷᠠᠲᠤ ᠲᠡᠮᠳᠡᠭᠲᠦ᠂ ᠬᠡᠪ ᠪᠠᠷᠢᠮᠵᠢᠶ᠎ᠠ ᠬᠡᠯᠪᠡᠷᠢ ᠮᠠᠶ᠋ᠢᠭ᠂ ᠲᠤᠭ᠎ᠠ ᠬᠡᠮᠵᠢᠶ᠎ᠡ | ᠵᠡᠷᠭᠡ ᠶᠢ ᠡᠮᠴᠢᠯᠡᠭᠡᠨ ᠤ ᠪᠠᠶᠢᠭᠤᠯᠤᠮᠵᠢ ᠡᠮᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠪᠠᠨ ᠦᠨᠳᠦᠰᠦᠯᠡᠨ ᠡᠵᠡᠨ ᠮᠡᠳᠡᠵᠦ | ᠲᠣᠭᠲᠠᠭᠠᠨ᠎ᠠ᠃ | ᠳᠥᠷᠪᠡ᠂ ᠦᠢᠯᠡᠳᠬᠦᠨ ᠢ ᠬᠠᠩᠭᠠᠵᠤ ᠲᠣᠬᠢᠷᠠᠭᠤᠯᠤᠨ ᠬᠦᠷᠭᠡᠬᠦ | ᠠᠵᠤ ᠠᠬᠤᠶᠢᠯᠠᠯ ᠪᠣᠯ ᠬᠠᠩᠭᠠᠯᠭ᠎ᠠ ᠶᠢ ᠪᠠᠲᠤᠯᠠᠬᠤ ᠨᠢᠭᠡᠳᠦᠭᠡᠷ ᠬᠠᠷᠢᠭᠤᠴᠠᠯᠭᠠᠲᠠᠨ ᠪᠣᠯᠤᠭᠰᠠᠨ ᠤ ᠬᠤᠪᠢ ᠳᠤ᠂ | ᠬᠤᠳᠠᠯᠳᠤᠨ ᠠᠪᠬᠤ ᠪᠠ ᠪᠣᠷᠣᠯᠠᠭᠤᠯᠬᠤ ᠬᠡᠯᠡᠯᠴᠡᠭᠡᠷ ᠢ ᠴᠢᠩᠭ᠎ᠠ ᠬᠡᠷᠡᠭᠵᠢᠭᠦᠯᠬᠦ ᠬᠡᠷᠡᠭᠲᠡᠢ᠃ ᠬᠠᠩᠭᠠᠬᠤ ᠪᠠ ᠬᠡᠷᠡᠭᠰᠡᠬᠦ | ᠬᠤᠶᠠᠷ ᠲᠠᠯ᠎ᠠ ᠪᠠᠷ ᠢᠶᠠᠨ ᠨᠥᠬᠦᠷᠰᠡᠭ ᠢᠶᠠᠷ ᠬᠡᠯᠡᠯᠴᠡᠭᠰᠡᠨ ᠰᠠᠭᠤᠷᠢᠨ ᠳᠡᠭᠡᠷ᠎ᠡ ᠲᠣᠬᠢᠷᠠᠭᠤᠯᠤᠨ ᠬᠦᠷᠭᠡᠬᠦ ᠠᠵᠤ | ᠠᠬᠤᠶᠢᠯᠠᠯ ᠢ ᠡᠵᠡᠨ ᠮᠡᠳᠡᠨ ᠰᠣᠩᠭᠤᠨ ᠲᠣᠭᠲᠠᠭᠠᠵᠤ᠂ ᠰᠣᠩᠭᠤᠭᠳᠠᠭᠰᠠᠨ ᠦᠢᠯᠡᠳᠬᠦᠨ ᠢ ᠲᠣᠬᠢᠷᠠᠭᠤᠯᠤᠨ ᠬᠦᠷᠭᠡᠬᠦ | ᠠᠵᠢᠯ ᠢ ᠡᠭᠦᠷᠭᠡᠯᠡᠵᠦ ᠪᠠᠶᠢᠭ᠎ᠠ ᠲᠣᠬᠢᠷᠠᠭᠤᠯᠤᠨ ᠬᠦᠷᠭᠡᠬᠦ ᠡᠯ᠎ᠡ ᠠᠵᠤ ᠠᠬᠤᠶᠢᠯᠠᠯ ᠡᠮᠴᠢᠯᠡᠭᠡᠨ ᠤ ᠪᠠᠶᠢᠭᠤᠯᠤᠮᠵᠢ ᠶᠢᠨ | ᠵᠠᠬᠢᠶᠠᠯᠠᠭ᠎ᠠ ᠶᠢ ᠴᠠᠭ ᠲᠤᠬᠠᠶ ᠳᠤ ᠨᠢ ᠪᠡᠶᠡᠯᠡᠭᠦᠯᠵᠦ᠂ ᠡᠮᠴᠢᠯᠡᠭᠡᠨ ᠳᠤ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠦᠨᠡᠨ | ᠬᠦ ᠪᠠᠲᠤᠯᠠᠬᠤ ᠬᠡᠷᠡᠭᠲᠡᠶ᠃ | ᠲᠠᠪᠤ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠵᠢᠯᠣᠭᠤᠳᠣᠯᠭ᠎ᠠ ᠶᠢ ᠰᠠᠶᠢᠲᠤᠷ ᠬᠢᠬᠦ ᠬᠡᠷᠡᠭᠲᠡᠶ | ᠡᠯ᠎ᠡ ᠠᠶᠢᠮᠠᠭ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠰᠦᠯᠵᠢᠶᠡᠨ ᠳᠤ ᠡᠯᠭᠦᠭᠰᠡᠨ | ᠦᠢᠯᠡᠳᠭᠦᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠰᠠᠶᠢᠲᠤᠷ ᠬᠢᠵᠦ᠂ ᠶᠠᠷᠢᠶ᠎ᠠ ᠬᠡᠯᠡᠯᠴᠡᠭᠡ ᠪᠠᠷ | ᠬᠥᠲᠥᠯᠥᠨ ᠵᠢᠯᠣᠭᠤᠳᠬᠤ ᠠᠵᠢᠯ ᠢ ᠴᠠᠭ ᠲᠤᠬᠠᠶ ᠳᠤ ᠨᠢ ᠰᠠᠶᠢᠲᠤᠷ ᠬᠢᠵᠦ᠂ ᠶᠠᠷᠢᠶ᠎ᠠ ᠬᠡᠯᠡᠯᠴᠡᠭᠡᠨ ᠤ ᠪᠦᠬᠦᠯᠢ | ᠴᠣᠭᠴᠠ ᠶᠢᠨ ᠲᠣᠭᠲᠠᠭᠤᠨ ᠢ ᠦᠨᠡᠨ ᠬᠦ ᠪᠠᠲᠤᠯᠠᠨ᠂ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠣᠶ | ᠪᠣᠯᠭᠠᠬᠤ ᠬᠡᠷᠡᠭᠲᠡᠶ᠃ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ | 2022 ᠣᠨ ᠤ 12 ᠰᠠᠷ᠎ᠠ ᠶᠢᠨ 6 ᠤ ᠡᠳᠦᠷ | |