︽ᠲᠩᠷᠢ ᠲᠤᠯᠤᠮ᠎ᠠ ᠦᠨᠡᠲᠡᠢ ᠡᠮ︾ ᠤᠨ ᠦᠨ᠎ᠡ ᠶᠢ ᠪᠠᠭᠤᠷᠠᠭᠤᠯᠤᠨ ᠡᠮᠨᠡᠯᠭᠡ ᠶᠢᠨ ᠳᠠᠭᠠᠳᠬᠠᠯ ᠳᠤ ᠣᠷᠣᠭᠤᠯᠵᠤ 8 ᠨᠠᠰᠤᠲᠠᠶ ᠬᠡᠦᠬᠡᠳ ᠲᠤ ᠬᠡᠷᠡᠭᠯᠡᠪᠡ︕
ᠨᠡᠶᠢᠲᠡᠯᠡᠭᠰᠡᠨ ᠴᠠᠭ᠄
2022/2/7
   ᠰᠤᠷᠪᠤᠯᠵᠢᠯᠠᠭᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠣᠶᠢᠷ᠎ᠠ ᠳᠤ᠂ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠠᠷᠢᠶᠠᠲᠤ ᠡᠮᠨᠡᠯᠭᠡ ᠶᠢᠨ ᠬᠤᠷᠢᠶ᠎ᠠ ᠨᠤᠭᠤᠰᠤᠨ ᠤ ᠴᠢᠨᠠᠷᠲᠠᠶ ᠪᠤᠯᠴᠢᠩ ᠤᠨ ᠬᠠᠲᠠᠩᠬᠢᠷᠡᠯ ︵SMA︶ ᠡᠪᠡᠳᠴᠢᠨ ᠲᠠᠢ 8 ᠨᠠᠰᠤᠲᠠᠶ ᠬᠡᠦᠬᠡᠳ ᠲᠤ ᠨᠦᠰᠢᠨᠠ ᠰᠧᠩᠨᠠ ᠡᠮᠴᠢᠯᠡᠭᠡ ᠬᠢᠵᠦ ᠥᠭᠪᠡ᠃ ᠡᠨᠡ ᠪᠣᠯ ᠲᠣᠰ ︽ᠲᠩᠷᠢ ᠲᠤᠯᠤᠮ᠎ᠠ ᠦᠨᠡᠲᠡᠢ ᠡᠮ︾ ᠤᠨ ᠦᠨ᠎ᠡ ᠶᠢ ᠶᠡᠭᠡ ᠪᠠᠷ ᠪᠠᠭᠤᠷᠠᠭᠤᠯᠤᠭᠰᠠᠨ ᠪᠥᠭᠡᠳ ᠡᠮᠴᠢᠯᠡᠭᠡᠨ ᠤ ᠳᠠᠭᠠᠳᠬᠠᠯ ᠳᠤ ᠣᠷᠣᠭᠤᠯᠤᠭᠰᠠᠨ ᠤ ᠳᠠᠷᠠᠭ᠎ᠠ᠂ ᠥᠪᠥᠷ ᠮᠣᠩᠭᠤᠯ ᠤᠨ ᠡᠮᠴᠢᠯᠡᠭᠡᠨ ᠤ ᠳᠠᠭᠠᠳᠬᠠᠯ ᠤᠨ ᠠᠰᠢᠭ ᠢ ᠭᠥᠷᠳᠡᠭᠰᠡᠨ ᠠᠩᠬᠠᠳᠠᠭᠴᠢ ᠡᠪᠡᠳᠴᠢᠲᠡᠨ ᠪᠣᠯᠤᠨ᠎ᠠ᠃ ᠣᠳᠣᠬᠠᠨ ᠪᠣᠯᠲᠠᠯ᠎ᠠ᠂ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠠᠷᠢᠶᠠᠲᠤ ᠡᠮᠨᠡᠯᠭᠡ ᠶᠢᠨ ᠬᠤᠷᠢᠶ᠎ᠠ SMA ᠡᠪᠡᠳᠴᠢᠨ ᠳᠤ ᠨᠡᠷᠪᠡᠭᠳᠡᠭᠰᠡᠨ 5 ᠬᠡᠤᠬᠡᠳ ᠢ ᠨᠢᠭᠡᠨᠲᠡ ᠡᠮᠨᠡᠨ ᠵᠠᠰᠠᠵᠤ᠂ ᠬᠠᠮᠤᠭ ᠤᠨ ᠶᠡᠭᠡ ᠨᠢ 9 ᠨᠠᠰᠤᠲᠠᠶ᠂ ᠬᠠᠮᠤᠭ ᠤᠨ ᠪᠠᠭ᠎ᠠ ᠨᠢ ᠵᠥᠪᠬᠡᠨ 1 ᠨᠠᠰᠤᠲᠠᠶ᠃   ᠣᠶᠢᠯᠠᠭᠠᠭᠰᠠᠨ ᠢᠶᠠᠷ᠂ ᠨᠦᠰᠢᠨᠠ ᠰᠧᠩᠨᠠ ᠪᠣᠯ SMA ᠶᠢ ᠡᠮᠨᠡᠨ ᠵᠠᠰᠠᠬᠤ ᠪᠠᠷ ᠵᠦᠪᠰᠢᠶᠡᠷᠡᠭᠳᠡᠭᠰᠡᠨ ᠤᠯᠤᠰ ᠤᠨ ᠳᠣᠲᠣᠭᠠᠳᠤ ᠶᠢᠨ ᠠᠩᠬᠠᠳᠠᠭᠴᠢ ᠡᠮ ᠪᠣᠯᠤᠨ᠎ᠠ᠂ ᠳᠤᠮᠳᠠᠳᠤ ᠤᠯᠤᠰ ᠤᠨ ᠵᠠᠬ᠎ᠠ ᠳᠡᠯᠭᠡᠭᠦᠷ ᠲᠤ ᠣᠷᠣᠬᠤ ᠦᠶ᠎ᠡ ᠳᠤ ᠰᠢᠷᠬᠡᠭ ᠪᠦᠷᠢ ᠶᠢᠨ ᠦᠨ᠎ᠡ ᠨᠢ 70 ᠲᠦᠮᠡᠨ ᠲᠥᠭᠦᠷᠢᠭ ᠰᠢᠬᠠᠮ ᠬᠦᠷᠲᠡᠭ᠂ ᠡᠪᠡᠳᠴᠢᠲᠡᠨ ᠵᠢᠯ ᠪᠦᠷᠢ ᠣᠯᠠᠨ ᠤᠳᠠᠭ᠎ᠠ ᠲᠠᠷᠢᠯᠭ᠎ᠠ ᠬᠢᠬᠦ ᠴᠢᠬᠤᠯᠠᠲᠠᠶ ᠪᠥᠭᠡᠳ ᠨᠠᠰᠤᠨ ᠲᠤᠷᠰᠢᠳᠠ ᠡᠮ ᠬᠡᠷᠡᠭᠯᠡᠳᠡᠭ ᠪᠤᠯᠬᠤᠷ᠂ ᠮᠠᠰᠢ ᠣᠯᠠᠨ ᠡᠪᠡᠳᠴᠢᠲᠡᠨ ︽ᠲᠩᠷᠢ ᠲᠤᠯᠤᠮ᠎ᠠ ᠦᠨᠡᠲᠡᠢ ᠡᠮ︾ ᠢ ᠬᠡᠷᠡᠭᠯᠡᠵᠦ ᠳᠡᠶᠢᠯᠬᠦ ᠥᠬᠡᠶ ᠠᠴᠠ ᠪᠣᠯᠵᠣ ᠡᠮᠨᠡᠨ ᠵᠠᠰᠠᠬᠤ ᠶᠢ ᠰᠠᠭᠠᠲᠠᠭᠠᠵᠤ ᠪᠠᠶᠢᠯ᠎ᠠ᠃ 2021 ᠣᠨ ᠳᠤ ᠤᠯᠤᠰ ᠤᠨ ᠡᠮᠨᠡᠯᠭᠡ ᠶᠢᠨ ᠳᠠᠭᠠᠳᠬᠠᠯ ᠤᠨ ᠬᠡᠯᠡᠯᠴᠡᠭᠡ ᠪᠠᠷ ᠳᠡᠮᠵᠢᠨ᠂ ᠨᠦᠰᠢᠨᠠ ᠰᠧᠩᠨᠠ ᠶᠢ ᠪᠠᠭᠲᠠᠭᠠᠭᠰᠠᠨ 7 ᠵᠥᠢᠯ ᠤᠨ ᠬᠤᠪᠣᠷ ᠲᠣᠬᠢᠶᠠᠯᠳᠤᠬᠤ ᠡᠪᠡᠳᠴᠢᠨ ᠳᠤ ᠬᠡᠷᠡᠭᠯᠡᠬᠦ ᠡᠮ ᠢ ᠡᠮᠨᠡᠯᠭᠡ ᠶᠢᠨ ᠳᠠᠭᠠᠳᠬᠠᠯ ᠳᠤ ᠣᠷᠣᠭᠤᠯᠵᠤ᠂ ᠲᠣᠰ ᠡᠮ ᠤᠨ ᠦᠨ᠎ᠡ ᠬᠠᠩᠰᠢ ᠶᠢ ᠴᠤ 3 . 3 ᠲᠦᠮᠡᠨ ᠲᠥᠭᠦᠷᠢᠭ ᠪᠣᠯᠭᠠᠨ ᠪᠠᠭᠤᠷᠠᠭᠤᠯᠤᠭᠰᠠᠨ ᠶᠤᠮ᠃ 
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号