ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ | ᠶᠡᠭᠡ ᠬᠡᠪᠴᠢᠶᠡᠨ ᠤ ᠥᠷᠲᠡᠭ ᠨᠡᠮᠡᠭᠳᠡᠯ ᠤᠨ ᠭᠠᠶᠢᠯᠢ ᠶᠢ ᠰᠠᠭᠤᠳᠬᠠᠵᠤ ᠲᠤᠯᠭᠠᠨ ᠪᠤᠴᠠᠭᠠᠬᠤ ᠲᠥᠷᠥ ᠶᠢᠨ ᠪᠣᠳᠣᠯᠭ᠎ᠠ ᠶᠢ | ᠲᠣᠬᠢᠷᠠᠭᠤᠯᠤᠨ ᠬᠡᠷᠡᠭᠵᠢᠭᠦᠯᠵᠦ᠂ ᠬᠤᠷᠸ᠎ᠠ ᠠᠵᠤ ᠠᠬᠤᠢ ᠶᠢᠨ ᠶᠡᠭᠡ ᠲᠠᠯ᠎ᠠ ᠶᠢ ᠲᠣᠭᠲᠠᠪᠤᠷᠢᠵᠢᠭᠤᠯᠬᠤ ᠳᠤ ᠬᠦᠴᠦᠲᠡᠢ | ᠳᠡᠮᠵᠢᠯᠭᠡ ᠬᠠᠩᠭᠠᠬᠤ ᠪᠠᠷ ᠲᠣᠭᠲᠠᠭᠠᠪᠠ᠃ | ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠶᠢ ᠬᠡᠷᠡᠭᠵᠢᠭᠦᠯᠦᠨ ᠵᠠᠬ᠎ᠠ ᠳᠡᠯᠭᠡᠭᠦᠷ ᠤᠨ ᠵᠢᠱᠢᠯᠲᠡ ᠶᠢ ᠲᠣᠭᠲᠠᠪᠤᠷᠢᠵᠢᠭᠤᠯᠵᠤ | ᠂ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ ᠡᠷᠡᠭᠦᠯ ᠬᠥᠭᠵᠢᠯᠲᠡ ᠶᠢ ᠪᠠᠲᠤᠯᠠᠬᠤ ᠲᠤᠬᠠᠢ | ᠪᠠᠶᠢᠷᠢᠯᠠᠭᠤᠯᠪᠠ᠃ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ 3 ᠳ᠋ᠤᠭᠠᠷ | ᠰᠠᠷ᠎ᠠ ᠶᠢᠨ 21 ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ | ᠶᠡᠭᠡ ᠬᠡᠪᠴᠢᠶᠡᠨ ᠤ ᠥᠷᠲᠡᠭ ᠨᠡᠮᠡᠭᠳᠡᠯ ᠤᠨ ᠭᠠᠶᠢᠯᠢ ᠶᠢ ᠰᠠᠭᠤᠳᠬᠠᠵᠤ ᠲᠤᠯᠭᠠᠨ ᠪᠤᠴᠠᠭᠠᠬᠤ ᠲᠥᠷᠥ ᠶᠢᠨ ᠪᠣᠳᠣᠯᠭ᠎ᠠ ᠶᠢ | ᠲᠣᠬᠢᠷᠠᠭᠤᠯᠤᠨ ᠬᠡᠷᠡᠭᠵᠢᠭᠦᠯᠵᠦ᠂ ᠬᠤᠷᠸ᠎ᠠ ᠠᠵᠤ ᠠᠬᠤᠢ ᠶᠢᠨ ᠶᠡᠭᠡ ᠲᠠᠯ᠎ᠠ ᠶᠢ ᠲᠣᠭᠲᠠᠪᠤᠷᠢᠵᠢᠭᠤᠯᠬᠤ ᠳᠤ ᠬᠦᠴᠦᠲᠡᠢ | ᠳᠡᠮᠵᠢᠯᠭᠡ ᠬᠠᠩᠭᠠᠬᠤ ᠪᠠᠷ ᠲᠣᠭᠲᠠᠪᠠ︔ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠶᠢ ᠬᠡᠷᠡᠭᠵᠢᠭᠦᠯᠦᠨ ᠵᠠᠬ᠎ᠠ ᠳᠡᠯᠭᠡᠭᠦᠷ ᠤᠨ | ᠵᠢᠱᠢᠯᠲᠡ ᠶᠢ ᠲᠣᠭᠲᠠᠪᠤᠷᠢᠵᠢᠭᠤᠯᠵᠤ᠂ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ ᠡᠷᠡᠭᠦᠯ | ᠬᠥᠭᠵᠢᠯᠲᠡ ᠶᠢ ᠪᠠᠲᠤᠯᠠᠬᠤ ᠶᠢ ᠪᠠᠶᠢᠷᠢᠯᠠᠭᠤᠯᠪᠠ᠃ | ᠬᠤᠷᠠᠯ ᠠᠴᠠ ᠵᠢᠭᠠᠬᠤ ᠳᠤ ᠪᠠᠨ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ | ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠵᠤ᠂ ︽ᠵᠠᠰᠠᠭ ᠤᠨ ᠣᠷᠳᠣᠨ ᠤ ᠠᠵᠢᠯ ᠤᠨ | ᠢᠯᠡᠳᠬᠡᠯ︾ ᠤᠨ ᠲᠣᠬᠢᠷᠠᠭᠤᠯᠤᠯᠲᠠ ᠶᠣᠰᠣᠭᠠᠷ᠂ ᠣᠳᠣᠬᠠᠨ ᠤ ᠤᠯᠤᠰ ᠤᠨ ᠳᠣᠲᠣᠭᠠᠳᠤ ᠭᠠᠳᠠᠭᠠᠳᠤ ᠶᠢᠨ ᠪᠠᠶᠢᠳᠠᠯ ᠤᠨ | ᠰᠢᠨ᠎ᠡ ᠬᠤᠪᠢᠷᠠᠯᠲᠠ ᠳᠤ ᠴᠢᠭᠯᠡᠭᠦᠯᠦᠨ᠂ ᠠᠵᠤ ᠠᠬᠤᠢ ᠶᠢᠨ ᠠᠵᠢᠯᠯᠠᠭᠠᠨ ᠢ ᠲᠣᠭᠲᠠᠪᠤᠷᠢᠵᠢᠭᠤᠯᠬᠤ ᠲᠦᠷᠦ ᠶᠢᠨ | ᠪᠣᠳᠣᠯᠭ᠎ᠠ ᠶᠢ ᠱᠠᠯᠠᠪᠳᠠᠨ ᠨᠡᠶᠢᠲᠡᠯᠡᠵᠦ ᠬᠡᠷᠡᠭᠵᠢᠭᠦᠯᠬᠦ ᠬᠡᠷᠡᠭᠲᠡᠢ᠃ ᠡᠨᠡ ᠵᠢᠯ ᠤᠨ ᠦᠷᠳᠡᠭ ᠨᠡᠮᠡᠭᠳᠡᠯ ᠤᠨ ᠭᠠᠶᠢᠯᠢ ᠶᠢ | ᠰᠠᠭᠤᠳᠬᠠᠵᠤ ᠲᠤᠯᠭᠠᠨ ᠪᠤᠴᠠᠭᠠᠬᠤ ᠬᠡᠪᠴᠢᠶ᠎ᠡ ᠨᠢ ᠪᠠᠷᠤᠭ 1.5 ᠲᠦᠮᠡᠨ ᠳ᠋ᠦᠩᠰᠢᠭᠤᠷ ᠲᠥᠭᠦᠷᠢᠭ ᠬᠦᠷᠴᠦ᠂ ᠡᠨᠡ ᠪᠣᠯ | ︽ᠬᠤᠶᠠᠷ ᠢ ᠥᠴᠥᠬᠡᠨ ᠴᠦ ᠭᠤᠶᠢᠪᠢᠰᠢ ᠦᠭᠡᠢ︾ ᠪᠠᠷᠢᠮᠲᠠᠯᠠᠵᠤ᠂ ᠡᠯ᠎ᠡ ᠲᠦᠷᠦᠯ ᠤᠨ ᠵᠠᠬ᠎ᠠ ᠳᠡᠯᠭᠡᠭᠦᠷ ᠤᠨ ᠭᠤᠣᠯ | ᠴᠣᠭᠴᠠ ᠶᠢᠨ ᠬᠦᠴᠢᠷᠳᠡᠯ ᠢ ᠰᠢᠢᠳᠪᠦᠷᠢᠯᠡᠬᠦ ᠰᠢᠭᠤᠳ ᠪᠥᠭᠡᠳ ᠥᠨᠳᠥᠷ ᠪᠦᠲᠦᠮᠵᠢᠲᠡᠶ ᠠᠷᠭ᠎ᠠ ᠬᠡᠮᠵᠢᠶ᠎ᠡ ᠮᠥᠨ᠂ | ᠨᠡᠮᠡᠭᠳᠡᠯ ᠢ ᠲᠣᠭᠲᠠᠪᠤᠷᠢᠵᠢᠭᠤᠯᠵᠤ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠵᠢᠯ ᠣᠯᠭᠤᠯᠲᠠ ᠶᠢ ᠪᠠᠲᠤᠯᠠᠬᠤ | ᠵᠠᠩᠭᠢᠯᠠᠭ᠎ᠠ ᠶᠢᠨ ᠠᠷᠭ᠎ᠠ ᠬᠡᠮᠵᠢᠶ᠎ᠡ ᠮᠥᠨ᠂ ᠪᠠᠰᠠ ᠴᠤ ᠭᠠᠶᠢᠯᠢ ᠶᠢᠨ ᠢᠷᠡᠯᠲᠡ ᠶᠢ ᠬᠠᠳᠠᠭᠠᠯᠠᠬᠤ᠂ ᠦᠷᠳᠡᠭ ᠨᠡᠮᠡᠭᠳᠡᠯ ᠤᠨ | ᠭᠠᠶᠢᠯᠢ ᠶᠢᠨ ᠳᠦᠷᠢᠮ ᠢ ᠶᠡᠭᠡ ᠪᠠᠷ ᠰᠠᠶᠢᠵᠢᠷᠠᠭᠤᠯᠬᠤ ᠥᠭᠡᠷᠡᠴᠢᠯᠡᠯᠲᠡ ᠮᠥᠨ ᠭᠡᠵᠡᠢ᠃ ᠬᠤᠷᠠᠯ ᠠᠴᠠ᠂ ᠨᠢᠭᠡ ᠳᠤ᠂ ᠪᠣᠶ | ᠪᠦᠬᠦᠢ ᠠᠵᠢᠯ ᠲᠥᠷᠥᠯ ᠤᠨ ᠵᠢᠵᠢᠭ ᠪᠢᠴᠢᠯ ᠠᠵᠤ ᠠᠬᠤᠶᠢᠯᠠᠯ ᠪᠠ ᠡᠩ ᠤᠨ ᠭᠠᠶᠢᠯᠢ ᠪᠤᠳᠤᠬᠤ ᠠᠷᠭ᠎ᠠ ᠮᠠᠶ᠋ᠢᠭ ᠢᠶᠠᠷ | ᠭᠠᠶᠢᠯᠢ ᠲᠤᠰᠢᠶᠠᠵᠤ ᠪᠠᠶᠢᠭ᠎ᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠳᠤ 1 ᠲᠦᠮᠡᠨ ᠳ᠋ᠦᠩᠰᠢᠭᠤᠷ | ᠲᠥᠭᠦᠷᠢᠭ ᠤᠨ ᠭᠠᠶᠢᠯᠢ ᠪᠤᠴᠠᠭᠠᠨ᠎ᠠ᠃ ᠡᠭᠦᠨ ᠳᠤ᠂ ᠦᠯᠡᠳᠡᠭᠡᠯ ᠭᠠᠶᠢᠯᠢ ᠶᠢᠨ ᠲᠤᠭ᠎ᠠ ᠶᠢ 6 ᠳ᠋ᠤᠭᠠᠷ ᠰᠠᠷ᠎ᠠ ᠶᠢᠨ | ᠰᠡᠭᠦᠯᠴᠢ ᠠᠴᠠ ᠡᠮᠦᠨ᠎ᠡ ᠨᠢᠭᠡ ᠯᠠ ᠤᠳᠠᠭ᠎ᠠ ᠶᠢᠨ ᠴᠢᠨᠠᠷᠲᠠᠢ ᠪᠠᠷ ᠪᠦᠬᠦᠨ ᠢ ᠪᠤᠴᠠᠭᠠᠨ ᠥᠭᠴᠦ᠂ ᠪᠢᠴᠢᠯ ᠬᠡᠯᠪᠡᠷᠢ ᠶᠢᠨ | ᠠᠵᠤ ᠠᠬᠤᠶᠢᠯᠠᠯ ᠳᠤ 4 ᠳ᠋ᠦ᠋ᠭᠡᠷ ᠰᠠᠷ᠎ᠠ ᠳᠤ ᠲᠥᠪᠯᠡᠷᠡᠭᠦᠯᠦᠨ ᠪᠤᠴᠠᠭᠠᠨ ᠥᠭᠴᠦ᠂ ᠵᠢᠵᠢᠭ ᠬᠡᠯᠪᠡᠷᠢ ᠶᠢᠨ ᠠᠵᠤ | ᠠᠬᠤᠶᠢᠯᠠᠯ ᠳᠤ 5᠂ 6 ᠳ᠋ᠤᠭᠠᠷ ᠰᠠᠷ᠎ᠠ ᠳᠤ ᠪᠤᠴᠠᠭᠠᠨ ᠥᠭᠭᠦᠨ᠎ᠡ︔ ᠨᠡᠮᠡᠭᠳᠡᠯ ᠤᠨ ᠬᠡᠮᠵᠢᠶ᠎ᠡ ᠶᠢᠨ ᠰᠠᠭᠤᠳᠬᠠᠨ ᠬᠠᠰᠤᠬᠤ | ᠭᠠᠶᠢᠯᠢ ᠶᠢᠨ ᠲᠤᠭ᠎ᠠ ᠶᠢ 4 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ ᠰᠠᠷ᠎ᠠ ᠪᠦᠷᠢ ᠪᠥᠬᠦ ᠲᠤᠭ᠎ᠠ ᠪᠠᠷ ᠪᠤᠴᠠᠭᠠᠨ | ᠥᠭᠴᠦ᠂ ︽6 ᠰᠠᠷ᠎ᠠ ᠳᠠᠷᠠᠭᠠᠯᠠᠨ ᠨᠡᠮᠡᠭᠳᠡᠯ ᠤᠨ ᠬᠡᠮᠵᠢᠶ᠎ᠡ ᠶᠢᠨ ᠰᠠᠭᠤᠳᠬᠠᠨ ᠬᠠᠰᠤᠬᠤ ᠭᠠᠶᠢᠯᠢ ᠶᠢᠨ ᠲᠤᠭ᠎ᠠ ᠨᠢ 0 | ᠠᠴᠠ ᠶᠡᠭᠡ᠂ ᠬᠠᠮᠤᠭ ᠤᠨ ᠡᠴᠦᠰ ᠤᠨ ᠨᠢᠭᠡ ᠰᠠᠷ᠎ᠠ ᠶᠢᠨ ᠨᠡᠮᠡᠭᠳᠡᠯ ᠤᠨ ᠬᠡᠮᠵᠢᠶ᠎ᠡ ᠶᠢᠨ ᠰᠠᠭᠤᠳᠬᠠᠨ ᠬᠠᠰᠤᠬᠤ ᠭᠠᠶᠢᠯᠢ ᠶᠢᠨ | ᠲᠤᠭ᠎ᠠ ᠨᠢ 50 ᠲᠦᠮᠡᠨ ᠲᠥᠭᠦᠷᠢᠭ ᠠᠴᠠ ᠶᠡᠭᠡ︾ ᠵᠡᠷᠭᠡ ᠭᠠᠶᠢᠯᠢ ᠪᠤᠴᠠᠭᠠᠬᠤ ᠨᠥᠬᠦᠴᠡᠯ ᠢ ᠱᠠᠲᠤᠴᠢ ᠴᠢᠨᠠᠷᠲᠠᠢ ᠪᠠᠷ | ᠬᠦᠴᠦᠨ ᠦᠭᠡᠢ ᠪᠣᠯᠭᠠᠨ᠎ᠠ᠃ ᠬᠤᠶᠠᠷ ᠲᠤ᠂ ᠦᠢᠯᠡᠳᠬᠡᠯ ᠤᠨ ᠦᠢᠯᠡᠰ᠂ ᠰᠢᠨᠵᠢᠯᠡᠬᠦ ᠤᠬᠠᠭᠠᠨ ᠤ ᠰᠤᠳᠤᠯᠭᠠᠨ ᠪᠠ | ᠮᠡᠷᠭᠡᠵᠢᠯ ᠤᠨ ᠦᠢᠯᠡᠴᠢᠯᠡᠭᠡᠨ ᠤ ᠦᠢᠯᠡᠰ᠂ ᠴᠠᠬᠢᠯᠭᠠᠨ ᠬᠦᠴᠦᠨ ᠢᠯᠴᠢ ᠶᠢᠨ ᠬᠦᠴᠦᠨ ᠰᠢᠲᠠᠮᠠᠬᠠᠢ ᠬᠡᠢ ᠵᠢᠴᠢ ᠤᠰᠤᠨ ᠤ | ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ᠂ ᠵᠥᠭᠡᠯᠡᠨ ᠲᠣᠨᠤᠭ ᠪᠠ ᠮᠡᠳᠡᠭᠡ ᠵᠠᠩᠭᠢ ᠶᠢᠨ ᠮᠡᠷᠭᠡᠵᠢᠯ ᠤᠨ | ᠦᠢᠯᠡᠴᠢᠯᠡᠭᠡᠨ ᠤ ᠦᠢᠯᠡᠰ᠂ ᠠᠮᠢ ᠠᠬᠤᠢ ᠶᠢᠨ ᠬᠠᠮᠠᠭᠠᠯᠠᠯᠲᠠ ᠪᠠ ᠣᠷᠴᠢᠨ ᠲᠣᠭᠤᠷᠢᠨ ᠤ ᠵᠠᠰᠠᠯᠲᠠ ᠶᠢᠨ ᠦᠢᠯᠡᠰ᠂ ᠵᠠᠮ | ᠬᠠᠷᠢᠯᠴᠠᠭ᠎ᠠ ᠲᠡᠭᠡᠭᠡᠪᠦᠷᠢ ᠶᠢᠨ ᠬᠥᠮᠥᠷᠭᠡᠯᠡᠯᠲᠡ ᠪᠠ ᠰᠢᠤᠳᠠᠨ ᠤ ᠦᠢᠯᠡᠰ ᠵᠡᠷᠭᠡ 6 ᠠᠵᠢᠯ ᠲᠥᠷᠥᠯ ᠤᠨ ᠠᠵᠤ | ᠠᠬᠤᠶᠢᠯᠠᠯ ᠤᠨ ᠦᠯᠡᠳᠡᠭᠡᠨ ᠰᠠᠭᠤᠳᠬᠠᠬᠤ ᠭᠠᠶᠢᠯᠢ ᠶᠢᠨ ᠲᠤᠭ᠎ᠠ ᠶᠢ 7 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ | ᠪᠦᠬᠦᠨ ᠢ ᠪᠤᠴᠠᠭᠠᠵᠤ᠂ ᠵᠢᠯ ᠤᠨ ᠡᠴᠦᠰ ᠠᠴᠠ ᠡᠮᠦᠨ᠎ᠡ ᠪᠤᠴᠠᠭᠠᠵᠤ ᠳᠠᠭᠤᠰᠬᠠᠨ᠎ᠠ︔ ᠨᠡᠮᠡᠭᠳᠡᠯ ᠤᠨ ᠬᠡᠮᠵᠢᠶ᠎ᠡ ᠶᠢᠨ | ᠰᠠᠭᠤᠳᠬᠠᠨ ᠬᠠᠰᠤᠬᠤ ᠭᠠᠶᠢᠯᠢ ᠶᠢᠨ ᠲᠤᠭ᠎ᠠ ᠶᠢ ᠴᠤ 4 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ ᠰᠠᠷ᠎ᠠ ᠪᠦᠷᠢ | ᠪᠥᠬᠦ ᠲᠤᠭ᠎ᠠ ᠪᠠᠷ ᠪᠤᠴᠠᠭᠠᠨ᠎ᠠ᠃ ᠭᠤᠷᠪᠠ ᠳᠤ᠂ ᠲᠥᠪ ᠤᠨ ᠡᠳ᠋ ᠤᠨ ᠵᠠᠰᠠᠭ ᠠᠴᠠ ᠤᠳᠤ ᠶᠢᠨ ᠬᠡᠷᠡᠭᠵᠢᠭᠦᠯᠵᠦ ᠪᠠᠶᠢᠭ᠎ᠠ | ᠭᠠᠶᠢᠯᠢ ᠶᠢᠨ ᠳᠦᠷᠢᠮ ᠶᠣᠰᠣᠭᠠᠷ ᠭᠠᠶᠢᠯᠢ ᠶᠢ ᠪᠤᠴᠠᠭᠠᠬᠤ50 % ᠶᠢᠨ ᠪᠡᠯᠡ ᠮᠥᠩᠭᠦ ᠶᠢ ᠡᠭᠦᠷᠭᠡᠯᠡᠭᠰᠡᠨ ᠰᠠᠭᠤᠷᠢᠨ | ᠳᠡᠭᠡᠷ᠎ᠡ᠂ ᠲᠠᠬᠢᠭᠠᠳ 1.2 ᠲᠦᠮᠡᠨ ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠰᠢᠯᠵᠢᠭᠦᠯᠦᠨ ᠲᠣᠬᠢᠷᠠᠭᠤᠯᠬᠤ ᠪᠠᠷ | ᠳᠠᠮᠵᠢᠭᠤᠯᠤᠨ 3 ᠲᠤᠰᠬᠠᠢ ᠵᠦᠢᠯ ᠤᠨ ᠪᠡᠯᠡ ᠮᠥᠩᠭᠦ ᠲᠣᠬᠢᠷᠠᠭᠤᠯᠵᠤ᠂ ᠦᠨᠳᠦᠰᠦᠨ ᠱᠠᠲᠤᠨ ᠤ ᠭᠠᠶᠢᠯᠢ ᠶᠢ ᠪᠤᠴᠠᠭᠠᠬᠤ | ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠪᠠ ᠠᠵᠢᠯ ᠣᠯᠭᠤᠯᠲᠠ ᠶᠢ ᠪᠠᠲᠤᠯᠠᠵᠤ ᠠᠷᠠᠳ ᠤᠨ ᠦᠨᠳᠦᠰᠦᠨ | ᠠᠮᠢᠳᠤᠷᠠᠯ ᠢ ᠪᠠᠲᠤᠯᠠᠬᠤ ᠵᠡᠷᠭᠡ ᠶᠢᠨ ᠨᠠᠶᠢᠳᠠᠪᠤᠷᠢᠵᠢᠭᠤᠯᠤᠯᠲᠠ ᠶᠢ ᠲᠡᠮᠵᠢᠨ᠎ᠠ᠃ ᠡᠭᠦᠨ ᠳᠤ᠂ ᠰᠢᠨ᠎ᠡ ᠪᠠᠷ ᠨᠡᠮᠡᠭᠳᠡᠭᠰᠡᠨ | ᠰᠠᠭᠤᠳᠬᠠᠵᠤ ᠲᠤᠯᠭᠠᠨ ᠪᠤᠴᠠᠭᠠᠬᠤ ᠭᠠᠶᠢᠯᠢ ᠶᠢᠨ ᠳᠣᠲᠣᠷᠠᠬᠢ ᠣᠷᠣᠨ ᠨᠤᠲᠤᠭ ᠤᠨ ᠡᠭᠦᠷᠭᠡᠯᠡᠬᠦ ᠬᠡᠰᠡᠭ ᠲᠤ ᠲᠥᠪ ᠤᠨ | ᠡᠳ᠋ ᠤᠨ ᠵᠠᠰᠠᠭ ᠤᠨ ᠨᠥᠬᠦᠪᠦᠷᠢ ᠶᠢ ᠳᠤᠮᠳᠠᠴᠢ ᠪᠠᠷ 82% ᠢ ᠳᠠᠪᠠᠭᠤᠯᠬᠤ ᠪᠥᠭᠡᠳ ᠳᠤᠮᠳᠠ ᠬᠡᠰᠡᠭ ᠪᠠ ᠪᠠᠷᠠᠭᠤᠨ | ᠬᠡᠰᠡᠭ ᠤᠨ ᠭᠠᠵᠠᠷ ᠣᠷᠣᠨ ᠲᠡᠶᠢᠰᠢ ᠬᠡᠯᠪᠡᠶᠢᠯᠭᠡᠨ᠎ᠡ ᠭᠡᠵᠦ ᠲᠣᠭᠲᠠᠭᠠᠵᠠᠢ᠃ ᠬᠤᠷᠠᠯ ᠠᠴᠠ ᠱᠠᠭᠠᠷᠳᠠᠬᠤ ᠳᠤ ᠪᠠᠨ᠂ ᠪᠡᠯᠡ | ᠮᠥᠩᠭᠦ ᠶᠢ ᠤᠷᠢᠳᠴᠢᠯᠠᠨ ᠰᠠᠯᠭᠠᠨ ᠥᠭᠬᠦ ᠲᠣᠭᠲᠠᠴᠠ ᠶᠢ ᠪᠠᠶᠢᠭᠤᠯᠵᠤ᠂ ᠰᠠᠷ᠎ᠠ ᠳᠠᠷᠠᠭᠠᠯᠠᠨ ᠤᠷᠢᠳᠴᠢᠯᠠᠨ ᠰᠠᠯᠭᠠᠨ ᠥᠭᠬᠦ | ᠪᠠ ᠭᠦᠢᠯᠭᠡᠭᠡᠵᠦ ᠪᠠᠶᠢᠭᠠᠳ᠂ ᠡᠷᠭᠢᠯᠳᠦᠭᠦᠯᠦᠨ ᠢᠯᠭᠠᠷᠠᠭᠤᠯᠤᠨ ᠪᠤᠳᠤᠵᠤ᠂ ᠣᠷᠣᠨ ᠨᠤᠲᠤᠭ ᠤᠨ ᠰᠠᠩ ᠬᠥᠮᠥᠷᠭᠡ ᠶᠢᠨ | ᠭᠠᠶᠢᠯᠢ ᠶᠢ ᠪᠤᠴᠠᠭᠠᠬᠤ ᠳᠤ ᠬᠡᠷᠡᠭᠰᠡᠬᠦ ᠪᠡᠯᠡ ᠮᠥᠩᠭᠦ ᠶᠢ ᠬᠠᠭᠠᠰ ᠰᠠᠷ᠎ᠠ ᠶᠢᠨ ᠬᠥᠳᠡᠯᠦᠩᠭᠦᠢ ᠬᠠᠳᠠᠭᠠᠯᠠᠬᠤ ᠶᠢ ᠦᠨᠡᠨ ᠬᠦ | ᠪᠠᠲᠤᠯᠠᠬᠤ ᠬᠡᠷᠡᠭᠲᠡᠢ᠃ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠪᠠ ᠤᠯᠤᠰ ᠤᠨ ᠬᠥᠮᠥᠷᠭᠡ ᠶᠢᠨ ᠬᠠᠮᠢᠶᠠᠷᠤᠯᠲᠠ ᠶᠢ | ᠴᠢᠩᠭᠠᠳᠬᠠᠵᠤ᠂ ᠪᠤᠴᠠᠭᠠᠭᠰᠠᠨ ᠭᠠᠶᠢᠯᠢ ᠶᠢᠨ ᠪᠡᠯᠡ ᠮᠥᠩᠭᠦ ᠶᠢ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠰᠢᠭᠤᠳ | ᠬᠦᠷᠭᠡᠬᠦ ᠶᠢ ᠦᠨᠡᠨ ᠬᠦ ᠪᠠᠲᠤᠯᠠᠵᠤ᠂ ᠣᠷᠣᠨ ᠨᠤᠲᠤᠭ ᠤᠨ ᠨᠥᠬᠦᠪᠦᠷᠢ ᠶᠢ ᠬᠤᠲᠠ ᠰᠢᠶᠠᠨ ᠤ ᠦᠨᠳᠦᠰᠦᠨ ᠱᠠᠲᠤᠨ ᠳᠤ | ᠰᠢᠭᠤᠳ ᠬᠦᠷᠭᠡᠵᠦ᠂ ᠭᠠᠶᠢᠯᠢ ᠶᠢ ᠳᠠᠷᠤᠬᠤ᠂ ᠭᠠᠶᠢᠯᠢ ᠶᠢ ᠮᠡᠬᠡᠯᠡᠬᠦ᠂ ᠨᠥᠬᠦᠪᠦᠷᠢ ᠶᠢ ᠮᠡᠬᠡᠯᠡᠬᠦ ᠵᠡᠷᠭᠡ ᠠᠵᠢᠯᠯᠠᠭ᠎ᠠ ᠳᠤ ᠡᠷᠡᠰ | ᠴᠣᠬᠢᠯᠲᠠ ᠥᠭᠴᠦ᠂ ᠴᠢᠩᠭ᠎ᠠ ᠰᠢᠢᠳᠬᠡᠨ᠎ᠡ ᠭᠡᠵᠡᠢ᠃ | ᠬᠤᠷᠠᠯ ᠠᠴᠠ᠂ ᠲᠦᠷᠦ ᠶᠢᠨ ᠶᠠᠪᠤᠳᠠᠯ ᠤᠨ ᠬᠤᠷᠢᠶᠠᠨ ᠤ ᠮᠥᠩᠭᠦᠨ ᠭᠦᠢᠯᠭᠡᠭᠡᠨ ᠤ ᠵᠥᠪᠯᠡᠯ ᠤᠨ ᠬᠠᠷᠢᠭᠤ | ᠮᠡᠳᠡᠭᠦᠯᠦᠯᠲᠡ ᠶᠢ ᠰᠣᠨᠣᠰᠴᠤ᠂ ᠳᠡᠯᠡᠬᠡᠢ ᠶᠢᠨ ᠪᠠᠶᠢᠳᠠᠯ ᠤᠨ ᠬᠤᠪᠢᠷᠠᠯᠲᠠ ᠶᠢᠨ ᠮᠠᠨ ᠤ ᠤᠯᠤᠰ ᠤᠨ ᠬᠥᠷᠥᠩᠭᠡ ᠶᠢᠨ ᠵᠠᠬ᠎ᠠ | ᠳᠡᠯᠭᠡᠭᠦᠷ ᠲᠤ ᠦᠵᠡᠭᠦᠯᠬᠦ ᠨᠥᠯᠥᠭᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠬᠤ ᠬᠡᠷᠡᠭᠲᠡᠢ᠃ ᠬᠥᠭᠵᠢᠭᠦᠯᠬᠦ ᠪᠣᠯ ᠲᠡᠷᠢᠭᠦᠨ | ᠴᠢᠬᠤᠯᠠ ᠡᠭᠦᠷᠭᠡ ᠪᠣᠯᠬᠤ ᠶᠢ ᠪᠠᠷᠢᠮᠲᠠᠯᠠᠵᠤ᠂ ᠥᠪᠡᠷ ᠤᠨ ᠶᠠᠪᠤᠳᠠᠯ ᠢᠶᠠᠨ ᠬᠦᠴᠦᠯᠡᠨ ᠰᠠᠶᠢᠲᠤᠷ ᠬᠢᠵᠦ᠂ ᠲᠣᠭᠲᠠᠭᠤᠨ | ᠪᠠᠶᠢᠯᠭᠠᠬᠤ ᠶᠢ ᠲᠡᠷᠢᠭᠦᠨ ᠳᠤ ᠲᠠᠯᠪᠢᠬᠤ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠶᠢ ᠪᠠᠷᠢᠮᠲᠠᠯᠠᠵᠤ᠂ | ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠦᠨ᠂ ᠠᠵᠤ ᠠᠬᠤᠢ ᠶᠢᠨ ᠠᠵᠢᠯᠯᠠᠭᠠᠨ ᠢ ᠵᠦᠢ ᠵᠣᠬᠢᠰᠲᠠᠢ ᠣᠷᠣᠨ | ᠬᠡᠪᠴᠢᠶᠡᠨ ᠳᠤ ᠪᠠᠶᠢᠯᠭᠠᠬᠤ ᠶᠢ ᠪᠠᠲᠤᠯᠠᠵᠤ᠂ ᠰᠢᠨᠵᠢᠯᠡᠬᠦ ᠤᠬᠠᠭᠠᠨᠴᠢ ᠪᠥᠭᠡᠳ ᠪᠦᠲᠦᠮᠵᠢᠲᠡᠶ ᠪᠠᠷ ᠠᠷᠭ᠎ᠠ ᠪᠣᠳᠣᠯᠭ᠎ᠠ ᠶᠢ | ᠬᠡᠷᠡᠭᠵᠢᠭᠦᠯᠵᠦ᠂ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠠᠶᠢᠳᠠᠯ ᠢ ᠬᠠᠮᠠᠭᠠᠯᠠᠵᠤ᠂ ᠲᠣᠭᠲᠠᠭᠤᠨ ᠪᠥᠭᠡᠳ | ᠡᠷᠡᠭᠦᠯ ᠢᠶᠠᠷ ᠬᠥᠭᠵᠢᠬᠦ ᠶᠢ ᠪᠠᠲᠤᠯᠠᠬᠤ ᠬᠡᠷᠡᠭᠲᠡᠢ᠃ ᠨᠢᠭᠡ ᠳᠤ᠂ ᠲᠣᠭᠲᠠᠭᠤᠨ ᠪᠥᠭᠡᠳ ᠡᠷᠡᠭᠦᠯ ᠵᠣᠭᠤᠰᠤᠨ ᠤ ᠲᠦᠷᠦ ᠶᠢᠨ | ᠪᠣᠳᠣᠯᠭ᠎ᠠ ᠶᠢᠨ ᠪᠣᠳᠠᠲᠤ ᠴᠣᠭᠴᠠ ᠶᠢᠨ ᠠᠵᠤ ᠠᠬᠤᠢ ᠳᠤ ᠦᠵᠡᠭᠦᠯᠬᠦ ᠳᠡᠮᠵᠢᠯᠭᠡ ᠶᠢᠨ ᠡᠷᠴᠢᠮ ᠢ ᠴᠢᠩᠭᠠᠷᠠᠭᠤᠯᠵᠤ᠂ ︽ | ᠶᠡᠭᠡ ᠤᠰᠤ ᠪᠠᠷ ᠨᠡᠯᠦᠶᠢᠲᠡᠯ᠎ᠡ ᠤᠰᠤᠯᠠᠬᠤ︾ ᠦᠭᠡᠢ ᠪᠠᠶᠢᠬᠤ ᠶᠢ ᠪᠠᠷᠢᠮᠲᠠᠯᠠᠬᠤ ᠶᠢᠨ ᠵᠡᠷᠭᠡᠴᠡᠭᠡ ᠪᠠᠷ ᠴᠠᠭ ᠲᠤᠬᠠᠢ ᠳᠤ ᠨᠢ | ᠤᠯᠠᠨ ᠵᠦᠢᠯ ᠤᠨ ᠵᠣᠭᠤᠰᠤᠨ ᠤ ᠲᠦᠷᠦ ᠶᠢᠨ ᠪᠣᠳᠣᠯᠭ᠎ᠠ ᠶᠢᠨ ᠪᠠᠭᠠᠵᠢ ᠶᠢ ᠬᠡᠷᠡᠭᠯᠡᠵᠦ᠂ ᠭᠦᠢᠯᠭᠡᠭᠡᠨ ᠤ ᠴᠢᠨᠠᠷ ᠤᠨ ᠵᠦᠢ | ᠵᠣᠬᠢᠰᠲᠠᠢ ᠪᠥᠭᠡᠳ ᠭᠦᠢᠴᠡᠳ ᠪᠠᠶᠢᠬᠤ ᠶᠢ ᠪᠠᠲᠤᠯᠠᠵᠤ᠂ ᠢᠲᠡᠭᠡᠮᠵᠢᠲᠦ ᠵᠢᠭᠡᠯᠡᠯᠭᠡ ᠪᠠ ᠨᠡᠶᠢᠭᠡᠮ ᠤᠨ ᠪᠡᠯᠡ | ᠲᠣᠬᠢᠷᠠᠭᠤᠯᠭ᠎ᠠ ᠶᠢᠨ ᠵᠣᠬᠢᠰᠲᠠᠢ ᠨᠡᠮᠡᠭᠳᠡᠯ ᠢ ᠪᠠᠲᠤᠯᠠᠨ᠎ᠠ᠃ ᠬᠤᠶᠠᠷ ᠲᠤ᠂ ᠲᠦᠷᠦ ᠶᠢᠨ ᠪᠣᠳᠣᠯᠭ᠎ᠠ ᠶᠢᠨ ᠲᠣᠭᠲᠠᠭᠤᠨ | ᠴᠢᠨᠠᠷ ᠢ ᠪᠠᠲᠤᠯᠠᠵᠤ᠂ ᠣᠶᠢᠷ᠎ᠠ ᠶᠢᠨ ᠵᠢᠯ ᠤᠳ ᠤᠨ ᠠᠵᠤ ᠠᠬᠤᠢ ᠶᠢᠨ ᠠᠵᠢᠯᠯᠠᠭᠠᠨ ᠢ ᠲᠣᠭᠲᠠᠪᠤᠷᠢᠵᠢᠭᠤᠯᠬᠤ᠂ ᠵᠠᠬ᠎ᠠ | ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠬᠦ ᠲᠦᠷᠦ ᠶᠢᠨ ᠪᠣᠳᠣᠯᠭ᠎ᠠ ᠶᠢ ᠠᠯᠢ ᠴᠢᠳᠠᠬᠤ ᠪᠠᠷ ᠦᠷᠭᠦᠯᠵᠢᠯᠡᠨ | ᠬᠡᠷᠡᠭᠵᠢᠭᠦᠯᠬᠦ ᠶᠢᠨ ᠵᠡᠷᠭᠡᠴᠡᠭᠡ ᠪᠠᠷ ᠲᠦᠷᠦ ᠶᠢᠨ ᠪᠣᠳᠣᠯᠭ᠎ᠠ ᠶᠢᠨ ᠬᠠᠨᠳᠤᠰᠢ ᠶᠢᠨ ᠨᠢᠭᠡᠳᠦᠯᠲᠦ ᠴᠢᠨᠠᠷ ᠤᠨ ᠦᠨᠡᠯᠡᠨ | ᠵᠢᠱᠢᠯᠲᠡ ᠶᠢ ᠥᠷᠨᠢᠭᠦᠯᠵᠦ᠂ ᠵᠠᠬ᠎ᠠ ᠳᠡᠯᠭᠡᠭᠦᠷ ᠤᠨ ᠵᠢᠱᠢᠯᠲᠡ ᠳᠤ ᠠᠰᠢᠭ ᠦᠭᠡᠢ ᠲᠦᠷᠦ ᠶᠢᠨ ᠪᠣᠳᠣᠯᠭ᠎ᠠ | ᠲᠣᠭᠲᠠᠭᠠᠬᠤ ᠶᠢ ᠰᠡᠷᠭᠡᠶᠢᠯᠡᠨ ᠵᠠᠯᠠᠷᠠᠭᠤᠯᠤᠨ᠎ᠠ᠃ ᠭᠤᠷᠪᠠ ᠳᠤ᠂ ᠵᠠᠬ᠎ᠠ ᠳᠡᠯᠭᠡᠭᠦᠷᠴᠢᠯᠡᠬᠦ ᠬᠠᠤᠯᠢᠴᠢᠯᠠᠬᠤ ᠳᠡᠯᠡᠬᠡᠶᠢᠴᠢᠯᠡᠬᠦ | ᠵᠠᠷᠴᠢᠮ ᠶᠣᠰᠣᠭᠠᠷ᠂ ᠬᠥᠷᠥᠩᠭᠡ ᠶᠢᠨ ᠵᠠᠬ᠎ᠠ ᠳᠡᠯᠭᠡᠭᠦᠷ ᠤᠨ ᠠᠵᠢᠯᠯᠠᠭᠠᠨ ᠤ ᠳᠤᠮᠳᠠᠬᠢ ᠠᠰᠠᠭᠤᠳᠠᠯ ᠢ ᠯᠠᠪᠳᠠᠭᠤᠨ | ᠰᠠᠶᠢᠲᠤᠷ ᠰᠢᠢᠳᠪᠦᠷᠢᠯᠡᠵᠦ᠂ ᠡᠯ᠎ᠡ ᠲᠦᠷᠦᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠲᠣᠭᠲᠠᠭᠤᠨ᠂ ᠢᠯᠡ ᠲᠣᠳᠣ᠂ | ᠵᠢᠱᠢᠵᠦ ᠪᠣᠯᠬᠤᠶᠢᠴᠠ ᠬᠥᠭᠵᠢᠯᠲᠡ ᠶᠢᠨ ᠣᠷᠴᠢᠨ ᠨᠥᠬᠦᠴᠡᠯ ᠢ ᠪᠤᠢ ᠪᠣᠯᠭᠠᠵᠤ ᠥᠭᠭᠦᠨ᠎ᠡ᠃ ᠳᠥᠷᠪᠡ ᠳᠤ᠂ ᠰᠠᠯᠠᠭ᠎ᠠ | ᠮᠥᠴᠢᠷ ᠤᠨ ᠬᠠᠮᠵᠢᠯᠴᠠᠭ᠎ᠠ ᠶᠢ ᠴᠢᠩᠭᠠᠳᠬᠠᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠠᠵᠤ ᠠᠬᠤᠢ ᠮᠥᠩᠭᠦᠨ | ᠭᠦᠢᠯᠭᠡᠭᠡᠨ ᠤ ᠪᠠᠶᠢᠳᠠᠯ ᠢ ᠨᠢᠭᠲᠠ ᠮᠥᠷᠳᠡᠵᠦ᠂ ᠰᠢᠨ᠎ᠡ ᠥᠷᠢᠰᠦᠯᠳᠦᠭᠡᠨ ᠳᠤ ᠤᠷᠢᠳᠴᠢᠯᠠᠨ ᠪᠡᠯᠡᠳᠬᠡᠵᠦ᠂ ᠬᠠᠨᠳᠤᠯᠭᠠᠲᠤ | ᠴᠢᠨᠠᠷᠲᠠᠢ ᠠᠷᠭ᠎ᠠ ᠬᠡᠮᠵᠢᠶ᠎ᠡ ᠠᠪᠴᠤ ᠪᠠᠶᠢᠭᠠᠳ ᠵᠠᠬ᠎ᠠ ᠳᠡᠯᠭᠡᠭᠦᠷ ᠤᠨ ᠵᠢᠱᠢᠯᠲᠡ ᠶᠢ ᠲᠣᠭᠲᠠᠪᠤᠷᠢᠵᠢᠭᠤᠯᠵᠤ᠂ ᠵᠠᠬ᠎ᠠ | ᠳᠡᠯᠭᠡᠭᠦᠷ ᠤᠨ ᠢᠲᠡᠭᠡᠯ ᠢ ᠨᠡᠮᠡᠭᠳᠡᠭᠦᠯᠦᠨ᠎ᠡ᠃ ᠲᠠᠪᠤ ᠳᠤ᠂ ᠭᠠᠳᠠᠭᠠᠳᠤ ᠠᠷᠠᠯᠵᠢᠶ᠎ᠠ ᠶᠢ ᠲᠣᠭᠲᠠᠪᠤᠷᠢᠵᠢᠭᠤᠯᠬᠤ ᠪᠠ | ᠭᠠᠳᠠᠭᠠᠳᠤ ᠪᠡᠯᠡ ᠶᠢ ᠲᠣᠭᠲᠠᠪᠤᠷᠢᠵᠢᠭᠤᠯᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠠᠷᠠᠳ ᠤᠨ ᠵᠣᠭᠤᠰᠤᠨ ᠤ | ᠭᠤᠪᠢᠭᠤᠯᠭ᠎ᠠ ᠶᠢᠨ ᠨᠤᠷᠮ᠎ᠠ ᠶᠢᠨ ᠵᠦᠢ ᠵᠣᠬᠢᠰᠲᠠᠢ ᠪᠥᠭᠡᠳ ᠲᠡᠩᠴᠡᠭᠦᠷᠢᠲᠡᠢ ᠬᠢᠷᠢ ᠲᠦᠪᠰᠢᠨ ᠳᠤ ᠦᠨᠳᠦᠰᠦᠨ ᠳᠤ ᠪᠠᠨ | ᠲᠣᠭᠲᠠᠭᠤᠨ ᠪᠠᠶᠢᠬᠤ ᠶᠢ ᠪᠠᠲᠤᠯᠠᠵᠤ᠂ ᠤᠯᠤᠰ ᠤᠨ ᠬᠤᠭᠤᠷᠣᠨᠳᠣᠬᠢ ᠣᠷᠣᠯᠭ᠎ᠠ ᠵᠠᠷᠤᠯᠭ᠎ᠠ ᠶᠢ ᠦᠨᠳᠦᠰᠦᠨ ᠳᠤ ᠪᠠᠨ | ᠲᠡᠩᠴᠡᠭᠦᠷᠢᠲᠡᠢ ᠪᠠᠶᠢᠯᠭᠠᠬᠤ ᠶᠢ ᠪᠠᠲᠤᠯᠠᠨ᠎ᠠ ᠭᠡᠵᠡᠢ᠃ | | ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ |