ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠬᠤᠭᠤᠴᠠᠭᠠᠨ ᠳᠤ ᠡᠮᠴᠢᠯᠡᠭᠡᠨ ᠤ ᠪᠠᠲᠤᠯᠠᠭ᠎ᠠ ᠶᠢᠨ ᠲᠣᠭᠠᠴᠠᠭ᠎ᠠ ᠬᠢᠬᠦ ᠬᠡᠪᠴᠢᠶ᠎ᠡ ᠶᠢ ᠲᠦᠷ ᠴᠠᠭ ᠲᠣᠬᠢᠷᠠᠭᠤᠯᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2022/3/24
                   ᠥᠪᠥᠷ ᠡᠮᠴᠢᠯᠡᠭᠡᠨ ᠤ ᠪᠠᠲᠤᠯᠠᠭ᠎ᠠ ᠠᠯᠪᠠᠨ ᠥᠰᠥᠭ  ﹇2022﹈ 55 ᠳ᠋ᠤᠭᠠᠷ ᠲᠣᠭᠠᠲᠤᠡᠯ᠎ᠡ ᠠᠶᠢᠮᠠᠭ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠮᠠᠨᠵᠤᠤᠷ ᠬᠤᠲᠠ᠂ ᠡᠷᠢᠶᠡᠨ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠳᠤ᠄      ︽ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠮᠴᠢᠯᠡᠭᠡᠨ ᠤ ᠪᠠᠲᠤᠯᠠᠭ᠎ᠠ ᠶᠢᠨ ᠠᠵᠢᠯ ᠢ ᠦᠨᠡᠨ ᠬᠦ ᠰᠠᠶᠢᠲᠤᠷ ᠬᠢᠬᠦ ᠲᠤᠬᠠᠶ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠠᠯᠪᠠᠨ ᠬᠡᠷ ᠤᠨ ᠮᠡᠳᠡᠭᠳᠡᠯ︾ ︵ᠡᠮᠴᠢᠯᠡᠭᠡᠨ ᠤ ᠪᠠᠲᠤᠯᠠᠭ᠎ᠠ ᠠᠯᠪᠠᠨ ᠲᠠᠷᠬᠠᠭᠠᠭᠰᠠᠨ  ﹇2022﹈ 3 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ ᠮᠠᠨ ᠤ ᠣᠷᠣᠨ ᠤ ᠪᠣᠳᠠᠲᠠᠶ ᠲᠠᠢ ᠪᠠᠨ ᠤᠶᠠᠯᠳᠤᠭᠤᠯᠤᠨ᠂ ᠡᠳᠦᠭᠡ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠬᠤᠭᠤᠴᠠᠭᠠᠨ ᠳᠤ ᠡᠮᠴᠢᠯᠡᠭᠡᠨ ᠤ ᠪᠠᠲᠤᠯᠠᠭ᠎ᠠ ᠶᠢᠨ ᠲᠣᠭᠠᠴᠠᠭ᠎ᠠ ᠬᠢᠬᠦ ᠬᠡᠪᠴᠢᠶ᠎ᠡ ᠶᠢ ᠲᠦᠷ ᠴᠠᠭ ᠲᠣᠬᠢᠷᠠᠭᠤᠯᠬᠤ ᠬᠤᠯᠪᠣᠭᠳᠠᠯ ᠪᠥᠬᠦᠶ ᠵᠦᠢᠯ ᠢ ᠮᠡᠳᠡᠭᠳᠡᠪᠡ᠃      ᠨᠢᠭᠡ᠂ ᠨᠠᠢ ᠮᠠ ᠲᠧ ᠸᠧᠶ ᠡᠮ / ᠯᠢ ᠲᠦᠸᠧ ᠨᠠ ᠸᠧᠶ ᠡᠮ ᠢ ᠲᠦᠷ ᠴᠠᠭ ᠡᠮᠴᠢᠯᠡᠭᠡᠨ ᠤ ᠪᠠᠲᠤᠯᠠᠭ᠎ᠠ ᠶᠢᠨ ᠲᠣᠭᠠᠴᠠᠭ᠎ᠠ ᠬᠢᠬᠦ ᠬᠡᠪᠴᠢᠶᠡᠨ ᠳᠤ ᠣᠷᠣᠭᠤᠯᠤᠨ᠎ᠠ      ᠡᠮᠴᠢᠯᠡᠭᠡᠨ ᠤ ᠪᠠᠲᠤᠯᠠᠭ᠎ᠠ ᠶᠢᠨ ᠲᠣᠭᠠᠴᠠᠭ᠎ᠠ ᠬᠢᠬᠦ ᠬᠡᠪᠴᠢᠶᠡᠨ ᠳᠤ ᠣᠷᠣᠭᠤᠯᠤᠭᠰᠠᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠡᠮᠨᠡᠨ ᠵᠠᠰᠠᠬᠤ ᠳᠤ ᠬᠡᠷᠡᠭᠯᠡᠬᠦ ᠡᠮ ᠢ ᠴᠠᠭ ᠲᠤᠬᠠᠶ ᠳᠤ ᠨᠢ ᠲᠣᠬᠢᠷᠠᠭᠤᠯᠵᠤ᠂ ᠬᠢᠵᠢᠭ ᠤᠨ ᠬᠤᠭᠤᠴᠠᠭᠠᠨ ᠳᠤ᠂ ︽ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠠᠭᠤᠰᠬᠢᠨ ᠦᠷᠪᠢᠰᠦᠯ ᠢ ᠣᠨᠣᠰᠢᠯᠠᠨ ᠡᠮᠨᠡᠬᠦ ᠲᠥᠰᠦᠯ ︵ᠲᠤᠷᠰᠢᠨ ᠬᠡᠷᠡᠭᠵᠢᠭᠦᠯᠬᠦ ᠶᠢᠰᠦᠳᠦᠭᠡᠷ ᠬᠡᠪᠯᠡᠯ︶︾ ᠳᠤ ᠰᠢᠨ᠎ᠡ ᠪᠠᠷ ᠨᠡᠮᠡᠭᠳᠡᠭᠰᠡᠨ ᠨᠠᠢ ᠮᠠ ᠲᠧ ᠸᠧᠶ ᠡᠮ / ᠯᠢ ᠲᠦᠸᠧ ᠨᠠ ᠸᠧᠶ ᠡᠮ ᠢ ᠲᠦᠷ ᠴᠠᠭ ᠡᠮᠴᠢᠯᠡᠭᠡᠨ ᠤ ᠪᠠᠲᠤᠯᠠᠭ᠎ᠠ ᠶᠢᠨ ᠲᠣᠭᠠᠴᠠᠭ᠎ᠠ ᠬᠢᠬᠦ ᠬᠡᠪᠴᠢᠶᠡᠨ ᠳᠤ ᠣᠷᠣᠭᠤᠯᠵᠤ᠂ ︽ᠬᠥᠬᠡ ᠲᠥᠷᠥᠯ︾ ᠤᠨ ᠶᠣᠰᠣᠭᠠᠷ ᠲᠣᠭᠠᠴᠠᠭ᠎ᠠ ᠬᠢᠵᠦ᠂ ᠲᠣᠭᠠᠴᠠᠭ᠎ᠠ ᠬᠢᠬᠦ ᠬᠡᠪᠴᠢᠶ᠎ᠡ ᠶᠢ ︽ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠠᠭᠤᠰᠬᠢᠨ ᠦᠷᠪᠢᠰᠦᠯ ᠢᠶᠠᠷ ᠣᠨᠣᠰᠢᠯᠠᠭᠳᠠᠭᠰᠠᠨ ᠡᠪᠡᠳᠴᠢᠲᠡᠨ︾ ᠢᠶᠠᠷ ᠬᠢᠵᠠᠭᠠᠷᠯᠠᠨ ᠲᠣᠭᠲᠠᠭᠠᠪᠠ᠃      ᠬᠤᠶᠠᠷ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠡᠮᠨᠡᠨ ᠵᠠᠰᠠᠬᠤ ᠡᠮ ᠤᠨ ᠵᠦᠢᠯ ᠤᠨ ᠬᠠᠩᠭᠠᠯᠭ᠎ᠠ ᠶᠢ ᠪᠠᠲᠤᠯᠠᠬᠤ ᠶᠢ ᠰᠠᠶᠢᠲᠤᠷ  ᠬᠢᠬᠦ ᠬᠡᠷᠡᠭᠲᠡᠢ      ᠥᠪᠡᠷᠲᠡᠭᠡᠨ ᠵᠠᠰᠠᠬᠤ ᠣᠷᠣᠨ ᠤ ᠡᠮ ᠬᠤᠳᠠᠯᠳᠤᠨ ᠠᠪᠬᠤ ᠲᠥᠪ ᠨᠢ ᠰᠠᠭᠠᠳ ᠥᠬᠡᠶ ᠨᠡᠪᠲᠡᠷᠡᠬᠦ ᠵᠠᠮ ᠢ ᠨᠡᠪᠲᠡᠷᠡᠭᠦᠯᠵᠦ᠂ ᠰᠢᠨ᠎ᠡ ᠪᠠᠷ ᠨᠡᠮᠡᠭᠳᠡᠭᠰᠡᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠡᠮᠨᠡᠨ ᠵᠠᠰᠠᠬᠤ ᠡᠮ ᠤᠨ ᠵᠦᠢᠯ ᠢ ᠴᠠᠭ ᠲᠤᠬᠠᠶ ᠳᠤ ᠨᠢ ᠰᠦᠯᠵᠢᠶᠡᠨ ᠳᠤ ᠡᠯᠭᠦᠬᠦ ᠶᠢ ᠦᠨᠡᠨ ᠬᠦ ᠪᠠᠲᠤᠯᠠᠵᠤ᠂ ᠬᠠᠷᠠᠬᠠᠨ ᠰᠦᠯᠵᠢᠶᠡᠨ ᠳᠤ ᠡᠯᠭᠦᠭᠡᠳᠦᠶ ᠡᠮ ᠤᠨ ᠵᠦᠢᠯ ᠢ ᠡᠮ ᠡᠮᠨᠡᠯᠭᠡ ᠶᠢᠨ ᠪᠠᠶᠢᠭᠤᠯᠤᠮᠵᠢ ᠨᠢ ᠤᠷᠢᠳ ᠢᠶᠠᠷ ᠰᠦᠯᠵᠢᠶᠡᠨ ᠠᠴᠠ ᠭᠠᠳᠠᠨ᠎ᠠ ᠬᠤᠳᠠᠯᠳᠤᠨ ᠠᠪᠴᠤ ᠪᠠᠴᠢᠮ ᠪᠠᠶᠢᠳᠠᠯ ᠢ ᠠᠷᠭᠠᠴᠠᠭᠠᠬᠤ ᠳᠤ ᠬᠡᠷᠡᠭᠯᠡᠵᠦ᠂ ᠡᠮᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ  ᠪᠠᠲᠤᠯᠠᠬᠤ ᠬᠡᠷᠡᠭᠲᠡᠢ᠃      ᠭᠤᠷᠪᠠ᠂ ᠰᠢᠨ᠎ᠡ ᠲᠢᠲᠢᠮᠯᠢᠭ ᠸᠢᠷᠦ᠋ᠰ ᠤᠨ ᠥᠳᠥᠭᠡᠭᠴᠢ ᠶᠢ ᠰᠢᠯᠭᠠᠨ ᠪᠠᠶᠢᠴᠠᠭᠠᠬᠤ ᠤᠷᠪᠠᠯᠵᠢ ᠶᠢ ᠬᠤᠪᠢ ᠬᠥᠮᠦᠨ ᠤ ᠲᠠᠩᠰᠠᠨ ᠡᠷᠦᠬᠡ ᠶᠢᠨ ᠲᠣᠭᠠᠴᠠᠭ᠎ᠠ ᠬᠢᠬᠦ  ᠬᠡᠪᠴᠢᠶᠡᠨ ᠳᠤ ᠣᠷᠣᠭᠤᠯᠤᠨ᠎ᠠ      ᠬᠢᠵᠢᠭ ᠤᠨ ᠬᠤᠭᠤᠴᠠᠭᠠᠨ ᠳᠤ᠂ ᠳᠠᠭᠠᠳᠬᠠᠯ ᠳᠤ ᠣᠷᠣᠯᠴᠠᠭᠰᠠᠨ ᠡᠪᠡᠳᠴᠢᠲᠡᠨ ᠴᠡᠭ ᠳᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠪᠠ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠠᠴᠠ ᠰᠢᠨ᠎ᠡ ᠲᠢᠲᠢᠮᠯᠢᠭ ᠸᠢᠷᠦ᠋ᠰ ᠤᠨ ᠥᠳᠥᠭᠡᠭᠴᠢ ᠶᠢ ᠰᠢᠯᠭᠠᠨ ᠪᠠᠶᠢᠴᠠᠭᠠᠬᠤ ᠤᠷᠪᠠᠯᠵᠢ ᠶᠢ ᠬᠤᠳᠠᠯᠳᠤᠨ ᠠᠪᠤᠭᠰᠠᠨ ᠵᠠᠷᠤᠳᠠᠯ ᠢ ᠬᠤᠪᠢ ᠬᠥᠮᠦᠨ ᠤ ᠲᠠᠩᠰᠠᠨ ᠡᠷᠦᠬᠡ ᠪᠠᠷ ᠳᠥᠯᠥᠵᠦ ᠪᠣᠯᠤᠨ᠎ᠠ᠃         ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ                      2022 ᠣᠨ ᠤ 3 ᠳ᠋ᠤᠭᠠᠷ ᠰᠠᠷ᠎ᠠ ᠶᠢᠨ 23 ᠤ ᠡᠳᠦᠷ                   ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶        ᠢᠷᠡᠯᠲᠡ᠄ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ                            
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号