︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦᠨ ᠤ ᠬᠡᠷᠡᠭᠯᠡᠯᠲᠡ ᠶᠢ ᠬᠢᠨᠠᠵᠤ ᠬᠠᠮᠢᠶᠠᠷᠬᠤ ᠠᠷᠭ᠎ᠠ︾ ᠶᠢ 8 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ
ᠨᠡᠶᠢᠲᠡᠯᠡᠭᠰᠡᠨ ᠴᠠᠭ᠄
2022/3/29
     7 ᠳ᠋ᠤᠭᠠᠷ ᠰᠠᠷ᠎ᠠ ᠶᠢᠨ 26 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠬᠡᠷ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ᠂ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠬᠤᠯᠪᠣᠭᠳᠠᠯ ᠪᠥᠬᠦᠶ ᠬᠠᠷᠢᠭᠤᠴᠠᠯᠭᠠᠲᠠᠨ ᠢ ᠤᠷᠢᠵᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦᠨ ᠤ ᠬᠡᠷᠡᠭᠯᠡᠯᠲᠡ ᠶᠢ ᠬᠢᠨᠠᠵᠤ ᠬᠠᠮᠢᠶᠠᠷᠬᠤ ᠠᠷᠭ᠎ᠠ︾ ᠳᠤ ᠲᠠᠶᠢᠯᠤᠮᠵᠢ ᠬᠢᠯᠭᠡᠪᠡ᠃     ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠪᠣᠯ ᠠᠷᠠᠳ ᠤᠯᠠᠨ ᠤ ᠡᠪᠡᠳᠴᠢᠨ ᠦᠵᠡᠭᠦᠯᠬᠦ ᠵᠣᠭᠤᠰ᠂ ᠠᠮᠢ ᠠᠪᠤᠷᠠᠬᠤ ᠵᠣᠭᠤᠰ ᠮᠥᠨ᠂ ᠲᠡᠭᠦᠨ ᠤ ᠬᠡᠷᠡᠭᠯᠡᠭᠡᠨ ᠤ ᠠᠮᠤᠷ ᠲᠦᠪᠰᠢᠨ ᠨᠢ ᠥᠷᠭᠡᠨ ᠤᠯᠠᠨ ᠲᠦᠮᠡᠨ ᠤ ᠠᠮᠢ ᠪᠡᠶ᠎ᠡ ᠶᠢᠨ ᠠᠰᠢᠭ ᠲᠤᠰᠠ ᠳᠤ ᠬᠤᠯᠪᠣᠭᠳᠠᠵᠤ ᠪᠠᠶᠢᠳᠠᠭ᠃ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦᠨ ᠤ ᠬᠡᠷᠡᠭᠯᠡᠯᠲᠡ ᠶᠢ ᠬᠢᠨᠠᠵᠤ ᠬᠠᠮᠢᠶᠠᠷᠬᠤ ᠶᠢ ᠴᠢᠩᠭᠠᠳᠬᠠᠵᠤ᠂ ᠬᠠᠤᠯᠢ ᠪᠠᠷ ᠵᠠᠰᠠᠬᠤ ᠠᠷᠭ᠎ᠠ ᠪᠠᠷ ᠰᠠᠭᠤᠷᠢ ᠮᠥᠩᠭᠦᠨ ᠤ ᠠᠮᠤᠷ ᠲᠦᠪᠰᠢᠨ ᠡᠷᠭᠢᠯᠲᠡ ᠶᠢ ᠪᠠᠲᠤᠯᠠᠵᠤ᠂ ᠠᠷᠠᠳ ᠢᠷᠭᠡᠳ ᠤᠨ ᠡᠮᠴᠢᠯᠡᠭᠡᠨ ᠤ ᠪᠠᠲᠤᠯᠠᠭ᠎ᠠ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠶᠢᠨ ᠲᠥᠯᠦᠭᠡ᠂ ᠮᠠᠨ ᠤ ᠣᠷᠣᠨ ᠲᠣᠰ ︽ᠠᠷᠭ᠎ᠠ︾ ᠶᠢ ᠲᠣᠭᠲᠠᠭᠠᠭᠰᠠᠨ ᠪᠥᠭᠡᠳ 8 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ᠃ ︽ᠠᠷᠭ᠎ᠠ︾ ᠳᠤ 28 ᠵᠦᠢᠯ ᠪᠠᠶᠢᠵᠤ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦᠨ ᠤ ᠬᠡᠷᠡᠭᠯᠡᠬᠦ ᠬᠡᠪᠴᠢᠶ᠎ᠡ ᠶᠢ ᠵᠠᠭᠠᠭᠯᠠᠨ ᠲᠣᠭᠲᠠᠭᠠᠵᠤ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦᠨ ᠳᠤ ᠬᠢᠨᠠᠯᠲᠠ ᠲᠠᠯᠪᠢᠬᠤ ᠲᠣᠭᠲᠠᠴᠠ ᠪᠠ ᠬᠢᠨᠠᠨ ᠬᠠᠮᠢᠶᠠᠷᠬᠤ ᠠᠷᠭ᠎ᠠ ᠬᠡᠮᠵᠢᠶ᠎ᠡ ᠶᠢ ᠲᠣᠳᠣᠷᠬᠠᠶ ᠲᠣᠭᠲᠠᠭᠠᠵᠤ᠂ ᠡᠪᠡᠳᠴᠢᠨ ᠦᠵᠡᠭᠦᠯᠬᠦ᠂ ᠡᠮ ᠬᠤᠳᠠᠯᠳᠤᠨ ᠠᠪᠬᠤ ᠭᠤᠭᠴᠤᠭ᠎ᠠ ᠳᠠᠬᠢ ᠬᠢᠨᠠᠯᠲᠠ ᠬᠠᠮᠢᠶᠠᠷᠤᠯᠲᠠ ᠶᠢ ᠵᠢᠷᠤᠮᠵᠢᠭᠤᠯᠪᠠ᠃ ︽ᠠᠷᠭ᠎ᠠ︾ ᠶᠢ ᠨᠡᠶᠢᠲᠡᠯᠡᠭᠰᠡᠨ ᠤ ᠳᠠᠷᠠᠭ᠎ᠠ᠂ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠳᠤ ᠵᠢᠷᠤᠮᠯᠠᠬᠤ ᠬᠠᠤᠯᠢ ᠲᠠᠢ ᠪᠣᠯᠵᠣ᠂ ᠰᠠᠭᠤᠷᠢ ᠮᠥᠩᠭᠦᠨ ᠤ ᠠᠮᠤᠷ ᠲᠦᠪᠰᠢᠨ ᠡᠷᠭᠢᠯᠲᠡ ᠶᠢ ᠪᠠᠲᠤᠯᠠᠬᠤ ᠳᠤ ᠠᠰᠢᠭᠲᠠᠶ  ᠪᠣᠯᠪᠠ᠃      ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠶᠢᠨ ᠮᠠᠨ ᠢ ᠠᠴᠠ ︽ᠠᠷᠭ᠎ᠠ︾ ᠳᠤ ᠬᠠᠮᠵᠢᠯᠴᠠᠨ ᠬᠢᠨᠠᠨ ᠬᠠᠮᠢᠶᠠᠷᠬᠤ ᠶᠢ ᠴᠢᠩᠭᠠᠳᠬᠠᠵᠤ᠂ ᠬᠠᠤᠯᠢ ᠶᠣᠰᠣᠭᠠᠷ ᠬᠢᠨᠠᠨ ᠬᠠᠮᠢᠶᠠᠷᠬᠤ ᠶᠢ ᠴᠢᠩᠭᠠᠳᠬᠠᠵᠤ᠂ ᠡᠮᠴᠢᠯᠡᠭᠡᠨ ᠤ ᠪᠠᠲᠤᠯᠠᠭ᠎ᠠ ᠶᠢᠨ ᠭᠠᠷᠲᠠᠨ ᠭᠦᠢᠴᠡᠳᠭᠡᠬᠦ ᠪᠠᠶᠢᠭᠤᠯᠤᠮᠵᠢ᠂ ᠴᠡᠭ ᠳᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ᠂ ᠳᠠᠭᠠᠳᠬᠠᠯ ᠳᠤ ᠣᠷᠣᠯᠴᠠᠭᠰᠠᠳ ᠤᠨ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦᠨ ᠤ ᠬᠡᠷᠡᠭᠯᠡᠯᠲᠡ ᠳᠤ ᠬᠢᠨᠠᠯᠲᠠ ᠲᠠᠯᠪᠢᠬᠤ ᠶᠢ ᠵᠢᠷᠤᠮᠵᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠦᠷᠭᠦᠯᠵᠢᠯᠡᠨ ᠳᠣᠲᠣᠭᠠᠳᠤ ᠶᠢ ᠬᠠᠮᠠᠭᠠᠯᠠᠬᠤ᠂ ᠡᠷᠡᠭᠦᠯ ᠬᠠᠮᠠᠭᠠᠯᠠᠯ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠳᠠᠭᠠᠳᠬᠠᠯ ᠢ ᠮᠡᠬᠡᠯᠡᠨ ᠠᠪᠬᠤ ᠠᠵᠢᠯᠯᠠᠭ᠎ᠠ ᠳᠤ ᠴᠣᠬᠢᠯᠲᠠ ᠥᠭᠴᠦ ᠳᠤᠰᠬᠠᠶᠢᠯᠠᠨ ᠴᠡᠭᠴᠡᠯᠡᠨ ᠵᠠᠰᠠᠬᠤ ᠶᠢ ᠥᠷᠨᠢᠭᠦᠯᠵᠦ᠂ ︽ᠮᠡᠬᠡᠯᠡᠬᠦ ᠵᠣᠷᠢᠭ ᠥᠬᠡᠶ︾ ᠥᠨᠳᠥᠷ ᠳᠠᠷᠤᠯᠲᠠᠲᠤ ᠰᠦᠷᠳᠡᠭᠦᠯᠦᠯ ᠤᠨ ᠠᠭᠤᠷ ᠠᠮᠢᠰᠬᠤᠯ ᠢ ᠪᠣᠶ ᠪᠣᠯᠭᠠᠵᠤ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦᠨ ᠤ ᠠᠮᠤᠷ ᠲᠦᠪᠰᠢᠨ ᠢ ᠦᠨᠡᠨ ᠬᠦ ᠰᠠᠬᠢᠨ ᠬᠠᠮᠠᠭᠠᠯᠠᠨ᠎ᠠ ᠭᠡᠪᠡ᠃      
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号