︽ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠡᠮᠵᠢᠶ᠎ᠡ   ᠲᠠᠢ ᠬᠤᠳᠠᠯᠳᠤᠨ ᠠᠪᠬᠤ ᠠᠵᠢᠯ ᠢ ᠥᠷᠨᠢᠭᠦᠯᠬᠦ ᠲᠤᠬᠠᠶ ᠬᠡᠷᠡᠭᠵᠢᠭᠦᠯᠬᠦ ᠲᠥᠰᠦᠯ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2022/4/1
     ᠨᠢᠭᠡ . ︽ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠡᠮᠵᠢᠶ᠎ᠡ ᠲᠠᠢ ᠬᠤᠳᠠᠯᠳᠤᠨ ᠠᠪᠬᠤ ᠠᠵᠢᠯ ᠢ ᠥᠷᠨᠢᠭᠦᠯᠬᠦ ᠲᠤᠬᠠᠶ ᠬᠡᠷᠡᠭᠵᠢᠭᠦᠯᠬᠦ ᠲᠥᠰᠦᠯ︾ ︵ᠳᠣᠷᠣᠭᠰᠢ ︽ᠬᠡᠷᠡᠭᠵᠢᠭᠦᠯᠬᠦ ᠲᠥᠰᠦᠯ︾ ᠭᠡᠵᠦ ᠲᠣᠪᠴᠢᠯᠠᠨ᠎ᠠ︶ ᠢ ᠲᠣᠭᠲᠠᠭᠠᠭᠰᠠᠨ ᠠᠬᠤᠶ ᠪᠠᠶᠢᠳᠠᠯ ᠶᠠᠭᠤ ᠪᠣᠶ︖ ᠶᠠᠮᠠᠷ ᠴᠢᠬᠤᠯᠠ ᠠᠴᠢ ᠬᠤᠯᠪᠣᠭᠳᠠᠯ ᠲᠠᠢ ᠪᠤᠢ︖      ᠬᠠᠷᠢᠭᠤᠯᠲᠠ᠄ 2021 ᠣᠨ ᠳᠤ ︽ᠡᠮ ᠤᠨ ᠵᠦᠢᠯ ᠢ ᠲᠥᠪᠯᠡᠷᠡᠭᠦᠯᠦᠨ ᠬᠡᠮᠵᠢᠶ᠎ᠡ ᠲᠠᠢ ᠬᠤᠳᠠᠯᠳᠤᠨ ᠠᠪᠬᠤ ᠠᠵᠢᠯ ᠢ ᠪᠠᠶᠢᠩᠭᠤᠵᠢᠭᠤᠯᠤᠨ ᠳᠦᠷᠢᠮᠵᠢᠭᠦᠯᠬᠦ ᠶᠢ ᠠᠬᠢᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠰᠠᠨᠠᠯ︾ ︵ᠲᠥᠷᠥ ᠠᠯᠪᠠᠨ ᠲᠠᠷᠬᠠᠭᠠᠭᠰᠠᠨ  ﹇202﹈ 12 ᠳ᠋ᠤᠭᠠᠷ ᠲᠣᠭᠠᠲᠤ ︶ ᠪᠠ ︽ᠤᠯᠤᠰ ᠤᠨ ᠡᠮᠴᠢᠯᠡᠭᠡᠨ ᠳᠤ ᠬᠡᠷᠡᠭᠯᠡᠬᠦ ᠥᠨᠳᠥᠷ ᠥᠷᠲᠡᠭᠲᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠡᠮᠵᠢᠶ᠎ᠡ ᠲᠠᠢ ᠬᠤᠳᠠᠯᠳᠤᠨ ᠠᠪᠬᠤ ᠪᠠ ᠬᠡᠷᠡᠭᠯᠡᠬᠦ ᠶᠢ ᠵᠣᠬᠢᠶᠠᠨ ᠪᠠᠶᠢᠭᠤᠯᠬᠤ ᠲᠤᠬᠠᠶ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ  ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ  ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ   ᠡᠳ᠋ ᠤᠨ ᠵᠠᠰᠠᠭ ᠤᠨ  ᠶᠠᠮᠤᠨ  ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ  ᠤᠯᠤᠰ ᠤᠨ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ  ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠠᠷᠤ ᠲᠠᠯ᠎ᠠ ᠶᠢᠨ ᠪᠠᠲᠤᠯᠠᠭ᠎ᠠ ᠶᠢᠨ ᠬᠡᠯᠲᠡᠰ ᠤᠨ ᠵᠢᠯᠣᠭᠤᠳᠬᠤ ᠰᠠᠨᠠᠯ︾ ︵ᠡᠮᠴᠢᠯᠡᠭᠡᠨ ᠤ ᠪᠠᠲᠤᠯᠠᠭ᠎ᠠ ᠲᠠᠷᠬᠠᠭᠠᠭᠰᠠᠨ  ﹇2021﹈ 31 ᠳ᠋ᠦ᠋ᠭᠡᠷ ᠲᠣᠭᠠᠲᠤ︶ ᠢ ᠤᠷᠢᠳ ᠬᠤᠵᠢᠳ ᠨᠡᠶᠢᠲᠡᠯᠡᠪᠡ᠃ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠬᠡᠮᠵᠢᠶ᠎ᠡ ᠲᠠᠢ ᠬᠤᠳᠠᠯᠳᠤᠨ ᠠᠪᠬᠤ ᠠᠵᠢᠯ ᠤᠨ ᠲᠤᠬᠠᠶ ᠤᠯᠤᠰ ᠤᠨ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠣᠷᠣᠨ ᠤ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠡᠮᠵᠢᠶ᠎ᠡ ᠲᠠᠢ ᠬᠤᠳᠠᠯᠳᠤᠨ ᠠᠪᠬᠤ ᠠᠵᠢᠯ ᠢ ᠥᠷᠨᠢᠭᠦᠯᠬᠦ ᠶᠢ ᠠᠬᠢᠭᠤᠯᠬᠤ ᠶᠢᠨ ᠲᠥᠯᠦᠭᠡ᠂ ᠥᠪᠡᠷᠲᠡᠭᠡᠨ ᠵᠠᠰᠠᠬᠤ ᠣᠷᠣᠨ ᠤ ᠪᠣᠳᠠᠲᠠᠶ ᠲᠠᠢ ᠤᠶᠠᠯᠳᠤᠭᠤᠯᠵᠤ᠂ ᠲᠤᠰ ᠬᠡᠷᠡᠭᠵᠢᠭᠦᠯᠬᠦ ᠲᠥᠰᠦᠯ ᠢ ᠳᠣᠭᠲᠠᠭᠠᠪᠠ᠃      ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠥᠨᠳᠥᠷ ᠥᠷᠲᠡᠭᠲᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠡᠮᠵᠢᠶ᠎ᠡ ᠲᠠᠢ ᠬᠤᠳᠠᠯᠳᠤᠨ ᠠᠪᠬᠤ ᠪᠣᠯ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠪᠠᠶᠢᠷᠢᠯᠠᠭᠤᠯᠤᠭᠰᠠᠨ ᠴᠢᠬᠤᠯᠠ ᠶᠡᠭᠡ ᠥᠭᠡᠷᠡᠴᠢᠯᠡᠯᠲᠡ ᠶᠢᠨ ᠡᠭᠦᠷᠭᠡ ᠪᠣᠯᠤᠨ᠎ᠠ᠃ ᠶᠡᠷᠦᠩᠬᠡᠶ ᠱᠦᠵᠢ ᠰᠢ ᠶᠢᠨ ᠫᠢᠩ ᠣᠯᠠᠨ ᠤᠳᠠᠭ᠎ᠠ ᠴᠢᠬᠤᠯᠠ ᠵᠢᠭᠠᠪᠤᠷᠢ ᠭᠠᠷᠭᠠᠵᠤ᠂ ︽ᠡᠮᠴᠢᠯᠡᠭᠡ᠂ ᠡᠮᠴᠢᠯᠡᠭᠡ ᠶᠢᠨ ᠳᠠᠭᠠᠳᠬᠠᠯ᠂ ᠡᠮ ᠡᠮᠨᠡᠯᠭᠡ ᠬᠤᠯᠪᠣᠭᠠᠯᠠᠨ ᠬᠥᠳᠡᠯᠦᠯᠴᠡᠬᠦ︾ ᠶᠢ ᠴᠥᠬᠦᠷᠡᠰᠢ ᠥᠬᠡᠶ ᠬᠠᠮᠵᠢᠯᠴᠠᠨ ᠠᠬᠢᠭᠤᠯᠵᠤ᠂ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠡᠮᠵᠢᠶ᠎ᠡ ᠲᠠᠢ ᠬᠤᠳᠠᠯᠳᠤᠨ ᠠᠪᠬᠤ ᠥᠭᠡᠷᠡᠴᠢᠯᠡᠯᠲᠡ ᠶᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃ ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ︽ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠥᠨᠳᠥᠷ ᠥᠷᠲᠡᠭᠲᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠡᠮᠵᠢᠶ᠎ᠡ ᠲᠠᠢ ᠬᠤᠳᠠᠯᠳᠤᠨ ᠠᠪᠬᠤ ᠶᠢ ᠠᠬᠢᠭᠤᠯᠤᠨ᠎ᠠ︾ ᠭᠡᠵᠦ ᠳᠠᠬᠢᠨᠲᠠ ᠴᠢᠬᠤᠯᠠᠴᠢᠯᠠᠪᠠ᠃ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠥᠨᠳᠥᠷ ᠥᠷᠲᠡᠭᠲᠦ ᠬᠤᠷᠣᠭᠳᠠᠯ ᠮᠠᠲ᠋ᠧᠷᠢᠶᠠᠯ ᠢ ᠬᠡᠮᠵᠢᠶ᠎ᠡ ᠲᠠᠢ ᠬᠤᠳᠠᠯᠳᠤᠨ ᠠᠪᠬᠤ ᠶᠢ ᠪᠠᠶᠢᠩᠭᠤᠵᠢᠭᠤᠯᠤᠨ ᠳᠦᠷᠢᠮᠵᠢᠭᠦᠯᠬᠦ ᠨᠢ ᠠᠵᠤ ᠠᠬᠤᠶᠢᠯᠠᠯ ᠤᠨ ᠠᠷᠠᠯᠵᠢᠶᠠᠨ ᠤ ᠥᠪᠡᠷ ᠤᠨ ᠥᠷᠲᠡᠭ ᠢ ᠪᠠᠭᠤᠷᠠᠭᠤᠯᠬᠤ᠂ ᠵᠠᠬ᠎ᠠ ᠳᠡᠯᠭᠡᠭᠦᠷ ᠤᠨ ᠭᠦᠢᠯᠭᠡᠭᠡᠨ ᠤ ᠣᠷᠴᠢᠨ ᠲᠣᠭᠤᠷᠢᠨ ᠢ ᠴᠡᠪᠡᠷᠰᠢᠭᠦᠯᠬᠦ᠂ ᠡᠮᠴᠢᠯᠡᠭᠡᠨ ᠤ ᠪᠠᠶᠢᠭᠤᠯᠤᠮᠵᠢ ᠶᠢᠨ ᠬᠡᠷᠡᠭᠯᠡᠬᠦ ᠦᠢᠯᠡ ᠠᠵᠢᠯᠯᠠᠭ᠎ᠠ ᠶᠢ ᠵᠢᠷᠤᠮᠵᠢᠭᠤᠯᠬᠤ ᠂ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠦᠨ᠎ᠡ ᠬᠠᠩᠰᠢ ᠶᠢ ᠬᠥᠲᠥᠯᠥᠨ ᠵᠢᠯᠣᠭᠤᠳᠴᠤ ᠵᠦᠶ ᠵᠣᠬᠢᠰᠲᠠᠶ ᠬᠢᠷᠢ ᠲᠦᠪᠰᠢᠨ ᠳᠤ ᠪᠠᠶᠢᠯᠭᠠᠬᠤ᠂ ᠣᠯᠠᠨ ᠲᠦᠮᠡᠨ ᠤ ᠡᠮ ᠡᠮᠨᠡᠯᠭᠡ ᠶᠢᠨ ᠵᠠᠷᠤᠳᠠᠯ ᠤᠨ ᠳᠠᠷᠤᠭᠠᠰᠤ ᠶᠢ ᠬᠥᠩᠭᠡᠷᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃      ᠬᠤᠶᠠᠷ᠂ ︽ᠬᠡᠷᠡᠭᠵᠢᠭᠦᠯᠬᠦ ᠲᠥᠰᠦᠯ︾ ᠤᠨ ᠪᠦᠲᠦᠴᠡ ᠵᠢᠴᠢ ᠭᠤᠤᠯ ᠠᠭᠤᠯᠭ᠎ᠠ ᠨᠢ ᠶᠠᠭᠤ ᠪᠣᠶ︖      ᠬᠠᠷᠢᠭᠤᠯᠲᠠ᠄ ︽ᠬᠡᠷᠡᠭᠵᠢᠭᠦᠯᠬᠦ ᠲᠥᠰᠦᠯ︾ ᠢ ᠲᠤᠯᠤᠭᠠᠨ ᠬᠡᠰᠡᠭ ᠬᠤᠪᠢᠶᠠᠪᠠ᠄ ᠨᠢᠭᠡ ᠳᠤ᠂ ᠶᠡᠷᠦᠩᠬᠡᠶ ᠱᠠᠭᠠᠷᠳᠠᠯᠭ᠎ᠠ᠃ ᠵᠢᠯᠣᠭᠤᠳᠬᠤ ᠦᠵᠡᠯ ᠰᠠᠨᠠᠭ᠎ᠠ ᠶᠢ ᠲᠣᠳᠣᠷᠬᠠᠶᠢᠯᠠᠵᠤ᠂ ᠬᠡᠷᠡᠭᠴᠡᠭᠡ ᠪᠠᠷ ᠤᠳᠤᠷᠢᠳᠤᠮᠵᠢ ᠪᠣᠯᠭᠠᠬᠤ᠂ ᠶᠠᠰᠤ ᠴᠢᠨᠠᠷ ᠢ ᠲᠡᠷᠢᠭᠦᠨ ᠳᠤ ᠲᠠᠯᠪᠢᠬᠤ ᠶᠢ  ᠪᠠᠷᠢᠮᠲᠠᠯᠠᠨ᠎ᠠ︔ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠥᠷᠢᠰᠥᠯᠳᠦᠭᠡᠨ ᠢ ᠠᠬᠢᠭᠤᠯᠤᠨ᠎ᠠ︔ ᠳᠠᠭᠠᠭᠠᠴᠢᠯᠠᠯᠲᠠ ᠵᠠᠷᠯᠠᠬᠤ ᠪᠠ ᠬᠤᠳᠠᠯᠳᠤᠨ ᠠᠪᠬᠤ ᠶᠢ ᠨᠢᠭᠡᠳᠭᠡᠵᠦ᠂ ᠬᠡᠮᠵᠢᠶ᠎ᠡ ᠪᠠ ᠦᠨ᠎ᠡ ᠶᠢ ᠬᠤᠯᠪᠣᠭᠳᠠᠭᠤᠯᠬᠤ ᠶᠢ ᠪᠠᠷᠢᠮᠲᠠᠯᠠᠨ᠎ᠠ︔ ᠲᠥᠷᠥ ᠶᠢᠨ ᠪᠣᠳᠣᠯᠭ᠎ᠠ ᠶᠢ ᠵᠣᠯᠭᠠᠭᠤᠯᠬᠤ ᠪᠠ ᠰᠠᠯᠠᠭ᠎ᠠ ᠮᠥᠴᠢᠷ ᠤᠨ ᠬᠢᠨ ᠬᠠᠮᠵᠢᠯᠴᠠᠬᠤ ᠦᠨᠳᠦᠰᠦᠨ ᠵᠠᠷᠴᠢᠮ ᠢ ᠪᠠᠷᠢᠮᠲᠠᠯᠠᠨ᠎ᠠ︔ ᠬᠤᠶᠠᠷ ᠲᠤ ᠂ ᠬᠠᠮᠤᠷᠬᠤ ᠬᠡᠪᠴᠢᠶ᠎ᠡ᠃ ᠬᠡᠮᠵᠢᠶ᠎ᠡ ᠲᠠᠢ ᠬᠤᠳᠠᠯᠳᠤᠨ ᠠᠪᠬᠤ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠲᠥᠷᠥᠯ ᠵᠦᠢᠯ᠂  ᠦᠢᠯᠡᠳᠪᠦᠷᠢᠯᠡᠬᠦ ᠠᠵᠤ ᠠᠬᠤᠶᠢᠯᠠᠯ ᠪᠠ ᠡᠮᠴᠢᠯᠡᠭᠡᠨ ᠤ ᠪᠠᠶᠢᠭᠤᠯᠤᠮᠵᠢ ᠶᠢᠨ ᠬᠡᠪᠴᠢᠶ᠎ᠡ ᠶᠢ ᠲᠣᠳᠣᠷᠬᠠᠶᠢᠯᠠᠪᠠ︔ ᠭᠤᠷᠪᠠ ᠳᠤ᠂ ᠬᠤᠳᠠᠯᠳᠤᠨ ᠠᠪᠬᠤ ᠬᠡᠯᠪᠡᠷᠢ ᠶᠢ ᠲᠡᠭᠦᠯᠳᠡᠷᠵᠢᠭᠦᠯᠦᠨ᠎ᠡ᠃ ᠬᠡᠮᠵᠢᠶ᠎ᠡ ᠲᠠᠢ ᠬᠤᠳᠠᠯᠳᠤᠨ ᠠᠪᠬᠤ ᠶᠢ ᠱᠠᠲᠤ ᠪᠠ ᠲᠥᠷᠥᠯ ᠬᠤᠪᠢᠶᠠᠨ ᠥᠷᠨᠢᠭᠦᠯᠬᠦ ᠪᠠᠷ ᠳᠤᠷᠠᠳᠴᠤ᠂ ᠤᠯᠤᠰ  ᠬᠤᠳᠠᠯᠳᠤᠨ ᠠᠪᠬᠤ ᠠᠴᠠ ᠭᠠᠳᠠᠨᠠᠬᠢ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠳᠤ ᠮᠤᠵᠢ ᠶᠢᠨ ᠳᠡᠰ ᠪᠤᠶᠤ ᠮᠤᠵᠢ ᠶᠢᠨ ᠬᠤᠭᠤᠷᠣᠨᠳᠣᠬᠢ ᠬᠤᠯᠪᠣᠭ᠎ᠠ᠂ ᠠᠶᠢᠮᠠᠭ ᠬᠤᠲᠠ ᠶᠢᠨ ᠳᠡᠰ᠂ ᠡᠮᠴᠢᠯᠡᠭᠡᠨ ᠤ ᠪᠠᠶᠢᠭᠤᠯᠤᠮᠵᠢ ᠶᠢᠨ ᠬᠤᠯᠪᠤᠭ᠎ᠠ ᠵᠡᠷᠭᠡ ᠣᠯᠠᠨ ᠬᠡᠯᠪᠡᠷᠢ ᠶᠢᠨ ᠬᠡᠮᠵᠢᠶ᠎ᠡ ᠲᠠᠢ ᠬᠤᠳᠠᠯᠳᠤᠨ ᠠᠪᠬᠤ ᠠᠵᠢᠯ ᠢ ᠬᠡᠷᠡᠭᠵᠢᠭᠦᠯᠦᠨ᠎ᠡ︔ ᠲᠦᠷᠪᠡ ᠳᠤ᠂ ᠬᠤᠳᠠᠯᠳᠤᠨ ᠠᠪᠬᠤ ᠲᠦᠷᠢᠮ ᠢ ᠲᠡᠭᠦᠯᠳᠡᠷᠵᠢᠭᠦᠯᠦᠨ᠎ᠡ᠃   ᠪᠣᠯᠵᠤᠨ ᠳᠣᠭᠲᠠᠭᠰᠠᠨ ᠬᠤᠳᠠᠯᠳᠤᠨ ᠠᠪᠬᠤ ᠬᠡᠮᠵᠢᠶ᠎ᠡ ᠶᠢ ᠳᠣᠭᠲᠠᠭᠠᠵᠤ᠂ ᠬᠤᠳᠠᠯᠳᠤᠨ ᠠᠪᠬᠤ ᠦᠢᠯᠡᠳᠭᠦᠨ ᠢ ᠲᠥᠷᠥᠯ ᠬᠤᠪᠢᠶᠠᠨ ᠳᠤᠭᠤᠶᠢᠯᠠᠩ ᠬᠤᠪᠢᠶᠠᠵᠤ᠂ ᠬᠦᠷᠢᠶ᠎ᠡ ᠬᠡᠪᠴᠢᠶᠡᠨ ᠳᠤ ᠣᠷᠣᠭᠤᠯᠬᠤ ᠨᠥᠬᠦᠴᠡᠯ ᠪᠠ ᠲᠤᠰᠬᠠᠶ ᠰᠣᠩᠭᠤᠬᠤ ᠲᠦᠷᠢᠮ᠂ ᠬᠤᠳᠠᠯᠳᠤᠨ ᠠᠪᠬᠤ ᠬᠡᠯᠡᠯᠴᠡᠭᠡᠷ ᠤᠨ ᠬᠤᠭᠤᠴᠠᠭ᠎ᠠ ᠵᠡᠷᠭᠡ ᠲᠦᠷᠢᠮ ᠢ ᠲᠣᠳᠣᠷᠬᠠᠶᠢᠯᠠᠪᠠ︔ ᠲᠠᠪᠤ ᠳᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠴᠢᠩᠭᠠᠳᠬᠠᠨ᠎ᠠ᠃ ᠡᠭᠦᠨ ᠳᠤ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ᠂ ᠲᠣᠬᠢᠷᠠᠭᠤᠯᠤᠨ ᠬᠦᠷᠭᠡᠬᠦ ᠬᠠᠩᠭᠠᠯᠭ᠎ᠠ ᠶᠢ ᠦᠨᠡᠨ ᠬᠦ ᠪᠠᠲᠤᠯᠠᠬᠤ᠂ ᠤᠷᠢᠳ ᠢᠶᠠᠷ ᠬᠡᠷᠡᠭᠯᠡᠬᠦ ᠶᠢ ᠦᠨᠡᠨ ᠬᠦ ᠪᠠᠲᠤᠯᠠᠬᠤ᠂ ᠳ᠋ᠦᠩᠨᠡᠨ ᠪᠤᠳᠤᠵᠤ ᠵᠣᠭᠤᠰ ᠪᠤᠴᠠᠭᠠᠬᠤ ᠶᠢ ᠦᠨᠡᠨ ᠬᠦ ᠪᠠᠲᠤᠯᠠᠬᠤ ᠵᠡᠷᠭᠡ ᠠᠵᠢᠯ ᠤᠨ ᠲᠤᠰᠢᠶᠠᠯ ᠬᠠᠷᠢᠭᠤᠴᠠᠯᠭ᠎ᠠ ᠶᠢ ᠪᠠᠭᠲᠠᠭᠠᠭᠰᠠᠨ ᠪᠥᠭᠡᠳ ᠭᠤᠤᠯ ᠬᠠᠷᠢᠭᠤᠴᠠᠯᠭᠠᠲᠤ ᠰᠠᠯᠠᠭ᠎ᠠ ᠮᠥᠴᠢᠷ ᠢ ᠲᠣᠳᠣᠷᠬᠠᠶ ᠲᠣᠭᠲᠠᠭᠠᠵᠠᠶ︔ ᠵᠢᠷᠭᠤᠭ᠎ᠠ ᠳᠤ᠂ ᠲᠥᠷᠥ ᠶᠢᠨ ᠪᠣᠳᠣᠯᠭ᠎ᠠ ᠶᠢᠨ ᠬᠠᠮᠵᠢᠯᠴᠠᠭ᠎ᠠ ᠶᠢ ᠠᠬᠢᠭᠤᠯᠤᠨ᠎ᠠ᠃ ᠰᠣᠩᠭᠤᠭᠳᠠᠭᠰᠠᠨ ᠦᠢᠯᠡᠳᠭᠦᠨ ᠤ ᠡᠮᠴᠢᠯᠡᠭᠡᠨ ᠤ ᠪᠠᠲᠤᠯᠠᠭ᠎ᠠ ᠶᠢᠨ ᠲᠣᠭᠠᠴᠠᠭ᠎ᠠ ᠬᠢᠬᠦ ᠪᠠᠷᠢᠮᠵᠢᠶ᠎ᠠ ᠶᠢ ᠵᠦᠶ ᠵᠣᠬᠢᠰᠲᠠᠶ ᠲᠣᠭᠲᠠᠭᠠᠵᠤ᠂ ᠬᠤᠳᠠᠯᠳᠤᠨ ᠠᠪᠤᠭᠰᠠᠨ ᠦᠢᠯᠡᠳᠭᠦᠨ ᠤ ᠡᠮᠴᠢᠯᠡᠭᠡᠨ ᠤ ᠪᠠᠲᠤᠯᠠᠭ᠎ᠠ ᠶᠢᠨ ᠪᠠᠯᠠ ᠮᠥᠩᠭᠦ ᠶᠢᠨ ᠦᠯᠡᠳᠡᠪᠦᠷᠢ ᠶᠢ ᠦᠯᠡᠳᠡᠭᠡᠨ ᠬᠡᠷᠡᠭᠯᠡᠬᠦ᠂ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠬᠠᠩᠰᠢ ᠶᠢ ᠬᠥᠳᠡᠯᠦᠩᠭᠦᠶ ᠪᠠᠷ ᠳᠣᠭᠢᠷᠠᠭᠤᠯᠬᠤ᠂  ᠡᠮᠴᠢᠯᠡᠭᠡᠨ ᠤ ᠪᠠᠲᠤᠯᠠᠭ᠎ᠠ ᠶᠢᠨ ᠵᠠᠷᠤᠳᠠᠯ ᠲᠤᠰᠢᠶᠠᠬᠤ ᠠᠷᠭ᠎ᠠ ᠮᠠᠶ᠋ᠢᠭ ᠢ ᠳᠣᠭᠢᠷᠠᠭᠤᠯᠬᠤ ᠵᠡᠷᠭᠡ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ᠎ᠡ︔ ᠳᠣᠯᠤᠭ᠎ᠠ ᠳᠤ᠂ ᠰᠠᠶᠢᠲᠤᠷ ᠠᠬᠢᠭᠤᠯᠤᠨ ᠨᠠᠶᠢᠳᠠᠪᠤᠷᠢᠵᠢᠭᠤᠯᠤᠨ᠎ᠠ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠬᠤ᠂ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠬᠤ᠂ ᠬᠠᠮᠵᠢᠯᠴᠠᠨ ᠠᠬᠢᠭᠤᠯᠵᠤ ᠨᠠᠶᠢᠳᠠᠪᠤᠷᠢᠵᠢᠭᠤᠯᠬᠤ᠂ ᠰᠢᠰᠲ᠋ᠧᠮ ᠤᠨ ᠲᠤᠯᠭᠠᠭᠤᠷᠢᠯᠠᠯ ᠢ ᠲᠡᠭᠦᠯᠳᠡᠷᠵᠢᠭᠦᠯᠬᠦ᠂ ᠤᠬᠠᠭᠤᠯᠵᠤ ᠬᠥᠲᠥᠯᠥᠨ ᠵᠢᠯᠣᠭᠤᠳᠬᠤ ᠶᠢ ᠴᠢᠩᠭᠠᠳᠬᠠᠬᠤ ᠵᠡᠷᠭᠡ ᠱᠠᠭᠠᠷᠳᠠᠯᠭ᠎ᠠ ᠶᠢ ᠪᠠᠭᠲᠠᠭᠠᠨ᠎ᠠ᠃      ᠭᠤᠷᠪᠠ᠂ ︽ᠬᠡᠷᠡᠭᠵᠢᠭᠦᠯᠬᠦ ᠲᠥᠰᠦᠯ︾ ᠳᠤ ᠬᠤᠳᠠᠯᠳᠤᠨ ᠠᠪᠬᠤ ᠲᠦᠷᠢᠮ ᠢ ᠲᠡᠭᠦᠯᠳᠡᠷᠵᠢᠭᠦᠯᠬᠦ ᠲᠠᠯ᠎ᠠ ᠪᠠᠷ ᠶᠠᠮᠠᠷ ᠶᠠᠮᠠᠷ ᠳᠦᠷᠢᠮ ᠢ  ᠳᠣᠭᠲᠠᠭᠠᠭᠰᠠᠨ ᠪᠣᠶ︖      ᠬᠠᠷᠢᠭᠤᠯᠲᠠ᠄ ︽ᠳᠠᠭᠠᠭᠠᠴᠢᠯᠠᠯᠲᠠ ᠵᠠᠷᠯᠠᠬᠤ ᠪᠠ ᠬᠤᠳᠠᠯᠳᠤᠨ ᠠᠪᠬᠤ ᠶᠢ ᠨᠢᠭᠡᠳᠬᠡᠵᠦ᠂ ᠬᠡᠮᠵᠢᠶ᠎ᠡ ᠪᠠ ᠦᠨ᠎ᠡ ᠶᠢ ᠬᠤᠯᠪᠣᠭᠳᠠᠭᠤᠯᠬᠤ︾ ᠬᠤᠳᠠᠯᠳᠤᠨ ᠠᠪᠬᠤ ᠵᠠᠷᠴᠢᠮ ᠢ ᠪᠠᠷᠢᠮᠲᠠᠯᠠᠨ᠎ᠠ᠃ ᠨᠢᠭᠡ ᠳᠤ᠂ ᠪᠣᠯᠵᠣᠨ ᠲᠣᠭᠲᠠᠭᠰᠠᠨ ᠬᠤᠳᠠᠯᠳᠤᠨ ᠠᠪᠬᠤ ᠬᠡᠮᠵᠢᠶ᠎ᠡ ᠶᠢ ᠲᠣᠭᠲᠠᠭᠠᠨ᠎ᠠ᠃ ᠡᠮᠴᠢᠯᠡᠭᠡᠨ ᠤ ᠪᠠᠶᠢᠭᠤᠯᠤᠮᠵᠢ ᠠᠴᠠ ᠱᠠᠭᠠᠷᠳᠠᠯᠭ᠎ᠠ ᠪᠥᠬᠦᠢ ᠬᠤᠳᠠᠯᠳᠤᠨ ᠠᠪᠬᠤ ᠬᠡᠮᠵᠢᠶ᠎ᠡ ᠶᠢ ᠳᠡᠭᠡᠭᠰᠢ ᠮᠡᠳᠡᠭᠦᠯᠵᠦ᠂ ᠪᠣᠯᠵᠣᠨ ᠳᠣᠭᠲᠠᠭᠰᠠᠨ ᠬᠤᠳᠠᠯᠳᠤᠨ ᠠᠪᠬᠤ ᠬᠠᠷᠢᠴᠠᠯ ᠢ ᠡᠮᠴᠢᠯᠡᠭᠡᠨ ᠳᠤ ᠬᠡᠷᠡᠭᠯᠡᠬᠦ ᠣᠨᠴᠠᠯᠢᠭ᠂ ᠵᠠᠬ᠎ᠠ ᠳᠡᠯᠭᠡᠭᠦᠷ ᠤᠨ ᠥᠷᠢᠰᠥᠯᠳᠦᠭᠡᠨ ᠤ ᠪᠠᠶᠢᠷᠢᠰᠢᠯᠠᠭᠤᠯᠤᠯᠲᠠ ᠪᠠ ᠰᠣᠩᠭᠤᠭᠳᠠᠭᠰᠠᠨ ᠠᠵᠤ ᠠᠬᠤᠶᠢᠯᠠᠯ ᠤᠨ ᠲᠤᠭ᠎ᠠ ᠵᠡᠷᠭᠡ ᠶᠢ ᠦᠨᠳᠦᠰᠦᠯᠡᠨ ᠵᠦᠶ ᠵᠣᠬᠢᠰᠲᠠᠶ ᠲᠣᠭᠲᠠᠭᠠᠵᠤ᠂ ᠪᠣᠯᠵᠣᠨ ᠳᠣᠭᠲᠠᠭᠰᠠᠨ ᠬᠡᠮᠵᠢᠶ᠎ᠡ ᠶᠢ ᠬᠤᠳᠠᠯᠳᠤᠨ ᠠᠪᠬᠤ ᠬᠡᠮᠵᠢᠶ᠎ᠡ ᠶᠢᠨ ᠰᠠᠭᠤᠷᠢ ᠲᠤᠭ᠎ᠠ ᠪᠠ ᠪᠣᠯᠵᠣᠨ ᠳᠣᠭᠲᠠᠭᠰᠠᠨ ᠬᠤᠳᠠᠯᠳᠤᠨ ᠠᠪᠬᠤ ᠬᠠᠷᠢᠴᠠᠯ ᠢ ᠦᠨᠳᠦᠰᠦᠯᠡᠨ ᠲᠣᠭᠲᠠᠭᠠᠬᠤ ᠶᠢᠨ ᠬᠠᠮᠲᠤ ᠬᠤᠳᠠᠯᠳᠤᠨ ᠠᠪᠬᠤ ᠪᠢᠴᠢᠭ ᠬᠠᠷ᠎ᠠ ᠶᠢ ᠢᠯᠡ ᠪᠣᠯᠭᠠᠬᠤ ᠬᠡᠷᠡᠭᠲᠡᠶ︔ ᠬᠤᠶᠠᠷ ᠲᠤ᠂ ᠦᠢᠯᠡᠳᠭᠦᠨ ᠤ ᠲᠥᠷᠥᠯ ᠬᠤᠪᠢᠶᠠᠬᠤ ᠪᠤᠶᠤ ᠳᠤᠭᠤᠶᠢᠯᠠᠩ ᠬᠤᠪᠢᠶᠠᠬᠤ ᠶᠢ ᠲᠣᠭᠲᠠᠭᠠᠨ᠎ᠠ᠃ ᠬᠤᠳᠠᠯᠳᠤᠨ ᠠᠪᠬᠤ ᠬᠡᠮᠵᠢᠶ᠎ᠡ᠂ ᠬᠤᠳᠠᠯᠳᠤᠨ ᠠᠪᠬᠤ ᠵᠣᠭᠤᠰ ᠤᠨ ᠲᠤᠭ᠎ᠠ᠂ ᠦᠢᠯᠡᠳᠭᠦᠨ ᠵᠢᠴᠢ ᠠᠵᠤ ᠠᠬᠤᠶᠢᠯᠠᠯ ᠤᠨ ᠲᠤᠭ᠎ᠠ ᠵᠡᠷᠭᠡ ᠲᠣᠮᠣ ᠳ᠋ᠠᠶᠢᠲ᠋ᠠ ᠪᠣᠯᠤᠨ ᠡᠮᠴᠢᠯᠡᠭᠡᠨ ᠤ ᠲᠤᠰᠬᠠᠶ ᠮᠡᠷᠭᠡᠵᠢᠯᠲᠡᠨ ᠤ ᠨᠤᠲᠠᠯᠠᠭᠰᠠᠨ ᠰᠠᠨᠠᠯ ᠢ ᠬᠠᠷᠢᠯᠴᠠᠨ ᠤᠶᠠᠯᠳᠤᠭᠤᠯᠤᠭᠰᠠᠨ ᠶᠡᠷᠦᠩᠬᠡᠶᠢᠯᠡᠨ ᠦᠨᠡᠯᠡᠬᠦ ᠳᠣᠭᠲᠠᠯᠴᠠᠭ᠎ᠠ ᠶᠢ ᠪᠠᠶᠢᠭᠤᠯᠵᠤ᠂ ᠲᠥᠪᠯᠡᠷᠡᠭᠦᠯᠦᠨ ᠬᠤᠳᠠᠯᠳᠤᠨ ᠠᠪᠤᠭᠰᠠᠨ ᠦᠢᠯᠡᠳᠭᠦᠨ ᠢ ᠵᠦᠶ ᠵᠣᠬᠢᠰᠲᠠᠶ ᠲᠥᠷᠥᠯ ᠬᠤᠪᠢᠶᠠᠬᠤ ᠪᠤᠶᠤ ᠳᠤᠭᠤᠶᠢᠯᠠᠩ ᠬᠤᠪᠢᠶᠠᠨ᠎ᠠ︔ ᠭᠤᠷᠪᠠ ᠳᠤ᠂ ᠰᠣᠩᠭᠤᠭᠳᠠᠬᠤ ᠨᠥᠬᠦᠴᠡᠯ ᠪᠠ ᠰᠣᠩᠭᠤᠭᠳᠠᠬᠤ ᠲᠦᠷᠢᠮ ᠢ ᠲᠣᠭᠲᠠᠭᠠᠨ᠎ᠠ᠃ ᠠᠵᠤ ᠠᠬᠤᠶᠢᠯᠠᠯ ᠤᠨ ᠲᠤᠭ᠎ᠠ ᠵᠢᠴᠢ ᠵᠠᠬ᠎ᠠ ᠳᠡᠯᠭᠡᠭᠦᠷ ᠤᠨ ᠥᠷᠢᠰᠥᠯᠳᠦᠭᠡᠨ ᠤ ᠪᠠᠶᠢᠷᠢᠰᠢᠯᠠᠭᠤᠯᠤᠯᠲᠠ ᠳᠤ ᠨᠢᠭᠡᠳᠦᠯᠲᠡᠶ ᠲᠥᠯᠥᠪᠯᠡᠨ ᠣᠷᠣᠯᠴᠠᠵᠤ᠂ ᠦᠢᠯᠡᠳᠭᠦᠨ ᠤ ᠡᠮᠴᠢᠯᠡᠭᠡᠨ ᠳᠤ ᠬᠡᠷᠡᠭᠯᠡᠬᠦ ᠣᠨᠴᠠᠯᠢᠭ᠂ ᠶᠠᠰᠤ ᠴᠢᠨᠠᠷ᠂ ᠣᠷᠣᠯᠠᠵᠤ ᠪᠣᠯᠬᠤ ᠬᠡᠮᠵᠢᠶ᠎ᠡ᠂ ᠬᠠᠩᠭᠠᠯᠭ᠎ᠠ ᠶᠢ  ᠪᠠᠲᠤᠯᠠᠬᠤ ᠴᠢᠳᠠᠪᠤᠷᠢ ᠪᠠ ᠡᠮᠴᠢᠯᠡᠭᠡᠨ ᠤ ᠪᠠᠶᠢᠭᠤᠯᠤᠮᠵᠢ ᠶᠢᠨ ᠬᠤᠳᠠᠯᠳᠤᠨ ᠠᠪᠴᠤ ᠬᠡᠷᠡᠭᠯᠡᠭᠰᠡᠨ ᠪᠠᠶᠢᠳᠠᠯ ᠢ ᠦᠨᠳᠦᠰᠦᠯᠡᠨ᠂ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ ᠠᠪᠬᠤ ᠨᠥᠬᠦᠴᠡᠯ ᠵᠢᠴᠢ ᠰᠣᠩᠭᠤᠭᠳᠠᠬᠤ ᠲᠦᠷᠢᠮ ᠢ ᠲᠣᠭᠲᠠᠭᠠᠨ᠎ᠠ︔ ᠲᠦᠷᠪᠡ ᠳᠤ᠂ ᠬᠤᠳᠠᠯᠳᠤᠨ ᠠᠪᠬᠤ ᠬᠡᠯᠡᠯᠴᠡᠭᠡᠷ ᠤᠨ ᠬᠤᠭᠤᠴᠠᠭ᠎ᠠ ᠶᠢ ᠲᠣᠭᠲᠠᠭᠠᠨ᠎ᠠ᠃ ᠰᠣᠩᠭᠤᠭᠳᠠᠭᠰᠠᠨ ᠠᠵᠤ ᠠᠬᠤᠶᠢᠯᠠᠯ ᠤᠨ ᠲᠤᠭ᠎ᠠ ᠬᠡᠮᠵᠢᠶ᠎ᠡ ᠶᠢ ᠦᠨᠳᠦᠰᠦᠯᠡᠨ ᠬᠤᠳᠠᠯᠳᠤᠨ ᠠᠪᠬᠤ ᠬᠡᠯᠡᠯᠴᠡᠭᠡᠷ ᠤᠨ ᠬᠤᠭᠤᠴᠠᠭ᠎ᠠ ᠶᠢ ᠵᠦᠶ ᠵᠣᠬᠢᠰᠲᠠᠶ ᠲᠣᠭᠲᠠᠭᠠᠵᠤ᠂ ᠡᠮ ᠤᠨ ᠵᠦᠢᠯ ᠢ ᠬᠤᠳᠠᠯᠳᠤᠨ ᠠᠪᠬᠤ ᠬᠡᠯᠡᠯᠴᠡᠭᠡᠷ ᠤᠨ ᠬᠤᠭᠤᠴᠠᠭ᠎ᠠ ᠶᠢ ᠵᠠᠷᠴᠢᠮ ᠳᠡᠭᠡᠷ᠎ᠡ ᠪᠠᠨ 1 ᠵᠢᠯ ᠢᠶᠠᠷ ᠲᠣᠭᠲᠠᠭᠠᠵᠤ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠬᠤᠳᠠᠯᠳᠤᠨ ᠠᠪᠬᠤ ᠬᠡᠯᠡᠯᠴᠡᠭᠡᠷ ᠤᠨ ᠬᠤᠭᠤᠴᠠᠭ᠎ᠠ ᠶᠢ ᠡᠩ ᠤᠨ ᠪᠠᠶᠢᠳᠠᠯ ᠳᠤ 2 ᠵᠢᠯ ᠠᠴᠠ ᠬᠡᠲᠦᠷᠡᠭᠦᠯᠵᠦ ᠪᠣᠯᠬᠤ ᠥᠬᠡᠶ᠃      ᠳᠥᠷᠪᠡ᠂ ︽ᠬᠡᠷᠡᠭᠵᠢᠭᠦᠯᠬᠦ ᠲᠥᠰᠦᠯ︾ ᠳᠤ ᠬᠠᠮᠵᠢᠯᠴᠠᠨ ᠠᠬᠢᠭᠤᠯᠬᠤ ᠶᠠᠮᠠᠷ ᠶᠠᠮᠠᠷ ᠲᠥᠷᠥ ᠶᠢᠨ ᠪᠣᠳᠣᠯᠭ᠎ᠠ ᠪᠠᠶᠢᠬᠤ ᠪᠣᠶ︖      ᠬᠠᠷᠢᠭᠤᠯᠲᠠ᠄ ᠨᠢᠭᠡ ᠲᠠᠯ᠎ᠠ ᠪᠠᠷ᠂ ᠰᠣᠩᠭᠤᠭᠳᠠᠭᠰᠠᠨ ᠦᠢᠯᠡᠳᠭᠦᠨ ᠤ ᠡᠮᠴᠢᠯᠡᠭᠡᠨ ᠤ ᠪᠠᠲᠤᠯᠠᠭ᠎ᠠ ᠶᠢᠨ ᠲᠣᠭᠠᠴᠠᠭ᠎ᠠ ᠬᠢᠬᠦ ᠪᠠᠷᠢᠮᠵᠢᠶ᠎ᠠ ᠶᠢ ᠵᠦᠶ ᠵᠣᠬᠢᠰᠲᠠᠶ ᠲᠣᠭᠲᠠᠭᠠᠨ᠎ᠠ᠃ ᠡᠮᠴᠢᠯᠡᠭᠡᠨ ᠤ ᠪᠠᠲᠤᠯᠠᠭ᠎ᠠ ᠶᠢᠨ ᠲᠣᠭᠠᠴᠠᠭ᠎ᠠ ᠬᠢᠬᠦ ᠬᠡᠪᠴᠢᠶᠡᠨ ᠳᠤ ᠲᠥᠪᠯᠡᠷᠡᠭᠦᠯᠦᠨ ᠬᠡᠮᠵᠢᠶ᠎ᠡ ᠲᠠᠢ ᠬᠤᠳᠠᠯᠳᠤᠨ  ᠠᠪᠬᠤ ᠡᠮ ᠤᠨ ᠵᠦᠢᠯ ᠢ ᠰᠣᠩᠭᠤᠭᠳᠠᠭᠰᠠᠨ ᠦᠨ᠎ᠡ ᠬᠠᠩᠰᠢ ᠪᠠᠷ ᠦᠨᠳᠦᠰᠦᠨ ᠪᠠᠷᠢᠮᠵᠢᠶ᠎ᠠ ᠪᠣᠯᠭᠠᠵᠤ ᠡᠮᠴᠢᠯᠡᠭᠡᠨ ᠤ ᠪᠠᠲᠤᠯᠠᠭ᠎ᠠ ᠶᠢᠨ ᠲᠣᠭᠠᠴᠠᠭ᠎ᠠ ᠬᠢᠬᠦ ᠪᠠᠷᠢᠮᠵᠢᠶ᠎ᠠ ᠶᠢ ᠲᠣᠭᠲᠠᠭᠠᠨ᠎ᠠ︔ ᠡᠮᠴᠢᠯᠡᠭᠡᠨ ᠤ ᠪᠠᠲᠤᠯᠠᠭ᠎ᠠ ᠶᠢᠨ ᠲᠣᠭᠠᠴᠠᠭ᠎ᠠ ᠬᠢᠬᠦ ᠬᠡᠪᠴᠢᠶᠡᠨ ᠳᠤ ᠲᠥᠪᠯᠡᠷᠡᠭᠦᠯᠦᠨ ᠬᠡᠮᠵᠢᠶ᠎ᠡ ᠲᠠᠢ ᠬᠤᠳᠠᠯᠳᠤᠨ ᠠᠪᠬᠤ ᠡᠮᠴᠢᠯᠡᠭᠡᠨ ᠤ ᠬᠤᠷᠣᠭᠳᠠᠯ ᠮᠠᠲ᠋ᠧᠷᠢᠶᠠᠯ ᠢ ᠰᠣᠩᠭᠤᠭᠳᠠᠭᠰᠠᠨ ᠦᠨ᠎ᠡ ᠬᠠᠩᠰᠢ ᠪᠠᠷ ᠡᠮᠴᠢᠯᠡᠭᠡᠨ ᠤ ᠪᠠᠲᠤᠯᠠᠭ᠎ᠠ ᠶᠢᠨ ᠲᠣᠭᠠᠴᠠᠭ᠎ᠠ ᠬᠢᠬᠦ ᠪᠠᠷᠢᠮᠵᠢᠶ᠎ᠠ ᠶᠢ ᠲᠣᠭᠲᠠᠭᠠᠨ᠎ᠠ᠃ ᠡᠮ ᠤᠨ ᠵᠦᠢᠯ ᠤᠨ ᠲᠠᠯ᠎ᠠ ᠪᠠᠷ ᠨᠡᠶᠢᠳᠡᠮ ᠬᠡᠷᠡᠭᠯᠡᠬᠦ ᠨᠡᠷᠡᠶᠢᠳᠦᠯ ᠳᠣᠣᠷᠠᠬᠢ ᠤᠤᠯ ᠤᠨ ᠨᠠᠶᠢᠷᠠᠯᠭ᠎ᠠ ᠲᠠᠢ ᠡᠮ᠂ ᠬᠠᠷᠢᠴᠠᠭᠤᠯᠤᠭᠰᠠᠨ ᠨᠠᠶᠢᠷᠠᠯᠭ᠎ᠠ ᠲᠠᠢ ᠡᠮ᠂ ᠨᠢᠭᠡᠳᠦᠯᠲᠡᠢ ᠦᠨᠡᠯᠡᠯᠲᠡ ᠳᠤ ᠬᠢᠷᠢ ᠲᠡᠩᠴᠡᠭᠰᠡᠨ ᠳᠠᠭᠤᠷᠢᠶᠠᠮᠠᠯ ᠨᠠᠶᠢᠷᠠᠯᠭ᠎ᠠ ᠲᠠᠢ ᠡᠮ ᠳᠤ ᠠᠳᠠᠯᠢ ᠡᠮᠴᠢᠯᠡᠭᠡᠨ ᠤ ᠪᠠᠲᠤᠯᠠᠭ᠎ᠠ ᠶᠢᠨ ᠲᠣᠭᠠᠴᠠᠭ᠎ᠠ ᠬᠢᠬᠦ ᠪᠠᠷᠢᠮᠵᠢᠶ᠎ᠠ ᠶᠢ ᠬᠡᠷᠡᠭᠵᠢᠭᠦᠯᠵᠦ᠂ ᠨᠢᠭᠡᠳᠦᠯᠲᠡᠢ ᠦᠨᠡᠯᠡᠯᠲᠡ ᠳᠤ ᠬᠢᠷᠢ ᠲᠡᠩᠴᠡᠭᠰᠡᠨ ᠥᠬᠡᠶ ᠳᠠᠭᠤᠷᠢᠶᠠᠮᠠᠯ ᠨᠠᠶᠢᠷᠠᠯᠭ᠎ᠠ ᠲᠠᠢ ᠡᠮ ᠤᠨ ᠡᠮᠴᠢᠯᠡᠭᠡᠨ ᠤ ᠪᠠᠲᠤᠯᠠᠭ᠎ᠠ ᠶᠢᠨ ᠲᠣᠭᠠᠴᠠᠭ᠎ᠠ ᠬᠢᠬᠦ ᠪᠠᠷᠢᠮᠵᠢᠶ᠎ᠠ ᠶᠢ ᠨᠡᠶᠢᠳᠡᠮ ᠬᠡᠷᠡᠭᠯᠡᠬᠦ ᠨᠡᠷᠡᠶᠢᠳᠦᠯ ᠳᠤᠤᠷᠠᠬᠢ ᠨᠢᠭᠡᠳᠦᠯᠲᠡᠢ ᠦᠨᠡᠯᠡᠯᠲᠡ ᠳᠤ ᠨᠢᠭᠡᠨᠲᠡ ᠬᠢᠷᠢ ᠲᠡᠩᠴᠡᠭᠰᠡᠨ ᠡᠮ ᠤᠨ ᠵᠦᠢᠯ ᠠᠴᠠ ᠥᠨᠳᠥᠷ ᠪᠠᠶᠢᠯᠭᠠᠵᠤ ᠪᠣᠯᠬᠤ ᠥᠬᠡᠶ︔ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠲᠠᠯ᠎ᠠ ᠪᠠᠷ᠂ ᠰᠣᠩᠭᠤᠭᠳᠠᠭᠰᠠᠨ ᠥᠬᠡᠶ ᠦᠢᠯᠡᠳᠭᠦᠨ ᠤ ᠡᠮᠴᠢᠯᠡᠭᠡᠨ ᠤ ᠪᠠᠲᠤᠯᠠᠭ᠎ᠠ ᠶᠢᠨ ᠲᠣᠭᠠᠴᠠᠭ᠎ᠠ ᠬᠢᠬᠦ ᠪᠠᠷᠢᠮᠵᠢᠶ᠎ᠠ ᠨᠢ ᠲᠥᠷᠥᠯ ᠵᠦᠢᠯ ᠠᠳᠠᠯᠢ᠂ ᠴᠢᠳᠠᠮᠵᠢ ᠣᠶᠢᠷᠠᠯᠴᠠᠭ᠎ᠠ ᠰᠣᠩᠭᠤᠭᠳᠠᠭᠰᠠᠨ ᠦᠢᠯᠡᠳᠭᠦᠨ ᠤ ᠬᠠᠮᠤᠭ ᠤᠨ ᠥᠨᠳᠥᠷ ᠰᠣᠩᠭᠤᠭᠳᠠᠭᠰᠠᠨ ᠦᠨ᠎ᠡ ᠬᠠᠩᠰᠢ ᠠᠴᠠ ᠥᠨᠳᠥᠷ ᠪᠠᠶᠢᠵᠤ ᠪᠣᠯᠬᠤ ᠥᠬᠡᠶ᠃ ᠰᠣᠩᠭᠤᠭᠳᠠᠭᠰᠠᠨ ᠦᠭᠡᠢ ᠲᠥᠷᠥᠯ ᠵᠦᠢᠯ ᠤᠨ ᠲᠣᠭᠠᠴᠠᠭ᠎ᠠ ᠬᠢᠬᠦ ᠪᠠᠷᠢᠮᠵᠢᠶ᠎ᠠ ᠶᠢ ᠰᠣᠩᠭᠤᠭᠳᠠᠭᠰᠠᠨ ᠦᠢᠯᠡᠳᠬᠦᠨ ᠢ ᠬᠡᠷᠡᠭᠵᠢᠭᠦᠯᠦᠭᠰᠡᠨ ᠡᠳᠦᠷ ᠠᠴᠠ ᠡᠬᠢᠯᠡᠨ 2 ᠵᠢᠯ ᠤᠨ ᠳᠣᠲᠣᠷ᠎ᠠ ᠲᠣᠬᠢᠷᠠᠭᠤᠯᠤᠨ ᠪᠣᠳᠠᠲᠠᠶᠢᠵᠢᠭᠤᠯᠬᠤ ᠬᠡᠷᠡᠭᠲᠡᠶ᠃ ᠨᠥᠭᠦᠭᠡ ᠲᠠᠯ᠎ᠠ ᠪᠠᠷ᠂ ᠡᠮᠴᠢᠯᠡᠭᠡᠨ ᠤ ᠪᠠᠶᠢᠭᠤᠯᠤᠮᠵᠢ ᠶᠢ ᠤᠷᠮᠠᠰᠢᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠬᠤᠳᠠᠯᠳᠤᠨ ᠠᠪᠬᠤ ᠦᠶᠡᠯᠡᠯ ᠤᠨ ᠬᠤᠭᠤᠴᠠᠭᠠᠨ ᠳᠤ᠂ ᠬᠤᠳᠠᠯᠳᠤᠨ ᠠᠪᠬᠤ ᠲᠥᠷᠥᠯ ᠵᠦᠢᠯ ᠤᠨ ᠦᠨ᠎ᠡ ᠬᠠᠩᠰᠢ ᠪᠠᠭᠤᠷᠠᠭᠰᠠᠨ ᠠᠴᠠ ᠪᠣᠯᠵᠣ ᠡᠮᠴᠢᠯᠡᠭᠡᠨ ᠤ  ᠪᠠᠲᠤᠯᠠᠭ᠎ᠠ ᠶᠢᠨ ᠶᠡᠷᠦᠩᠬᠡᠶ ᠲᠤᠭ᠎ᠠ ᠶᠢᠨ ᠭᠦᠢᠴᠡᠳᠬᠡᠯ ᠲᠤᠭ᠎ᠠ ᠶᠢ ᠵᠣᠬᠢᠴᠠᠩᠭᠤᠶ ᠪᠠᠷ ᠪᠠᠭᠤᠷᠠᠭᠤᠯᠬᠤ ᠥᠬᠡᠶ᠃ ᠡᠮ ᠤᠨ ᠵᠦᠢᠯ ᠪᠠ ᠡᠮᠴᠢᠯᠡᠭᠡᠨ  ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠡᠮᠵᠢᠶ᠎ᠡ ᠲᠠᠢ ᠬᠤᠳᠠᠯᠳᠤᠨ ᠠᠪᠬᠤ ᠳᠤ ᠠᠷᠪᠢᠯᠠᠭᠰᠠᠨ ᠡᠮᠴᠢᠯᠡᠭᠡᠨ ᠤ ᠪᠠᠲᠤᠯᠠᠭ᠎ᠠ ᠶᠢᠨ ᠪᠠᠯᠠ ᠮᠥᠩᠭᠦ ᠶᠢ ᠤᠯᠤᠰ ᠤᠨ ᠬᠠᠮᠢᠶ᠎ᠠ ᠪᠥᠬᠦᠶ ᠲᠣᠭᠲᠠᠭᠠᠯ ᠢᠶᠠᠷ ᠯᠠᠪᠯᠠᠯᠲᠠ ᠪᠣᠯᠭᠠᠵᠤ᠂ ᠰᠢᠯᠭᠠᠨ ᠬᠢᠨᠠᠭᠰᠠᠨ ᠰᠠᠭᠤᠷᠢᠨ ᠳᠡᠭᠡᠷ᠎ᠡ ᠡᠮᠴᠢᠯᠡᠭᠡᠨ ᠤ ᠪᠠᠶᠢᠭᠤᠯᠤᠮᠵᠢ ᠶᠢᠨ ᠦᠯᠡᠳᠡᠪᠦᠷᠢ ᠶᠢ ᠦᠯᠡᠳᠡᠭᠡᠨ ᠬᠡᠷᠡᠭᠯᠡᠬᠦ ᠶᠢ ᠤᠷᠮᠠᠰᠢᠭᠤᠯᠤᠨ᠎ᠠ᠃ ᠲᠥᠪᠯᠡᠷᠡᠭᠦᠯᠦᠨ ᠬᠡᠮᠵᠢᠶ᠎ᠡ ᠲᠠᠢ ᠬᠤᠳᠠᠯᠳᠤᠨ ᠠᠪᠬᠤ ᠳᠤ ᠬᠠᠮᠤᠷᠤᠭᠰᠠᠨ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠲᠥᠷᠥᠯ ᠵᠦᠢᠯ ᠨᠢ ᠣᠯᠠᠨ᠂ ᠦᠨᠡᠲᠡᠢ᠂ ᠬᠤᠯᠪᠣᠭᠳᠠᠭᠰᠠᠨ ᠡᠮᠴᠢᠯᠡᠭᠡᠨ ᠤ ᠪᠠᠶᠢᠭᠤᠯᠤᠮᠵᠢ ᠨᠢ ᠣᠯᠠᠨ ᠪᠠᠶᠢᠳᠠᠯ ᠳᠤᠤᠷ᠎ᠠ ᠥᠪᠡᠷᠲᠡᠭᠡᠨ ᠵᠠᠰᠠᠬᠤ ᠣᠷᠣᠨ ᠢᠶᠠᠷ ᠨᠢᠭᠡᠴᠢ ᠪᠣᠯᠭᠠᠨ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠬᠠᠩᠰᠢ ᠶᠢᠨ ᠬᠠᠨᠳᠤᠰᠢ ᠶᠢ ᠲᠣᠬᠢᠷᠠᠭᠤᠯᠵᠤ ᠪᠠᠶᠢᠭᠠᠳ ᠦᠨᠡᠯᠡᠨ ᠵᠢᠱᠢᠬᠦ ᠶᠢ ᠨᠢᠭᠡᠳᠦᠯᠲᠡᠶ ᠥᠷᠨᠢᠭᠦᠯᠵᠦ᠂ ᠨᠥᠬᠦᠴᠡᠯ ᠳᠤ ᠨᠡᠶᠢᠴᠡᠭᠰᠡᠨ ᠪᠣᠯ ᠵᠣᠬᠢᠬᠤ ᠡᠮᠴᠢᠯᠡᠭᠡᠨ ᠤ ᠦᠢᠯᠡᠴᠢᠯᠡᠭᠡᠨ ᠤ ᠦᠨ᠎ᠡ ᠬᠠᠩᠰᠢ ᠶᠢᠨ ᠲᠣᠬᠢᠷᠠᠭᠤᠯᠤᠯᠲᠠ ᠶᠢ ᠳᠠᠷᠤᠢ ᠳᠤ ᠨᠢ ᠬᠢᠵᠦ᠂ ᠬᠠᠮᠤᠭ ᠤᠨ ᠥᠨᠳᠥᠷ ᠵᠢᠯᠣᠭᠤᠳᠤᠯᠭ᠎ᠠ ᠶᠢᠨ ᠦᠨ᠎ᠡ ᠶᠢ ᠲᠣᠭᠲᠠᠭᠠᠬᠤ ᠬᠡᠷᠡᠭᠲᠡᠶ᠃ ᠡᠪᠡᠳᠴᠢᠨ ᠤ ᠲᠥᠷᠥᠯ ︵ᠡᠪᠡᠳᠴᠢᠨ ᠤ ᠳᠤᠭᠤᠶᠢᠯᠠᠩ︶ ᠵᠡᠷᠭᠡ ᠠᠷᠭ᠎ᠠ ᠮᠠᠶ᠋ᠢᠭ ᠢᠶᠠᠷ ᠵᠠᠷᠤᠳᠠᠯ ᠲᠤᠰᠢᠶᠠᠬᠤ ᠶᠢ ᠥᠷᠨᠢᠭᠦᠯᠦᠭᠰᠡᠨ ᠭᠠᠵᠠᠷ ᠣᠷᠣᠨ ᠨᠢ ᠡᠪᠡᠳᠴᠢᠲᠡᠨ ᠤ ᠥᠪᠡᠰᠦᠪᠡᠨ ᠳᠥᠯᠥᠬᠦ ᠬᠡᠰᠡᠭ ᠤᠨ ᠬᠤᠳᠠᠯᠳᠤᠨ ᠠᠪᠬᠤ ᠦᠨ᠎ᠡ ᠶᠢ ᠪᠠᠭᠤᠷᠠᠭᠤᠯᠵᠤ ᠠᠰᠢᠭ ᠲᠤᠰᠠ ᠶᠢ ᠪᠦᠷᠢᠮᠦᠰᠦᠨ ᠭᠦᠷᠲᠡᠭᠡᠬᠦ ᠶᠢ ᠦᠨᠡᠨ ᠬᠦ ᠪᠠᠲᠤᠯᠠᠭᠰᠠᠨ ᠤᠷᠢᠲᠠᠯ ᠳᠤᠤᠷ᠎ᠠ᠂ ᠡᠬᠢᠨ ᠤ ᠵᠢᠯ ᠳᠤ ᠵᠣᠬᠢᠬᠤ ᠡᠪᠡᠳᠴᠢᠨ ᠤ ᠲᠥᠷᠥᠯ ︵ᠡᠪᠡᠳᠴᠢᠨ ᠤ ᠳᠤᠭᠤᠶᠢᠯᠠᠩ︶ ᠤᠨ ᠡᠮᠴᠢᠯᠡᠭᠡᠨ ᠤ ᠪᠠᠲᠤᠯᠠᠭ᠎ᠠ ᠶᠢᠨ ᠲᠣᠭᠠᠴᠠᠭ᠎ᠠ ᠬᠢᠬᠦ ᠪᠠᠷᠢᠮᠵᠢᠶ᠎ᠠ ᠶᠢ ᠪᠠᠭᠤᠷᠠᠭᠤᠯᠬᠤ ᠥᠬᠡᠶ ᠪᠠᠶᠢᠵᠤ ᠪᠣᠯᠤᠨ᠎ᠠ᠂ ᠬᠤᠶᠢᠰᠢᠳᠠ ᠡᠪᠡᠳᠴᠢᠨ ᠤ ᠲᠥᠷᠥᠯ ︵ᠡᠪᠡᠳᠴᠢᠨ ᠤ ᠳᠤᠭᠤᠶᠢᠯᠠᠩ︶ ᠤᠨ ᠡᠮᠴᠢᠯᠡᠭᠡᠨ ᠤ ᠪᠠᠲᠤᠯᠠᠭ᠎ᠠ ᠶᠢᠨ ᠲᠣᠭᠠᠴᠠᠭ᠎ᠠ ᠬᠢᠬᠦ ᠪᠠᠷᠢᠮᠵᠢᠶ᠎ᠠ ᠶᠢ ᠲᠣᠭᠲᠠᠮᠠᠯ ᠬᠤᠭᠤᠴᠠᠭ᠎ᠠ ᠲᠠᠢ ᠳᠣᠭᠢᠷᠠᠭᠤᠯᠤᠨ᠎ᠠ᠃ ᠴᠡᠭ ᠳᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠨᠢ ᠳᠣᠲᠣᠭᠠᠳᠤ ᠶᠢᠨ ᠰᠢᠯᠭᠠᠨ ᠬᠢᠨᠠᠬᠤ ᠠᠷᠭ᠎ᠠ ᠪᠠ ᠴᠠᠯᠢᠩ ᠬᠥᠯᠥᠰᠥ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠤᠷᠮᠠᠰᠢᠭᠤᠯᠬᠤ ᠲᠥᠷᠥ ᠶᠢᠨ ᠪᠣᠳᠣᠯᠭ᠎ᠠ ᠶᠢ ᠡᠮᠨᠡᠯᠭᠡ ᠶᠢᠨ ᠠᠵᠢᠯᠲᠠᠨ ᠳᠤ ᠳᠠᠮᠵᠢᠭᠤᠯᠵᠤ᠂ ᠰᠣᠩᠭᠤᠭᠳᠠᠭᠰᠠᠨ ᠦᠢᠯᠡᠳᠭᠦᠨ ᠢ ᠵᠦᠶ ᠵᠣᠬᠢᠰᠲᠠᠶ᠂ ᠤᠷᠢᠳ ᠢᠶᠠᠷ ᠬᠡᠷᠡᠭᠯᠡᠬᠦ ᠶᠢ ᠵᠣᠷᠢᠭᠵᠢᠭᠤᠯᠤᠨ᠎ᠠ᠃                      
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号