ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠲᠥᠷᠥᠯ ᠵᠦᠢᠯ ᠤᠨ ᠦᠨ᠎ᠡ ᠬᠠᠩᠰᠢ ᠶᠢ ᠲᠣᠬᠢᠷᠠᠭᠤᠯᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2022/5/11
      ᠥᠪᠥᠷ ᠡᠮᠴᠢᠯᠡᠭᠡᠨ ᠤ ᠪᠠᠲᠤᠯᠠᠭ᠎ᠠ ᠠᠯᠪᠠᠨ ᠥᠰᠥᠭ  ﹇2022﹈ 84 ᠳ᠋ᠦ᠋ᠭᠡᠷ ᠲᠣᠭᠠᠲᠤᠡᠯ᠎ᠡ ᠠᠶᠢᠮᠠᠭ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠮᠠᠨᠵᠤᠤᠷ ᠬᠤᠲᠠ᠂ ᠡᠷᠢᠶᠡᠨ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠳᠤ᠄      ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠤᠯᠠᠮ ᠨᠢᠭᠡ ᠠᠯᠬᠤᠮ ᠬᠦᠴᠦᠯᠡᠨ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠱᠠᠭᠠᠷᠳᠠᠯᠭ᠎ᠠ ᠳᠤ ᠨᠡᠩ ᠰᠠᠶᠢᠲᠤᠷ ᠵᠣᠬᠢᠴᠠᠭᠤᠯᠵᠤ᠂ ᠤᠯᠠᠨ ᠲᠦᠮᠡᠨ ᠤ ᠳᠠᠷᠤᠭᠠᠰᠤ ᠶᠢ ᠬᠥᠩᠭᠡᠷᠡᠭᠦᠯᠬᠦ ᠶᠢᠨ ᠲᠥᠯᠥᠭᠡ᠂ ᠰᠤᠳᠤᠯᠬᠤ ᠪᠠᠷ ᠳᠠᠮᠵᠢᠨ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠦᠷᠦᠯ ᠵᠦᠢᠯ ᠤᠨ ᠦᠨ᠎ᠡ ᠬᠠᠩᠰᠢ ᠶᠢ ᠤᠯᠠᠮ ᠴᠢᠨᠠᠭᠰᠢᠳᠠ ᠪᠠᠭᠤᠷᠠᠭᠤᠯᠬᠤ ᠪᠠᠷ ᠲᠣᠭᠲᠠᠪᠠ᠂ ᠤᠳᠤ ᠬᠤᠯᠪᠣᠭᠳᠠᠯ ᠪᠦᠬᠦᠢ ᠵᠦᠢᠯ ᠢ ᠳᠣᠣᠷᠠᠬᠢ ᠮᠡᠲᠦ ᠮᠡᠳᠡᠭᠳᠡᠪᠡ᠄      ᠨᠢᠭᠡ᠂  ᠪᠥᠬᠦ ᠣᠷᠣᠨ ᠤ ᠰᠢᠨ᠎ᠡ ᠳᠢᠲᠢᠮᠯᠢᠭ ᠸᠢᠷᠦ᠋ᠰ ᠤᠨ ᠪᠥᠭᠡᠮ ᠬᠦᠴᠢᠯ ᠤᠨ ᠭᠠᠭᠴᠠ ᠬᠥᠮᠦᠨ ᠤ ᠳᠠᠩ ᠪᠠᠶᠢᠴᠠᠭᠠᠯᠲᠠ ᠶᠢᠨ ᠬᠠᠮᠤᠭ ᠤᠨ ᠥᠨᠳᠦᠷ ᠦᠨ᠎ᠡ ᠶᠢ 19.7 ᠲᠥᠭᠦᠷᠢᠭ / ᠬᠥᠮᠦᠨ ᠤᠳᠠᠭ᠎ᠠ ᠪᠠᠷ ᠲᠣᠬᠢᠷᠠᠭᠤᠯᠵᠤ᠂ ᠣᠯᠠᠨ ᠬᠥᠮᠦᠨ ᠤ ᠬᠤᠯᠢᠮᠠᠭ ᠪᠠᠶᠢᠴᠠᠭᠠᠯᠲᠠ ᠳᠤ ᠦᠯᠢᠭᠡᠷ ᠤᠨ ᠲᠤᠭ᠎ᠠ ᠬᠡᠮᠵᠢᠶ᠎ᠡ ᠶᠢ ᠢᠯᠭᠠᠬᠤ ᠦᠭᠡᠢ᠂ ᠬᠠᠮᠤᠭ ᠤᠨ ᠥᠨᠳᠦᠷ ᠬᠢᠵᠠᠭᠠᠷ ᠦᠨ᠎ᠡ ᠶᠢ 3.4 ᠲᠥᠭᠦᠷᠢᠭ / ᠬᠥᠮᠦᠨ ᠤᠳᠠᠭ᠎ᠠ ᠪᠠᠷ ᠲᠣᠬᠢᠷᠠᠭᠤᠯᠵᠤ᠂ ᠰᠦᠢᠳᠭᠡᠯ ᠬᠤᠷᠢᠶᠠᠬᠤ ᠪᠠᠷᠢᠮᠵᠢᠶᠠᠨ ᠳᠤ ᠰᠢᠯᠭᠠᠨ ᠪᠠᠶᠢᠴᠠᠭᠠᠬᠤ ᠤᠷᠪᠠᠯᠵᠢ ᠶᠢ ᠪᠠᠭᠲᠠᠭᠠᠨ᠎ᠠ᠃ ᠲᠤᠰ ᠲᠥᠷᠥᠯ ᠵᠦᠢᠯ ᠤᠨ ᠦᠨ᠎ᠡ ᠬᠠᠩᠰᠢ ᠨᠢ ᠵᠠᠰᠠᠭ ᠤᠨ ᠣᠷᠳᠣᠨ ᠤ ᠬᠠᠮᠤᠭ ᠤᠨ ᠥᠨᠳᠥᠷ ᠵᠢᠯᠣᠭᠤᠳᠤᠯᠭ᠎ᠠ ᠶᠢᠨ ᠦᠨ᠎ᠡ ᠪᠣᠯᠬᠤ ᠲᠤᠯᠠ ᠥᠰᠬᠡᠵᠦ ᠪᠣᠯᠬᠤ ᠦᠭᠡᠢ᠂ ᠪᠠᠭᠤᠷᠠᠭᠤᠯᠬᠤ ᠬᠡᠮᠵᠢᠶ᠎ᠡ ᠶᠢ ᠬᠢᠵᠠᠭᠠᠷᠯᠠᠬᠤ ᠦᠭᠡᠶ᠃      ᠬᠤᠶᠠᠷ᠂ ᠠᠯᠪᠠᠨ ᠠᠴᠠ ᠪᠠᠶᠢᠭᠤᠯᠤᠭᠰᠠᠨ ᠪᠤᠰᠤ ᠡᠮᠴᠢᠯᠡᠭᠡᠨ ᠤ ᠪᠠᠶᠢᠭᠤᠯᠤᠮᠵᠢ ᠵᠢᠴᠢ ᠠᠨᠠᠭᠠᠬᠤ ᠤᠬᠠᠭᠠᠨ ᠤ ᠰᠢᠯᠭᠠᠨ ᠪᠠᠶᠢᠴᠠᠭᠠᠬᠤ ᠲᠤᠷᠰᠢᠯᠲᠠ ᠶᠢᠨ ᠲᠠᠰᠤᠭ ᠵᠡᠷᠭᠡ ᠭᠤᠷᠪᠠᠳᠠᠭᠴᠢ ᠡᠲᠡᠭᠡᠳ ᠤᠨ ᠰᠢᠯᠭᠠᠨ ᠪᠠᠶᠢᠴᠠᠭᠠᠬᠤ ᠪᠠᠶᠢᠭᠤᠯᠤᠮᠵᠢ ᠠᠴᠠ ᠰᠢᠨ᠎ᠡ ᠲᠢᠲᠢᠮᠯᠢᠭ ᠸᠢᠷᠦ᠋ᠰ ᠤᠨ ᠪᠥᠭᠡᠮ ᠬᠦᠴᠢᠯ ᠤᠨ ᠰᠢᠯᠭᠠᠨ ᠪᠠᠶᠢᠴᠠᠭᠠᠬᠤ ᠦᠢᠯᠡᠴᠢᠯᠡᠭᠡ ᠶᠢ ᠬᠠᠩᠭᠠᠵᠤ᠂ ᠦᠨ᠎ᠡ ᠲᠣᠭᠲᠠᠭᠠᠬᠤ ᠳᠤ ᠪᠠᠨ ︽ᠡᠷᠬᠡ ᠲᠡᠭᠰᠢ᠂ ᠬᠠᠤᠯᠢ ᠳᠤ ᠨᠡᠶᠢᠴᠡᠬᠦ ᠪᠠ ᠦᠨᠡᠨᠴᠢ ᠢᠲᠡᠭᠡᠮᠵᠢᠲᠡᠶ ᠪᠠᠶᠢᠬᠤ︾ ᠵᠠᠷᠴᠢᠮ ᠢ ᠵᠢᠷᠤᠮᠯᠠᠨ᠂ ᠪᠠᠯᠠ ᠪᠠᠨ ᠪᠠᠲᠤᠯᠠᠨ ᠥᠴᠦᠬᠡᠨ ᠠᠰᠢᠭ ᠤᠯᠬᠤ᠂ ᠶᠠᠰᠤ ᠴᠢᠨᠠᠷ ᠪᠠ ᠦᠨ᠎ᠡ ᠬᠠᠩᠰᠢ ᠬᠠᠷᠢᠯᠴᠠᠨ ᠨᠡᠶᠢᠴᠡᠬᠦ ᠬᠡᠷᠡᠭᠲᠡᠶ᠃ ᠲᠤᠬᠠᠶ ᠶᠢᠨ ᠭᠠᠵᠠᠷ ᠤᠨ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠰᠢᠨ᠎ᠡ ᠲᠢᠲᠢᠮᠯᠢᠭ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠦᠨ᠎ᠡ ᠬᠠᠩᠰᠢ ᠪᠠᠷ ᠯᠠᠪᠯᠠᠯᠲᠠ ᠪᠣᠯᠭᠠᠬᠤ ᠶᠢ ᠰᠠᠨᠠᠭᠠᠴᠢᠯᠠᠨ᠎ᠠ᠃      ᠭᠤᠷᠪᠠ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠪᠠᠶᠢᠭᠤᠯᠤᠮᠵᠢ ᠶᠢᠨ ᠬᠤᠷᠢᠶᠠᠭᠰᠠᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠪᠥᠭᠡᠮ ᠬᠦᠴᠢᠯ ᠢ ᠰᠢᠯᠭᠠᠨ ᠪᠠᠶᠢᠴᠠᠭᠠᠬᠤ ᠵᠠᠷᠤᠳᠠᠯ ᠢ ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠶ ᠰᠦᠢᠳᠭᠡᠯ ᠬᠤᠷᠢᠶᠠᠬᠤ ᠬᠠᠮᠢᠶᠠᠷᠤᠯᠲᠠ ᠶᠣᠰᠣᠭᠠᠷ ᠣᠷᠣᠯᠭ᠎ᠠ ᠵᠠᠷᠤᠯᠭ᠎ᠠ ᠶᠢ ᠠᠰ ᠠᠰ ᠲᠤ  ᠨᠢ ᠪᠠᠶᠢᠯᠭᠠᠬᠤ ᠶᠢ ᠬᠡᠷᠡᠭᠵᠢᠭᠦᠯᠵᠦ᠂ ᠰᠦᠢᠳᠭᠡᠯ ᠬᠤᠷᠢᠶᠠᠬᠤ ᠳᠤ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠲᠣᠭᠲᠠᠭᠠᠭᠰᠠᠨ ᠭᠠᠶᠢᠯᠢ ᠶᠢᠨ ᠪᠤᠰᠤ ᠪᠠᠷᠢᠮᠲᠠ ᠶᠢ ᠬᠡᠷᠡᠭᠯᠡᠵᠦ᠂ ᠣᠷᠣᠯᠭ᠎ᠠ ᠶᠢ ᠪᠥᠬᠦ ᠲᠤᠭ᠎ᠠ ᠪᠠᠷ ᠤᠯᠤᠰ ᠤᠨ ᠬᠥᠮᠥᠷᠭᠡ ᠳᠤ ᠲᠤᠰᠢᠶᠠᠵᠤ᠂ ᠵᠠᠷᠤᠯᠭ᠎ᠠ ᠶᠢ ᠵᠥᠪᠰᠢᠶᠡᠷᠡᠭᠰᠡᠨ ᠲᠥᠰᠦᠪ ᠢᠶᠠᠷ ᠳᠠᠮᠵᠢᠭᠤᠯᠤᠨ ᠳᠣᠭᠢᠷᠠᠭᠤᠯᠤᠨ ᠬᠡᠷᠡᠭᠯᠡᠨ᠎ᠡ᠃      ᠳᠥᠷᠪᠡ᠂ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠰᠢᠨ᠎ᠡ ᠲᠢᠲᠢᠮᠯᠢᠭ ᠸᠢᠷᠦ᠋ᠰ ᠤᠨ ᠪᠥᠭᠡᠮ ᠬᠦᠴᠢᠯ ᠤᠨ ᠰᠢᠯᠭᠠᠨ ᠪᠠᠶᠢᠴᠠᠭᠠᠬᠤ  ᠦᠢᠯᠡᠴᠢᠯᠡᠭᠡ ᠶᠢ ᠥᠷᠨᠢᠭᠦᠯᠬᠦ ᠳᠤ ᠪᠠᠨ ᠭᠠᠭᠴᠠ ᠬᠥᠮᠦᠨ ᠤ ᠳᠠᠩ ᠪᠠᠶᠢᠴᠠᠭᠠᠯᠲᠠ ᠪᠠ ᠣᠯᠠᠨ ᠬᠥᠮᠦᠨ ᠤ ᠬᠤᠯᠢᠮᠠᠭ ᠪᠠᠶᠢᠴᠠᠭᠠᠯᠲᠠ ᠭᠡᠬᠦ ᠬᠤᠶᠠᠷ ᠵᠦᠢᠯ ᠤᠨ  ᠦᠢᠯᠡᠴᠢᠯᠡᠭᠡ ᠶᠢ ᠵᠡᠷᠭᠡ ᠪᠠᠷ ᠬᠠᠩᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠣᠭᠲᠠᠭᠠᠯ ᠳᠤ ᠨᠡᠶᠢᠴᠡᠭᠰᠡᠨ ᠤᠷᠢᠲᠠᠯ ᠳᠤᠤᠷ᠎ᠠ ︽ᠪᠠᠶᠢᠴᠠᠭᠠᠬᠤ ᠳᠤᠷᠠᠲᠠᠶ ᠪᠣᠯ ᠪᠦᠬᠦᠨ ᠢ ᠪᠠᠶᠢᠴᠠᠭᠠᠬᠤ︾ ᠣᠯᠠᠨ ᠲᠦᠮᠡᠨ ᠤ ᠰᠠᠶᠢᠨ ᠳᠤᠷ᠎ᠠ ᠠᠴᠠ ᠪᠠᠨ ᠰᠣᠩᠭᠤᠯᠲᠠ ᠬᠢᠬᠦ ᠶᠢ ᠵᠥᠪᠰᠢᠶᠡᠷᠡᠨ᠎ᠡ᠃ ︽ᠪᠠᠶᠢᠴᠠᠭᠠᠬᠤ ᠶᠣᠰᠣᠲᠠᠢ ᠶᠢ ᠪᠦᠬᠦᠨ ᠢ ᠪᠠᠶᠢᠴᠠᠭᠠᠬᠤ︾ ᠳᠤ ᠲᠣᠭᠠᠴᠠᠭᠳᠠᠪᠠᠯ᠂ ᠲᠣᠭᠲᠠᠭᠠᠯ ᠶᠣᠰᠣᠭᠠᠷ ᠤᠯᠠᠨ ᠬᠥᠮᠦᠨ ᠤ ᠬᠤᠯᠢᠮᠠᠭ ᠪᠠᠶᠢᠴᠠᠭᠠᠯᠲᠠ ᠶᠢ ᠬᠡᠷᠡᠭᠯᠡᠨ᠎ᠡ᠃ ᠬᠢᠯᠢ ᠳᠤ ᠣᠷᠣᠵᠤ ᠢᠷᠡᠭᠰᠡᠳ᠂ ᠨᠢᠭᠲᠠ ᠣᠶᠢᠷᠠᠲᠤᠭᠰᠠᠳ᠂ ᠨᠢᠭᠲᠠ ᠣᠶᠢᠷᠠᠲᠤᠭᠰᠠᠳ ᠤᠨ ᠨᠢᠭᠲᠠ ᠣᠶᠢᠷᠠᠲᠤᠭᠰᠠᠳ ᠵᠡᠷᠭᠡ ᠲᠦᠭᠰᠢᠭᠦᠷᠢ ᠶᠡᠬᠡᠲᠡᠶ ᠬᠥᠮᠦᠰ ᠢ ᠲᠥᠪᠯᠡᠷᠡᠭᠦᠯᠦᠨ ᠲᠤᠰᠠᠭᠠᠷᠯᠠᠬᠤ ᠬᠤᠭᠤᠴᠠᠭᠠᠨ ᠳᠤ ᠭᠠᠭᠴᠠ ᠬᠥᠮᠦᠨ ᠤ ᠳᠠᠩ ᠪᠠᠶᠢᠴᠠᠭᠠᠯᠲᠠ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ ᠵᠦᠪᠬᠡᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠬᠦ ᠳᠤ ᠭᠦᠷᠪᠡᠯ᠂ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠡᠭᠦᠳᠡᠨ ᠡᠮᠨᠡᠯᠭᠡ ᠶᠢᠨ ᠣᠨᠣᠰᠢᠯᠠᠨ ᠪᠠᠶᠢᠴᠠᠭᠠᠬᠤ ᠰᠦᠢᠳᠭᠡᠯ ᠬᠤᠷᠢᠶᠠᠵᠤ ᠪᠣᠯᠬᠤ ᠥᠬᠡᠶ᠃      ᠲᠠᠪᠤ᠂ ᠡᠯ᠎ᠡ ᠲᠥᠷᠥᠯ ᠤᠨ ᠪᠥᠭᠡᠮ ᠬᠦᠴᠢᠯ ᠤᠨ ᠰᠢᠯᠭᠠᠨ ᠪᠠᠶᠢᠴᠠᠭᠠᠬᠤ ᠪᠠᠶᠢᠭᠤᠯᠤᠮᠵᠢ ᠨᠢ ᠲᠣᠭᠲᠠᠭᠠᠯ ᠢ ᠴᠢᠩᠭ᠎ᠠ ᠵᠢᠷᠤᠮᠯᠠᠨ ᠦᠢᠯᠡᠴᠢᠯᠡᠭᠡ ᠬᠠᠩᠭᠠᠬᠤ ᠶᠢᠨ ᠬᠠᠮᠲᠤ ᠰᠦᠢᠳᠭᠡᠯ ᠬᠤᠷᠢᠶᠠᠵᠤ᠂ ᠥᠪᠡᠷ ᠤᠨ ᠦᠨ᠎ᠡ ᠬᠠᠩᠰᠢ ᠶᠢᠨ ᠦᠢᠯᠡ ᠠᠵᠢᠯᠯᠠᠭ᠎ᠠ ᠪᠠᠨ ᠵᠢᠷᠤᠮᠵᠢᠭᠤᠯᠤᠨ᠂ ᠮᠡᠳᠡᠭᠡ ᠵᠠᠩᠭᠢ ᠶᠢᠨ ᠰᠢᠰᠲ᠋ᠧᠮ ᠢ ᠰᠢᠨᠡᠳᠬᠡᠨ ᠬᠠᠮᠠᠭᠠᠯᠠᠬᠤ ᠪᠠ ᠦᠨ᠎ᠡ ᠬᠠᠩᠰᠢ ᠶᠢ ᠢᠯᠡ ᠨᠡᠶᠢᠲᠡᠯᠡᠬᠦ ᠵᠡᠷᠭᠡ ᠬᠠᠮᠢᠶ᠎ᠠ ᠪᠥᠬᠦᠶ ᠠᠵᠢᠯ ᠢ ᠴᠠᠭ ᠲᠤᠬᠠᠶ ᠳᠤ ᠨᠢ ᠰᠠᠶᠢᠲᠤᠷ ᠬᠢᠵᠦ᠂ ᠨᠡᠶᠢᠭᠡᠮ ᠤᠨ ᠬᠢᠨᠠᠯᠲᠠ ᠲᠠᠯᠪᠢᠯᠲᠠ ᠶᠢ ᠤᠬᠠᠮᠰᠠᠷ ᠠᠴᠠ ᠪᠠᠨ ᠬᠦᠯᠢᠶᠡᠨ᠎ᠡ᠃      ᠵᠢᠷᠭᠤᠭ᠎ᠠ᠂ ᠡᠯ᠎ᠡ ᠰᠠᠯᠠᠭ᠎ᠠ ᠮᠥᠴᠢᠷ ᠲᠤᠰᠢᠶᠠᠯ ᠬᠠᠷᠢᠭᠤᠴᠠᠯᠭ᠎ᠠ ᠪᠠ ᠠᠵᠢᠯ ᠤᠨ ᠬᠤᠪᠢᠶᠠᠷᠢᠯᠠᠯ ᠶᠣᠰᠤᠭᠠᠷ ᠬᠤᠯᠪᠤᠭᠳᠠᠯ ᠪᠥᠬᠦᠢ ᠲᠥᠷᠦ ᠶᠢᠨ ᠪᠣᠳᠤᠯᠭ᠎ᠠ ᠶᠢ ᠵᠣᠯᠭᠠᠭᠤᠯᠬᠤ᠂ ᠤᠬᠠᠭᠤᠯᠬᠤ ᠪᠠ ᠬᠢᠨᠠᠨ ᠬᠠᠮᠢᠶᠠᠷᠴᠤ᠂ ᠰᠦᠯᠵᠢᠶᠡᠨ ᠭᠠᠳᠠᠨ᠎ᠠ ᠬᠤᠳᠠᠯᠳᠤᠨ ᠠᠪᠬᠤ᠂ ᠰᠦᠢᠳᠭᠡᠯ ᠬᠤᠷᠢᠶᠠᠬᠤ ᠬᠡᠪᠴᠢᠶ᠎ᠡ ᠶᠢ ᠳᠤᠷ᠎ᠠ ᠪᠠᠷ ᠢᠶᠠᠨ ᠥᠷᠭᠡᠳᠭᠡᠬᠦ ᠪᠤᠶᠤ ᠰᠦᠢᠳᠭᠡᠯ ᠬᠤᠷᠢᠶᠠᠬᠤ ᠪᠠᠷᠢᠮᠵᠢᠶ᠎ᠠ ᠶᠢ ᠳᠡᠭᠡᠭᠰᠢᠯᠡᠭᠦᠯᠬᠦ ᠵᠡᠷᠭᠡ ᠠᠵᠢᠯᠯᠠᠭ᠎ᠠ ᠶᠢ ᠬᠤᠯᠪᠤᠭᠳᠠᠯ ᠪᠥᠬᠦᠢ ᠳᠣᠭᠲᠠᠭᠠᠯ ᠢ ᠦᠨᠳᠦᠰᠦᠯᠡᠨ ᠡᠷᠡᠰ ᠴᠢᠩᠭ᠎ᠠ ᠰᠢᠢᠳᠪᠦᠷᠢᠯᠡᠨ᠎ᠡ᠃ ᠡᠯ᠎ᠡ ᠱᠠᠲᠤᠨ ᠤ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠤᠨ ᠬᠢᠨ ᠬᠢᠨᠠᠨ ᠬᠠᠮᠢᠶᠠᠷᠬᠤ ᠶᠠᠪᠤᠴᠠ ᠳᠤ ᠪᠠᠨ ︽ᠦᠢᠯᠡᠴᠢᠯᠡᠭᠡ ᠶᠢ ᠤᠯᠠᠨ ᠬᠥᠮᠦᠨ ᠪᠣᠯ ᠬᠤᠯᠢᠮᠠᠭ ᠪᠠᠶᠢᠴᠠᠭᠠᠯᠲᠠ ᠶᠣᠰᠣᠭᠠᠷ ᠶᠠᠪᠤᠭᠳᠠᠭᠤᠯᠵᠤ᠂ ᠰᠦᠢᠳᠬᠡᠯ ᠬᠤᠷᠢᠶᠠᠬᠤ ᠳᠤ ᠪᠠᠨ ᠭᠠᠭᠴᠠ ᠬᠥᠮᠦᠨ ᠤ ᠳᠠᠩ ᠪᠠᠶᠢᠴᠠᠭᠠᠯᠲᠠ ᠶᠢᠨ ᠦᠨ᠎ᠡ ᠬᠠᠩᠰᠢ ᠶᠢ ᠬᠡᠷᠡᠭᠯᠡᠬᠦ︾ ᠵᠡᠷᠭᠡ ᠪᠠᠶᠢᠳᠠᠯ ᠢ ᠪᠠᠶᠢᠩᠭᠤᠵᠢᠭᠤᠯᠤᠭᠰᠠᠨ ᠪᠠᠶᠢᠴᠠᠭᠠᠯᠲᠠ ᠶᠢᠨ ᠵᠦᠢᠯ ᠳᠤ ᠵᠢᠭᠰᠠᠭᠠᠨ ᠣᠷᠣᠭᠤᠯᠤᠨ᠎ᠠ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠤᠨ ᠬᠢᠨ ᠪᠥᠭᠡᠮ ᠬᠦᠴᠢᠯ ᠢ ᠰᠢᠯᠭᠠᠨ ᠪᠠᠶᠢᠴᠠᠭᠠᠬᠤ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠰᠢᠯᠭᠠᠨ ᠪᠠᠶᠢᠴᠠᠭᠠᠭᠰᠠᠨ ᠦᠷ᠎ᠡ ᠳ᠋ᠦᠩ ᠤᠨ ᠵᠥᠪ ᠣᠨᠣᠪᠴᠢᠲᠠᠶ᠂ ᠨᠠᠶᠢᠳᠠᠪᠤᠷᠢᠲᠠᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠲᠤᠰ ᠮᠡᠳᠡᠭᠳᠡᠯ ᠢ 2022 ᠣᠨ ᠤ 5 ᠰᠠᠷ᠎ᠠ ᠶᠢᠨ 9 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ᠤᠤᠯ ᠤᠨ ᠪᠠᠶᠢᠭᠰᠠᠨ ᠲᠥᠷᠥ ᠶᠢᠨ ᠪᠣᠳᠣᠯᠭ᠎ᠠ ᠶᠢᠨ ᠲᠣᠭᠲᠠᠭᠠᠯ ᠨᠢ ᠲᠤᠰ ᠮᠡᠳᠡᠭᠳᠡᠯ ᠯᠦᠭᠡ ᠨᠢᠭᠡᠳᠦᠯ ᠦᠭᠡᠶ ᠪᠠᠶᠢᠪᠠᠯ᠂ ᠲᠤᠰ ᠮᠡᠳᠡᠭᠳᠡᠯ ᠢᠶᠠᠷ ᠪᠠᠷᠢᠮᠵᠢᠶ᠎ᠠ ᠪᠣᠯᠭᠠᠨ᠎ᠠ᠃      ᠳᠠᠭᠠᠯᠳᠤᠭᠤᠯᠤᠯ᠄ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠰᠢᠯᠭᠠᠨ ᠪᠠᠶᠢᠴᠠᠭᠠᠯᠲᠠ ᠶᠢᠨ ᠦᠨ᠎ᠡ ᠬᠠᠩᠰᠢ ᠶᠢᠨ ᠲᠥᠷᠥᠯ ᠵᠦᠢᠯ ᠤᠨ ᠬᠦᠰᠦᠨᠦᠭᠲᠦ      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ                 2022 ᠣᠨ ᠤ 5 ᠳ᠋ᠤᠭᠠᠷ ᠰᠠᠷ᠎ᠠ ᠶᠢᠨ 7 ᠤ ᠡᠳᠦᠷ      ᠳᠠᠭᠠᠯᠳᠤᠭᠤᠯᠤᠯ᠄     ᠳᠠᠭᠠᠯᠳᠤᠭᠤᠯᠤᠯ᠄ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠪᠥᠭᠡᠮ ᠬᠦᠴᠢᠯ  ᠤᠨ ᠰᠢᠯᠭᠠᠨ ᠪᠠᠶᠢᠴᠠᠭᠠᠯᠲᠠ ᠶᠢᠨ ᠲᠥᠷᠥᠯ ᠵᠦᠢᠯ ᠤᠨ ᠦᠨ᠎ᠡ ᠬᠠᠩᠰᠢ ᠶᠢᠨ ᠬᠦᠰᠦᠨᠦᠭᠲᠦ.xlsx    
 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号