ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠰᠦᠯᠵᠢᠶᠡᠨ ᠳᠤ ᠡᠯᠭᠦᠬᠦ  ᠦᠢᠯᠡᠳᠭᠦᠨ ︵ᠠᠷᠪᠠᠨ ᠭᠤᠷᠪᠠᠳᠤᠭᠠᠷ ᠪᠦᠯᠦᠭ ︶ ᠢ ᠨᠡᠶᠢᠲᠡᠯᠡᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2022/5/31
     ᠥᠪᠥᠷ ᠡᠮ ᠬᠤᠳᠠᠯᠳᠤᠨ ᠠᠪᠬᠤ ᠲᠥᠪ ᠦᠰᠦᠭ ﹇2022﹈ 106 ᠳ᠋ᠤᠭᠠᠷ ᠲᠣᠭᠠᠲᠤᠡᠯ᠎ᠡ ᠬᠠᠮᠢᠶ᠎ᠠ ᠪᠦᠬᠦᠢ ᠨᠢᠭᠡᠴᠢ ᠳᠤ᠄      ︽2021 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠰᠦᠯᠵᠢᠶᠡᠨ ᠳᠤ ᠡᠯᠭᠦᠬᠦ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ︵ᠥᠪᠥᠷ ᠡᠮᠴᠢᠯᠡᠭᠡᠨ ᠤ ᠪᠠᠲᠤᠯᠠᠭ᠎ᠠ ᠠᠯᠪᠠᠨ ᠲᠠᠷᠬᠠᠭᠠᠭᠰᠠᠨ ﹇2021﹈ 90 ᠳ᠋ᠦ᠋ᠭᠡᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ ᠡᠳᠦᠭᠡ ᠢᠯᠡ ᠨᠡᠶᠢᠲᠡᠯᠡᠭᠡᠳ ᠰᠠᠨᠠᠯ ᠥᠬᠡᠶ ᠦᠢᠯᠡᠳᠭᠦᠨ ᠢ ᠨᠡᠶᠢᠲᠡᠯᠡᠵᠦ᠂ ᠡᠯ᠎ᠡ ᠮᠡᠳᠡᠭᠦᠯᠦᠭᠰᠡᠨ ᠠᠵᠤ ᠠᠬᠤᠶᠢᠯᠠᠯ ᠨᠢ ᠥᠪᠥᠷ ᠮᠣᠩᠭᠤᠯ ᠤᠨ ᠡᠮ ᠬᠤᠳᠠᠯᠳᠤᠨ ᠠᠪᠬᠤ ᠰᠦᠯᠵᠢᠶ᠎ᠡ  — ᠥᠪᠥᠷ ᠮᠣᠩᠭᠤᠯ ᠤᠨ ᠡᠮᠴᠢᠯᠡᠭᠡᠨ ᠤ ᠪᠠᠲᠤᠯᠠᠭ᠎ᠠ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ —  ᠪᠠᠶᠢᠳᠠᠯ ᠢ ᠲᠣᠬᠢᠷᠠᠭᠤᠯᠬᠤ ᠬᠠᠮᠢᠶᠠᠷᠤᠯᠲᠠ ᠳᠤ ᠣᠷᠣᠵᠤ ᠦᠷ᠎ᠡ ᠳ᠋ᠦᠩ ᠢ ᠪᠠᠶᠢᠴᠠᠭᠠᠨ ᠦᠵᠡᠭᠡᠷᠡᠢ᠃      ᠦᠢᠯᠡᠳᠭᠦᠨ ᠢ ᠰᠦᠯᠵᠢᠶᠡᠨ ᠳᠤ ᠡᠯᠭᠦᠭᠰᠡᠨ ᠤ ᠳᠠᠷᠠᠭ᠎ᠠ᠂ ᠦᠢᠯᠡᠳᠪᠦᠷᠢᠯᠡᠬᠦ ᠠᠵᠤ ᠠᠬᠤᠶᠢᠯᠠᠯ ᠨᠢ ᠠᠶᠢᠮᠠᠭ ᠬᠤᠲᠠ ᠶᠢᠨ ᠰᠣᠩᠭᠤᠭᠳᠠᠭᠰᠠᠨ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠳᠤ ᠨᠠᠶᠢᠳᠠᠨ ᠳᠣᠭᠢᠷᠠᠭᠤᠯᠤᠨ ᠬᠦᠷᠭᠡᠬᠦ ᠪᠤᠶᠤ ᠥᠪᠡᠰᠦᠪᠡᠨ ᠵᠣᠬᠢᠶᠠᠨ ᠪᠠᠶᠢᠭᠤᠯᠤᠨ ᠳᠣᠭᠢᠷᠠᠭᠤᠯᠤᠨ ᠬᠦᠷᠭᠡᠵᠦ᠂ ᠡᠮᠴᠢᠯᠡᠭᠡᠨ ᠳᠤ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠦᠨᠡᠨ ᠬᠦ ᠪᠠᠲᠤᠯᠠᠬᠤ ᠬᠡᠷᠡᠭᠲᠡᠶ᠃ ᠡᠯ᠎ᠡ ᠡᠮᠴᠢᠯᠡᠭᠡᠨ ᠤ ᠪᠠᠶᠢᠭᠤᠯᠤᠮᠵᠢ ᠨᠢ ᠠᠵᠤ ᠠᠬᠤᠶᠢᠯᠠᠯ ᠤᠨ ᠮᠡᠳᠡᠭᠦᠯᠦᠭᠰᠡᠨ ᠦᠨ᠎ᠡ ᠬᠠᠩᠰᠢ ᠪᠠᠷ ᠯᠠᠪᠯᠠᠯᠲᠠ ᠪᠣᠯᠭᠠᠵᠤ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠢ ᠬᠤᠳᠠᠯᠳᠤᠨ ᠠᠪᠬᠤ ᠰᠢᠰᠲ᠋ᠧᠮ ᠳᠤ ᠬᠡᠯᠡᠯᠴᠡᠭᠡ ᠬᠢᠭᠰᠡᠨ ᠦᠨ᠎ᠡ ᠪᠠᠷ ᠬᠤᠳᠠᠯᠳᠤᠨ ᠠᠪᠤᠨ᠎ᠠ᠃ ᠦᠢᠯᠡᠳᠭᠦᠨ ᠢ ᠬᠤᠳᠠᠯᠳᠤᠨ ᠠᠪᠬᠤ᠂ ᠳᠣᠭᠢᠷᠠᠭᠤᠯᠤᠨ ᠬᠦᠷᠭᠡᠬᠦ ᠵᠢᠴᠢ ᠳ᠋ᠦᠩᠨᠡᠨ ᠪᠤᠳᠤᠬᠤ ᠵᠡᠷᠭᠡ ᠶᠢ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠪᠠ ᠪᠠᠭᠠᠵᠢ ᠬᠡᠷᠡᠭᠰᠡᠯ ᠢ ᠲᠥᠪᠯᠡᠷᠡᠭᠦᠯᠦᠨ ᠬᠤᠳᠠᠯᠳᠤᠨ ᠠᠪᠬᠤ ᠬᠠᠮᠢᠶ᠎ᠠ ᠪᠥᠬᠦᠶ ᠲᠣᠭᠲᠠᠭᠠᠯ ᠶᠣᠰᠣᠭᠠᠷ ᠬᠡᠷᠡᠭᠵᠢᠭᠦᠯᠬᠦ ᠬᠡᠷᠡᠭᠲᠡᠶ᠃       ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠬᠤᠳᠠᠯᠳᠤᠨ ᠠᠪᠬᠤ ᠲᠥᠪ                  2022 ᠣᠨ ᠤ 5 ᠳ᠋ᠤᠭᠠᠷ ᠰᠠᠷ᠎ᠠ ᠶᠢᠨ 30 ᠤ ᠡᠳᠦᠷ      
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠬᠤᠳᠠᠯᠳᠤᠨ ᠠᠪᠬᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号