ᠥᠪᠥᠷ ᠡᠮ ᠬᠤᠳᠠᠯᠳᠤᠨ ᠠᠪᠬᠤ ᠲᠥᠪ ᠦᠰᠦᠭ ﹇2022﹈ 108 ᠳ᠋ᠤᠭᠠᠷ ᠲᠣᠭᠠᠲᠤ | ᠡᠯ᠎ᠡ ᠬᠠᠮᠢᠶ᠎ᠠ ᠪᠦᠬᠦᠢ ᠨᠢᠭᠡᠴᠢ ᠳᠤ᠄ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠦᠯᠵᠢᠶᠡᠨ ᠳᠤ ᠡᠯᠭᠦᠭᠰᠡᠨ ᠡᠮ ᠤᠨ ᠵᠦᠢᠯ ᠤᠨ | ᠦᠨ᠎ᠡ ᠬᠠᠩᠰᠢ ᠶᠢᠨ ᠬᠤᠯᠪᠤᠯᠳᠤᠨ ᠬᠥᠳᠡᠯᠦᠯᠴᠡᠬᠦ ᠪᠠ ᠬᠤᠳᠠᠯᠳᠤᠨ ᠠᠪᠬᠤ ᠠᠷᠭ᠎ᠠ ᠮᠠᠶ᠋ᠢᠭ ᠲᠤ ᠲᠣᠬᠢᠷᠠᠭᠤᠯᠤᠯᠲᠠ | ᠬᠢᠬᠦ ᠠᠵᠢᠯ ᠢ ᠥᠷᠨᠢᠭᠦᠯᠬᠦ ᠲᠤᠬᠠᠶ ᠮᠡᠳᠡᠭᠳᠡᠯ︾ ︵ᠥᠪᠥᠷ ᠡᠮ ᠬᠤᠳᠠᠯᠳᠤᠨ ᠠᠪᠬᠤ ᠲᠥᠪ ᠥᠰᠥᠭ ﹇2021﹈ | 23 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ ᠡᠳᠦᠭᠡ ᠡᠮ ᠤᠨ ᠵᠦᠢᠯ ᠤᠨ ᠦᠨ᠎ᠡ ᠬᠠᠩᠰᠢ ᠶᠢᠨ | ᠬᠤᠯᠪᠤᠯᠳᠤᠨ ᠬᠥᠳᠡᠯᠦᠯᠴᠡᠭᠰᠡᠨ ᠦᠷ᠎ᠡ ᠳ᠋ᠦᠩ ᠢ ᠨᠡᠶᠢᠲᠡᠯᠡᠪᠡ᠃ ᠡᠯ᠎ᠡ ᠬᠠᠮᠢᠶ᠎ᠠ ᠪᠥᠬᠦᠶ ᠠᠵᠤ ᠠᠬᠤᠶᠢᠯᠠᠯ | ᠬᠡᠷᠡᠭᠯᠡᠭᠴᠢ ᠶᠢᠨ ᠨᠡᠷ᠎ᠡ ᠪᠠ ᠨᠢᠭᠤᠴᠠ ᠨᠣᠮᠧᠷ ᠢᠶᠠᠷ ᠢᠶᠠᠨ【ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠡᠮ ᠤᠨ ᠵᠦᠢᠯ ᠢ ᠲᠥᠪᠯᠡᠷᠡᠭᠦᠯᠦᠨ ᠬᠤᠳᠠᠯᠳᠤᠨ ᠠᠪᠬᠤ ᠰᠢᠰᠲ᠋ᠧᠮ】-【ᠰᠠᠭᠤᠷᠢ ᠳ᠋ᠠᠶᠢᠲ᠋ᠠ ᠬᠥᠮᠥᠷᠭᠡ】 | -【ᠦᠨ᠎ᠡ ᠬᠠᠩᠰᠢ ᠶᠢᠨ ᠬᠥᠮᠥᠷᠭᠡ ᠶᠢᠨ ᠬᠠᠮᠢᠶᠠᠷᠤᠯᠲᠠ】-【ᠦᠢᠯᠡᠳᠭᠦᠨ ᠤ ᠮᠡᠳᠡᠭᠡ ᠵᠠᠩᠭᠢ ᠶᠢᠨ ᠢᠯᠡ | ᠨᠡᠶᠢᠲᠡᠯᠡᠯ】 ᠳᠤ ᠣᠷᠣᠵᠤ ᠨᠡᠶᠢᠲᠡᠯᠡᠭᠰᠡᠨ ᠦᠷ᠎ᠡ ᠳ᠋ᠦᠩ ᠢ ᠪᠠᠶᠢᠴᠠᠭᠠᠨ ᠦᠵᠡᠭᠡᠷᠡᠢ᠃ | ᠡᠮ ᠤᠨ ᠵᠦᠢᠯ ᠤᠨ ᠦᠨ᠎ᠡ ᠬᠠᠩᠰᠢ ᠶᠢᠨ ᠬᠤᠯᠪᠤᠯᠳᠤᠨ ᠬᠥᠳᠡᠯᠦᠯᠴᠡᠭᠰᠡᠨ ᠦᠷ᠎ᠡ ᠳ᠋ᠦᠩ ᠢ 2022 | ᠣᠨ ᠤ 6 ᠳ᠋ᠤᠭᠠᠷ ᠰᠠᠷ᠎ᠠ ᠶᠢᠨ 11 ᠤ ᠡᠳᠦᠷ ᠠᠴᠠ ᠬᠡᠷᠡᠭᠵᠢᠭᠦᠯᠵᠦ᠂ ᠬᠤᠳᠠᠯᠳᠤᠨ ᠠᠪᠬᠤ ᠡᠮ ᠤᠨ ᠵᠦᠢᠯ ᠨᠢ | ᠬᠢᠵᠠᠭᠠᠷᠯᠠᠭᠰᠠᠨ ᠦᠨ᠎ᠡ ᠪᠠᠷ ᠰᠦᠯᠵᠢᠶᠡᠨ ᠳᠤ ᠡᠯᠭᠦᠭᠰᠡᠨ ᠡᠮ ᠤᠨ ᠵᠦᠢᠯ ᠳᠤ ᠬᠠᠷᠢᠶᠠᠯᠠᠭᠳᠠᠪᠠᠯ᠂ ᠡᠮᠴᠢᠯᠡᠭᠡᠨ ᠤ | ᠪᠠᠶᠢᠭᠤᠯᠤᠮᠵᠢ ᠬᠢᠭᠡᠳ ᠠᠵᠤ ᠠᠬᠤᠶᠢᠯᠠᠯ ᠨᠢ ᠬᠢᠵᠠᠭᠠᠷᠯᠠᠭᠰᠠᠨ ᠦᠨ᠎ᠡ ᠠᠴᠠ ᠥᠨᠳᠥᠷ ᠥᠬᠡᠶ ᠰᠠᠭᠤᠷᠢᠨ ᠳᠡᠭᠡᠷ᠎ᠡ | ᠬᠡᠯᠡᠯᠴᠡᠭᠡ ᠬᠢᠭᠰᠡᠨ ᠦᠨ᠎ᠡ ᠪᠠᠷ ᠬᠤᠳᠠᠯᠳᠤᠨ ᠠᠪᠤᠨ᠎ᠠ︔ ᠰᠢᠭᠤᠳ ᠰᠦᠯᠵᠢᠶᠡᠨ ᠳᠤ ᠡᠯᠭᠦᠭᠰᠡᠨ ᠡᠮ ᠤᠨ | ᠵᠦᠢᠯ ᠳᠤ ᠬᠠᠷᠢᠶᠠᠯᠠᠭᠳᠠᠪᠠᠯ ᠡᠮᠴᠢᠯᠡᠭᠡᠨ ᠤ ᠪᠠᠶᠢᠭᠤᠯᠤᠮᠵᠢ ᠨᠢ ᠠᠵᠤ ᠠᠬᠤᠶᠢᠯᠠᠯ ᠯᠤᠭ᠎ᠠ ᠬᠡᠯᠡᠯᠴᠡᠭᠡ ᠬᠢᠭᠰᠡᠨ | ᠦᠨ᠎ᠡ ᠪᠠᠷ ᠬᠤᠳᠠᠯᠳᠤᠨ ᠠᠪᠬᠤ ᠦᠨ᠎ᠡ ᠬᠠᠩᠰᠢ ᠶᠢ ᠲᠣᠭᠲᠠᠭᠠᠭᠰᠠᠨ ᠤ ᠳᠠᠷᠠᠭ᠎ᠠ ᠠᠷᠠᠯᠵᠢᠶᠠᠯᠠᠨ᠎ᠠ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠬᠤᠳᠠᠯᠳᠤᠨ ᠠᠪᠬᠤ ᠲᠥᠪ | 2022 ᠣᠨ ᠤ 6 ᠳ᠋ᠤᠭᠠᠷ ᠰᠠᠷ᠎ᠠ ᠶᠢᠨ 6 ᠤ ᠡᠳᠦᠷ | |